ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢᠳ᠎ᠤᠨ ᠬᠤᠶᠠᠳᠤᠭᠠᠷ ᠬᠤᠷᠠᠯ ᠬᠤᠷᠠᠯᠳᠤᠪᠠ
2020-05-28 10:15:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢᠳ᠎ᠤᠨ ᠬᠤᠶᠠᠳᠤᠭᠠᠷ ᠬᠤᠷᠠᠯ 27 ᠎ᠤ ᠦᠳᠡ᠎ᠶ᠋ᠢᠨ ᠬᠤᠢᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠤᠷᠢᠶᠠᠨ ᠳᠠᠷᠤᠭ᠎ᠠ ᠯᠢ ᠵᠠᠨ ᠱᠤ᠌ ᠬᠤᠷᠠᠯ᠎ᠢ ᠡᠷᠭᠢᠯᠡᠪᠡ᠃
    ᠬᠤᠷᠠᠯ᠎ᠠᠴᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠤᠨ ᠡᠷᠬᠢᠯᠡᠭ᠌ᠴᠢ ᠭᠡᠱᠢᠭᠦᠨ ᠯᠢ ᠹᠧᠶ᠎ᠶ᠋ᠢᠨ ᠳᠤᠰ ᠳᠤᠰ ᠬᠢᠭ᠌ᠰᠡᠨ ᠢᠷᠭᠡᠨ᠎ᠤ ᠬᠠᠤᠯᠢ᠎ᠶ᠋ᠢᠨ ᠪᠢᠴᠢᠭ᠎ᠤᠨ ᠳᠦᠰᠦᠯ᠎ᠤᠨ ᠵᠠᠰᠠᠪᠤᠷᠢ ᠤᠷᠤᠭᠤᠯᠤᠬ᠍ᠰᠠᠨ ᠨᠤᠤᠷᠠᠬ᠎ᠲᠤ ᠵᠠᠰᠠᠪᠤᠷᠢ ᠤᠷᠤᠭᠤᠯᠬᠤ ᠰᠠᠨᠠᠯ᠎ᠤᠨ ᠲᠤᠬᠠᠶ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠤᠨ ᠮᠡᠳᠡᠭᠦᠯᠦᠯᠲᠡ᠂ ᠱᠢᠶᠠᠩᠭᠠᠩ ᠤᠨᠴᠠᠭᠠᠢ ᠵᠠᠰᠠᠬ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠳᠦᠪᠱᠢᠨ᠎ᠢ ᠪᠠᠳᠤᠯᠠᠨ ᠬᠠᠮᠠᠭᠠᠯᠠᠬᠤ ᠬᠠᠤᠯᠢ ᠳᠦᠷᠢᠮ ᠪᠠ ᠬᠡᠷᠡᠭ᠌ᠵᠢᠬᠦᠯᠬᠦ᠌ ᠳᠤᠬ᠍ᠳᠠᠴᠠ᠎ᠶ᠋ᠢ ᠪᠠᠢᠭᠤᠯᠤᠨ ᠲᠡᠭᠦᠯᠳᠡᠷᠵᠢᠬᠦᠯᠬᠦ᠌ ᠳᠤᠬᠠᠢ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠳᠤᠬ᠍ᠳᠠᠭᠠᠯ᠎ᠤᠨ ᠳᠦᠰᠦᠯ᠎ᠤᠨ ᠵᠠᠰᠠᠪᠤᠷᠢ ᠤᠷᠤᠭᠤᠯᠤᠬ᠍ᠰᠠᠨ ᠨᠤᠤᠷᠠᠬ᠎ᠲᠤ ᠵᠠᠰᠠᠪᠤᠷᠢ ᠤᠷᠤᠭᠤᠯᠬᠤ ᠰᠠᠨᠠᠯ᠎ᠤᠨ ᠮᠡᠳᠡᠬᠦᠯᠦᠯᠳᠡ᠎ᠶ᠋ᠢ ᠰᠤᠨᠤᠰᠴᠤ᠌᠂ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠥᠰᠦᠯ᠂ ᠳᠤᠬ᠍ᠳᠠᠭᠠᠬ᠍ᠰᠠᠨ ᠳᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠬ᠎ᠢ ᠬᠢᠨᠠᠨ ᠵᠦᠪᠯᠡᠪᠡ᠃
   ᠬᠤᠷᠠᠯ᠎ᠠᠴᠠ ᠶᠡᠭᠡ ᠬᠤᠷᠠᠯ᠎ᠤᠨ ᠳᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠳᠡᠷᠢᠬᠦᠯᠡᠭ᠌ᠴᠢ᠂ ᠶᠡᠭᠡ ᠬᠤᠷᠠᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠵᠧᠨ ᠦ᠋᠎ᠶ᠋ᠢᠨ ᠳᠤᠰ ᠳᠤᠰ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠬᠡᠳᠤ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠬᠡᠳᠤ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠬᠢᠨᠠᠨ ᠵᠦᠪᠯᠡᠭ᠌ᠰᠡᠨ ᠪᠠ ᠵᠠᠰᠠᠪᠤᠷᠢ ᠤᠷᠤᠭᠤᠯᠤᠬ᠍ᠰᠠᠨ ᠪᠠᠢᠳᠠᠯ᠎ᠤᠨ ᠲᠤᠬᠠᠢ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠬᠠᠷᠢᠭᠤ ᠮᠡᠳᠡᠬᠦᠯᠦᠯᠳᠡ᠎ᠶ᠋ᠢ ᠰᠤᠨᠤᠰᠴᠤ᠌᠂ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠬᠡᠳᠤ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠬᠡᠳᠤ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢᠨ ᠳᠤᠬᠠᠢ ᠭᠤᠷᠪᠠᠨ ᠱᠢᠢᠳᠪᠦᠷᠢ᠎ᠶ᠋ᠢᠨ ᠳᠦᠰᠦᠯ᠎ᠤᠨ ᠤᠷᠤᠯᠠᠨ ᠳᠤᠭᠤᠷᠪᠢᠬ᠍ᠰᠠᠨ ᠨᠤᠤᠷᠠᠬ᠎ᠢ ᠬᠢᠨᠠᠨ ᠵᠦᠪᠯᠡᠪᠡ᠃
    ᠬᠤᠷᠠᠯ᠎ᠠᠴᠠ ᠶᠡᠭᠡ ᠬᠤᠷᠠᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠱᠢᠨ ᠴᠦᠨ ᠶᠢᠩ᠎ᠤᠨ ᠬᠢᠭ᠌ᠰᠡᠨ ᠳᠦᠯᠦᠬᠡᠯᠡᠭ᠌ᠴᠢᠳ᠎ᠤᠨ ᠳᠤᠷᠠᠳᠤᠬ᠍ᠰᠠᠨ ᠰᠠᠨᠠᠯ ᠵᠦᠪᠯᠡᠯᠬᠡ᠎ᠶ᠋ᠢ ᠱᠢᠢᠳᠪᠦᠷᠢᠯᠡᠬᠦ᠌ ᠰᠠᠨᠠᠯ᠎ᠤᠨ ᠳᠤᠬᠠᠢ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠮᠡᠳᠡᠬᠦᠯᠦᠯᠳᠡ᠎ᠶ᠋ᠢ ᠰᠤᠨᠤᠰᠤᠬ᠍ᠰᠠᠨ ᠪᠦᠬᠡᠳ ᠬᠢᠨᠠᠨ ᠵᠦᠪᠯᠡᠪᠡ᠃
    ᠬᠤᠷᠠᠯ᠎ᠠᠴᠠ ᠬᠤᠯᠪᠤᠬ᠍ᠳᠠᠯ ᠪᠦᠬᠦᠢ ᠳᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠬ᠂ ᠱᠢᠢᠳᠪᠦᠷᠢ᠎ᠶ᠋ᠢᠨ ᠳᠦᠰᠦᠯ ᠪᠤᠯᠤᠨ ᠮᠡᠳᠡᠬᠦᠯᠦᠯᠳᠡ᠎ᠶ᠋ᠢ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠭᠤᠷᠪᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃
    ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠧᠨ ᠶᠤᠸᠠᠢ ᠶᠤᠸᠠᠢ᠂ ᠵᠢᠶ ᠪᠢᠩ ᠱᠢᠤᠸᠠᠨ᠂ ᠡ᠋ᠢᠯᠢᠭᠧᠩ · ᠢᠮᠢᠩᠪᠠᠭ᠍ᠠᠶ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ᠎ᠶ᠋ᠢᠨ᠂ ᠼᠠᠢ ᠳ᠋ᠠ ᠹᠧᠩ᠂ ᠡᠤ ᠸᠧᠶ ᠬᠤᠸᠠ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号