ᠳᠤᠮᠳᠠᠳᠤ ᠤᠯᠤᠰ᠎ᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠤᠨ ᠤᠯᠤᠰ ᠳᠦᠷᠦ᠎ᠶ᠋ᠢᠨ ᠱᠢᠢᠳᠪᠦᠷᠢ
2020-05-28 10:13:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

          (2020 ᠤᠨ᠎ᠤ 5 ᠰᠠᠷ᠎ᠠ᠎ᠶ᠋ᠢᠨ 27 ᠎ᠤ ᠡᠳᠤᠷ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠠᠴᠠ ᠪᠠᠳᠤᠯᠠᠪᠠ)


      ᠳᠤᠮᠳᠠᠳᠤ ᠤᠯᠤᠰ᠎ᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ᠎ᠤᠨ ᠤᠯᠤᠰ ᠳᠦᠷᠦ᠎ᠶ᠋ᠢᠨ ᠱᠢᠢᠳᠪᠦᠷᠢ ᠬᠠᠰ ᠨᠠᠰᠤᠨᠪᠤᠶᠠᠨ ᠳᠤᠶᠠᠭ᠎ᠠ ᠳᠠᠭᠤᠯᠠ ᠢᠳᠡᠷᠡᠬᠦᠨᠳᠤᠮᠳᠠᠳᠤ ᠤᠯᠤᠰ᠎ᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ 2020 ᠤᠨ᠎ᠤ 5 ᠰᠠᠷ᠎ᠡ᠎ᠶ᠋ᠢᠨ 21 ᠎ᠤ ᠡᠳᠤᠷ᠎ᠠᠴᠠ 27 ᠎ᠤ ᠡᠳᠤᠷ ᠪᠤᠯᠳᠠᠯ᠎ᠠ ᠪᠡᠬᠡᠵᠢᠩ᠎ᠳᠤ ᠬᠤᠷᠠᠯᠳᠤᠪᠠ᠃
     ᠲᠣᠮᠲᠠᠲᠣ ᠤᠯᠤᠰ᠎ᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠭᠤᠷᠪᠠᠳᠤᠭᠠᠷ ᠬᠤᠷᠠᠯ 2020 ᠤᠨ᠎ᠤ 5 ᠰᠠᠷ᠎ᠡ᠎ᠶ᠋ᠢᠨ 21 ᠎ᠤ ᠡᠳᠤᠷ᠎ᠠᠴᠠ 27 ᠎ᠤ ᠡᠳᠤᠷ ᠪᠤᠯᠳᠠᠯ᠎ᠠ ᠪᠡᠬᠡᠵᠢᠩ᠎ᠳᠤ     ᠬᠤᠷᠠᠯᠳᠤᠪᠠ᠃
    ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭ᠌ᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭ᠌ᠴᠢ ᠰᠢ᠎ᠶ᠋ᠢᠨ ᠫᠢᠩ ᠵᠡᠷᠬᠡ ᠨᠠᠮ ᠪᠠ ᠳᠦᠷᠦ᠎ᠶ᠋ᠢᠨ ᠤᠳᠤᠷᠢᠳᠭᠤ ᠨᠦᠬᠦᠳ ᠬᠤᠷᠠᠯ᠎ᠳᠤ ᠤᠷᠤᠯᠴᠠᠵᠥ᠍᠂ ᠬᠡᠱᠢᠬᠦᠳ᠎ᠲᠠᠢ ᠬᠠᠮᠳᠤ᠎ᠪᠠᠷ ᠤᠯᠤᠰ᠎ᠤᠨ ᠶᠡᠭᠡ ᠪᠤᠳᠤᠯᠭ᠎ᠠ᠎ᠶ᠋ᠢ ᠵᠦᠪᠯᠡᠪᠡ᠃ ᠬᠤᠷᠠᠯ᠎ᠠᠴᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠳᠡᠷᠢᠬᠦᠯᠡᠭ᠌ᠴᠢ ᠸᠠᠩ ᠶᠠᠩ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶᠠᠨ᠎ᠤ ᠡᠮᠤᠨ᠎ᠡ᠎ᠠᠴᠠ ᠬᠢᠭ᠌ᠰᠡᠨ ᠠᠵᠢᠯ᠎ᠤᠨ ᠮᠡᠳᠡᠬᠦᠯᠦᠯᠳᠡ᠎ᠶ᠋ᠢ ᠬᠢᠨᠠᠨ ᠵᠦᠪᠯᠡᠵᠥ᠍ ᠵᠦᠪᠱᠢᠶᠡᠷᠡᠵᠥ᠍᠂ ᠵᠧᠩ ᠵᠢᠶᠠᠨ ᠪᠠᠩ ᠳᠡᠳ᠋ ᠳᠡᠷᠢᠬᠦᠯᠡᠭ᠌ᠴᠢ᠎ᠶ᠋ᠢᠨ ᠬᠢᠭ᠌ᠰᠡᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠳᠤᠬᠠᠢ ᠮᠡᠳᠡᠬᠦᠯᠦᠯᠳᠡ᠎ᠶ᠋ᠢ ᠬᠢᠨᠠᠨ ᠵᠦᠪᠯᠡᠵᠥ᠍ ᠵᠦᠪᠱᠢᠶᠡᠷᠡᠵᠥ᠍᠂ ᠪᠦᠬᠦ᠌ ᠤᠯᠤᠰ᠎ᠤᠨ ᠤᠯᠤᠰ ᠳᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬ᠍ᠰᠠᠨ ᠪᠠᠢᠳᠠᠯ᠎ᠤᠨ ᠳᠤᠬᠠᠢ ᠮᠡᠳᠡᠬᠦᠯᠦᠯᠳᠡ᠎ᠶ᠋ᠢ ᠪᠠᠳᠤᠯᠠᠪᠠ᠃ ᠬᠡᠱᠢᠬᠦᠳ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠳᠤ ᠰᠤᠯᠠ ᠤᠷᠤᠯᠴᠠᠵᠥ᠍᠂ ᠶᠡᠷᠦᠩᠬᠡᠢ ᠰᠠᠢᠳ ᠯᠢ ᠺᠧ ᠴᠢᠶᠠᠩ᠎ᠤᠨ ᠬᠢᠭ᠌ᠰᠡᠨ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠰᠤᠨᠤᠰᠤᠬ᠍ᠰᠠᠨ ᠪᠦᠬᠡᠳ ᠶᠠᠷᠢᠯᠴᠠᠵᠥ᠍᠂ ᠠᠷᠠᠳ᠎ᠤᠨ ᠳᠡᠬᠡᠳᠤ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠬᠡᠳᠤ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠰᠤᠨᠤᠰᠤᠬ᠍ᠰᠠᠨ ᠪᠦᠬᠡᠳ ᠶᠠᠷᠢᠯᠴᠠᠵᠥ᠍᠂ ᠢᠷᠬᠡᠨ᠎ᠤ ᠬᠠᠤᠯᠢ᠎ᠶ᠋ᠢᠨ ᠪᠢᠴᠢᠭ᠎ᠤᠨ ᠳᠦᠰᠦᠯ ᠵᠡᠷᠬᠡ᠎ᠶ᠋ᠢ ᠶᠠᠷᠢᠯᠴᠠᠵᠥ᠍᠂ ᠨᠡᠢᠳᠡᠮ ᠵᠦᠪᠱᠢᠶᠡᠷᠡᠭ᠌ᠰᠡᠨ ᠪᠦᠬᠡᠳ ᠰᠠᠨᠠᠯ ᠰᠠᠨᠠᠭᠤᠯᠭ᠎ᠠ ᠳᠤᠷᠠᠳᠴᠤ᠌᠂ ᠱᠢᠶᠠᠩᠭᠠᠩ ᠤᠨᠴᠠᠭᠠᠢ ᠵᠠᠰᠠᠬ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠳᠦᠪᠱᠢᠨ᠎ᠢ ᠬᠠᠮᠠᠭᠠᠯᠠᠬᠤ ᠬᠠᠤᠯᠢ ᠳᠦᠷᠢᠮ ᠪᠠ ᠬᠡᠷᠡᠭ᠌ᠵᠢᠬᠦᠯᠬᠦ᠌ ᠳᠤᠬ᠍ᠳᠠᠴᠠ᠎ᠶ᠋ᠢ ᠪᠠᠢᠭᠤᠯᠤᠨ ᠳᠡᠭᠦᠯᠳᠡᠷᠵᠢᠬᠦᠯᠬᠦ᠌ ᠳᠤᠬᠠᠢ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠳᠤᠬ᠍ᠳᠠᠭᠠᠯ ᠭᠠᠷᠭᠠᠬ᠍ᠰᠠᠨ᠎ᠢ ᠰᠠᠨᠠᠯ ᠨᠢᠬᠡᠳᠡᠢ ᠵᠦᠪᠱᠢᠶᠡᠷᠡᠭ᠌ᠰᠡᠨ ᠪᠦᠬᠡᠳ ᠳᠡᠮᠵᠢᠪᠡ᠃
    ᠬᠤᠷᠡᠯ᠎ᠠᠴᠠ᠂ ᠦᠩᠬᠡᠷᠡᠭ᠌ᠰᠡᠡ ᠨᠢᠬᠡ ᠵᠢᠯ᠎ᠳᠤ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶ᠎ᠡ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠬᠦᠯᠥᠨ ᠲᠠᠭᠠᠭᠤᠯᠵᠥ᠍᠂ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠠᠶᠤᠯ ᠲᠦᠭ᠌ᠰᠢᠬᠦᠷᠢ ᠦᠷᠢᠰᠦᠯᠳᠦᠬᠡᠨ ᠢᠯᠡᠳᠳᠡ ᠨᠡᠮᠡᠭ᠌ᠳᠡᠵᠥ᠍ ᠪᠠᠢᠭ᠎ᠠ ᠪᠤᠳᠤᠯᠢᠶᠠᠨᠳᠠᠢ ᠪᠠᠢᠳᠠᠯ᠎ᠢ ᠯᠠᠪᠳᠠᠭᠤᠨ ᠪᠤᠯᠭᠤᠮᠵᠢᠳᠠᠢ ᠠᠷᠭᠠᠴᠠᠭᠠᠵᠥ᠍᠂ ᠱᠢᠨ᠎ᠡ ᠲᠤᠮᠳᠠᠳᠤ ᠤᠯᠤᠰ ᠪᠠᠢᠭᠤᠯᠤᠬ᠍ᠳᠠᠬ᠍ᠰᠠᠠ 70 ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠪᠡᠯᠬᠡᠯᠡᠵᠥ᠍᠂ ᠡᠷᠡᠮᠡᠬᠡᠢᠯᠡᠨ ᠤᠷᠤᠭ᠍ᠰᠢᠯᠠᠵᠥ᠍᠂ ᠬᠦᠴᠢᠷ᠎ᠢ ᠲᠤᠭᠤᠯᠤᠨ ᠪᠡᠷᠬᠡ᠎ᠶ᠋ᠢ ᠲᠡᠪᠡᠵᠥ᠍᠂ ᠪᠦᠬᠦ᠌ ᠵᠢᠯ᠎ᠤᠨ ᠭᠤᠤᠯ ᠬᠠᠷᠠᠯᠳᠡ ᠡᠬᠦᠷᠬᠡ᠎ᠪᠠᠨ ᠪᠡᠶᠡᠯᠡᠬᠦᠯᠵᠥ᠍᠂ ᠴᠢᠨᠡᠭᠡᠯᠢᠭ ᠨᠡᠢᠬᠡᠮ᠎ᠢ ᠪᠦᠬᠦ᠌ ᠲᠡᠯ᠎ᠡ᠎ᠪᠠᠷ ᠪᠡᠶᠡᠯᠡᠬᠦᠯᠬᠦ᠌᠎ᠳᠤ ᠱᠢᠢᠳᠪᠤᠷᠢᠯᠡᠭ᠌ᠴᠢ ᠴᠢᠨᠠᠷᠳᠠᠢ ᠰᠠᠭᠤᠷᠢ ᠲᠠᠯᠪᠢᠵᠦ᠍ ᠦᠭ᠌ᠴᠠᠢ᠃ ᠤᠯᠤᠰ ᠲᠦᠷᠦ᠎ᠶ᠋ᠢᠨ ᠵᠦᠪᠯᠡᠯᠬᠡᠨ᠎ᠤ ᠪᠦᠬᠦ᠌ ᠤᠯᠤᠰ᠎ᠤᠨ ᠬᠤᠷᠢᠶ᠎ᠡ ᠵᠢᠴᠢ ᠲᠡᠬᠦᠨ᠎ᠤ ᠪᠠᠢᠩᠭᠤ᠎ᠶ᠋ᠢᠨ ᠬᠤᠷᠢᠶ᠎ᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠥ᠍᠂ ᠲᠦᠪ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠵᠢᠯ᠎ᠤᠨ ᠬᠤᠷᠡᠯ ᠵᠢᠴᠢ ᠠᠷᠠᠳ᠎ᠤᠨ ᠤᠯᠤᠰ ᠲᠦᠷᠦ᠎ᠶ᠋ᠢᠨ ᠵᠦᠪᠯᠡᠯᠬᠡᠨ ᠪᠠᠢᠭᠤᠯᠤᠬ᠍ᠳᠠᠭ᠍ᠰᠠᠠ 70 ᠵᠢᠯ᠎ᠤᠨ ᠤᠢ᠎ᠶ᠋ᠢ ᠪᠡᠯᠬᠡᠯᠡᠬᠦ᠌ ᠶᠡᠭᠡ ᠬᠤᠷᠡᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠥ᠍᠂ ᠭᠤᠤᠯ ᠡᠬᠦᠷᠬᠡ᠎ᠶ᠋ᠢᠨ ᠲᠤᠭᠤᠷᠢᠨ᠎ᠳᠤ ᠡᠬᠦᠷᠬᠡ ᠬᠠᠷᠢᠭᠤᠴᠠᠯᠭ᠎ᠠ᠎ᠪᠠᠨ ᠬᠦᠢᠴᠡᠳᠭᠡᠵᠥ᠍᠂ ᠨᠠᠮ ᠪᠤᠯᠤᠨ ᠤᠯᠤᠰ᠎ᠤᠨ ᠠᠵᠢᠯ ᠦᠢᠯᠡᠰ᠎ᠤᠨ ᠬᠦᠭ᠌ᠵᠢᠯᠳᠡ᠎ᠳᠤ ᠢᠳᠡᠪᠬᠢ ᠬᠤᠪᠢ ᠨᠡᠮᠡᠷᠢ ᠦᠵᠡᠬᠦᠯᠵᠡᠢ ᠬᠡᠵᠥ᠍ ᠦᠵᠡᠪᠡ᠃
    ᠬᠤᠷᠡᠯ᠎ᠠᠴᠠ᠂ ᠬᠡᠨᠡᠳᠳᠡ ᠡᠬᠦᠰᠦᠭ᠌ᠰᠡᠡ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠤᠨ᠎ᠡ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠡ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌᠎ᠶ᠋ᠢ ᠲᠠᠷᠢᠬᠦᠨ ᠴᠢᠬᠤᠯᠠ ᠶᠡᠭᠡ ᠶᠠᠪᠤᠳᠠᠯ ᠪᠤᠯᠭᠠᠨ ᠠᠳᠭᠤᠵᠥ᠍᠂ ᠶᠡᠷᠤᠩᠬᠡᠢ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠵᠢᠯᠤᠭᠤᠳᠴᠦ᠍᠂ ᠪᠡᠶ᠎ᠡ᠎ᠪᠠᠷ᠎ᠢᠶᠠᠨ ᠪᠠᠢᠷᠢᠯᠠᠭᠤᠯᠤᠨ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠤᠯᠤᠨ ᠪᠡᠶ᠎ᠡ ᠮᠠᠬᠠᠪᠤᠳ᠎ᠤᠨ ᠡᠷᠡᠬᠦᠯ ᠮᠡᠨᠳᠤ᠎ᠶ᠋ᠢ ᠲᠡᠷᠢᠬᠦᠨ᠎ᠳᠤ ᠲᠠᠯᠪᠢᠬᠤ᠎ᠶ᠋ᠢ ᠪᠠᠷᠢᠮᠳᠠᠯᠠᠵᠥ᠍᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠷᠠᠳ᠎ᠤᠨ ᠲᠠᠢᠨ᠂ ᠶᠡᠷᠤᠩᠬᠡᠢ ᠲᠠᠢᠯᠠᠯᠳᠤᠭᠠᠨ᠂ ᠬᠤᠷᠢᠬ᠍ᠯᠠᠯᠳᠠ᠎ᠶ᠋ᠢᠨ ᠲᠠᠢᠯᠠᠯᠳᠤᠭᠠᠨ᠎ᠢ ᠰᠠᠢᠳᠤᠷ ᠬᠢᠵᠥ᠍᠂ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠳᠦᠬᠡᠯ ᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠤᠭᠠᠳ ᠢᠳᠡᠪᠬᠢᠳᠡᠢ ᠦᠷ᠎ᠡ ᠪᠦᠳᠦᠮᠵᠢ ᠤᠯᠵᠥ᠍᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠪᠠᠢᠭᠤᠯᠤᠯ᠎ᠤᠨ ᠢᠯᠡᠳᠳᠡ ᠲᠠᠪᠠᠭᠤᠯᠢᠬ᠎ᠢ ᠬᠦᠢᠴᠡᠳ ᠢᠯᠡᠷᠡᠬᠦᠯᠵᠤ᠂ ᠳᠤᠮᠳᠠᠳᠤ ᠤᠯᠤᠰ᠎ᠤᠨ ᠬᠦᠴᠤᠨ ᠴᠢᠳᠠᠯ᠂ ᠳᠤᠮᠳᠠᠳᠤ ᠤᠯᠤᠰ᠎ᠤᠨ ᠵᠤᠷᠢᠬ ᠰᠠᠨᠠᠭ᠎ᠠ᠂ ᠳᠤᠮᠳᠠᠳᠤ ᠤᠯᠤᠰ᠎ᠤᠨ ᠦᠷ᠎ᠠ ᠠᠱᠢᠬ᠎ᠢ ᠢᠯᠡᠷᠡᠭᠦᠯᠵᠠᠢ᠃ ᠤᠯᠤᠰ ᠲᠦᠷᠤ᠎ᠶ᠋ᠢᠨ ᠵᠦᠪᠯᠡᠯᠬᠡᠨ᠎ᠤ ᠵᠤᠬᠢᠶᠠᠨ ᠪᠠᠢᠭᠤᠯᠤᠯᠳᠠ ᠪᠤᠯᠤᠨ ᠤᠯᠤᠰ ᠲᠦᠷᠤ᠎ᠶ᠋ᠢᠨ ᠵᠦᠪᠯᠡᠯᠬᠡᠨ᠎ᠤ ᠬᠡᠱᠢᠬᠦᠳ ᠬᠢᠵᠢᠭ᠎ᠲᠠᠢ ᠲᠡᠮᠡᠴᠡᠬᠦ᠌ ᠲᠡᠮᠡᠴᠡᠯ᠎ᠳᠤ ᠢᠳᠡᠪᠬᠢᠳᠠᠢ ᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠯ᠎ᠢᠶᠠᠨ ᠢᠯᠡᠷᠡᠬᠦᠯᠵᠠᠢ ᠬᠡᠵᠥ᠍ ᠦᠵᠡᠪᠡ᠃
    ᠬᠤᠷᠠᠯ᠎ᠠᠴᠠ᠂ ᠡᠨᠡ ᠵᠢᠯ ᠪᠤᠯ ᠴᠢᠨᠡᠭᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠱᠢᠢᠳᠪᠤᠷᠢᠳᠤ ᠢᠯᠠᠯᠳᠠ᠎ᠶ᠋ᠢ ᠤᠯᠬᠤ ᠵᠢᠯ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠤᠪᠵᠢᠬᠦᠯᠬᠡ᠎ᠶ᠋ᠢᠨ ᠰᠡᠬᠦᠯ ᠬᠤᠷᠢᠶᠠᠬᠤ ᠵᠢᠯ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠤᠷᠢᠳᠤ ᠲᠠᠢᠯᠠᠯᠳᠤᠭᠠᠨ ᠬᠢᠬᠦ᠌ ᠵᠢᠯ ᠪᠤᠯᠤᠨ᠎ᠠ᠃ ᠤᠳᠤᠬᠠᠨ᠎ᠳᠤ ᠪᠦᠬᠦ᠌ ᠪᠦᠮᠪᠦᠷᠴᠡᠭ᠎ᠤᠨ ᠬᠢᠵᠢᠭ᠎ᠤᠨ ᠪᠠᠢᠳᠠᠯ ᠪᠤᠯᠤᠨ ᠲᠡᠯᠡᠬᠡᠢ᠎ᠶ᠋ᠢᠨ ᠠᠵᠤ ᠠᠬᠤᠢ᠎ᠶ᠋ᠢᠨ ᠪᠠᠢᠳᠠᠯ ᠮᠦᠨ ᠯᠠ ᠬᠦᠨᠳᠤ ᠬᠡᠴᠡᠬᠦᠤ ᠨᠠᠷᠢᠨ ᠪᠤᠳᠤᠯᠢᠶᠠᠨᠳᠠᠢ ᠪᠠᠢᠵᠤ᠂ ᠮᠠᠨ᠎ᠤ ᠤᠯᠤᠰ᠎ᠤᠨ ᠬᠦᠭ᠌ᠵᠢᠯᠳᠠ᠎ᠳᠤ ᠤᠷᠢᠳ ᠡᠮᠤᠨ᠎ᠠ ᠪᠠᠢᠭ᠎ᠠ ᠦᠭᠡᠢ ᠦᠷᠢᠰᠤᠯᠳᠤᠬᠡᠨ ᠲᠤᠯᠭᠠᠷᠠᠵᠦ᠍ ᠪᠠᠢᠨ᠎ᠠ᠃ ᠶᠠᠷᠤᠩᠬᠡᠢ ᠱᠦᠵᠢ ᠰᠢ᠎ᠶ᠋ᠢᠨ ᠫᠢᠩ ᠠᠵᠤ ᠠᠬᠤᠢ᠎ᠶ᠋ᠢᠨ ᠡᠳᠡᠬᠡᠳ᠎ᠤᠨ ᠬᠡᠱᠢᠬᠦᠳ᠎ᠤᠨ ᠲᠤᠭᠤᠢ᠍ᠢᠯᠠᠩ ᠬᠠᠮᠳᠤᠷᠠᠬ᠍ᠰᠠᠨ ᠬᠤᠷᠠᠯ ᠲᠡᠭᠡᠷ᠎ᠠ ᠴᠢᠬᠤᠯᠠ ᠶᠠᠷᠢᠶ᠎ᠠ ᠲᠠᠯᠪᠢᠵᠤ᠂ ᠤᠯᠤᠰ᠎ᠤᠨ ᠳᠤᠳᠤᠭᠠᠳᠤ ᠭᠠᠳᠠᠭᠠᠳᠤ᠎ᠶ᠋ᠢᠨ ᠬᠤᠶᠠᠷ ᠶᠡᠭᠡ ᠪᠠᠢᠳᠠᠯ᠎ᠳᠤ ᠰᠠᠭᠤᠷᠢᠯᠠᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠲᠤᠭ᠍ᠳᠠᠭᠤᠨ᠎ᠤ ᠲᠤᠮᠳᠠ ᠰᠠᠢᠵᠢᠷᠠᠬᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠶᠡᠭᠡ ᠬᠠᠨᠳᠤᠰᠢ᠎ᠶ᠋ᠢ ᠬᠦᠨᠵᠡᠬᠡᠢ ᠳᠤᠳᠤᠷᠬᠠᠢᠯᠠᠨ ᠦᠬᠦᠯᠠᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠤᠷᠢᠳᠤ ᠲᠠᠢᠯᠠᠯᠳᠤᠭᠠᠨ ᠬᠢᠵᠦ᠍ ᠱᠢᠢᠳᠪᠤᠷᠢᠳᠦ ᠢᠯᠠᠯᠳᠠ᠎ᠶ᠋ᠢ ᠤᠯᠬᠤ᠂ ᠴᠢᠨᠡᠭᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠂ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢᠨ ᠠᠵᠢᠯ᠎ᠢ ᠰᠠᠢᠳᠤᠷ ᠬᠢᠬᠦ᠌᠎ᠳᠤ ᠳᠤᠳᠤᠷᠬᠠᠢ ᠱᠠᠭᠠᠷᠳᠠᠯᠭ᠎ᠠ ᠲᠠᠯᠪᠢᠵᠠᠢ᠂ ᠡᠨᠡ᠎ᠨᠢ ᠴᠢᠬᠤᠯᠠ ᠵᠢᠯᠤᠭᠤᠳᠭᠤ ᠤᠢ᠍ᠢᠯᠡᠳᠤᠯ᠎ᠲᠠᠢ ᠶᠤᠮ᠂ ᠡᠷᠬᠡᠪᠰᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠭᠡᠷᠡᠭ᠌ᠳᠠᠢ᠃ ᠬᠦᠮᠤᠨ᠎ᠢᠶᠠᠷ ᠦᠨᠳᠤᠰᠤ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠤ᠂ ᠲᠤᠬ᠍ᠳᠠᠭᠤᠨ᠎ᠤ ᠲᠤᠮᠳᠠ ᠤᠷᠤᠬ᠍ᠰᠢᠯᠠᠨ ᠲᠠᠪᠱᠢᠬᠤ ᠠᠵᠢᠯ᠎ᠤᠨ ᠶᠠᠷᠤᠩᠬᠡᠢ ᠬᠦᠭ ᠠᠶᠠᠰ᠎ᠢ ᠪᠠᠷᠢᠮᠳᠠᠯᠠᠵᠤ᠂ ᠢᠳᠡᠬᠡᠯ ᠵᠤᠷᠢᠬ᠎ᠢᠶᠠᠨ ᠪᠠᠳᠤᠳᠭᠠᠵᠤ᠂ ᠬᠤᠷᠢᠭ᠎ᠠ ᠱᠤᠭᠤᠮ᠎ᠤᠨ ᠰᠡᠳᠭᠢᠭᠦᠢ᠎ᠪᠠᠨ ᠴᠢᠩᠭᠠᠳᠭᠠᠵᠤ᠂ ᠬᠡᠯᠪᠡᠷᠢᠴᠢ ᠦᠵᠡᠯ᠂ ᠨᠤᠶᠠᠡᠴᠢ ᠰᠤᠷᠳᠠᠯ᠎ᠢ ᠡᠰᠡᠷᠬᠦᠴᠡᠵᠤ᠂ ᠨᠡᠯᠢᠶᠡᠳ ᠤᠷᠳᠤ ᠬᠤᠭᠤᠴᠠᠭ᠎ᠠ᠎ᠪᠠᠷ ᠭᠠᠳᠠᠭᠠᠳᠤ ᠤᠷᠴᠢᠨ᠎ᠤ ᠬᠤᠪᠢᠷᠠᠯᠳᠠ᠎ᠶ᠋ᠢ ᠠᠷᠭᠠᠴᠠᠭᠠᠬᠤ ᠦᠵᠡᠯ ᠰᠠᠨᠠᠭ᠎ᠠ ᠪᠤᠯᠤᠨ ᠠᠵᠢᠯ᠎ᠤᠨ ᠪᠡᠯᠡᠳᠭᠡᠯ᠎ᠢ ᠰᠠᠢᠳᠤᠷ ᠬᠢᠵᠤ᠂ ᠬᠢᠮᠤᠷᠠᠯ᠎ᠤᠨ ᠲᠤᠮᠳᠠ ᠠᠵᠠ ᠲᠤᠬᠢᠶᠠᠯ᠎ᠢ ᠪᠤᠢ ᠪᠤᠯᠭᠠᠵᠦ᠍᠂ ᠬᠤᠪᠢᠷᠠᠯᠳᠠ᠎ᠶ᠋ᠢᠨ ᠲᠤᠮᠳᠠ ᠱᠢᠨ᠎ᠠ ᠪᠠᠢᠳᠠᠯ᠎ᠢ ᠡᠬᠦᠳᠬᠦ᠌ ᠬᠡᠷᠡᠭ᠌ᠳᠡᠢ᠃ ᠦᠭᠡᠷᠡᠴᠢᠯᠡᠯᠲᠡ ᠨᠡᠭᠡᠭᠡᠯᠲᠡ᠎ᠶ᠋ᠢ ᠬᠦᠨᠵᠡᠭᠡᠢᠷᠡᠭᠦᠯᠦᠨ᠂ ᠲᠤᠲᠤᠭᠠᠲᠤ ᠭᠡᠷᠡᠭ᠌ᠴᠡᠭᠡ᠎ᠶ᠋ᠢ ᠦᠷᠭᠡᠳᠭᠡᠬᠦ᠌ ᠪᠠᠢᠯᠲᠤᠬᠤ ᠪᠤᠲᠤᠯᠭ᠎ᠠ ᠪᠠ ᠱᠢᠨ᠎ᠠ᠎ᠶ᠋ᠢ ᠡᠭᠦᠳᠬᠦ᠌᠎ᠪᠠᠷ ᠬᠦᠲᠡᠯᠭᠡᠭᠦᠷ ᠪᠤᠯᠭᠠᠬᠤ ᠬᠦᠭ᠌ᠵᠢᠯᠲᠠ᠎ᠶ᠋ᠢᠨ ᠪᠠᠢᠯᠲᠤᠬᠤ ᠪᠤᠲᠤᠯᠭ᠎ᠠ᠎ᠶ᠋ᠢ ᠭᠡᠷᠡᠭ᠌ᠵᠢᠭᠦᠯᠵᠦ᠍᠂ ᠠᠵᠦ᠍ ᠠᠬᠤᠢ᠎ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠎ᠶ᠋ᠢᠨ ᠪᠠᠢᠭᠤᠯᠤᠯᠲᠠ᠂ ᠰᠤᠶᠦᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠡ ᠵᠡᠷᠭᠡ ᠬᠦᠷᠢᠶᠡᠡ᠎ᠳᠠᠬᠢ ᠠᠵᠢᠯ᠎ᠢ ᠠᠬᠢᠭᠤᠯᠬᠤ ᠭᠡᠷᠡᠭ᠌ᠲᠡᠢ᠃ ᠭᠤᠷᠪᠠᠠ ᠪᠤᠭᠤᠮᠲᠠ ᠱᠢᠪᠲᠤᠯᠬᠤ ᠲᠠᠢᠯᠠᠯᠲᠤᠭᠠᠠ᠎ᠢ ᠰᠠᠢᠲᠤᠷ ᠬᠢᠵᠦ᠍᠂ 《ᠠᠷᠪᠠᠠ ᠲᠦᠷᠪᠡᠲᠦᠭᠡᠷ ᠲᠠᠪᠤᠨ ᠵᠢᠯ》 ᠎ᠤᠨ ᠬᠦᠭ᠌ᠵᠢᠯᠲᠠ᠎ᠶ᠋ᠢ ᠲᠦᠯᠦᠪᠵᠢᠭᠦᠯᠵᠦ᠍᠂ 《ᠵᠢᠷᠭᠤᠭ᠎ᠠ᠎ᠶ᠋ᠢ ᠲᠤᠭ᠍ᠲᠠᠪᠤᠷᠢᠵᠢᠭᠤᠯᠬᠤ》 ᠠᠵᠢᠯ᠎ᠢ ᠰᠠᠢᠳᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠬᠦᠷᠭᠡ᠎ᠶ᠋ᠢ ᠨᠠᠢᠲᠠᠪᠤᠷᠢᠵᠢᠭᠤᠯᠤᠨ᠂ ᠬᠦᠲᠡᠭᠡ ᠠᠵᠦ᠍ ᠠᠬᠤᠢ᠎ᠶ᠋ᠢᠨ ᠰᠠᠭᠤᠷᠢ ᠪᠤᠯᠬᠤ ᠪᠠᠢᠷᠢ ᠰᠠᠭᠤᠷᠢ᠎ᠶ᠋ᠢ ᠪᠠᠬᠢᠵᠢᠭᠦᠯᠵᠦ᠍᠂ ᠤᠯᠠᠠ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ ᠪᠤᠯᠤᠨ ᠪᠠᠴᠢᠮ ᠪᠠᠢᠲᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠠᠱᠢᠭᠦᠯᠵᠦ᠍᠂ ᠨᠡᠢᠭᠡᠮ᠎ᠤᠨ ᠵᠠᠰᠠᠯᠲᠠ᠎ᠶ᠋ᠢᠨ ᠴᠢᠲᠠᠪᠤᠷᠢ᠎ᠶ᠋ᠢ ᠲᠡᠭᠡᠭ᠌ᠰᠢᠯᠡᠭᠦᠯᠦᠨ᠂ ᠠᠵᠢᠯ ᠤᠯᠭᠤᠯᠲᠠ᠂ ᠰᠤᠷᠭᠠᠠ ᠬᠦᠮᠦᠵᠢᠯ᠂ ᠨᠡᠢᠭᠡᠮ᠎ᠤᠨ ᠲᠠᠭᠠᠳᠭᠠᠯ᠂ ᠡᠮ ᠡᠮᠨᠡᠯᠭᠡ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠢᠲᠡᠭᠡᠡ᠎ᠤ ᠠᠮᠤᠷ ᠲᠦᠪᠱᠢᠨ ᠵᠡᠷᠭᠡ ᠠᠰᠠᠭᠤᠲᠠᠯ᠎ᠢ ᠬᠦᠴᠦᠯᠡᠨ ᠱᠢᠢᠳᠪᠤᠷᠢᠯᠡᠬᠦ᠌ ᠬᠡᠷᠡᠭ᠌ᠲᠡᠢ᠃ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠡ ᠲᠤᠱᠢᠶᠠᠯ᠎ᠢᠶᠠᠨ ᠬᠦᠢᠴᠡᠳᠭᠡᠬᠦ᠌ ᠠᠷᠭ᠎ᠠ ᠬᠡᠯᠪᠡᠷᠢ᠎ᠪᠠᠨ ᠱᠢᠨᠡᠴᠢᠯᠡᠵᠦ᠍᠂ ᠡᠬᠦᠷᠭᠡ ᠬᠠᠷᠢᠭᠤᠴᠠᠯᠭ᠎ᠠ᠎ᠶ᠋ᠢᠨ ᠪᠦᠲᠦᠮᠵᠢ᠎ᠪᠠᠨ ᠴᠢᠩᠭᠠᠳᠭᠠᠵᠦ᠍᠂ ᠬᠢᠵᠢᠭ᠎ᠤᠨ ᠪᠠᠢᠲᠠᠯ᠎ᠢ ᠪᠠᠢᠩᠭᠤᠵᠢᠭᠤᠯᠤᠨ ᠰᠡᠷᠭᠡᠢᠯᠡᠡ ᠡᠵᠡᠮᠲᠡᠬᠦ᠌ ᠤᠷᠢᠲᠠᠯ ᠲᠤᠤᠷ᠎ᠠ᠂ ᠠᠵᠦ᠍ ᠠᠬᠤᠢ᠎ᠶ᠋ᠢᠨ ᠬᠦᠭ᠌ᠵᠢᠯᠲᠠ ᠪᠤᠯᠤᠨ ᠨᠡᠢᠭᠡᠮ᠎ᠤᠨ ᠲᠤᠭ᠍ᠲᠠᠭᠤᠨ ᠪᠠᠢᠲᠠᠯ᠎ᠢ ᠬᠠᠮᠠᠭᠠᠯᠠᠬᠤ᠎ᠳᠤ ᠢᠲᠡᠪᠬᠢᠲᠠᠢ᠎ᠪᠠᠷ ᠠᠷᠭ᠎ᠠ ᠤᠬᠠᠭᠠᠨ ᠭᠠᠷᠭᠠᠨ ᠵᠠᠰᠠᠬ᠎ᠲᠤ ᠲᠤᠰᠠᠯᠠᠵᠦ᠍᠂ ᠬᠠᠮᠲᠤ᠎ᠶ᠋ᠢᠨ ᠲᠠᠨᠢᠯᠲᠠ᠎ᠶ᠋ᠢ ᠦᠷᠭᠡᠡ᠎ᠢᠶᠠᠷ ᠨᠢᠭ᠍ᠲᠠᠷᠠᠭᠤᠯᠬᠤ ᠭᠡᠷᠡᠭ᠌ᠲᠡᠢ ᠬᠡᠵᠥ᠍ ᠴᠢᠬᠤᠯᠠᠴᠢᠯᠠᠪᠠ᠃
    ᠬᠤᠷᠠᠯ᠎ᠠᠴᠠ᠂ ᠲᠤᠮᠲᠠᠲᠤ᠎ᠶ᠋ᠢᠨ ᠦᠨᠲᠦᠰᠦᠲᠠᠠ᠎ᠤ ᠠᠭᠤᠤ ᠶᠡᠭᠡ ᠰᠡᠷᠭᠦᠨ ᠮᠠᠠᠲᠤᠯᠲᠠ᠎ᠶ᠋ᠢ ᠪᠡᠶᠡᠯᠡᠭᠦᠯᠬᠦ᠌᠎ᠳᠤ᠂ ᠬᠦᠴᠦᠷᠭᠡᠭ ᠶᠡᠭᠡ ᠢᠲᠡᠪᠬᠢ ᠬᠦᠴᠤᠠ᠎ᠢ ᠲᠦᠪᠯᠡᠷᠡᠭᠦᠯᠬᠦ᠌ ᠬᠡᠷᠡᠭ᠌ᠲᠡᠢ᠃ ᠱᠢᠨ᠎ᠠ ᠮᠠᠢᠭ᠎ᠤᠨ ᠲᠦᠷᠦ᠎ᠶ᠋ᠢᠨ ᠨᠠᠮ᠎ᠤᠨ ᠪᠠᠢᠭᠤᠯᠤᠯ᠎ᠤᠨ ᠲᠠᠪᠠᠭᠤᠯᠢᠭ᠎ᠢ ᠪᠠᠲᠠᠷᠠᠭᠤᠯᠵᠦ᠍᠂ ᠨᠠᠮ᠎ᠤᠨ ᠦᠨᠲᠦᠰᠦᠲᠡᠡ᠎ᠤ ᠲᠦᠷᠦ᠎ᠶ᠋ᠢᠨ ᠪᠤᠲᠤᠯᠭ᠎ᠠ ᠪᠤᠯᠤᠨ ᠱᠠᠱᠢᠨ ᠰᠤᠷᠲᠠᠬᠤᠨ᠎ᠤ ᠲᠦᠷᠦ᠎ᠶ᠋ᠢᠨ ᠪᠤᠲᠤᠯᠭ᠎ᠠ᠎ᠶ᠋ᠢ ᠲᠤᠭᠤᠱᠢᠯᠠᠭᠤᠯᠤᠨ᠂ ᠨᠠᠮ᠎ᠤᠨ ᠭᠠᠲᠠᠨᠠᠬᠢ ᠰᠡᠭᠡᠭᠡᠲᠡᠠ᠂ ᠨᠡᠢᠲᠡ᠎ᠶ᠋ᠢᠨ ᠦᠮᠴᠢᠯᠡᠯ᠎ᠤᠨ ᠪᠤᠰᠤ ᠠᠵᠦ᠍ ᠠᠬᠤᠢ᠎ᠶ᠋ᠢᠨ ᠬᠦᠮᠦᠰ᠂ ᠨᠡᠢᠭᠡᠮ᠎ᠤᠨ ᠱᠢᠨ᠎ᠠ ᠲᠠᠪᠬᠤᠷᠭ᠎ᠠ᠎ᠶ᠋ᠢᠨ ᠬᠦᠮᠦᠰ᠎ᠯᠦᠭᠡ᠎ᠶ᠋ᠢᠨ ᠬᠠᠷᠢᠯᠴᠠᠭ᠎ᠠ ᠬᠤᠯᠪᠤᠭ᠎ᠠ᠎ᠪᠠᠨ ᠴᠢᠩᠭᠠᠳᠭᠠᠬᠤ ᠭᠡᠷᠡᠭ᠌ᠲᠡᠢ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠭᠡᠷᠡᠭ᠌ᠵᠢᠭᠦᠯᠬᠦ᠌》᠂ 《ᠱᠢᠶᠠᠩᠭᠠᠩᠴᠤᠳ ᠱᠢᠶᠠᠩᠭᠠᠩ᠎ᠢ ᠵᠠᠰᠠᠬᠤ》᠂ 《ᠤᠤᠮᠸᠠᠴᠤᠳ ᠤᠤᠮᠸᠠ᠎ᠢ ᠵᠠᠰᠠᠬᠤ》᠂ ᠲᠡᠭᠡᠲᠦ ᠬᠡᠮᠵᠢᠶ᠎ᠠ᠎ᠪᠠᠷ ᠦᠪᠡᠷᠲᠡᠭᠡᠡ ᠵᠠᠰᠭᠠᠤ᠎ᠶ᠋ᠢ ᠪᠦᠬᠦ᠌ ᠲᠠᠯ᠎ᠠ᠎ᠪᠠᠷ ᠤᠨᠤᠪᠴᠢᠲᠠᠢ ᠲᠤᠭᠤᠱᠢᠯᠠᠭᠤᠯᠵᠦ᠍᠂ ᠤᠯᠤᠰ᠎ᠤᠨ ᠲᠠᠪᠬᠤᠷᠭ᠎ᠠ᠎ᠠᠴᠠ ᠱᠢᠶᠠᠩᠭᠠᠩ ᠤᠨᠴᠠᠭᠠᠢ ᠵᠠᠰᠠᠭ ᠵᠠᠬᠢᠷᠭᠠᠠ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠳᠦᠷᠢᠮ ᠪᠠ ᠭᠡᠷᠡᠭ᠌ᠵᠢᠭᠦᠯᠬᠦ᠌ ᠲᠤᠭ᠍ᠲᠠᠴᠠ᠎ᠶ᠋ᠢ ᠪᠠᠢᠭᠤᠯᠤᠨ ᠪᠦᠷᠢᠠᠱᠢᠭᠦᠯᠬᠦ᠌᠎ᠶ᠋ᠢ ᠡᠷᠡᠰ ᠲᠡᠮᠵᠢᠵᠦ᠍᠂ ᠤᠨᠴᠠᠭᠠᠢ ᠵᠠᠰᠠᠭ ᠵᠠᠬᠢᠷᠭᠠᠠ᠎ᠤ ᠤᠷᠤᠨ᠎ᠤ ᠵᠠᠰᠠᠭ᠎ᠤᠨ ᠤᠷᠲᠤᠨ ᠪᠤᠯᠤᠨ ᠵᠠᠰᠠᠭ ᠵᠠᠬᠢᠷᠭᠠᠠ᠎ᠤ ᠲᠠᠷᠤᠭ᠎ᠠ᠎ᠶ᠋ᠢᠨ ᠬᠠᠤᠯᠢ ᠶᠤᠰᠤᠭᠠᠷ ᠵᠠᠰᠠᠭ ᠶᠠᠪᠤᠭᠤᠯᠬᠤ᠎ᠶ᠋ᠢ ᠲᠡᠮᠵᠢᠵᠦ᠍᠂ ᠱᠢᠶᠠᠩᠭᠠᠩ᠂ ᠤᠤᠮᠸᠠ᠎ᠤ ᠤᠷᠲᠤ ᠬᠤᠭᠤᠴᠠᠭ᠎ᠠ᠎ᠪᠠᠷ ᠴᠡᠴᠡᠭ᠌ᠯᠡᠡ ᠬᠦᠭ᠌ᠵᠢᠵᠦ᠍ ᠲᠤᠭ᠍ᠲᠠᠭᠤᠨ ᠪᠠᠢᠬᠤ᠎ᠶ᠋ᠢ ᠬᠠᠮᠠᠭᠠᠯᠠᠬᠤ ᠬᠡᠷᠡᠭ᠌ᠲᠡᠢ᠃ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠢᠯᠡᠷᠡᠭᠦᠯᠦᠭ᠌ᠰᠡᠨ 《ᠶᠡᠷᠡᠨ ᠬᠤᠶᠠᠷ ᠤᠨ᠎ᠤ ᠬᠠᠮᠳᠤ᠎ᠶ᠋ᠢᠨ ᠲᠠᠨᠢᠯᠳᠠ》 ᠎ᠶ᠋ᠢ ᠪᠠᠷᠢᠮᠳᠠᠯᠠᠵᠤ᠂ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ ᠪᠦᠷᠢᠨ ᠪᠦᠳᠦᠨ ᠪᠠᠢᠬᠤ᠎ᠶ᠋ᠢ ᠡᠷᠡᠰ ᠬᠠᠮᠠᠭᠠᠯᠠᠵᠦ᠍᠂ 《ᠲᠠᠢᠸᠠᠨ᠎ᠢ ᠲᠤᠰᠠᠭᠠᠷ ᠲᠤᠭ᠍ᠳᠠᠨᠢᠭᠤᠯᠬᠤ》 ᠎ᠶ᠋ᠢ ᠡᠷᠡᠰ ᠡᠰᠡᠷᠭᠦᠴᠡᠬᠦ᠌ ᠬᠡᠷᠡᠭ᠌ᠳᠠᠢ᠃ ᠭᠠᠳᠠᠭᠠᠳᠤ᠎ᠳᠤ ᠰᠠᠭᠤᠭ᠎ᠠ ᠠᠬ᠎ᠠ ᠳᠡᠭᠦᠦ ᠨᠠᠷ᠎ᠢ ᠦᠷᠭᠡᠨ᠎ᠢᠶᠠᠷ ᠪᠦᠯᠬᠦᠮᠳᠡᠭᠦᠯᠬᠦ᠌ ᠬᠡᠷᠡᠭ᠌ᠳᠠᠢ᠃ ᠭᠠᠳᠠᠭᠠᠳᠤ᠎ᠯᠤᠭ᠎ᠠ᠎ᠶ᠋ᠢᠨ ᠨᠦᠬᠦᠷᠰᠡᠭ ᠶᠠᠪᠤᠯᠴᠠᠭ᠎ᠠ᠎ᠶ᠋ᠢ ᠦᠷᠨᠢᠭᠦᠯᠵᠤ᠂ ᠬᠦᠮᠦᠨ ᠲᠦᠷᠦᠯᠬᠢᠳᠡᠨ᠎ᠤ ᠬᠤᠪᠢ ᠵᠠᠶᠠᠭᠠᠨ᠎ᠤ ᠬᠠᠮᠳᠦ᠎ᠶ᠋ᠢᠨ ᠴᠤᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠳᠠᠢ ᠭᠡᠵᠤ ᠴᠢᠬᠤᠯᠠᠴᠢᠯᠠᠪᠠ᠃
    ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠳᠠᠯᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠦᠷᠪᠡᠳᠦᠭᠡᠷ ᠪᠦᠭᠦᠳᠡ ᠬᠤᠷᠠᠯ ᠪᠤᠯᠤᠨ ᠲᠦᠪ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠵᠢᠯ᠎ᠤᠨ ᠬᠤᠷᠠᠯ᠎ᠤᠨ ᠪᠠᠢᠷᠢᠯᠠᠭᠤᠯᠤᠯᠳᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠳᠦᠷᠪᠡᠨ ᠤᠬᠠᠮᠰᠡᠷ》 ᠎ᠢᠶᠠᠨ ᠴᠢᠩᠭᠠᠳᠭᠠᠵᠤ᠂ 《ᠳᠦᠷᠪᠡᠨ ᠢᠳᠡᠭᠡᠯ》 ᠎ᠢᠶᠠᠨ ᠪᠠᠳᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠪᠦᠯᠬᠦᠮᠳᠡᠯ ᠪᠠ ᠠᠷᠠᠳᠴᠢᠯᠠᠯ᠎ᠤᠨ ᠬᠤᠶᠠᠷ ᠶᠡᠭᠡ ᠭᠤᠤᠯ ᠰᠡᠳᠦᠪ᠎ᠢ ᠪᠠᠷᠢᠮᠳᠠᠯᠠᠵᠤ᠂ ᠲᠤᠰᠭᠠᠢ ᠵᠦᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠵᠤ᠂ ᠭᠡᠱᠢᠭᠦᠳ᠎ᠤᠨ ᠡᠭᠦᠷᠭᠡ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠢ ᠨᠠᠮ᠎ᠤᠨ ᠡᠯ᠎ᠠ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠳᠠᠯᠠᠨ ᠴᠢᠩᠭᠠᠳᠭᠠᠬᠤ ᠴᠢᠬᠤᠯᠠ ᠰᠠᠭᠤᠷᠢᠨ ᠪᠤᠯᠭᠠᠬᠤ᠂ ᠨᠠᠮ᠎ᠤᠨ ᠱᠢᠨ᠎ᠠ᠎ᠶ᠋ᠢ ᠡᠭᠦᠳᠬᠦ᠌ ᠤᠨᠤᠯ᠎ᠢᠶᠠᠷ ᠡᠯ᠎ᠠ ᠦᠨᠳᠦᠰᠦᠳᠡᠨ ᠡᠯ᠎ᠠ ᠡᠳᠡᠭᠡᠳ᠎ᠤᠨ ᠲᠦᠯᠦᠭᠡᠯᠡᠭ᠌ᠴᠢ ᠬᠦᠮᠦᠰ᠎ᠢ ᠪᠦᠯᠬᠦᠮᠳᠡᠭᠦᠯᠦᠨ ᠬᠦᠮᠦᠵᠢᠭᠦᠯᠵᠤ ᠬᠦᠳᠦᠯᠦᠨ ᠵᠢᠯᠤᠭᠤᠳᠭᠤ ᠴᠢᠬᠤᠯᠠ ᠲᠠᠪᠴᠠᠩ ᠪᠤᠯᠭᠠᠬᠤ᠂ ᠬᠠᠮᠳᠦ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ ᠳᠡᠭᠡᠷ᠎ᠠ ᠵᠦᠷᠢᠴᠡᠯ᠎ᠢ ᠱᠢᠢᠳᠪᠦᠷᠢᠯᠡᠬᠦ᠌ ᠪᠠ ᠬᠠᠮᠳᠦ᠎ᠶ᠋ᠢᠨ ᠲᠠᠨᠢᠯᠳᠠ᠎ᠶ᠋ᠢ ᠨᠢᠭ᠍ᠳᠠᠷᠠᠭᠤᠯᠬᠤ ᠴᠢᠬᠤᠯᠠ ᠠᠷᠭ᠎ᠠ ᠵᠠᠮ ᠪᠤᠯᠭᠠᠬᠤ᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠤᠯᠤᠰ᠎ᠤᠨ ᠵᠠᠰᠠᠯᠳᠠ᠎ᠶ᠋ᠢᠨ ᠱᠢᠰᠲ᠋ᠧᠮ᠎ᠳᠠᠬᠢ ᠦᠢᠯᠡᠳᠦᠯ᠎ᠢ ᠨᠡᠩ ᠰᠠᠢᠨ ᠪᠠᠳᠠᠷᠠᠭᠤᠯᠬᠤ ᠬᠡᠷᠡᠭ᠌ᠳᠠᠢ ᠭᠡᠵᠤ ᠴᠢᠬᠤᠯᠠᠴᠢᠯᠠᠪᠠ᠃
    ᠬᠤᠷᠠᠯ᠎ᠠᠴᠠ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠡᠯ᠎ᠠ ᠱᠠᠳᠤᠨ᠎ᠤ ᠵᠤᠬᠢᠶᠠᠨ ᠪᠠᠢᠭᠤᠯᠤᠯᠳᠠ᠂ ᠡᠯ᠎ᠠ ᠤᠷᠤᠯᠴᠠᠭ᠍ᠴᠢ ᠨᠢᠭᠡᠴᠢ ᠪᠤᠯᠤᠨ ᠦᠷᠭᠡᠨ ᠤᠯᠠᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠢᠭ᠍ᠳᠠᠷᠠᠨ ᠪᠦᠯᠬᠦᠮᠳᠡᠵᠤ᠂ ᠯᠠᠪᠳᠠᠭᠤᠨ ᠪᠠᠳᠤᠳᠠᠢ ᠠᠵᠢᠯᠯᠠᠵᠤ᠂ ᠭᠠᠪᠱᠢᠭᠠᠢᠯᠠᠨ ᠤᠷᠤᠭ᠍ᠰᠢᠯᠠᠵᠤ᠂ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠳᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠭᠦᠨ ᠮᠠᠨᠳᠤᠯᠳᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠦᠯᠦᠭᠡ ᠴᠢᠷᠮᠠᠢᠨ ᠲᠡᠮᠡᠴᠡᠵᠡᠭᠡᠶ᠎ᠠ ᠭᠡᠵᠤ ᠤᠷᠢᠶᠠᠯᠠᠪᠠ᠃

            (ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 27 ᠎ᠤ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号