(2020 ᠣᠨ᠎ᠤ 5 ᠰᠠᠷ᠎ᠠ᠎ᠶ᠋ᠢᠨ 27 ᠤ ᠡᠳᠦᠷ)
ᠸᠠᠩ ᠶᠠᠩ
ᠭᠡᠱᠢᠭᠦᠳ ᠡ᠂ ᠨᠥᠬᠦᠳ ᠡ᠄
ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠂ ᠡᠯ᠎ᠡ ᠵᠥᠪᠯᠡᠬᠦ᠌ ᠵᠦᠢᠯ᠎ᠢᠶᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠢᠯᠡᠯᠳᠡᠲᠠᠢᠪᠠᠷ ᠳᠡᠬᠦᠰᠭᠦ ᠪᠤᠯᠤᠯ᠎ᠠ᠃
ᠡᠨᠡ ᠤᠳᠠᠭ᠎ᠠ᠎ᠶ᠋ᠢᠨ ᠬᠤᠷᠠᠯ ᠪᠣᠯ ᠮᠠᠨ᠎ᠤ ᠤᠯᠤᠰ᠎ᠤᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠠᠮᠵᠢᠯᠳᠠ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠳᠠᠢᠯᠠᠯᠳᠤᠭᠠᠨ᠎ᠤ ᠱᠢᠢᠳᠪᠦᠷᠢᠲᠦ ᠢᠯᠠᠯᠲᠠ᠎ᠶ᠋ᠢ ᠤᠯᠬᠤ ᠱᠠᠲᠤᠨ᠎ᠳᠤ ᠤᠷᠤᠭ᠍ᠰᠠᠨ ᠴᠢᠬᠤᠯᠠ ᠴᠠᠭ ᠮᠥᠴᠡ᠎ᠳᠤ ᠬᠤᠷᠠᠯᠳᠤᠭ᠍ᠰᠠᠨ ᠶᠤᠮ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠵᠡᠷᠭᠡ ᠨᠠᠮ ᠪᠠ ᠲᠦᠷᠦ᠎ᠶ᠋ᠢᠨ ᠤᠳᠤᠷᠢᠳᠭᠤ ᠨᠥᠬᠦᠳ ᠬᠤᠷᠠᠯ᠎ᠳᠤ ᠣᠷᠣᠯᠴᠠᠵᠤ᠂ ᠭᠡᠱᠢᠭᠦᠳ᠎ᠲᠠᠢ ᠤᠯᠤᠰ᠎ᠤᠨ ᠶᠡᠭᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠪᠡ᠃ ᠬᠤᠷᠠᠯ᠎ᠤᠨ ᠬᠤᠭᠤᠴᠠᠭ᠎ᠠ᠎ᠶ᠋ᠢ ᠪᠤᠭᠤᠨᠢᠰᠭᠠᠵᠤ᠂ ᠬᠤᠷᠠᠯ᠎ᠤᠨ ᠠᠬᠢᠴᠠ᠎ᠶ᠋ᠢ ᠲᠦᠷᠬᠡᠳᠭᠡᠵᠦ᠍᠂ ᠡᠭᠦᠷᠭᠡ ᠨᠠᠩ ᠬᠦᠨᠳᠦ ᠪᠣᠯᠤᠭ᠍ᠰᠠᠨ ᠪᠠᠢᠳᠠᠯ ᠳᠣᠣᠷ᠎ᠠ᠂ ᠪᠦᠬᠦ᠌ ᠭᠡᠱᠢᠭᠦᠳ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠥᠨᠳᠥᠷ ᠦᠷ᠎ᠡ ᠪᠦᠲᠦᠮᠵᠢ᠎ᠶ᠋ᠢ ᠪᠠᠷᠢᠮᠲᠠᠯᠠᠵᠤ᠂ ᠪᠢᠴᠢᠭ ᠮᠠᠲ᠋ᠧᠷᠢᠶᠠᠯ᠎ᠢ ᠬᠢᠨᠠᠮᠠᠭᠠᠶ ᠬᠢᠨᠠᠨ ᠵᠦᠪᠯᠡᠵᠦ᠍᠂ ᠭᠦᠨᠵᠡᠭᠡᠶ ᠵᠥᠪᠳᠡᠯᠴᠡᠨ ᠰᠣᠯᠢᠯᠴᠠᠵᠤ᠂ ᠬᠢᠵᠢᠭ᠎ᠤᠨ ᠪᠠᠢᠳᠠᠯ᠎ᠢ ᠪᠠᠢᠩᠭᠤᠵᠢᠬ᠍ᠰᠠᠨ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ᠂ ᠱᠢᠶᠳᠪᠦᠷᠢᠲᠦ ᠲᠠᠢᠯᠠᠯᠳᠤᠭᠠᠨ᠎ᠤ ᠱᠢᠢᠳᠪᠦᠷᠢᠲᠦ ᠢᠯᠡᠯᠳᠡ᠎ᠶ᠋ᠢᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ ᠢᠳᠡᠪᠬᠢᠲᠡᠶ᠎ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠵᠤ᠂ ᠥᠷᠭᠡᠨ᠎ᠢᠶᠠᠷ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠤᠯᠤᠰ᠎ᠤᠨ ᠵᠠᠰᠠᠯᠲᠠ᠎ᠶ᠋ᠢᠨ ᠱᠢᠰᠲ᠋ᠧᠮ᠎ᠳᠠᠬᠢ ᠴᠢᠬᠤᠯᠠ ᠦᠢᠯᠡᠳᠦᠯ᠎ᠢ ᠭᠦᠶᠴᠡᠳ ᠢᠯᠡᠷᠡᠬᠦᠯᠵᠦ᠍᠂ ᠨᠢᠭᠡ ᠤᠳᠠᠭᠠᠨ᠎ᠤ ᠠᠷᠠᠳᠴᠢᠯᠠᠭ᠍ᠰᠠᠨ᠂ ᠪᠦᠯᠬᠦᠮᠳᠡᠯ᠎ᠲᠠᠢ᠂ ᠪᠤᠳᠠᠳᠠᠢ᠎ᠶ᠋ᠢ ᠡᠷᠬᠢᠮᠯᠡᠭ᠌ᠰᠡᠨ᠂ ᠡᠷᠡᠯᠬᠡᠭ᠌ᠯᠡᠨ ᠤᠷᠤᠭ᠍ᠰᠢᠯᠠᠭ᠍ᠰᠠᠨ ᠶᠡᠭᠡ ᠬᠤᠷᠠᠯ ᠮᠥᠨ᠃
ᠡᠨᠡ ᠵᠢᠯ ᠪᠣᠯ 《ᠬᠤᠣᠰ ᠵᠠᠭᠤᠨ ᠵᠢᠯ》 ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠦᠬᠡᠨ ᠠᠭᠤᠯᠵᠠᠷ᠎ᠤᠨ ᠵᠢᠯ ᠪᠣᠯᠤᠨ᠎ᠠ᠂ ᠮᠥᠨ ᠴᠦ᠍ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠶᠠᠨ ᠵᠠᠮ᠎ᠳᠠᠬᠢ ᠶᠡᠷᠦ᠍ ᠪᠤᠰᠤ᠎ᠶ᠋ᠢᠨ ᠨᠢᠭᠡ ᠵᠢᠯ ᠮᠥᠨ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠶ᠎ᠶ᠋ᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠶ ᠶᠡᠭᠡ ᠬᠤᠪᠢᠷᠠᠯᠲᠠ᠎ᠶ᠋ᠢᠨ 《ᠬᠤᠶᠠᠷ ᠶᠡᠭᠡ ᠪᠠᠢᠳᠠᠯ》 ᠢ ᠦᠷᠦᠴᠡ ᠴᠡᠬᠡᠵᠢᠨ᠎ᠳᠡᠭᠡᠨ ᠪᠠᠭ᠍ᠳᠠᠭᠠᠵᠤ᠂ ᠪᠣᠳᠠᠲᠤ ᠠᠵᠢᠯᠯᠠᠭ᠎ᠠ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠮᠵᠢ᠎ᠪᠠᠷ᠎ᠢᠶᠠᠨ ᠨᠠᠮ ᠪᠠ ᠤᠯᠤᠰ᠎ᠤᠨ ᠭᠤᠤᠯ ᠠᠵᠢᠯ᠎ᠳᠤ ᠦᠢᠯᠡᠴᠢᠯᠡᠭ᠌ᠰᠡᠨ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃
— ᠪᠢᠳᠡ ᠬᠢᠵᠢᠭ᠎ᠢ ᠡᠰᠡᠷᠭᠦᠴᠡᠬᠦ᠌ ᠠᠭᠤᠤ ᠶᠡᠭᠡ ᠲᠡᠮᠡᠴᠡᠯ᠎ᠤᠨ ᠳᠤᠮᠳᠠ᠎ᠠᠴᠠ ᠬᠦᠴᠦᠨ ᠴᠢᠳᠠᠯ ᠣᠯᠵᠤ᠂ ᠢᠲᠡᠭᠡᠯ ᠵᠣᠷᠢᠭ᠎ᠢᠶᠠᠨ ᠪᠠᠲᠤᠳᠭᠠᠬᠤ ᠬᠡᠷᠡᠭ᠌ᠲᠡᠶ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠠᠵᠢᠬ᠍ᠯᠠᠬᠤ᠎ᠳᠤ᠂ ᠡᠷᠲᠡᠨ᠎ᠠᠴᠠ ᠡᠳᠦᠭᠡ ᠪᠣᠯᠲᠠᠯ᠎ᠠ᠂ ᠡᠨᠡ ᠤᠳᠠᠭᠠᠨ᠎ᠤ ᠪᠦᠬᠦ᠌ ᠬᠥᠮᠦᠨ ᠲᠥᠷᠥᠯᠬᠢᠲᠡᠨ᠎ᠳᠤ ᠲᠤᠯᠭᠠᠷᠠᠵᠤ ᠪᠠᠢᠭ᠎ᠠ ᠬᠠᠮᠲᠤ᠎ᠶ᠋ᠢᠨ ᠬᠢᠮᠤᠷᠠᠯ ᠪᠠ ᠬᠦᠨᠳᠤ ᠶᠡᠭᠡ ᠲᠡᠮᠡᠴᠡᠯ᠎ᠤᠨ ᠳᠤᠮᠳᠠ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠪᠦᠬᠦ᠌ ᠠᠷᠠᠳ᠎ᠢᠶᠠᠨ ᠳᠠᠢᠴᠢᠯᠠᠵᠤ᠂ ᠪᠦᠬᠦ᠌ ᠤᠯᠤᠰ᠎ᠢᠶᠠᠷ᠎ᠢᠶᠠᠨ ᠲᠠᠢᠯᠠᠯᠳᠤᠭᠠᠨ᠎ᠳᠤ ᠣᠷᠣᠯᠴᠠᠵᠤ᠂ ᠡᠷᠡᠯᠬᠡᠭ ᠪᠠᠭᠠᠲᠤᠷᠯᠢᠭ ᠳᠡᠮᠡᠴᠡᠯ᠎ᠢᠶᠠᠷ ᠳᠠᠮᠵᠢᠨ᠂ ᠬᠥᠮᠦᠨ ᠲᠥᠷᠥᠯᠬᠢᠲᠡᠨ᠎ᠤ ᠬᠠᠯᠳᠠᠪᠤᠷᠢᠲᠤ ᠡᠪᠡᠳᠴᠢᠨ᠎ᠲᠠᠢ ᠲᠡᠮᠡᠴᠡᠭ᠌ᠰᠡᠨ ᠲᠡᠤᠬᠡᠨ ᠳᠡᠭᠡᠷᠡᠬᠢ ᠪᠠᠭᠠᠲᠤᠷᠯᠢᠭ ᠬᠠᠭᠤᠳᠠᠰᠤ᠎ᠶ᠋ᠢ ᠪᠢᠴᠢᠭ᠌ᠯᠡᠵᠡᠶ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠂ ᠡᠨᠡ ᠤᠳᠠᠭᠠᠨ᠎ᠤ ᠬᠢᠵᠢᠭ᠎ᠲᠠᠢ ᠲᠡᠮᠡᠴᠡᠭ᠌ᠰᠡᠨ ᠪᠠᠭᠠᠳᠤᠷᠯᠢᠬ ᠲᠡᠮᠡᠴᠡᠯ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠠᠷᠠᠳ ᠲᠦᠮᠡᠨ᠎ᠢᠶᠠᠷ ᠭᠤᠤᠯ ᠪᠣᠯᠭᠠᠭ᠍ᠰᠠᠨ ᠲᠥᠷᠥ᠍ ᠪᠠᠷᠢᠬᠤ ᠣᠢᠯᠠᠭᠠᠭ᠍ᠳᠠᠬᠤᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠂ ᠣᠨᠣᠯ᠂ ᠪᠠᠢᠭᠤᠯᠤᠯ᠂ ᠰᠣᠶᠣᠯ᠎ᠤᠨ ᠳᠠᠪᠠᠭᠤᠯᠢᠭ ᠲᠠᠯ᠎ᠠ᠂ ᠮᠠᠨ᠎ᠤ ᠤᠯᠤᠰ᠎ᠤᠨ ᠤᠯᠤᠰ᠎ᠤᠨ ᠶᠡᠷᠦᠩᠬᠡᠢᠯᠡᠭ᠌ᠰᠡᠡ ᠬᠦᠴᠦᠨ ᠪᠠ ᠡᠳ᠋ ᠪᠣᠳᠠᠰ ᠮᠡᠷᠭᠡᠵᠢᠯ᠎ᠤᠨ ᠪᠠᠲᠤ ᠪᠠᠬᠢ ᠰᠠᠭᠤᠷᠢ᠎ᠶ᠋ᠢᠨ ᠳᠠᠯ᠎ᠠ᠎ᠪᠠᠷ ᠨᠡᠩ ᠪᠦᠬᠦ᠌ ᠲᠠᠯ᠎ᠠ᠎ᠶ᠋ᠢᠨ ᠭᠦᠨᠵᠡᠭᠡᠶ ᠣᠢᠯᠠᠭᠠᠯᠲᠠ ᠲᠠᠨᠢᠯᠳᠠ᠎ᠲᠠᠢ ᠪᠣᠯᠵᠠᠶ᠃ ᠪᠢᠳᠠ 《ᠳᠥᠷᠪᠡᠨ ᠤᠬᠠᠮᠰᠠᠷ》 ᠢᠶᠠᠨ ᠤᠯᠠᠮ ᠴᠢᠨᠠᠭ᠍ᠰᠢᠳᠠ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠪᠦᠯᠬᠦᠮᠳᠡᠯ᠎ᠢ ᠲᠠᠰᠤᠷᠠᠯᠲᠠ ᠦᠭᠡᠢ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢᠨ ᠱᠢᠯᠭᠠᠯᠲᠠ᠎ᠶ᠋ᠢ ᠠᠷᠭᠠᠴᠠᠭᠠᠬᠤ ᠦᠵᠡᠯ ᠰᠠᠨᠠᠭᠠᠨ᠎ᠤ ᠪᠡᠯᠡᠳᠭᠡᠯ ᠪᠠ ᠠᠵᠢᠯ᠎ᠤᠨ ᠪᠡᠯᠡᠳᠭᠡᠯ᠎ᠢ ᠭᠦᠶᠴᠡᠳ ᠰᠠᠢᠲᠤᠷ ᠬᠢᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠴᠥᠬᠦᠷᠡᠰᠢ ᠦᠭᠡᠢ ᠲᠡᠮᠡᠴᠡᠪᠡᠯ᠂ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠯᠠᠪᠲᠠᠶ ᠢᠯᠠᠵᠤ ᠴᠢᠳᠠᠨ᠎ᠠ᠃
— ᠪᠢᠳᠡ ᠬᠠᠷᠠᠯᠲᠠ ᠡᠭᠦᠷᠭᠡ᠎ᠲᠠᠢ᠎ᠪᠠᠨ ᠨᠢᠭ᠍ᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠨ ᠨᠡᠮᠡᠭ᠌ᠳᠡᠭᠦᠯᠬᠦ᠌ ᠬᠡᠷᠡᠭ᠌ᠲᠡᠢ᠃ ᠪᠠᠢᠳᠠᠯ ᠤᠯᠠᠮ ᠪᠤᠳᠤᠯᠢᠶᠠᠨᠲᠠᠶ ᠪᠣᠯᠬᠤ ᠲᠤᠲᠤᠮ ᠡᠭᠦᠷᠭᠡ ᠤᠯᠠᠮ ᠬᠠᠲᠠᠭᠤ ᠪᠡᠷᠬᠡ ᠪᠤᠯᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠬᠡᠪ ᠰᠤᠷᠲᠠᠯ᠎ᠢᠶᠠᠨ ᠪᠤᠳᠠᠳᠠᠢᠵᠢᠭᠤᠯᠬᠤ ᠪᠠ ᠡᠬᠦᠷᠬᠡ ᠬᠠᠷᠢᠭᠤᠴᠠᠯᠭ᠎ᠠ᠎ᠪᠠᠨ ᠭᠦᠶᠴᠡᠳᠭᠡᠬᠦ᠌ ᠴᠢᠳᠠᠪᠤᠷᠢ᠎ᠶ᠋ᠢ ᠤᠯᠠᠮ ᠰᠠᠢᠲᠤᠷ ᠤᠶᠠᠯᠳᠤᠭᠤᠯᠬᠤ᠎ᠶ᠋ᠢ ᠨᠡᠩ ᠱᠠᠭᠠᠷᠳᠠᠳᠠᠭ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠰᠡᠷᠭᠡᠢᠯᠡᠨ ᠳᠡᠪᠴᠢᠵᠦ᠍᠂ ᠰᠠᠨᠠᠯ ᠵᠥᠪᠯᠡᠯᠭᠡ ᠳᠤᠷᠠᠳᠤᠨ ᠵᠠᠰᠠᠭ᠎ᠲᠤ ᠲᠤᠰᠠᠯᠠᠬᠤ᠎ᠳᠤ ᠬᠡᠷᠡᠭ᠌ᠴᠡᠭᠡ᠎ᠲᠠᠢ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠪᠦᠲᠦᠮᠵᠢᠲᠡᠶ ᠪᠣᠯᠭᠠᠬᠤ᠎ᠪᠠᠷ ᠴᠢᠷᠮᠠᠢᠬᠤ ᠬᠡᠷᠡᠭ᠌ᠲᠡᠶ᠃ ᠠᠵᠢᠯ᠎ᠤᠨ ᠰᠤᠷᠲᠠᠯ᠎ᠢᠶᠠᠨ ᠤᠯᠠᠮ ᠴᠢᠨᠠᠭ᠍ᠰᠢᠳᠠ ᠰᠠᠢᠵᠢᠷᠠᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠶᠣᠰᠣᠨ ᠲᠡᠳᠦᠶ ᠥᠩᠭᠡᠷᠡᠭᠦᠯᠬᠦ᠂ ᠬᠡᠯᠪᠡᠷᠢ᠎ᠶ᠋ᠢ ᠡᠷᠬᠢᠮᠯᠡᠬᠦ᠌ ᠠᠵᠢᠯᠯᠠᠭ᠎ᠠ᠎ᠶ᠋ᠢ ᠡᠰᠡᠷᠭᠦᠴᠡᠵᠦ᠍᠂ ᠬᠠᠯᠲᠤ ᠮᠥᠯᠲᠥ᠎ᠪᠠᠷ ᠪᠠᠢᠴᠠᠭᠠᠨ ᠰᠤᠳᠤᠯᠤᠯᠲᠠ ᠬᠢᠬᠦ᠌᠎ᠶ᠋ᠢ ᠲᠡᠪᠴᠢᠵᠦ᠍᠂ ᠶᠡᠭᠡ ᠦᠭᠡ ᠬᠡᠯᠡᠬᠦ᠂ ᠬᠡᠢ ᠬᠤᠭᠤᠰᠤᠨ ᠦᠭᠡ ᠶᠠᠷᠢᠬᠤ ᠮᠠᠶᠢᠭ᠎ᠤᠨ ᠰᠠᠨᠠᠯ ᠳᠤᠷᠠᠳᠤᠯᠭ᠎ᠠ᠎ᠶ᠋ᠢ ᠴᠢᠩᠭ᠎ᠠ ᠴᠡᠭᠡᠷᠯᠡᠵᠦ᠍᠂ ᠰᠠᠢᠨ ᠰᠠᠢᠬᠠᠨ ᠬᠡᠪ ᠰᠤᠷᠲᠠᠯ᠎ᠢᠶᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠮᠵᠢ᠎ᠶ᠋ᠢ ᠪᠠᠲᠤᠯᠠᠬᠤ ᠬᠡᠷᠡᠭ᠌ᠲᠡᠢ᠃ ᠲᠤᠱᠢᠶᠠᠯ᠎ᠢᠶᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠭᠡᠱᠢᠭᠦᠨ ᠪᠣᠯᠬᠤ ᠦᠨᠳᠦᠰᠦᠨ ᠪᠣᠯᠪᠠᠰᠤᠷᠠᠯ᠎ᠢ ᠴᠢᠩᠭᠠᠳᠭᠠᠬᠤ᠎ᠳᠤ ᠨᠣᠮ ᠢᠯᠡᠭᠦᠤ ᠤᠩᠱᠢᠵᠤ᠂ ᠰᠠᠢᠨ ᠨᠤᠮ᠎ᠢ ᠤᠩᠱᠢᠵᠤ᠂ ᠨᠣᠮ᠎ᠢ ᠴᠢᠳᠠᠮᠠᠭᠠᠢ ᠤᠩᠱᠢᠨ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠵᠢᠮ᠎ᠡ ᠶᠣᠰᠣ ᠪᠠ ᠵᠥᠪᠳᠡᠯᠴᠡᠬᠦ᠌ ᠠᠷᠭ᠎ᠠ ᠪᠠᠷᠢᠯ᠎ᠤᠨ ᠴᠢᠬᠤᠯᠠ ᠠᠭᠤᠯᠭ᠎ᠠ᠎ᠶ᠋ᠢ ᠤᠯᠠᠮ ᠨᠢᠭᠡ ᠠᠯᠬᠤᠮ ᠡᠵᠡᠮᠱᠢᠵᠦ᠍᠂ ᠢᠨᠲ᠋ᠧᠷ ᠰᠦᠯᠵᠢᠶ᠎ᠡ᠂ ᠲᠤᠮᠤ ᠳ᠋ᠠᠢᠲ᠋ᠠ ᠵᠡᠷᠭᠡ ᠤᠳᠤ ᠦᠶ᠎ᠡ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠷᠭ᠎ᠠ ᠪᠠᠷᠢᠯ᠎ᠢ ᠴᠢᠳᠠᠮᠠᠭᠠᠢ ᠬᠡᠷᠡᠭ᠌ᠯᠡᠵᠦ᠍᠂ ᠵᠠᠰᠠᠭ᠎ᠲᠤ ᠲᠤᠰᠠᠯᠠᠬᠤ ᠰᠠᠨᠠᠯ ᠵᠥᠪᠯᠡᠯᠭᠡ ᠳᠤᠷᠠᠳᠭᠤ᠎ᠶ᠋ᠢᠨ ᠠᠯᠤᠰ ᠬᠡᠳᠤ᠎ᠶ᠋ᠢᠨ ᠴᠢᠨᠠᠷ᠂ ᠣᠨᠣᠪᠴᠢᠲᠠᠢ ᠴᠢᠨᠠᠷ᠎ᠢ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠠᠨᠳᠤᠯᠭᠠᠲᠤ ᠴᠢᠨᠠᠷ᠂ ᠪᠦᠳᠦᠮᠵᠢᠳᠤ ᠴᠢᠨᠠᠷ᠎ᠢ ᠳᠡᠭᠡᠭ᠌ᠰᠢᠯᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠳᠤ ᠳᠠᠢᠯᠠᠯᠳᠤᠭᠠᠨ᠎ᠤ ᠱᠢᠢᠳᠪᠦᠷᠢᠲᠦ ᠢᠯᠠᠯᠲᠠ᠎ᠶ᠋ᠢ ᠲᠡᠮᠡᠴᠡᠨ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠰᠠᠢᠲᠤᠷ ᠬᠢᠬᠦ᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠨᠠᠢᠳᠠᠪᠤᠷᠢᠵᠢᠭᠤᠯᠬᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠤ ᠬᠥᠭ᠌ᠵᠢᠯᠲᠡ᠎ᠶ᠋ᠢ ᠲᠦᠯᠦᠪᠵᠢᠬᠦᠯᠬᠦ᠌ ᠵᠡᠷᠬᠡ᠎ᠳᠤ ᠬᠥᠮᠦᠰ᠎ᠤᠨ ᠰᠡᠳᠭᠢᠯ ᠪᠣᠯᠤᠨ ᠬᠦᠴᠦᠨ ᠴᠢᠳᠠᠯ᠎ᠢ ᠥᠷᠭᠡᠨ᠎ᠢᠶᠠᠷ ᠨᠢᠭ᠍ᠳᠠᠷᠠᠭᠤᠯᠬᠤ ᠬᠡᠷᠡᠭ᠌ᠳᠡᠢ᠃
— ᠪᠢᠳᠡ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯ᠎ᠢ ᠬᠡᠷᠡᠭ᠌ᠵᠢᠭᠦᠯᠬᠦ᠌᠎ᠳᠤ ᠦᠢᠯᠡᠳᠦᠯ ᠦᠵᠡᠭᠦᠯᠵᠦ᠍᠂ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃ ᠶᠡᠷᠦᠩᠬᠡᠶ ᠱᠦᠵᠢ ᠰᠢ᠎ᠶ᠋ᠢᠨ ᠫᠢᠩ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯ ᠳᠡᠭᠡᠷ᠎ᠡ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠳᠦᠷᠢᠮ᠎ᠨᠢ ᠣᠯᠠᠨ ᠲᠠᠯ᠎ᠠ᠎ᠶ᠋ᠢᠨ ᠥᠪᠡᠷᠮᠢᠴᠡ ᠳᠠᠪᠠᠭᠤᠯᠢᠭ᠎ᠲᠠᠢ ᠭᠡᠳᠡᠭ᠎ᠢ ᠨᠤᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯ ᠳᠤᠮᠳᠠᠳᠤ ᠤᠯᠤᠰ᠎ᠲᠤ ᠶᠠᠪᠤᠭ᠍ᠳᠠᠵᠤ ᠴᠢᠳᠠᠬᠤ᠂ ᠮᠠᠰᠢ ᠲᠤᠰᠠᠲᠠᠶ ᠪᠠᠢᠬᠤ᠎ᠶ᠋ᠢ ᠴᠢᠬᠤᠯᠠᠴᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠥᠷᠥ᠎ᠶ᠋ᠢᠨ ᠵᠣᠬᠢᠶᠠᠨ ᠪᠠᠢᠭᠤᠯᠤᠯᠲᠠ ᠪᠠ ᠠᠷᠠᠳᠴᠢᠯᠠᠯ᠎ᠤᠨ ᠬᠡᠯᠪᠡᠷᠢ ᠪᠣᠯᠤᠭ᠍ᠰᠠᠨ᠎ᠤ ᠬᠤᠪᠢ᠎ᠳᠤ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠳᠠᠪᠠᠭᠤᠯᠢᠭ᠎ᠢᠶᠠᠷ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠪᠦᠲᠦᠮᠵᠢᠲᠡᠶ ᠵᠣᠬᠢᠶᠠᠨ ᠪᠠᠢᠭᠤᠯᠵᠤ ᠤᠯᠤᠰ᠎ᠤᠨ ᠶᠡᠭᠡ ᠶᠠᠪᠤᠳᠠᠯ᠎ᠢ ᠬᠠᠮᠲᠤ᠎ᠪᠠᠷ ᠵᠥᠪᠳᠡᠯᠴᠡᠵᠤ᠂ ᠰᠠᠨᠠᠯ ᠵᠥᠪᠯᠡᠯᠭᠡ ᠳᠤᠷᠠᠳᠴᠤ᠌ ᠵᠠᠰᠠᠭ᠎ᠲᠤ ᠲᠤᠰᠠᠯᠠᠵᠤ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠣᠯᠠᠨ ᠨᠠᠮ ᠪᠦᠯᠦᠭ᠎ᠤᠨ ᠬᠠᠮᠲᠤᠷᠠᠯᠴᠠᠭ᠎ᠠ᠎ᠶ᠋ᠢ ᠣᠷᠭᠠᠨᠢᠭ᠎ᠢᠶᠠᠷ ᠨᠢᠭᠡᠳᠭᠡᠬᠦ᠌᠎ᠳᠤ ᠠᠱᠢᠭ᠍ᠲᠠᠶ᠂ ᠠᠷᠠᠳᠴᠢᠯᠠᠯ᠎ᠢ ᠭᠦᠶᠴᠡᠳ ᠪᠠᠳᠠᠷᠠᠭᠤᠯᠬᠤ ᠪᠣᠯᠤᠨ ᠲᠥᠪᠯᠡᠷᠡᠬᠦᠯᠬᠦ᠌ᠶ᠋ᠢ ᠵᠥᠪ᠎ᠢᠶᠠᠷ ᠬᠡᠷᠡᠭ᠌ᠵᠢᠭᠦᠯᠬᠦ᠂ ᠡᠮᠬᠢ ᠵᠢᠷᠤᠮ᠎ᠲᠠᠢ᠎ᠪᠠᠷ ᠤᠯᠤᠰ ᠲᠦᠷᠦ᠎ᠳᠤ ᠤᠷᠤᠯᠴᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠳᠤ ᠠᠱᠢᠭ᠍ᠲᠠᠶ᠃ ᠪᠦᠯᠬᠦᠮᠳᠡᠯ᠎ᠢ ᠦᠨᠡᠨ ᠬᠦ᠌ ᠴᠢᠩᠭᠠᠳᠭᠠᠬᠤ ᠪᠠ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠳᠤ ᠠᠱᠢᠭ᠍ᠲᠠᠶ ᠶᠤᠮ᠃ ᠡᠨᠡ ᠪᠣᠯ ᠪᠣᠳᠠᠲᠤ ᠴᠢᠨᠠᠷᠲᠠᠢ᠂ ᠪᠦᠲᠦᠭᠡᠯᠴᠢ ᠴᠢᠨᠠᠷᠲᠠᠢ᠂ ᠳᠤᠮᠳᠠᠳᠤ ᠤᠯᠤᠰ᠎ᠤᠨ ᠨᠡᠢᠭᠡᠮ᠎ᠤᠨ ᠬᠥᠷᠥᠰᠥ᠍ ᠱᠢᠷᠣᠶ᠎ᠳᠤ ᠦᠨᠳᠦᠰᠦᠯᠡᠭ᠌ᠰᠡᠨ ᠠᠷᠠᠳ᠎ᠤᠨ ᠠᠷᠠᠳᠴᠢᠯᠠᠯ ᠮᠥᠨ᠃ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯ᠎ᠤᠨ ᠣᠨᠴᠠᠯᠢᠭ ᠪᠠ ᠳᠠᠪᠠᠭᠤᠯᠢᠭ ᠲᠠᠯ᠎ᠠ᠎ᠨᠢ ᠤᠯᠤᠰ᠎ᠢ ᠵᠠᠰᠠᠬᠤ ᠳᠤᠮᠳᠠ ᠴᠢᠬᠤᠯᠠ ᠦᠢᠯᠡᠳᠦᠯ ᠦᠵᠡᠭᠦᠯᠵᠡᠶ᠃ ᠪᠢᠳᠡ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠳᠦᠷᠢᠮ᠎ᠤᠨ ᠦᠢᠯᠡᠳᠦᠯ᠎ᠢ ᠳᠡᠭᠡᠭ᠌ᠰᠢᠯᠡᠭᠦᠯᠵᠦ᠍᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠲᠠᠢ᠂ ᠬᠠᠮᠲᠤ᠎ᠶ᠋ᠢᠨ ᠬᠠᠷᠠᠯᠲᠠ ᠬᠥᠭᠡᠭᠡᠴᠡᠯᠳᠦᠯ᠎ᠲᠠᠢ᠂ ᠬᠠᠮᠲᠤ᠎ᠶ᠋ᠢᠨ ᠦᠨᠳᠦᠰᠦᠨ ᠠᠱᠢᠭ ᠲᠤᠰᠠᠲᠠᠢ ᠤᠯᠤᠰ ᠲᠦᠷᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ᠎ᠤᠨ ᠵᠠᠰᠠᠯᠲᠠ᠎ᠳᠤ ᠨᠡᠩ ᠰᠠᠢᠨ ᠬᠦᠴᠦᠨ ᠨᠡᠮᠡᠷᠢᠯᠡᠵᠦ᠍᠂ ᠨᠡᠢᠯᠡᠮᠡᠯ ᠬᠦᠴᠦᠨ᠎ᠢ ᠨᠡᠮᠡᠭ᠌ᠳᠡᠭᠦᠯᠬᠦ᠌ ᠬᠡᠷᠡᠭ᠌ᠳᠡᠢ᠃
ᠭᠡᠱᠢᠭᠦᠳ ᠡ! ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠢ ᠡᠬᠢᠯᠡᠭᠦᠯᠬᠦ᠌᠎ᠶ᠋ᠢ ᠭᠡᠷᠡᠴᠢᠯᠡᠬᠦ᠌ ᠪᠠ ᠣᠷᠣᠯᠴᠠᠬᠤ ᠪᠤᠯ ᠬᠥᠮᠦᠨ᠎ᠤ ᠠᠮᠢᠳᠤᠷᠠᠯ᠎ᠤᠨ ᠣᠯᠳᠠᠰᠢ ᠦᠭᠡᠢ ᠠᠵᠠ ᠳᠤᠬᠢᠶᠠᠯ ᠪᠢᠯᠡ᠃ ᠠᠵᠠ ᠲᠣᠬᠢᠶᠠᠯ᠎ᠢ ᠨᠠᠨᠳᠢᠩᠨᠠᠨ᠂ ᠴᠠᠭ ᠦᠶ᠎ᠡ᠎ᠳᠤ ᠤᠰᠤᠯᠳᠠᠬᠤ ᠦᠭᠡᠢ ᠪᠠᠢᠵᠤ᠂ ᠤᠯᠤᠰ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠶ᠎ᠡ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ ᠵᠠᠮ ᠨᠡᠭᠡᠭᠡᠨ ᠤᠷᠤᠭ᠍ᠰᠢᠯᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ᠂ 《ᠬᠤᠣᠰ ᠵᠠᠭᠤᠨ ᠵᠢᠯ》 ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠢᠷᠮᠠᠢᠨ ᠲᠡᠮᠡᠴᠡᠰᠦᠭᠡᠢ!
(ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 27 ᠤ ᠴᠠᠬᠢᠯᠭᠠᠨ ᠮᠡᠳᠡᠭᠡ)
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号