ᠡᠬᠡ ᠣᠯᠣᠰ᠎ᠤᠨ ᠣᠮᠠᠷᠠᠳᠣ ᠬᠢᠯᠢ᠎ᠶ᠋ᠢᠨ ᠠᠮᠣᠷ ᠳᠣᠭ᠍ᠳᠠᠭᠤᠨ᠎ᠤ ᠬᠠᠯᠬᠠᠪᠴᠢ᠎ᠶ᠋ᠢ ᠪᠠᠳᠣ ᠴᠣᠭ᠍ᠴᠠᠯᠠᠨ᠎ᠠ — ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠡᠯ᠎ᠡ ᠡᠲᠡᠭᠡᠳ᠎ᠤᠨ ᠳᠤᠮᠳᠠ ᠴᠢᠩᠭ᠎ᠠ ᠲᠤᠰᠭᠠᠯ ᠭᠠᠷᠪᠠ
2020-05-28 09:13:50
ᠵᠣᠬᠢᠶᠠᠭ᠍ᠴᠢ᠄
ᠱᠢᠨᠡᠪᠢᠯᠢᠭ ᠦᠨᠢᠷ
ᠣᠩᠱᠢᠭ᠍ᠰᠠᠨ ᠣᠳᠠᠭ᠎ᠠ᠄
★★★☆☆

     ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ ᠮᠠᠨ᠎ᠤ ᠤᠷᠤᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲᠧᠮ᠎ᠤᠨ ᠺᠠᠳ᠋ᠷ ᠴᠠᠭ᠍ᠳᠠᠭ᠎ᠠ ᠨᠠᠷ᠎ᠤᠨ ᠲᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠬᠢᠵᠢᠭ᠎ᠤᠨ ᠪᠠᠢᠳᠠᠯ᠎ᠠᠴᠠ ᠪᠤᠯᠤᠬ᠍ᠰᠠᠨ ᠠᠱᠢᠬ ᠦᠬᠡᠢ ᠨᠦᠯᠦᠬᠡ᠎ᠶ᠋ᠢ ᠡᠷᠡᠰ ᠢᠯᠠᠨ ᠲᠠᠪᠠᠵᠤ᠂ ᠴᠢᠨᠡᠬᠡᠯᠢᠭ ᠨᠡᠢᠬᠡᠮ᠎ᠢ ᠪᠦᠬᠦ᠌ ᠲᠠᠯ ᠎ᠠ᠎ᠪᠠᠷ ᠪᠡᠶᠡᠯᠡᠬᠦᠯᠬᠦ᠌ ᠱᠢᠢᠳᠪᠦᠷᠢᠳᠦ ᠢᠯᠠᠯᠳᠠ᠎ᠶ᠋ᠢ ᠤᠯᠬᠤ᠎ᠳᠤ ᠴᠢᠭ᠌ᠯᠡᠯ᠎ᠢ ᠵᠢᠭᠠᠨ ᠦᠭ᠌ᠴᠡᠢ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠠ᠎ᠶ᠋ᠢ ᠨᠢᠭᠡᠳᠦᠯᠳᠠᠢ ᠲᠦᠯᠦᠪᠵᠢᠬᠦᠯᠬᠦ᠌ ᠠᠵᠢᠯ᠎ᠢ ᠰᠠᠢᠳᠤᠷ ᠬᠢᠬᠦ᠌ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠵᠤ᠂ ᠡᠬᠡ ᠣᠯᠣᠰ᠎ᠤᠨ ᠣᠮᠠᠷᠠᠳᠣ ᠬᠢᠯᠢ᠎ᠶ᠋ᠢᠨ ᠠᠮᠣᠷ ᠳᠣᠭ᠍ᠳᠠᠭᠤᠨ᠎ᠤ ᠬᠠᠯᠬᠠᠪᠴᠢ᠎ᠶ᠋ᠢ ᠪᠠᠳᠣ ᠴᠣᠭ᠍ᠴᠠᠯᠠᠬᠤ᠎ᠳᠤ ᠢᠳᠡᠪᠬᠢᠳᠡᠢ ᠬᠤᠪᠢ ᠨᠡᠮᠡᠷᠢ᠎ᠪᠠᠨ ᠦᠵᠡᠭᠦᠯᠦᠨ᠎ᠡ ᠬᠡᠵᠦ᠍ ᠰᠠᠨᠠᠯ ᠨᠢᠬᠡᠳᠡᠢ ᠢᠯᠡᠷᠬᠡᠢᠯᠡᠵᠡᠭᠡᠨ᠎ᠠ᠃
     ᠪᠠᠢ ᠵᠢᠩ ᠪᠤᠯ ᠬᠦᠬᠡᠬᠤᠳᠠ᠎ᠶ᠋ᠢᠨ ᠠᠷᠠᠳ᠎ᠤᠨ ᠪᠠᠢᠴᠠᠭᠠᠬᠤ ᠬᠤᠷᠢᠶᠠᠨ᠎ᠤ ᠢᠷᠬᠡᠨ᠎ᠤ ᠬᠡᠷᠡᠭ ᠵᠠᠰᠠᠬ ᠵᠠᠬᠢᠷᠭᠠᠨ᠎ᠤ ᠬᠡᠷᠡᠭ᠎ᠢ ᠪᠠᠢᠴᠠᠭᠠᠬᠤ ᠭᠠᠵᠠᠷ᠎ᠤᠨ ᠲᠡᠳ᠋ ᠲᠠᠷᠤᠭ᠎ᠠ ᠪᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠲᠤᠬᠤ ᠪᠤᠲᠤᠯᠭ᠎ᠠ᠎ᠶ᠋ᠢᠨ ᠲᠤᠭ᠍ᠲᠠᠯ ᠬᠦᠴᠦᠨ᠎ᠢᠶᠠᠨ ᠪᠠᠳᠤᠯᠠᠵᠤ᠂ ᠠᠮᠢ ᠠᠬᠤᠢ᠎ᠶ᠋ᠢ ᠤᠷᠢᠳ᠎ᠢᠶᠠᠷ ᠪᠤᠲᠤᠯᠬᠢᠯᠠᠵᠤ ᠪᠤᠬᠢᠷᠲᠤᠯ ᠦᠭᠡᠢ᠎ᠪᠠᠷ ᠬᠦᠭ᠌ᠵᠢᠭᠦᠯᠬᠦ᠌ ᠤᠲᠤᠷᠢᠲᠤᠮᠵᠢ᠎ᠶ᠋ᠢ ᠪᠠᠲᠤ ᠪᠤᠢ ᠪᠤᠯᠭᠠᠨ᠂ ᠬᠦᠭᠡ ᠤᠭ᠍ᠳᠠᠷᠭᠤᠢ᠂ ᠬᠦᠭᠡᠮᠲᠦᠭ ᠤᠰᠤ᠂ ᠠᠷᠢᠭᠤᠨ ᠬᠦᠷᠦᠰᠦ᠎ᠶ᠋ᠢ ᠬᠠᠮᠠᠭᠠᠯᠠᠬᠤ ᠲᠠᠢᠯᠠᠯᠲᠤᠭᠠᠠ᠎ᠢ ᠦᠷᠬᠦᠯᠵᠢᠯᠠᠠ ᠰᠠᠢᠳᠦᠷ ᠬᠢᠬᠦ᠌ ᠬᠡᠷᠡᠭ᠌ᠳᠡᠢ ᠬᠡᠳᠡᠭ ᠴᠢᠬᠤᠯᠠ ᠵᠢᠭᠠᠪᠤᠷᠢ᠎ᠨᠢ ᠲᠡᠬᠦᠨ᠎ᠢ ᠲᠦᠢᠯ᠎ᠤᠨ ᠶᠡᠭᠡ᠎ᠪᠠᠷ ᠲᠤᠬ᠍ᠳᠤᠯᠤᠭᠤᠯᠵᠠᠢ᠃ ᠨᠡᠩ ᠴᠤ᠌ ᠲᠡᠬᠦᠨ᠎ᠤ ᠪᠠᠢᠴᠠᠭᠠᠬᠤ ᠠᠵᠢᠯ᠎ᠢᠶᠠᠨ ᠨᠡᠩ ᠰᠠᠢᠳᠤᠷ ᠬᠢᠵᠦ᠍᠂ ᠬᠦᠬᠡ ᠤᠬ᠍ᠳᠠᠷᠭᠤᠢ ᠬᠦᠬᠡᠮᠳᠦᠭ ᠤᠰᠤ᠎ᠶ᠋ᠢ ᠬᠠᠮᠠᠭᠠᠯᠠᠬᠤ᠎ᠳᠤ ᠨᠡᠩ ᠶᠡᠭᠡ ᠬᠦᠴᠦᠨ ᠴᠢᠳᠠᠯ᠎ᠢᠶᠠᠨ ᠡᠷᠬᠦᠬᠦ᠌ ᠡᠷᠴᠢ ᠵᠤᠷᠢᠬ᠎ᠢ᠎ᠨᠢ ᠬᠦᠪᠴᠢᠯᠡᠭ᠌ᠰᠡᠨ ᠪᠠᠢᠯ᠎ᠠ᠃
     ᠪᠠᠢ ᠵᠢᠩ 2015 ᠤᠨ᠎ᠠᠴᠠ ᠡᠬᠢᠯᠡᠨ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠠᠵᠢᠯ᠎ᠢ ᠬᠢᠵᠦ᠍᠂ ᠠᠮᠢ ᠠᠬᠤᠢ ᠤᠷᠴᠢᠨ ᠲᠤᠭᠤᠷᠢᠨ᠎ᠤ ᠬᠦᠷᠢᠶᠡᠨ᠎ᠳᠤ ᠵᠠᠰᠠᠬ ᠵᠠᠬᠢᠷᠭᠠᠨ᠎ᠤ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ ᠬᠢᠵᠦ᠍ ᠮᠠᠰᠢ ᠰᠠᠢᠨ ᠦᠷ᠎ᠡ ᠪᠦᠳᠦᠮᠵᠢ ᠤᠯᠪᠠ᠃ ᠬᠦᠬᠡᠬᠤᠳᠠ᠎ᠶ᠋ᠢᠨ ᠪᠠᠢᠴᠠᠭᠠᠬᠤ ᠪᠠᠢᠭᠤᠯᠭ᠎ᠠ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠠᠵᠢᠯ᠎ᠢᠶᠠᠷ ᠲᠠᠮᠵᠢᠨ ᠲᠠᠯᠠᠨ ᠬᠠᠷ᠎ᠠ ᠠᠭᠤᠯᠠᠨ᠎ᠤ ᠤᠯᠤᠰ᠎ᠤᠨ ᠲᠡᠰ᠎ᠤᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠤ ᠲᠤᠳᠤᠷ᠎ᠠ ᠬᠠᠤᠯᠢ ᠪᠤᠰᠤ᠎ᠪᠠᠷ ᠠᠭᠤᠷᠬᠠᠢ ᠮᠠᠯᠳᠠᠬ᠍ᠰᠠᠨ 51 ᠠᠵᠤ ᠠᠬᠤᠢ᠍ᠢᠯᠡᠯ᠎ᠢ ᠱᠠᠯᠠᠪᠳᠠᠭᠤᠯᠤᠨ ᠠᠷᠢᠯᠭᠠᠨ ᠴᠡᠪᠡᠷᠯᠡᠵᠡᠢ᠃ 《ᠪᠢᠳᠡ ᠪᠠᠢᠴᠠᠭᠠᠬ᠍ᠴᠢ ᠲᠤᠱᠢᠶᠠᠯᠳᠠᠨ ᠪᠤᠯᠤᠬ᠍ᠰᠠᠨ᠎ᠤ ᠬᠤᠪᠢ᠎ᠳᠤ ᠡᠬᠦᠷᠬᠡ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠬᠦᠢᠴᠡᠳᠭᠡᠵᠦ᠍᠂ ᠨᠡᠢᠳᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠠᠵᠢᠯ᠎ᠢ ᠨᠡᠩ ᠰᠠᠢᠳᠤᠷ ᠬᠢᠵᠤ᠂ ᠬᠦᠬᠡ ᠤᠬ᠍ᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦ᠎ᠶ᠋ᠢ ᠬᠠᠮᠠᠭᠠᠯᠠᠬᠤ ᠲᠠᠢᠯᠠᠯᠳᠤᠭᠠᠨ᠎ᠢ ᠰᠠᠢᠳᠤᠷ ᠬᠢᠬᠦ᠌᠎ᠳᠤ ᠦᠪᠡᠷ᠎ᠤᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ᠌᠎ᠪᠠᠷ ᠴᠢᠷᠮᠠᠢᠨ᠎ᠠ》 ᠬᠡᠵᠦ᠍ ᠪᠠᠢ ᠵᠢᠩ ᠬᠡᠯᠡᠨ᠎ᠡ᠃
     ᠶᠡᠷᠦᠩᠬᠡᠢ ᠱᠦᠵᠢ ᠰᠢ᠎ᠶ᠋ᠢᠨ ᠫᠢᠩ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠷᠴᠢᠮ᠎ᠢᠶᠠᠨ ᠴᠢᠩᠭᠠᠷᠠᠭᠤᠯᠵᠣ᠂ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ ᠲᠤᠬ᠍ᠳᠠᠴᠠ᠎ᠶ᠋ᠢ ᠲᠡᠬᠦᠯᠳᠡᠷᠵᠢᠬᠦᠯᠵᠤ᠂ ᠬᠢᠵᠢᠭ᠎ᠤᠨ ᠲᠠᠬᠢᠨ ᠬᠡᠴᠡᠭᠦᠳᠬᠦ᠌ ᠪᠠᠢᠳᠠᠯ ᠡᠬᠦᠰᠭᠦ ᠦᠭᠡᠢ ᠪᠠᠢᠬᠤ᠎ᠶ᠋ᠢ ᠦᠨᠡᠨ ᠬᠦ᠌ ᠪᠠᠳᠤᠯᠠᠬᠤ ᠭᠡᠷᠡᠭ᠌ᠳᠠᠢ ᠬᠡᠰᠡᠨ ᠴᠢᠬᠤᠯᠠ ᠵᠢᠭᠠᠪᠤᠷᠢ᠎ᠨᠢ ᠦᠴᠤᠸᠠᠨ ᠱᠢᠶᠠᠨ᠎ᠤ ᠲᠤᠳᠤᠭᠠᠳᠤ᠎ᠶ᠋ᠢ ᠬᠠᠮᠠᠭᠠᠯᠠᠬᠤ ᠲᠤᠪᠴᠢᠶᠠᠨ᠎ᠤ ᠬᠦᠬᠡ ᠡᠷᠬᠢ ᠪᠠᠯᠭᠠᠰᠤᠨ᠎ᠳᠠᠬᠢ ᠲᠤᠮᠢᠯᠠᠬ᠍ᠰᠠᠨ ᠰᠠᠯᠪᠤᠷᠢ᠎ᠶ᠋ᠢᠨ ᠴᠠᠬ᠍ᠳᠠᠭ᠎ᠠ ᠵᠠᠩ ᠢ᠎ᠳᠤ ᠬᠦᠨᠵᠡᠭᠡᠢ ᠰᠠᠭᠤᠬ᠍ᠳᠠᠯ ᠦᠯᠡᠳᠡᠬᠡᠵᠡᠢ᠃ ᠵᠠᠩ ᠢ 2018 ᠤᠨ᠎ᠳᠤ ᠲᠤᠳᠤᠭᠠᠳᠤ᠎ᠶ᠋ᠢ ᠬᠠᠮᠠᠭᠠᠯᠠᠬᠤ ᠠᠵᠢᠯ᠎ᠳᠤ ᠤᠷᠤᠯᠴᠠᠵᠤ ᠠᠷᠠᠳ᠎ᠤᠨ ᠴᠠᠭ᠍ᠳᠠᠭ᠎ᠠ ᠪᠣᠯᠤᠭ᠍ᠰᠠᠨ ᠶᠤᠮ᠃ ᠲᠡᠷᠡ ᠲᠤᠳᠤᠭᠠᠳᠤ᠎ᠶ᠋ᠢ ᠬᠠᠮᠠᠭᠠᠯᠠᠬᠤ ᠠᠵᠢᠯ᠎ᠳᠤ ᠭᠠᠷᠤᠭᠠᠳ ᠬᠠᠷᠠᠬᠠᠨ ᠬᠤᠶᠠᠷ ᠵᠢᠯ ᠪᠤᠯᠤᠭᠠᠳᠤᠢ ᠴᠤ᠌ ᠬᠢᠵᠢᠭ᠎ᠲᠠᠢ ᠲᠡᠮᠡᠴᠡᠬᠦ᠌ ᠠᠵᠢᠯ᠎ᠳᠤ ᠭᠠᠷᠮᠠᠭᠠᠢᠯᠠᠨ ᠣᠷᠣᠯᠴᠠᠭ᠍ᠰᠠᠨ ᠪᠠᠢᠯ᠎ᠠ᠃ 《ᠤᠳᠤᠬᠠᠨ᠎ᠳᠤ ᠬᠢᠵᠢᠭ᠎ᠤᠨ ᠪᠠᠢᠳᠠᠯ ᠢᠯᠡᠷᠬᠡᠢ ᠨᠠᠮᠳᠠᠬ᠍ᠰᠠᠨ ᠴᠤ᠌ ᠪᠢᠳᠡ ᠶᠠᠭᠠᠬᠢᠬ᠍ᠰᠠᠨ ᠴᠤ᠌ ᠰᠤᠨᠤᠷ ᠰᠡᠷᠡᠮᠵᠢ᠎ᠪᠠᠨ ᠰᠤᠯᠠᠷᠠᠭᠤᠯᠵᠤ ᠪᠤᠯᠬᠤ ᠦᠬᠡᠢ᠂ ᠵᠠᠯᠠᠭᠤ ᠴᠠᠬ᠍ᠳᠠᠭ᠎ᠠ ᠪᠤᠯᠤᠬ᠍ᠰᠠᠨ᠎ᠤ ᠬᠤᠪᠢ᠎ᠳᠤ ᠪᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠡᠨ᠎ᠤ ᠵᠤᠷᠢᠬ ᠰᠠᠨᠠᠭ᠎ᠠ᠎ᠶ᠋ᠢ ᠰᠠᠢᠳᠤᠷ ᠰᠤᠷᠤᠯᠴᠠᠵᠤ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ᠎ᠳᠤ ᠵᠠᠯᠠᠭᠤ ᠨᠠᠰᠤᠨ᠎ᠤ ᠤᠶᠤᠨ ᠤᠬᠠᠭᠠᠨ ᠬᠦᠴᠦᠨ ᠴᠢᠳᠠᠯ᠎ᠢᠶᠠᠨ ᠡᠷᠬᠦᠬᠦ᠌᠎ᠳᠤ ᠪᠡᠯᠡᠬᠡᠨ ᠪᠠᠢᠨ᠎ᠠ》 ᠬᠡᠵᠦ᠍ ᠵᠠᠩ ᠢ ᠢᠳᠡᠬᠡᠯ ᠲᠡᠬᠦᠯᠳᠡᠷ ᠬᠡᠯᠡᠨ᠎ᠡ᠃
     《ᠡᠷᠬᠡᠪᠰᠢ ᠠᠷᠠᠳ ᠲᠦᠮᠡᠨ᠎ᠢ ᠲᠡᠬᠡᠳᠤᠯᠡᠬᠦ᠂ ᠠᠷᠠᠳ ᠲᠦᠮᠡᠨ᠎ᠢ ᠨᠢᠬ᠍ᠳᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠡ ᠦᠬᠡᠢ ᠪᠤᠶᠠᠨ ᠦᠢᠯᠡᠳᠬᠦ᠂ ᠠᠷᠠᠳ ᠲᠦᠮᠡᠨ᠎ᠤ ᠲᠤᠮᠳᠠ ᠪᠠᠳᠤ ᠦᠨᠳᠦᠰᠦᠯᠡᠬᠦ᠌᠎ᠶ᠋ᠢ ᠪᠠᠷᠢᠮᠳᠠᠯᠠᠬᠤ᠎ᠶ᠋ᠢᠨ ᠬᠠᠮᠳᠤ᠂ ᠡᠯ᠎ᠡ ᠵᠦᠢᠯ᠎ᠤᠨ ᠱᠢᠢᠳᠪᠤᠷᠢᠳᠤ ᠪᠤᠳᠤᠯᠭ᠎ᠠ ᠪᠠ ᠪᠤᠳᠠᠳᠠᠢ ᠠᠵᠢᠯ᠎ᠳᠠᠭᠠᠨ ᠨᠠᠢᠳᠠᠪᠤᠷᠢᠵᠢᠭᠤᠯᠬᠤ ᠬᠡᠷᠡᠭ᠌ᠳᠡᠢ》᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠨᠢ ᠪᠦᠬᠦ᠌ ᠣᠷᠣᠨ᠎ᠤ ᠡᠯ᠎ᠡ ᠱᠠᠳᠣᠨ᠎ᠤ ᠱᠢᠭᠦᠬᠦ᠌ ᠬᠤᠷᠢᠶᠠᠨ᠎ᠤ ᠱᠢᠰᠲ᠋ᠧᠮ᠎ᠤᠨ ᠺᠠᠳ᠋ᠷ ᠴᠠᠭ᠍ᠳᠠᠭ᠎ᠠ ᠨᠠᠷ᠎ᠤᠨ ᠳᠣᠮᠳᠠ ᠴᠢᠩᠭ᠎ᠠ ᠳᠣᠰᠭᠠᠯ ᠭᠠᠷᠴᠠᠢ᠃ 《ᠱᠢᠭᠦᠭ᠌ᠴᠢ ᠲᠤᠱᠢᠶᠠᠯᠲᠠᠨ ᠪᠣᠯᠤᠭ᠍ᠰᠠᠨ ᠪᠢᠳᠡ 〈ᠬᠠᠤᠯᠢ ᠪᠠᠷᠢᠭ᠍ᠰᠠᠨ ᠬᠡᠷᠡᠭ ᠪᠣᠯᠭᠠᠨ᠎ᠠᠴᠠ ᠠᠷᠠᠳ ᠣᠯᠠᠨ᠎ᠳᠤ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌〉 ᠬᠠᠷᠠᠯᠲᠠ᠎ᠶ᠋ᠢᠨ ᠲᠣᠭᠤᠷᠢᠨ᠎ᠳᠤ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ᠎ᠪᠠᠷ ᠬᠠᠤᠯᠢ ᠪᠠᠷᠢᠬᠤ᠎ᠶ᠋ᠢ ᠪᠠᠷᠢᠮᠲᠠᠯᠠᠨ᠂ ᠠᠷᠠᠳ ᠣᠯᠠᠨ᠎ᠤ ᠬᠠᠤᠯᠢ ᠴᠠᠭᠠᠵᠠ᠎ᠶ᠋ᠢᠨ ᠱᠢᠨ᠎ᠡ ᠬᠡᠷᠡᠭ᠌ᠴᠡᠭᠡ᠎ᠳᠤ ᠢᠳᠡᠪᠬᠢᠲᠡᠢ ᠬᠠᠷᠢᠭᠤᠯᠲᠠ ᠥᠭ᠌ᠴᠦ᠂ ᠠᠷᠠᠳ᠎ᠤᠨ ᠲᠥᠯᠥᠭᠡ ᠬᠠᠤᠯᠢ ᠪᠠᠷᠢᠬᠤ ᠠᠷᠭ᠎ᠠ ᠬᠡᠮᠵᠢᠶ᠎ᠡ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠠᠷᠠᠳ ᠤᠯᠠᠨ᠎ᠤ ᠬᠠᠨᠣᠮᠵᠢ᠎ᠶ᠋ᠢᠨ ᠬᠡᠮᠵᠢᠶ᠎ᠡ᠂ ᠬᠦᠷᠲᠡᠮᠵᠢ᠎ᠶ᠋ᠢᠨ ᠲᠦᠷᠦᠭ᠌ᠳᠡᠯ᠎ᠢ ᠴᠢᠷᠮᠠᠢᠨ ᠳᠡᠭᠡᠭ᠌ᠰᠢᠯᠡᠭᠦᠯᠦᠨ᠎ᠡ》 ᠭᠡᠵᠤ ᠱᠢᠭᠦᠭ᠌ᠴᠢ ᠲᠤᠱᠢᠶᠠᠯᠲᠠᠳ ᠰᠡᠳᠭᠢᠯ ᠨᠢᠭᠡᠲᠡᠢ ᠶᠠᠷᠢᠵᠠᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号