ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠡᠷᠢᠬᠦᠯᠡᠭ᠌ᠴᠢᠳ᠎ᠤᠨ ᠪᠦᠯᠬᠦᠮ ᠲᠦᠷᠪᠡᠳᠤᠭᠡᠷ ᠬᠤᠷᠠᠯ ᠬᠢᠪᠠ
2020-05-29 11:11:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠬᠦᠯᠡᠭ᠌ᠴᠢᠳ᠎ᠤᠨ ᠪᠦᠯᠬᠦᠮ 28 ᠎ᠤ ᠦᠳᠡ᠎ᠶ᠋ᠢᠨ ᠡᠮᠤᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠦᠷᠪᠡᠳᠤᠭᠡᠷ ᠬᠤᠷᠠᠯ ᠬᠢᠪᠠ᠃
    ᠲᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠬᠦᠯᠡᠭ᠌ᠴᠢ ᠯᠢ ᠵᠠᠨ ᠱᠦ᠍ ᠬᠤᠷᠠᠯ᠎ᠢ ᠡᠷᠬᠢᠯᠠᠵᠠᠢ᠃
    ᠬᠤᠷᠡᠯ᠎ᠳᠤ ᠤᠷᠤᠯᠴᠠᠬᠤ ᠶᠤᠰᠤᠳᠠᠢ ᠲᠦᠯᠥᠬᠡᠯᠡᠭ᠌ᠴᠢ 174 ᠬᠦᠮᠦᠨ᠂ 170 ᠬᠦᠮᠥᠨ ᠬᠤᠷᠠᠯ᠎ᠳᠤ ᠤᠷᠤᠯᠴᠠᠵᠥ᠍᠂ 4 ᠬᠦᠮᠥᠨ ᠤᠷᠤᠯᠴᠠᠭ᠍ᠰᠠᠨ ᠦᠭᠡᠢ᠂ ᠤᠷᠤᠯᠴᠠᠭ᠍ᠰᠠᠠ ᠬᠦᠮᠥᠨ᠎ᠤ ᠲᠤᠭ᠎ᠠ ᠬᠠᠤᠯᠢ᠎ᠳᠤ ᠲᠤᠭ᠍ᠳᠠᠭᠠᠭ᠍ᠰᠠᠨ ᠬᠦᠮᠥᠨ᠎ᠤ ᠲᠤᠭ᠎ᠠ᠎ᠳᠤ ᠨᠡᠢᠴᠡᠨ᠎ᠠ᠃
     5 ᠰᠠᠷ᠎ᠠ᠎ᠶ᠋ᠢᠨ 28 ᠎ᠤ ᠦᠳᠡ᠎ᠶ᠋ᠢᠨ ᠡᠮᠤᠨ᠎ᠠ᠂ ᠡᠯ᠎ᠠ ᠲᠦᠯᠤᠬᠡᠯᠡᠭ᠌ᠴᠢᠳ᠎ᠤᠨ ᠪᠦᠯᠬᠦᠮ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠂ 2019 ᠤᠨ᠎ᠤ ᠤᠯᠤᠰ ᠠᠷᠠᠳ᠎ᠤᠨ ᠠᠵᠥ᠍ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠲᠦᠯᠥᠪᠯᠡᠭᠡ᠎ᠶ᠋ᠢ ᠬᠡᠷᠡᠭ᠌ᠵᠢᠬᠦᠯᠦᠭ᠌ᠰᠡᠨ ᠪᠠᠢᠳᠠᠯ ᠬᠢᠬᠡᠳ 2020 ᠤᠨ᠎ᠤ ᠤᠯᠤᠰ ᠠᠷᠠᠳ᠎ᠤᠨ ᠠᠵᠥ᠍ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠲᠦᠯᠥᠪᠯᠡᠭᠡ᠂ 2019 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠡᠷᠡᠭ᠌ᠵᠢᠬᠦᠯᠦᠭ᠌ᠰᠡᠨ ᠪᠠᠢᠳᠠᠯ ᠬᠢᠬᠡᠳ 2020 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠪᠠᠢᠩᠭᠤ᠎ᠶ᠋ᠢᠨ ᠬᠤᠷᠢᠶᠡᠨ᠎ᠤ ᠠᠵᠢᠯ᠎ᠤᠨ ᠮᠡᠳᠡᠬᠦᠯᠥᠯᠳᠡ᠂ ᠠᠷᠠᠳ᠎ᠤᠨ ᠲᠡᠬᠡᠳᠤ ᠱᠢᠬᠦᠬᠦ᠌ ᠬᠤᠷᠢᠶᠡᠨ᠎ᠤ ᠠᠵᠢᠯ᠎ᠤᠨ ᠮᠡᠳᠡᠬᠦᠯᠥᠯᠳᠡ᠂ ᠠᠷᠠᠳ᠎ᠤᠨ ᠲᠡᠬᠡᠳᠤ ᠪᠠᠢᠴᠠᠭᠠᠬᠤ ᠬᠤᠷᠢᠶᠡᠨ᠎ᠤ ᠠᠵᠢᠯ᠎ᠤᠨ ᠮᠡᠳᠡᠬᠦᠯᠥᠯᠳᠡ᠎ᠶ᠋ᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ 6 ᠱᠢᠢᠳᠪᠤᠷᠢ᠎ᠶ᠋ᠢᠨ ᠲᠦᠰᠤᠯ᠂ ᠢᠷᠬᠡᠨ᠎ᠤ ᠬᠠᠤᠯᠢ᠎ᠶ᠋ᠢᠨ ᠪᠢᠴᠢᠭ᠎ᠤᠨ ᠲᠦᠰᠤᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠬ᠂ ᠱᠢᠶᠠᠩᠭᠠᠩ ᠤᠨᠴᠠᠭᠠᠢ ᠵᠠᠰᠠᠬ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠠ ᠭᠡᠷᠡᠭ᠌ᠵᠢᠬᠦᠯᠬᠦ᠌ ᠲᠤᠭ᠍ᠳᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠬᠠᠢ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠤᠭ᠍ᠳᠠᠭᠠᠯ᠎ᠤᠨ ᠲᠦᠰᠤᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠬ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠹᠧᠩ ᠵᠦᠩ ᠬᠤᠸᠠ᠎ᠶ᠋ᠢᠨ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠠ᠎ᠤ ᠭᠡᠱᠢᠭᠦᠨ᠎ᠤ ᠲᠤᠱᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠠᠠ ᠠᠪᠬᠤ ᠲᠤᠬᠠᠢ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠲᠤᠭᠠᠷ ᠬᠤᠷᠠᠯ᠎ᠤᠨ ᠲᠤᠭ᠍ᠳᠠᠭᠠᠯ᠎ᠢ ᠨᠠᠷᠢᠨ ᠬᠢᠨᠠᠮᠠᠭᠠᠢ ᠬᠢᠨᠠᠨ ᠵᠦᠪᠯᠠᠵᠤ᠂ ᠶᠡᠭᠡ ᠬᠤᠷᠠᠯ᠎ᠤᠨ ᠪᠦᠬᠦᠳᠠ ᠬᠤᠷᠠᠯ᠎ᠳᠤ ᠲᠡᠪᠱᠢᠬᠦᠯᠵᠤ ᠪᠠᠳᠤᠯᠠᠯᠳᠠ ᠬᠢᠯᠬᠡᠬᠦ᠌᠎ᠪᠠᠷ ᠰᠠᠨᠠᠯ ᠨᠢᠬᠡᠳᠠᠢ ᠵᠦᠪᠱᠢᠶᠡᠷᠡᠵᠠᠢ᠃ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢᠳ ᠡᠯ᠎ᠠ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠠ ᠵᠦᠪᠯᠡᠭ᠌ᠰᠡᠡ ᠰᠠᠨᠠᠯ᠎ᠢ ᠦᠨᠲᠦᠰᠦᠯᠠᠵᠦ᠍᠂ ᠡᠯ᠎ᠠ ᠵᠦᠢᠯ᠎ᠤᠨ ᠱᠢᠢᠳᠪᠦᠷᠢ᠎ᠶ᠋ᠢᠨ ᠲᠦᠰᠦᠯ᠎ᠤᠨ ᠪᠠᠲᠤᠯᠠᠬᠤ ᠨᠤᠤᠷᠠᠭ᠂ ᠢᠷᠭᠡᠡ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠤᠨ ᠪᠠᠲᠤᠯᠠᠬᠤ ᠨᠤᠤᠷᠠᠭ᠂ ᠱᠢᠶᠠᠩᠭᠠᠩ ᠤᠨᠴᠠᠭᠠᠢ ᠵᠠᠰᠠᠭ ᠵᠠᠬᠢᠷᠭᠠᠠ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠠ ᠭᠡᠷᠡᠭ᠌ᠵᠢᠭᠦᠯᠬᠦ᠌ ᠲᠤᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠬᠠᠢ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠤᠭ᠍ᠲᠠᠭᠠᠯ᠎ᠤᠨ ᠲᠦᠰᠦᠯ᠎ᠤᠨ ᠪᠠᠲᠤᠯᠠᠬᠤ ᠨᠤᠤᠷᠠᠭ ᠪᠤᠯᠤᠨ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠹᠧᠩ ᠵᠦᠩ ᠬᠤᠸᠠ᠎ᠶ᠋ᠢᠨ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠠ᠎ᠤ ᠭᠡᠱᠢᠭᠦᠨ᠎ᠤ ᠲᠤᠱᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠠᠠ ᠠᠪᠬᠤ᠎ᠶ᠋ᠢ ᠨᠤᠲᠠᠯᠠᠬᠤ ᠲᠤᠬᠠᠢ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠲᠤᠭᠠᠷ ᠬᠤᠷᠠᠯ᠎ᠤᠨ ᠲᠤᠭ᠍ᠲᠠᠭᠠᠯ᠎ᠤᠨ ᠲᠦᠰᠦᠯ᠎ᠤᠨ ᠪᠠᠲᠤᠯᠠᠬᠤ ᠨᠤᠤᠷᠠᠭ᠎ᠢ ᠶᠡᠭᠡ ᠬᠤᠷᠠᠯ᠎ᠤᠨ ᠪᠦᠬᠦᠲᠠ ᠬᠤᠷᠠᠯ᠎ᠳᠤ ᠲᠡᠪᠱᠢᠭᠦᠯᠵᠦ᠍ ᠪᠠᠲᠤᠯᠠᠯᠲᠠ ᠬᠢᠯᠭᠡᠬᠦ᠌᠎ᠪᠠᠷ ᠰᠠᠨᠠᠭᠤᠯᠵᠠᠢ᠃
    ᠲᠡᠷᠢᠭᠦᠯᠡᠭ᠌ᠴᠢᠳ᠎ᠤᠨ ᠪᠦᠯᠬᠦᠮ᠎ᠤᠨ ᠬᠤᠷᠠᠯ᠎ᠨᠢ ᠲᠤᠰ ᠪᠦᠷᠢ ᠪᠠᠲᠤᠯᠠᠯᠲᠠ ᠬᠢᠬᠦ᠌᠎ᠪᠠᠷ ᠲᠠᠮᠵᠢᠨ ᠲᠡᠭᠡᠷ᠎ᠠ ᠲᠤᠷᠠᠲᠤᠭ᠍ᠰᠠᠠ ᠲᠦᠰᠦᠯ᠎ᠤᠨ ᠪᠠᠲᠤᠯᠠᠬᠤ ᠨᠤᠤᠷᠠᠭ᠎ᠢ ᠶᠡᠭᠡ ᠬᠤᠷᠠᠯ᠎ᠤᠨ ᠪᠦᠬᠦᠲᠠ ᠬᠤᠷᠠᠯ᠎ᠳᠤ ᠲᠡᠪᠱᠢᠭᠦᠯᠵᠦ᠍ ᠪᠠᠲᠤᠯᠠᠯᠲᠠ ᠬᠢᠯᠭᠡᠬᠦ᠌᠎ᠪᠠᠷ ᠲᠤᠭ᠍ᠲᠠᠵᠠᠢ᠃
     ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠴᠸᠠ᠂ ᠼᠤᠤ ᠵᠢᠶᠠᠠ ᠮᠢᠩ᠂ ᠵᠠᠩ ᠴᠦᠨ ᠱᠢᠶᠠᠠ᠂ ᠱᠸᠠ ᠶᠤᠸᠠᠢ ᠶᠤᠸᠠᠢ᠂ ᠵᠶ᠋ᠢ ᠪᠢᠩ ᠱᠢᠤᠸᠠᠠ᠂ ᠡ᠋ᠢᠯᠢᠭᠧᠩ · ᠢᠮᠢᠩᠪᠠᠭ᠍ᠠᠢ᠂ ᠸᠠᠠ ᠡᠸ ᠱᠢᠶᠠᠩ᠂ ᠴᠸᠠ ᠵᠦ᠍᠂ ᠸᠠᠩ ᠳ᠋ᠦᠩ ᠮᠢᠩ᠂ ᠪᠡᠤᠠᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ᠎ᠶ᠋ᠢᠨ᠂ ᠼᠠᠢ ᠳ᠋ᠠ ᠹᠧᠩ᠂ ᠦ᠋ ᠸᠧᠢ ᠬᠤᠸᠠ᠂ ᠶᠠᠩ ᠵᠸᠠ ᠦ᠋ ᠬᠤᠷᠠᠯ᠎ᠳᠤ ᠤᠷᠤᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号