ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠭᠤᠷᠪᠠᠳᠤᠭᠠᠷ ᠬᠤᠷᠠᠯ ᠬᠢᠪᠡ
2020-05-28 10:14:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ 27 ᠎ᠤ ᠦᠳᠡ᠎ᠶ᠋ᠢᠨ ᠬᠤᠢᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠬᠤᠷᠠᠯ ᠬᠢᠪᠡ᠃
    ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ ᠯᠢ ᠵᠠᠨ ᠱᠣ᠌ ᠬᠤᠷᠠᠯ᠎ᠢ ᠡᠷᠬᠢᠯᠡᠪᠡ᠃
    ᠬᠤᠷᠠᠯ᠎ᠳᠤ 174 ᠬᠥᠮᠦᠨ ᠣᠷᠣᠯᠴᠠᠬᠤ ᠶᠤᠰᠤᠳᠠᠢ᠂ 170 ᠬᠥᠮᠦᠨ ᠣᠷᠣᠯᠴᠠᠵᠤ᠂ 4 ᠬᠥᠮᠦᠨ ᠣᠷᠣᠯᠴᠠᠭ᠍ᠰᠠᠨ ᠥᠬᠡᠶ᠂ ᠬᠤᠷᠠᠯ᠎ᠳᠤ ᠣᠷᠣᠯᠴᠠᠭ᠍ᠰᠠᠨ ᠬᠥᠮᠦᠨ᠎ᠤ ᠲᠤᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠤ ᠲᠤᠭ᠎ᠠ᠎ᠳᠤ ᠨᠡᠢᠴᠡᠪᠡ᠃
    5 ᠰᠠᠷ᠎ᠠ᠎ᠶ᠋ᠢᠨ 26 ᠎ᠤ ᠦᠳᠡ᠎ᠶ᠋ᠢᠨ ᠬᠤᠢᠨ᠎ᠠ᠂ ᠡᠯ᠎ᠡ ᠲᠥᠯᠥᠭᠡᠯᠡᠭ᠌ᠴᠢᠳ᠎ᠤᠨ ᠪᠦᠯᠬᠦᠮ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠥᠰᠦᠯ᠎ᠤᠨ ᠵᠠᠰᠠᠪᠤᠷᠢ ᠣᠷᠣᠭᠤᠯᠤᠬ᠍ᠰᠠᠨ ᠨᠤᠤᠷᠠᠭ᠂ ᠱᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠠ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌ ᠲᠤᠬᠠᠶ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠣᠭ᠍ᠲᠠᠭᠠᠯ᠎ᠤᠨ ᠲᠦᠰᠦᠯ᠎ᠤᠨ ᠵᠠᠰᠠᠪᠤᠷᠢ ᠤᠷᠤᠭᠤᠯᠤᠬ᠍ᠰᠠᠨ ᠨᠤᠤᠷᠠᠭ᠎ᠢ ᠨᠠᠷᠢᠨ ᠬᠢᠨᠠᠮᠠᠭᠠᠶ ᠬᠢᠨᠠᠨ ᠵᠦᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠬᠤᠶᠠᠷ ᠲᠥᠰᠦᠯ᠎ᠢ ᠬᠢᠨᠠᠨ ᠵᠦᠪᠯᠡᠵᠤ᠂ ᠲᠥᠰᠦᠯ᠎ᠤᠨ ᠰᠠᠨᠠᠭᠤᠯᠭ᠎ᠠ᠎ᠶ᠋ᠢ ᠪᠠᠲᠤᠯᠠᠬᠤ ᠨᠤᠤᠷᠠᠭ᠎ᠢ ᠲᠤᠰ ᠲᠤᠰ ᠳᠤᠷᠠᠳᠪᠠ᠃ ᠲᠡᠷᠢᠭᠦᠯᠡᠭ᠌ᠴᠢᠳ᠎ᠤᠨ ᠪᠦᠯᠬᠦᠮ᠎ᠤᠨ ᠬᠤᠷᠠᠯ᠎ᠠᠴᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠤᠨ ᠡᠷᠬᠢᠯᠡᠭ᠌ᠴᠢ ᠭᠡᠱᠢᠭᠦᠨ ᠯᠢ ᠹᠸᠢ᠎ᠶ᠋ᠢᠨ ᠲᠤᠰ ᠲᠤᠰ ᠬᠢᠭ᠌ᠰᠡᠨ ᠢᠷᠭᠡᠨ᠎ᠤ ᠬᠠᠤᠯᠢ᠎ᠶ᠋ᠢᠨ ᠪᠢᠴᠢᠭ᠎ᠤᠨ ᠳᠦᠰᠦᠯ᠎ᠤᠨ ᠵᠠᠰᠠᠪᠤᠷᠢ ᠤᠷᠤᠭᠤᠯᠤᠬ᠍ᠰᠠᠨ ᠨᠤᠤᠷᠠᠬ᠎ᠲᠤ ᠵᠠᠰᠠᠪᠤᠷᠢ ᠤᠷᠤᠭᠤᠯᠬᠤ ᠰᠠᠨᠠᠯ᠎ᠤᠨ ᠲᠤᠬᠠᠶ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠤᠨ ᠮᠡᠳᠡᠭᠦᠯᠦᠯᠲᠡ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠠ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠣᠭ᠍ᠲᠠᠭᠠᠯ᠎ᠤᠨ ᠲᠥᠰᠦᠯ᠎ᠤᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠠᠢ᠃ ᠬᠤᠷᠠᠯ᠎ᠠᠴᠠ ᠪᠠᠲᠤᠯᠠᠯᠲᠠ ᠬᠢᠬᠦ᠌᠎ᠪᠠᠷ ᠳᠠᠮᠵᠢᠨ᠂ ᠳᠡᠭᠡᠷ᠎ᠡ ᠳᠤᠷᠠᠳᠤᠭ᠍ᠰᠠᠨ ᠲᠥᠰᠦᠯ᠎ᠤᠨ ᠵᠠᠰᠠᠪᠤᠷᠢ ᠤᠷᠤᠭᠤᠯᠤᠭ᠍ᠰᠠᠨ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠮᠡᠳᠡᠭᠦᠯᠦᠯᠲᠡ ᠪᠠ ᠲᠥᠰᠦᠯ᠎ᠤᠨ ᠰᠠᠨᠠᠭᠤᠯᠭ᠎ᠠ᠎ᠶ᠋ᠢ ᠪᠠᠲᠤᠯᠠᠬᠤ ᠨᠤᠤᠷᠠᠭ᠎ᠢ ᠪᠠᠲᠤᠯᠠᠵᠤ᠂ ᠬᠤᠶᠠᠷ ᠲᠥᠰᠦᠯ᠎ᠤᠨ ᠰᠠᠨᠠᠭᠤᠯᠭ᠎ᠠ᠎ᠶ᠋ᠢ ᠪᠠᠲᠤᠯᠠᠬᠤ ᠨᠤᠤᠷᠠᠭ᠎ᠢ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠌᠎ᠪᠠᠷ ᠲᠣᠭ᠍ᠲᠠᠪᠠ᠃
    5 ᠰᠠᠷ᠎ᠠ᠎ᠶ᠋ᠢᠨ 26 ᠎ᠤ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠤᠨ ᠪᠦᠯᠬᠦᠮ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠨᠠᠷᠢᠨ ᠬᠢᠨᠠᠮᠠᠭᠠᠶ ᠬᠢᠨᠠᠨ ᠵᠦᠪᠯᠡᠪᠠ᠃ ᠲᠥᠯᠥᠭᠡᠯᠡᠭ᠌ᠴᠢᠳ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠳᠤ ᠡᠬᠢᠨ᠎ᠠᠴᠠ᠎ᠪᠠᠨ ᠲᠠᠭᠤᠰᠳᠠᠯ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠎ᠲᠠᠢ ᠨᠢᠭᠡᠳᠦᠯᠲᠡᠢ    ᠪᠠᠢᠬᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠬᠤ ᠤᠯᠤᠰ ᠲᠦᠷᠦ᠎ᠶ᠋ᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠵᠦ᠍᠂ ᠠᠵᠢᠯ᠎ᠢᠶᠠᠨ ᠪᠦᠬᠦ᠌ ᠲᠠᠯ᠎ᠠ᠎ᠪᠠᠷ᠂ ᠪᠤᠰᠤᠳᠴᠢ᠎ᠪᠠᠷ᠂ ᠭᠤᠣᠯᠳᠠᠯᠭ᠎ᠠ᠎ᠶ᠋ᠢ ᠳᠣᠪᠤᠢᠯᠭᠠᠨ ᠳ᠋ᠦᠡᠭ᠌ᠨᠡᠵᠤ᠂ ᠡᠭᠦᠷᠭᠡ ᠪᠠᠢᠷᠢᠯᠠᠭᠤᠯᠤᠯᠳᠠ᠎ᠶ᠋ᠢᠨ ᠰᠡᠳᠭᠢᠴᠡ᠎ᠨᠢ ᠲᠣᠳᠣᠷᠬᠠᠶ᠂ ᠠᠷᠭ᠎ᠠ ᠬᠡᠮᠵᠢᠶ᠎ᠡ᠎ᠨᠢ ᠬᠦᠴᠦᠲᠡᠶ᠂ ᠵᠣᠬᠢᠶᠠᠯ᠎ᠤᠨ ᠰᠤᠷᠲᠠᠯ᠎ᠨᠢ ᠪᠣᠷᠣᠭ᠍ᠵᠢᠭᠤᠨ᠂ ᠲᠤᠭ᠎ᠠ ᠪᠠᠷᠢᠮᠲᠠ᠎ᠨᠢ ᠨᠠᠷᠢᠨ ᠪᠣᠳᠠᠲᠠᠶ ᠪᠠᠢᠵᠤ᠂ ᠶᠡᠭᠡ ᠲᠠᠯ᠎ᠠ᠎ᠲᠠᠢ ᠨᠢᠭ᠍ᠲᠠ ᠤᠶᠠᠯᠳᠤᠭ᠍ᠰᠠᠨ᠂ ᠠᠷᠠᠳ᠎ᠤᠨ ᠠᠮᠢᠳᠤᠷᠠᠯ᠎ᠲᠠᠢ ᠣᠢᠷᠠᠲᠤᠭ᠍ᠰᠠᠨ᠂ ᠬᠠᠤᠯᠢ᠎ᠪᠠᠷ ᠵᠠᠰᠠᠬᠤ᠎ᠶ᠋ᠢ ᠬᠠᠷᠠᠭᠤᠯᠤᠭ᠍ᠰᠠᠨ ᠮᠡᠳᠡᠭᠦᠯᠦᠯᠲᠡ ᠪᠤᠯᠤᠨ᠎ᠠ ᠭᠡᠵᠤ ᠰᠠᠨᠠᠯ ᠨᠢᠭᠡᠲᠡᠢ ᠦᠵᠡᠵᠡᠭᠡᠭ᠌ᠰᠡᠨ ᠪᠠᠢᠨ᠎ᠠ᠃ ᠲᠥᠯᠥᠭᠡᠯᠡᠭ᠌ᠴᠢᠳ ᠡᠨᠡ ᠬᠦ᠌ ᠮᠡᠳᠡᠭᠦᠯᠦᠯᠳᠡ᠎ᠶ᠋ᠢ ᠵᠥᠪᠱᠢᠶᠡᠷᠡᠵᠦ᠍ ᠪᠠᠢᠬᠤ᠎ᠪᠠᠨ ᠰᠠᠨᠠᠯ ᠨᠢᠭᠡᠲᠡᠢ ᠢᠯᠡᠳᠭᠡᠪᠡ᠃ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠰᠠᠨᠠᠭᠤᠯᠭ᠎ᠠ᠎ᠶ᠋ᠢ ᠦᠨᠳᠦᠰᠦᠯᠡᠨ᠂ ᠮᠡᠳᠡᠭᠦᠯᠦᠯᠳᠡ᠎ᠳᠤ 21 ᠭᠠᠵᠠᠷ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠶ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠵᠠᠢ᠃ ᠬᠤᠷᠠᠯ᠎ᠠᠴᠠ ᠪᠠᠲᠤᠯᠠᠯᠲᠠ ᠬᠢᠬᠦ᠌᠎ᠪᠠᠷ ᠳᠠᠮᠵᠢᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠠᠷ ᠲᠣᠭ᠍ᠲᠠᠵᠠᠢ᠃
    5 ᠰᠠᠷ᠎ᠠ᠎ᠶ᠋ᠢᠨ 26 ᠎ᠤ ᠦᠳᠡ᠎ᠶ᠋ᠢᠨ ᠬᠤᠢᠨ᠎ᠠ ᠪᠠ 27 ᠎ᠤ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠤᠨ ᠪᠦᠯᠬᠦᠮ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠨᠠᠷᠢᠨ ᠬᠢᠨᠠᠮᠠᠭᠠᠶ ᠬᠢᠨᠠᠨ ᠵᠦᠪᠯᠡᠪᠡ᠃ ᠲᠥᠯᠥᠭᠡᠯᠡᠭ᠌ᠴᠢᠳ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠥᠩᠭᠡᠷᠡᠭ᠌ᠰᠡᠨ ᠨᠢᠭᠡ ᠵᠢᠯ᠎ᠤᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠳᠡ᠎ᠳᠤ ᠳᠤᠷᠠᠳᠤᠭ᠍ᠰᠠᠨ ᠳᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠡᠯ᠎ᠡ ᠲᠥᠯᠥᠭᠡᠯᠡᠭ᠌ᠴᠢᠳ᠎ᠤᠨ ᠪᠦᠯᠬᠦᠮ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠰᠠᠨᠠᠯ ᠨᠢᠭᠡᠲᠡᠶ ᠵᠥᠪᠱᠢᠶᠡᠷᠡᠪᠡ᠃ ᠬᠢᠨᠠᠨ ᠵᠦᠪᠯᠡᠭᠦ᠌ ᠳᠤᠮᠳᠠ᠂ ᠲᠥᠯᠥᠭᠡᠯᠡᠭ᠌ᠴᠢᠳ ᠪᠠᠰᠠ ᠡᠳᠦᠢ ᠲᠡᠳᠦᠢ ᠰᠠᠨᠠᠯ ᠰᠠᠨᠠᠭᠤᠯᠭ᠎ᠠ ᠳᠤᠷᠠᠳᠴᠠᠶ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠲᠥᠯᠥᠭᠡᠯᠡᠭ᠌ᠴᠢᠳ᠎ᠤᠨ ᠬᠢᠨᠠᠨ ᠵᠦᠪᠯᠡᠭ᠌ᠰᠡᠨ ᠰᠠᠨᠠᠯ᠎ᠢ ᠦᠨᠳᠦᠰᠦᠯᠡᠵᠦ᠍᠂ ᠲᠤᠰ ᠲᠤᠰ᠎ᠤᠨ ᠮᠡᠳᠡᠭᠦᠯᠦᠯᠲᠡ᠎ᠳᠡᠭᠡᠨ ᠬᠢᠨᠠᠮᠠᠭᠠᠶ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠭ᠌ᠰᠡᠨ ᠰᠠᠨᠠᠯ ᠪᠠ ᠮᠡᠳᠡᠭᠦᠯᠦᠯᠲᠡ᠎ᠳᠤ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠨ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠶ ᠬᠤᠶᠠᠷ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠠᠴᠠ ᠪᠠᠲᠤᠯᠠᠯᠲᠠ ᠬᠢᠬᠦ᠌᠎ᠪᠠᠷ ᠳᠠᠮᠵᠢᠨ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠶ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠲᠤᠬᠠᠶ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠳᠤ ᠳᠡᠪᠱᠢᠭᠦᠯᠦᠨ ᠬᠢᠨᠠᠨ ᠵᠥᠪᠯᠡᠭᠦᠯᠬᠦ᠌᠎ᠪᠠᠷ ᠲᠣᠭ᠍ᠲᠠᠪᠠ᠃
    ᠬᠤᠷᠠᠯ᠎ᠠᠴᠠ ᠶᠡᠭᠡ ᠬᠤᠷᠠᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠱᠢᠨ ᠴᠦᠨ ᠶᠢᠩ᠎ᠤᠨ ᠬᠢᠭ᠌ᠰᠡᠨ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠱᠢᠨ ᠴᠦᠨ ᠶᠢᠩ᠂ 5 ᠰᠠᠷ᠎ᠠ᠎ᠶ᠋ᠢᠨ 25 ᠎ᠤ ᠡᠳᠦᠷ᠎ᠤᠨ 12 ᠴᠠᠭ ᠪᠣᠯᠳᠠᠯ᠎ᠠ᠂ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠡᠢᠲᠡ 506 ᠬᠤᠪᠢ ᠭᠥᠯᠢᠶᠡᠨ ᠠᠪᠴᠠᠶ᠃ ᠡᠭᠦᠨ᠎ᠳᠤ ᠲᠥᠯᠥᠭᠡᠯᠡᠭ᠌ᠴᠢᠳ᠎ᠤᠨ ᠪᠦᠯᠬᠦᠮ᠎ᠤᠨ ᠳᠤᠷᠠᠳᠤᠭ᠍ᠰᠠᠨ ᠰᠠᠨᠠᠯ ᠵᠥᠪᠯᠡᠯᠭᠡ 17 ᠬᠤᠪᠢ᠂ ᠲᠥᠯᠥᠭᠡᠯᠡᠭ᠌ᠴᠢᠳ᠎ᠤᠨ ᠨᠡᠷ᠎ᠡ ᠬᠠᠮᠲᠤᠷᠠᠨ ᠳᠤᠷᠠᠳᠤᠭ᠍ᠰᠠᠨ ᠰᠠᠨᠠᠯ ᠵᠥᠪᠯᠡᠯᠭᠡ 489 ᠬᠤᠪᠢ ᠪᠠᠢᠨ᠎ᠠ᠃ ᠡᠳᠡᠭᠡᠷ ᠰᠠᠨᠠᠯ ᠵᠥᠪᠯᠡᠯᠭᠡ᠎ᠶ᠋ᠢᠨ ᠳᠣᠲᠣᠷ᠎ᠠ᠂ ᠬᠠᠤᠯᠢ ᠲᠣᠭ᠍ᠲᠠᠭᠠᠬᠤ ᠲᠠᠯ᠎ᠠ᠎ᠪᠠᠷ᠎ᠬᠢ ᠰᠠᠨᠠᠯ ᠵᠥᠪᠯᠡᠯᠭᠡ 499 ᠬᠤᠪᠢ᠂ ᠬᠢᠨᠠᠯᠲᠠ ᠲᠠᠯᠪᠢᠬᠤ ᠲᠠᠯ᠎ᠠ᠎ᠪᠠᠷ᠎ᠬᠢ ᠰᠠᠨᠠᠯ ᠵᠥᠪᠯᠡᠯᠭᠡ 7 ᠬᠤᠪᠢ ᠪᠠᠢᠨ᠎ᠠ᠃ ᠲᠥᠯᠥᠭᠡᠯᠡᠭ᠌ᠴᠢᠳ᠎ᠤᠨ ᠡᠯ᠎ᠡ ᠹᠷᠣᠨᠲ᠂ ᠦᠪᠡᠷ ᠦᠪᠡᠷ᠎ᠤᠨ ᠠᠵᠢᠯ᠎ᠤᠨ ᠪᠠᠢᠷᠢ ᠳᠡᠭᠡᠷᠡᠬᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠲᠡᠮᠡᠴᠡᠯ᠎ᠤᠨ ᠦᠢᠯᠡᠳᠦᠯᠭᠡ᠎ᠲᠠᠢ᠎ᠪᠠᠨ ᠤᠶᠠᠯᠳᠤᠭᠤᠯᠤᠨ ᠬᠠᠤᠯᠢ ᠶᠣᠰᠣᠭᠠᠷ ᠳᠤᠷᠠᠳᠤᠭ᠍ᠰᠠᠨ ᠬᠤᠯᠪᠣᠭ᠍ᠳᠠᠯ ᠪᠦᠬᠦᠢ ᠰᠠᠨᠠᠯ ᠵᠥᠪᠯᠡᠯᠭᠡ 122 ᠬᠤᠪᠢ ᠪᠠᠢᠵᠤ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠎ᠶ᠋ᠢᠨ ᠶᠡᠷᠦᠩᠬᠡᠶ ᠲᠣᠭᠠᠨ᠎ᠤ 24% ᠎ᠶ᠋ᠢ ᠡᠵᠡᠯᠡᠭ᠌ᠰᠡᠨ ᠪᠠᠢᠨ᠎ᠠ ᠭᠡᠵᠤ ᠬᠡᠯᠡᠭ᠌ᠰᠡᠨ ᠪᠠᠢᠨ᠎ᠠ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠎ᠳᠤ ᠨᠡᠯᠢᠶᠡᠳ ᠤᠯᠠᠨ ᠠᠩᠬᠠᠷᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠪᠠᠰᠠ᠄ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭᠠᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠬᠦ᠂ ᠲᠦᠷᠦ᠎ᠶ᠋ᠢᠨ ᠪᠠᠢᠭᠤᠯᠤᠮᠵᠢ᠎ᠶ᠋ᠢᠨ ᠵᠣᠬᠢᠶᠠᠨ ᠪᠠᠢᠭᠤᠯᠤᠯᠲᠠ ᠪᠠ ᠡᠭᠦᠷᠭᠡ ᠴᠢᠳᠠᠪᠤᠷᠢ᠎ᠶ᠋ᠢᠨ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠬᠦ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠬᠦ᠂ ᠨᠡᠢᠭᠡᠮ᠎ᠤᠨ ᠵᠠᠰᠠᠯᠲᠠ᠎ᠶ᠋ᠢᠨ ᠬᠦᠷᠢᠶ᠎ᠡ ᠴᠠᠷᠠᠭᠠᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠡᠮᠬᠢ ᠵᠢᠷᠤᠮ᠎ᠢ ᠲᠡᠭᠦᠯᠳᠡᠷᠵᠢᠭᠦᠯᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠲᠠᠯ᠎ᠠ᠎ᠪᠠᠷ᠎ᠬᠢ ᠬᠠᠤᠯᠢ ᠲᠣᠭ᠍ᠲᠠᠭᠠᠯᠲᠠ ᠵᠡᠷᠭᠡ ᠪᠣᠯᠤᠨ᠎ᠠ᠃ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠢᠭᠡᠳ ᠨᠢᠭᠡ᠎ᠪᠠᠷ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠲᠤᠰ ᠤᠳᠠᠭᠠᠨ᠎ᠤ ᠶᠡᠭᠡ ᠬᠤᠷᠠᠯ᠎ᠤᠨ ᠬᠢᠨᠠᠨ ᠵᠦᠪᠯᠡᠭᠦ᠌ ᠴᠢᠬᠤᠯᠠᠲᠠᠶ ᠰᠠᠨᠠᠯ ᠵᠥᠪᠯᠡᠯᠭᠡ ᠪᠠᠢᠬᠤ ᠦᠭᠡᠢ ᠭᠡᠵᠦ᠍ ᠦᠵᠡᠪᠡ᠃ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠯᠪᠣᠭ᠍ᠳᠠᠯ ᠪᠦᠬᠦᠢ ᠲᠤᠰᠭᠠᠶ ᠺᠤᠮᠢᠰ᠎ᠲᠤ ᠲᠤᠰ ᠲᠤᠰ ᠲᠤᠱᠢᠶᠠᠨ ᠥᠭ᠌ᠴᠦ ᠬᠢᠨᠠᠨ ᠵᠦᠪᠯᠡᠭᠦᠯᠬᠦ᠌᠎ᠶ᠋ᠢ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠠᠴᠠ ᠰᠠᠨᠠᠭᠤᠯᠤᠭ᠍ᠰᠠᠨ ᠪᠠᠢᠨ᠎ᠠ᠃ ᠬᠤᠯᠪᠣᠭ᠍ᠳᠠᠯ ᠪᠦᠬᠦᠢ ᠲᠤᠰᠭᠠᠶ ᠺᠣᠮᠢᠰ ᠳᠡᠭᠡᠷ᠎ᠡ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠬᠢᠨᠠᠨ ᠵᠦᠪᠯᠡᠭ᠌ᠰᠡᠨ᠎ᠤ ᠳᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ ᠬᠢᠨᠠᠨ ᠵᠥᠪᠯᠡᠭ᠌ᠰᠡᠨ ᠦᠷ᠎ᠡ ᠳ᠋ᠦᠩ᠎ᠤᠨ ᠲᠤᠬᠠᠶ ᠮᠡᠳᠡᠭᠦᠯᠦᠯᠲᠡ ᠳᠤᠷᠠᠳᠴᠤ᠌᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠪᠠᠷ ᠬᠢᠨᠠᠨ ᠵᠦᠪᠯᠡᠭᠦᠯᠵᠤ ᠪᠠᠲᠤᠯᠠᠭᠤᠯᠤᠭ᠍ᠰᠠᠨ᠎ᠤ ᠳᠠᠷᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠳᠤ ᠳᠠᠷᠤᠮᠠᠯᠯᠠᠨ ᠲᠠᠷᠬᠠᠭᠠᠨ᠎ᠠ᠃ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠎ᠶ᠋ᠢ ᠬᠢᠨᠠᠨ ᠵᠦᠪᠯᠡᠭᠦ᠌ ᠪᠠ ᠬᠠᠮᠢᠶ᠎ᠠ ᠪᠦᠬᠦᠢ ᠠᠵᠢᠯ᠎ᠤᠨ ᠲᠤᠬᠠᠶ ᠳᠣᠤᠷᠠᠬᠢ ᠮᠡᠲᠦ ᠰᠠᠨᠠᠭᠤᠯᠭ᠎ᠠ ᠳᠤᠷᠠᠳᠪᠠ᠄ ᠨᠠᠮ ᠪᠠ ᠤᠯᠤᠰ᠎ᠤᠨ ᠭᠤᠤᠯ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠬᠠᠤᠯᠢ ᠲᠣᠭ᠍ᠲᠠᠭᠠᠬᠤ ᠬᠢᠭᠡᠳ ᠥᠭᠡᠷᠡᠴᠢᠯᠡᠯᠲᠡ᠎ᠶ᠋ᠢ ᠤᠨᠤᠴᠢᠳᠠᠢ᠎ᠪᠠᠷ ᠵᠣᠯᠭᠠᠯᠴᠠᠭᠤᠯᠬᠤ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠠᠵᠢᠯ᠎ᠤᠨ ᠳᠤᠮᠳᠠᠬᠢ ᠭᠤᠣᠯᠯᠠᠬᠤ ᠦᠢᠯᠡᠳᠦᠯ᠎ᠢ ᠪᠠᠳᠠᠷᠠᠭᠤᠯᠵᠤ᠂ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠤᠳᠤᠯᠤᠨ ᠬᠡᠷᠡᠭ᠌ᠯᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠤᠯᠤᠰ᠎ᠤᠨ ᠠᠮᠢᠳᠤ ᠪᠣᠳᠠᠰ᠎ᠤᠨ ᠠᠮᠤᠷ ᠲᠦᠪᠱᠢᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠲᠦᠷᠭᠡᠪᠴᠢᠯᠡᠨ ᠪᠠᠢᠭᠤᠯᠵᠤ ᠲᠡᠭᠦᠯᠳᠡᠷᠵᠢᠭᠦᠯᠦᠨ᠎ᠡ; ᠲᠥᠯᠥᠭᠡᠯᠡᠭ᠌ᠴᠢᠳ᠎ᠤᠨ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠦ᠍᠂ ᠰᠠᠨᠠᠯ ᠵᠥᠪᠯᠡᠯᠭᠡ ᠳᠤᠷᠠᠳᠤᠭ᠍ᠰᠠᠨ ᠲᠥᠯᠥᠭᠡᠯᠡᠭ᠌ᠴᠢ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠠᠵᠢᠯ᠎ᠳᠠᠬᠢ ᠲᠥᠯᠥᠭᠡᠯᠡᠭ᠌ᠴᠢᠳ᠎ᠤᠨ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃
   ᠬᠤᠷᠠᠯ᠎ᠠᠴᠠ ᠪᠠᠲᠤᠯᠠᠯᠲᠠ ᠬᠢᠬᠦ᠌᠎ᠪᠠᠷ ᠳᠡᠮᠵᠢᠨ᠂ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠥᠯᠥᠭᠡᠯᠡᠭ᠌ᠴᠢᠳ᠎ᠤᠨ ᠳᠤᠷᠠᠳᠤᠭ᠍ᠰᠠᠨ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠶ ᠮᠡᠳᠡᠭᠦᠯᠦᠯᠲᠡ᠎ᠶ᠋ᠢ ᠪᠠᠲᠤᠯᠠᠪᠠ᠃
    ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠧᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠡ᠋ᠢᠯᠢᠭᠧᠩ · ᠢᠮᠢᠩᠪᠠᠭ᠍ᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ᠎ᠶ᠋ᠢᠨ᠂ ᠼᠠᠢ ᠳ᠋ᠠ ᠹᠧᠩ᠂ ᠦ᠋ ᠸᠧᠢ ᠬᠤᠸᠠ᠂ ᠶᠠᠩ ᠵᠧᠨ ᠦ᠋ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号