ᠶᠡᠷᠦᠩᠬᠡᠢ ᠰᠠᠢᠳ ᠯᠢ ᠺᠧ ᠴᠢᠶᠠᠩ ᠰᠣᠷᠪᠣᠯᠵᠢᠯᠠᠭ᠍ᠴᠢᠳ᠎ᠤᠨ ᠬᠤᠷᠠᠯ᠎ᠳᠤ ᠣᠷᠣᠯᠴᠠᠭ᠍ᠰᠠᠨ ᠪᠦᠭᠡᠳ ᠲᠣᠮᠲᠠᠲᠣ ᠭᠠᠲᠠᠭᠠᠲᠣ᠎ᠶ᠋ᠢᠨ ᠰᠣᠷᠪᠣᠯᠵᠢᠯᠠᠭ᠍ᠴᠢᠳ᠎ᠤᠨ ᠠᠰᠠᠭᠤᠯᠲᠠ᠎ᠶ᠋ᠢ ᠬᠠᠷᠢᠭᠤᠯᠪᠠ
2020-05-29 11:12:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ 28 ᠎ᠤ ᠦᠳᠡ᠎ᠶ᠋ᠢᠨ ᠬᠤᠢᠨ᠎ᠡ ᠠᠷᠠᠳ᠎ᠤᠨ ᠶᠡᠭᠡ ᠬᠤᠷᠡᠯ᠎ᠤᠨ ᠲᠠᠩᠬᠢᠮ᠎ᠳᠤ ᠰᠤᠷᠪᠤᠯᠵᠢᠯᠠᠬ᠍ᠴᠢᠳ᠎ᠤᠨ ᠬᠤᠷᠡᠯ ᠬᠢᠵᠥ᠍᠂ ᠲᠦᠷᠦ᠎ᠶ᠋ᠢᠨ ᠶᠠᠪᠤᠳᠠᠯ᠎ᠤᠨ ᠬᠤᠷᠢᠶᠡᠨ᠎ᠤ ᠶᠡᠷᠤᠩᠬᠡᠢ ᠰᠠᠢᠳ ᠯᠢ ᠺᠧ ᠴᠢᠶᠠᠩ ᠶᠡᠭᠡ ᠬᠤᠷᠡᠯ᠎ᠤᠨ ᠦᠬᠦᠯᠡᠭ᠌ᠴᠢ ᠵᠠᠩ ᠶᠧ ᠰᠦᠢ᠎ᠶ᠋ᠢᠨ ᠤᠷᠢᠯᠭ᠎ᠠ᠎ᠪᠠᠷ ᠲᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠲᠠᠢ ᠠᠭᠤᠯᠵᠠᠬ᠍ᠰᠠᠠ ᠪᠦᠬᠡᠳ ᠲᠡᠳᠡᠨ᠎ᠤ ᠲᠤᠷᠠᠳᠤᠭ᠍ᠰᠠᠠ ᠠᠰᠠᠭᠤᠯᠳᠠ᠎ᠶ᠋ᠢ ᠬᠠᠷᠢᠭᠤᠯᠪᠠ᠃
    ᠰᠤᠷᠪᠤᠯᠵᠢᠯᠠᠬ᠍ᠴᠢᠳ᠎ᠤᠨ ᠬᠤᠷᠡᠯ ᠡᠬᠢᠯᠡᠬᠦ᠌ ᠦᠶ᠎ᠡ᠎ᠳᠤ᠂ ᠯᠢ ᠺᠧ ᠴᠢᠶᠠᠩ᠂ ᠶᠠᠭᠤᠨ᠎ᠤ ᠡᠮᠤᠨ᠎ᠡ ᠵᠠᠭᠤᠴᠢᠯᠠᠭᠤᠷ᠎ᠤᠨ ᠨᠠᠢᠵᠠ ᠨᠠᠷ᠎ᠤᠨ ᠤᠨᠴᠠᠭᠠᠢ ᠴᠠᠭ ᠦᠶ᠎ᠡ᠎ᠳᠤ ᠤᠨᠴᠠᠭᠠᠢ ᠬᠦᠴᠢᠷ ᠪᠡᠷᠬᠡᠱᠢᠶᠡᠯ᠎ᠢ ᠢᠯᠠᠨ ᠲᠠᠪᠠᠵᠥ᠍᠂ ᠲᠤᠮᠳᠠᠳᠤ ᠤᠯᠤᠰ᠎ᠤᠨ ᠬᠤᠶᠠᠷ ᠬᠤᠷᠡᠯ᠎ᠢ ᠮᠡᠳᠡᠬᠡᠯᠡᠭ᠌ᠰᠡᠡ᠎ᠳᠤ ᠲᠠᠯᠠᠷᠬᠠᠵᠥ᠍ ᠪᠠᠢᠨ᠎ᠠ᠃ ᠬᠢᠵᠢᠭ᠎ᠤᠨ ᠱᠢᠯᠳᠠᠭᠠᠨ᠎ᠠᠴᠠ ᠪᠤᠯᠵᠥ᠍᠂ ᠪᠢᠳᠡ ᠸᠢᠳᠢᠣ᠋ ᠬᠡᠯᠪᠡᠷᠢ᠎ᠪᠠᠷ ᠰᠤᠷᠪᠤᠯᠵᠢᠯᠠᠬ᠍ᠴᠢᠳ᠎ᠤᠨ ᠬᠤᠷᠡᠯ᠎ᠢ ᠬᠤᠷᠡᠯᠳᠤᠭᠤᠯᠵᠥ᠍ ᠪᠠᠢᠨ᠎ᠠ᠂ ᠮᠢᠨᠦ᠍ ᠪᠤᠳᠤᠬᠤ᠎ᠪᠠᠷ ᠡᠨᠡ ᠬᠦ᠌ ᠵᠠᠢ᠎ᠨᠢ ᠪᠢᠳᠡᠨ᠎ᠤ ᠬᠤᠭᠤᠷᠤᠨᠳᠤᠬᠢ ᠤᠯᠤᠯᠴᠠᠭ᠎ᠠ᠎ᠶ᠋ᠢ ᠨᠦᠯᠥᠬᠡᠯᠡᠬᠦ᠌ ᠦᠬᠡᠢ ᠶᠤᠮ᠃ ᠴᠠᠭ ᠬᠢᠵᠠᠭᠠᠷ᠎ᠲᠠᠢ ᠲᠤᠯᠠ ᠤᠯᠠᠨ᠎ᠢᠶᠠᠷ᠎ᠢᠶᠠᠨ ᠠᠰᠠᠭᠤᠯᠳᠠ᠎ᠪᠠᠨ ᠠᠰᠠᠭᠤᠭᠠᠷᠠᠢ ᠬᠡᠵᠥ᠍ ᠬᠡᠯᠡᠪᠡ᠃



   ᠷᠦᠲ᠋ᠧᠷ ᠬᠤᠷᠢᠶᠠᠨ᠎ᠤ ᠰᠤᠷᠪᠤᠯᠵᠢᠯᠠᠬ᠍ᠴᠢ᠄ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠲᠡᠯᠡᠬᠡᠢ᠎ᠶ᠋ᠢᠨ ᠡᠯ᠎ᠡ ᠤᠯᠤᠰ᠎ᠤᠨ ᠠᠵᠥ᠍ ᠠᠬᠤᠢ᠎ᠳᠤ ᠬᠦᠨᠳᠤ ᠨᠤᠴᠢᠳᠠᠢ ᠨᠦᠯᠥᠬᠡ ᠤᠴᠠᠷᠠᠭᠤᠯᠵᠥ᠍᠂ ᠴᠦᠬᠡᠨ ᠪᠤᠰᠤ ᠤᠯᠤᠰ᠎ᠤᠨ ᠵᠠᠰᠠᠭ᠎ᠤᠨ ᠤᠷᠳᠤᠨ ᠬᠡᠳᠤᠨ ᠲᠦᠮᠡᠨ ᠳ᠋ᠦᠩᠱᠢᠭᠤᠷ ᠳ᠋ᠤᠯᠯᠠᠷ᠎ᠤᠨ ᠡᠳ᠋᠎ᠤᠨ ᠵᠠᠰᠠᠭ ᠪᠤᠯᠤᠨ ᠵᠤᠭᠤᠰᠤᠨ᠎ᠤ ᠲᠤᠬᠠᠢ ᠠᠷᠭ᠎ᠠ ᠬᠡᠮᠵᠢᠶ᠎ᠡ ᠨᠡᠢᠲᠡᠯᠡᠵᠦ᠍᠂ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠠᠵᠥ᠍ ᠠᠬᠤᠢ᠎ᠳᠤ ᠦᠵᠡᠬᠦᠯᠬᠦ᠌ ᠲᠠᠭᠠᠷᠢᠯᠳᠡ᠎ᠶ᠋ᠢ ᠠᠷᠭᠠᠴᠠᠭᠠᠵᠥ᠍ ᠪᠠᠢᠨ᠎ᠠ᠃ ᠡᠨᠡ ᠵᠢᠯ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ GDP ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠲᠤᠭ᠍ᠳᠠᠭᠠᠭ᠍ᠰᠠᠠ ᠦᠬᠡᠢ᠃ ᠷᠦᠲ᠋ᠧᠷ ᠬᠤᠷᠢᠶᠡᠨ᠎ᠤ ᠲᠦᠰᠦᠬᠡᠯᠡᠭ᠌ᠰᠡᠨ᠎ᠢᠶᠠᠷ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠲᠤᠭ᠍ᠳᠠᠭᠠᠭ᠍ᠰᠠᠠ ᠡᠳ᠋᠎ᠤᠨ ᠵᠠᠰᠠᠭ᠎ᠤᠨ ᠠᠷᠭ᠎ᠠ ᠬᠡᠮᠵᠢᠶ᠎ᠡ᠎ᠨᠢ ᠪᠠᠷᠤᠭ ᠲᠤᠮᠳᠠᠳᠤ ᠤᠯᠤᠰ᠎ᠤᠨ 2019 ᠤᠨ᠎ᠤ ᠤᠯᠤᠰ᠎ᠤᠨ ᠲᠤᠳᠤᠭᠠᠳᠤ᠎ᠶ᠋ᠢᠨ ᠦᠢᠯᠡᠳᠪᠤᠷᠢᠯᠡᠯ᠎ᠤᠨ ᠶᠡᠷᠤᠩᠬᠡᠢ ᠦᠷᠳᠡᠭ᠎ᠤᠨ 4% ᠎ᠶ᠋ᠢ    ᠡᠵᠡᠯᠡᠪᠡ᠃ ᠡᠨᠡ᠎ᠨᠢ ᠨᠢᠭᠡ ᠪᠦᠯᠦᠭ ᠠᠵᠥ᠍ ᠠᠬᠤᠢ᠎ᠶ᠋ᠢᠨ ᠤᠬᠠᠭᠠᠨᠳᠠᠨ᠎ᠤ ᠵᠢᠱ᠌ᠢᠭ᠌ᠰᠡᠡ᠎ᠠᠴᠠ ᠲᠤᠤᠷ᠎ᠡ ᠪᠠᠢᠨ᠎ᠠ᠂ ᠡᠨᠡ ᠵᠢᠯ᠎ᠤᠨ ᠨᠢᠬᠡᠳᠤᠭᠡᠷ ᠤᠯᠠᠷᠢᠯ᠎ᠳᠤ᠂ ᠲᠤᠮᠳᠠᠳᠤ ᠤᠯᠤᠰ᠎ᠤᠨ ᠠᠵᠥ᠍ ᠠᠬᠤᠢ ᠤᠢ᠍ᠢᠷ᠎ᠠ᠎ᠶ᠋ᠢᠨ ᠠᠷᠪᠠᠨ ᠬᠡᠳᠤᠨ ᠵᠢᠯ᠎ᠤᠨ ᠲᠤᠷᠱᠢᠲᠠ ᠠᠩᠬ᠎ᠠ ᠤᠳᠠᠭ᠎ᠠ᠎ᠪᠠᠨ ᠪᠠᠭᠤᠷᠠᠭ᠍ᠰᠠᠨ ᠪᠠᠢᠳᠠᠯ ᠢᠯᠡᠷᠡᠪᠡ᠃ ᠢᠷᠡᠬᠦ᠌ ᠬᠡᠳᠤᠨ ᠰᠠᠷ᠎ᠠ᠎ᠳᠤ᠂ ᠲᠤᠮᠳᠠᠳᠤ ᠤᠯᠤᠰ ᠨᠡᠩ ᠲᠤᠮᠤ ᠬᠡᠪᠴᠢᠶᠡᠨ᠎ᠤ ᠠᠵᠤ ᠠᠬᠤᠢ᠎ᠶ᠋ᠢᠨ ᠬᠦᠭ᠌ᠵᠢᠯᠲᠡ᠎ᠶ᠋ᠢ ᠬᠦᠨᠳᠡᠬᠦ᠌ ᠠᠷᠭ᠎ᠠ ᠬᠡᠮᠵᠢᠶ᠎ᠡ ᠠᠪᠤᠨ᠎ᠠ ᠤᠤ? ᠨᠡᠩ ᠤᠷᠲᠤ ᠬᠤᠭᠤᠴᠠᠭᠠᠨ᠎ᠳᠤ᠂ ᠲᠤᠮᠳᠠᠳᠤ ᠤᠯᠤᠰ ᠪᠦᠬᠦ᠌ ᠪᠦᠮᠪᠦᠷᠴᠡᠭ᠎ᠤᠨ ᠬᠢᠵᠢᠭ᠎ᠤᠨ ᠪᠠᠢᠳᠠᠯ᠎ᠤᠨ ᠦᠷᠬᠦᠯᠵᠢᠯᠡᠨ ᠦᠷᠪᠢᠰᠦᠨ ᠲᠡᠯᠬᠡᠷᠡᠬᠦ᠌ ᠪᠤᠯᠤᠨ ᠶᠠᠪᠤᠬᠤ ᠲᠤᠲᠤᠮ ᠪᠠᠴᠢᠮ ᠪᠤᠯᠵᠥ᠍ ᠪᠠᠢᠭ᠎ᠠ ᠲᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢ ᠠᠷᠭᠠᠴᠠᠭᠠᠬᠤ ᠪᠦᠲᠦᠮᠵᠢᠲᠡᠢ ᠲᠦᠷᠦ᠎ᠶ᠋ᠢᠨ ᠪᠤᠳᠤᠯᠭ᠎ᠠ ᠪᠠᠢᠭ᠎ᠠ ᠤᠤ?
    ᠯᠢ ᠺᠧ ᠴᠢᠶᠠᠩ᠄ ᠡᠨᠡ ᠤᠳᠠᠭ᠎ᠠ᠎ᠶ᠋ᠢᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠲᠡᠯᠡᠬᠡᠢ᠎ᠶ᠋ᠢᠨ ᠠᠵᠥ᠍ ᠠᠬᠤᠢ᠎ᠳᠤ ᠬᠦᠨᠳᠤ ᠨᠤᠴᠢᠳᠠᠢ ᠲᠠᠭᠠᠷᠢᠯᠳᠡ ᠪᠤᠯᠪᠠ᠂ ᠲᠡᠤᠬᠡᠨ ᠲᠡᠬᠡᠷ᠎ᠡ ᠬᠤᠪᠤᠷ ᠬᠡᠵᠥ᠍ ᠬᠡᠯᠡᠵᠥ᠍ ᠪᠤᠯᠤᠨ᠎ᠠ᠃ ᠤᠢ᠍ᠢᠷ᠎ᠡ᠎ᠳᠤ ᠴᠦᠬᠡᠨ ᠪᠤᠰᠤ ᠭᠤᠤᠯ ᠪᠤᠯᠬᠤ ᠤᠯᠠᠨ ᠤᠯᠤᠰ᠎ᠤᠨ ᠵᠤᠬᠢᠶᠠᠨ ᠪᠠᠢᠭᠤᠯᠤᠯᠳᠠ᠂ ᠡᠨᠡ ᠵᠢᠯ ᠪᠦᠬᠦ᠌ ᠪᠦᠮᠪᠦᠷᠴᠡᠭ᠎ᠤᠨ ᠠᠵᠥ᠍ ᠠᠬᠤᠢ᠎ᠶ᠋ᠢᠨ ᠨᠡᠮᠡᠭ᠌ᠳᠡᠯ ᠰᠦᠬᠡᠷᠬᠦ᠌ 3%᠂ ᠴᠢᠨᠠᠭ᠍ᠰᠢᠯᠠᠭᠠᠳ ᠨᠡᠩ ᠲᠤᠤᠷ᠎ᠠ ᠪᠤᠯᠤᠨ᠎ᠠ ᠬᠡᠵᠥ᠍ ᠵᠢᠱ᠌ᠢᠵᠥ᠍ ᠪᠠᠢᠨ᠎ᠠ᠃ ᠲᠤᠮᠳᠠᠳᠤ ᠤᠯᠤᠰ᠎ᠤᠨ ᠠᠵᠥ᠍ ᠠᠬᠤᠢ ᠨᠢᠬᠡᠨᠳᠡ ᠲᠡᠯᠡᠬᠡᠢ᠎ᠶ᠋ᠢᠨ ᠠᠵᠥ᠍ ᠠᠬᠤᠢ᠎ᠯᠤᠭ᠎ᠠ ᠬᠦᠨ ᠠᠭᠤᠰᠤᠯᠴᠠᠭ᠍ᠰᠠᠨ ᠪᠤᠯᠬᠤᠷ ᠲᠤᠰᠠᠭᠠᠷ ᠪᠠᠢᠵᠤ ᠴᠢᠳᠠᠬᠤ ᠦᠬᠡᠢ ᠶᠤᠮ᠃ ᠡᠢᠮᠤ᠎ᠠᠴᠠ ᠡᠨᠡ ᠵᠢᠯ ᠪᠢᠳᠡ GDP ᠎ᠶ᠋ᠢᠨ ᠨᠡᠮᠡᠭ᠌ᠳᠡᠯ᠎ᠤᠨ ᠪᠤᠲᠠᠲᠠᠢ ᠵᠢᠭᠠᠯᠳᠠ ᠲᠤᠭ᠎ᠠ ᠲᠤᠭ᠍ᠳᠠᠭᠠᠭ᠍ᠰᠠᠠ ᠦᠬᠡᠢ᠂ ᠡᠨᠡ ᠪᠤᠯ ᠮᠥᠨ ᠴᠦ᠍ ᠦᠨᠡᠨ᠎ᠢ ᠪᠠᠷᠢᠮᠳᠠᠯᠠᠬ᠍ᠰᠠᠠ ᠶᠠᠪᠤᠳᠠᠯ ᠶᠤᠮ᠃ ᠭᠡᠪᠡᠴᠦ᠍ ᠪᠢᠳᠡ ᠰᠠᠭᠤᠭᠠᠯᠢ ᠠᠷᠠᠳ᠎ᠤᠨ ᠠᠵᠢᠯ ᠣᠯᠭᠤᠯᠲᠠ᠎ᠶ᠋ᠢ ᠪᠠᠲᠤᠯᠠᠬᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠠᠲᠤᠯᠠᠬᠤ ᠵᠡᠷᠭᠡ 《ᠵᠢᠷᠭᠤᠭ᠎ᠠ᠎ᠶ᠋ᠢ ᠪᠠᠲᠤᠯᠠᠬᠤ》 ᠎ᠶ᠋ᠢᠨ ᠬᠠᠷᠠᠯᠲᠠ ᠡᠭᠦᠷᠭᠡ᠎ᠶ᠋ᠢ ᠲᠣᠭ᠍ᠲᠠᠭᠠᠵᠠᠶ᠂ ᠡᠨᠡ ᠪᠤᠯ ᠠᠵᠤ ᠠᠬᠤᠶ᠎ᠶ᠋ᠢᠨ ᠨᠡᠮᠡᠭ᠌ᠳᠡᠯ᠎ᠲᠠᠢ ᠱᠢᠭᠤᠳ ᠬᠤᠯᠪᠣᠭ᠎ᠠ᠎ᠲᠠᠢ᠃ ᠠᠵᠤ ᠠᠬᠤᠢ᠎ᠶ᠋ᠢᠨ ᠨᠡᠮᠡᠭ᠌ᠳᠡᠯ ᠴᠢᠬᠤᠯᠠ ᠦᠬᠡᠢ ᠪᠢᠰᠢ᠂ ᠮᠠᠨ᠎ᠤ ᠢᠩᠭᠢᠵᠦ᠍ ᠬᠢᠵᠦ᠍ ᠪᠠᠢᠭ᠎ᠠ᠎ᠨᠢ ᠬᠡᠷᠡᠭ ᠳᠡᠭᠡᠷ᠎ᠡ᠎ᠪᠠᠨ ᠪᠠᠰᠠ ᠴᠤ᠌ ᠠᠵᠤ ᠠᠬᠤᠶ᠎ᠶ᠋ᠢᠨ ᠨᠡᠮᠡᠭ᠌ᠳᠡᠯ᠎ᠤᠨ ᠳᠤᠬᠠᠢ ᠠᠷᠠᠳ ᠤᠯᠠᠨ᠎ᠳᠤ ᠨᠡᠩ ᠱᠢᠭᠤᠳ ᠲᠦᠷᠦᠭ᠌ᠳᠡᠯ ᠣᠯᠭᠤᠵᠤ᠂ ᠠᠵᠤ ᠠᠬᠤᠶ᠎ᠶ᠋ᠢᠨ ᠨᠡᠮᠡᠭ᠌ᠳᠡᠯ᠎ᠢ ᠨᠡᠩ ᠥᠨᠳᠥᠷ ᠶᠠᠰᠤ ᠴᠢᠨᠠᠷ᠎ᠲᠠᠢ ᠪᠣᠯᠭᠠᠵᠤ ᠪᠠᠢᠭ᠎ᠠ ᠶᠠᠪᠤᠳᠠᠯ ᠶᠤᠮ᠃ ᠬᠥᠭ᠌ᠵᠢᠯᠲᠡ ᠪᠣᠯ ᠳᠤᠮᠳᠠᠳᠤ ᠤᠯᠤᠰ᠎ᠤᠨ ᠠᠯᠢᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠵᠠᠩᠭᠢᠯᠠᠭ᠎ᠠ ᠪᠠ ᠰᠠᠭᠤᠷᠢ ᠮᠥᠨ᠃ ᠬᠠᠮᠤᠷᠤᠭᠤᠯᠤᠨ ᠪᠣᠳᠣᠵᠤ ᠦᠵᠡᠪᠡᠯ᠂ 《ᠵᠢᠷᠭᠤᠭ᠎ᠠ᠎ᠶ᠋ᠢ ᠪᠠᠲᠤᠯᠠᠬᠤ》 ᠎ᠶ᠋ᠢ ᠪᠡᠶᠡᠯᠡᠬᠦᠯᠬᠦ᠌᠎ᠳᠤ ᠬᠦᠷᠪᠡᠯ᠂ ᠤᠨᠴᠠᠭᠠᠢᠯᠠᠨ ᠡᠮᠦᠨᠡᠬᠢ 《ᠭᠤᠷᠪᠠ᠎ᠶ᠋ᠢ ᠪᠠᠲᠤᠯᠠᠬᠤ》 ᠎ᠶ᠋ᠢ ᠪᠡᠶᠡᠯᠡᠭᠦᠯᠴᠢᠬᠡᠪᠠᠯ ᠪᠢᠳᠡ ᠡᠨᠡ ᠵᠢᠯ᠎ᠤᠨ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠢ ᠪᠡᠶᠡᠯᠡᠭᠦᠯᠴᠢᠬᠡᠨ᠎ᠡ᠂ ᠡᠬᠦᠨ᠎ᠢᠶᠠᠷ ᠪᠠᠷᠠᠬᠤ ᠦᠭᠡᠢ ᠵᠣᠬᠢᠬᠤ ᠬᠡᠮᠵᠢᠶ᠎ᠡ᠎ᠪᠠᠷ ᠬᠢᠷᠢ ᠪᠦᠳᠦᠮᠵᠢ ᠭᠠᠷᠭᠠᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠤᠨ᠎ᠠ᠃
    ᠲᠠ ᠰᠠᠶᠢ ᠪᠢᠳᠡᠨ᠎ᠤ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠵᠢᠯ ᠵᠢᠱ᠌ᠢᠯᠲᠡ᠎ᠠᠴᠠ ᠳᠣᠣᠷ᠎ᠠ ᠪᠠᠢᠨ᠎ᠠ ᠭᠡᠮᠡᠨ ᠲᠤᠰᠭᠠᠵᠤ ᠪᠤᠢ ᠬᠡᠵᠥ᠍ ᠶᠠᠷᠢᠯ᠎ᠠ᠂ ᠭᠡᠪᠡᠴᠦ᠍ ᠪᠢ ᠪᠠᠰᠠ ᠮᠠᠨ᠎ᠤ ᠨᠡᠢᠲᠡᠯᠡᠭ᠌ᠰᠡᠨ ᠬᠡᠪᠴᠢᠶᠡᠵᠢᠯ᠎ᠤᠨ ᠴᠢᠨᠠᠷᠲᠠᠶ ᠲᠦᠷᠦ᠎ᠶ᠋ᠢᠨ ᠪᠤᠳᠤᠯᠭ᠎ᠠ ᠢᠳᠡ ᠬᠦᠴᠦᠨ᠎ᠲᠠᠢ ᠪᠠᠢᠨ᠎ᠠ ᠭᠡᠵᠦ᠍ ᠦᠵᠡᠵᠦ᠍ ᠪᠠᠢᠭ᠎ᠠ ᠤᠯᠠᠨ ᠲᠠᠯ᠎ᠠ᠎ᠶ᠋ᠢᠨ ᠲᠤᠰᠭᠠᠯ᠎ᠢ ᠴᠤ᠌ ᠣᠯᠵᠤ ᠰᠣᠨᠣᠰᠤᠯ᠎ᠠ᠃ ᠡᠨᠡ ᠤᠳᠠᠭᠠᠨ᠎ᠤ ᠲᠠᠭᠠᠷᠢᠯᠳᠠ᠎ᠶ᠋ᠢ ᠠᠷᠭᠠᠴᠠᠭᠠᠬᠤ᠎ᠳᠤ ᠪᠢᠳᠡ ᠡᠷᠴᠢᠮ᠎ᠢᠶᠠᠨ ᠠᠳᠭᠤᠬᠤ᠎ᠪᠠᠷ ᠪᠠᠷᠠᠬᠤ ᠦᠭᠡᠢ ᠴᠠᠭ ᠲᠣᠬᠢᠶᠠᠯ᠎ᠢ ᠴᠤ᠌ ᠠᠳᠭᠤᠬᠤ ᠬᠡᠷᠡᠭ᠌ᠲᠡᠶ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠳᠠᠷᠬᠠᠨ ᠳᠡᠯᠭᠡᠷᠡᠵᠥ᠍ ᠪᠠᠢᠬ᠍ᠰᠠᠨ ᠦᠶ᠎ᠡ᠎ᠳᠤ ᠪᠢᠳᠡ ᠪᠠᠰᠠ ᠨᠢᠭᠡ ᠪᠦᠯᠦᠭ ᠲᠥᠷᠥ᠎ᠶ᠋ᠢᠨ ᠪᠣᠳᠣᠯᠭ᠎ᠠ ᠳᠤᠬ᠍ᠳᠠᠭᠠᠭ᠍ᠰᠠᠨ᠂ ᠭᠡᠪᠡᠴᠦ᠍ ᠲᠤᠬᠠᠶ᠎ᠶ᠋ᠢᠨ ᠦᠶ᠎ᠡ᠎ᠳᠤ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌ ᠠᠵᠢᠯ ᠲᠦᠯᠬᠢᠨ ᠠᠬᠢᠭᠤᠯᠬᠤ ᠱᠠᠲᠤᠨ᠎ᠳᠠᠭᠠᠨ ᠪᠠᠢᠭ᠍ᠰᠠᠨ ᠪᠤᠯᠬᠤᠷ ᠦᠢᠯᠡᠰ᠎ᠢᠶᠠᠨ ᠡᠷᠬᠢᠯᠡᠵᠦ᠍ ᠵᠠᠬ᠎ᠠ ᠳᠡᠯᠬᠡᠬᠦᠷ᠎ᠢᠶᠠᠨ ᠰᠡᠷᠭᠦᠭᠡᠬᠦ᠌ ᠠᠵᠢᠯ ᠰᠠᠭᠠᠳ ᠲᠤᠳᠭᠠᠷ᠎ᠲᠤ ᠤᠴᠠᠷᠠᠵᠤ᠂ ᠵᠠᠷᠢᠮ ᠲᠦᠷᠦ᠎ᠶ᠋ᠢᠨ ᠪᠤᠳᠤᠯᠭ᠎ᠠ᠎ᠶ᠋ᠢ ᠪᠦᠷᠢᠮᠦᠰᠦᠨ ᠨᠠᠢᠳᠠᠪᠤᠷᠢᠵᠢᠭᠤᠯᠵᠤ ᠳᠡᠢᠯᠬᠦ᠌ ᠦᠭᠡᠢ᠂ ᠮᠠᠰᠢ ᠤᠯᠠᠨ ᠬᠥᠮᠦᠨ ᠴᠥᠮ ᠭᠡᠷ᠎ᠲᠡᠭᠡᠨ ᠰᠠᠭᠤᠵᠤ ᠪᠠᠢᠪᠠ᠃ ᠡᠨᠡ ᠬᠦ᠌ ᠶᠠᠪᠤᠴᠠ᠎ᠳᠤ ᠪᠢᠳᠡ ᠪᠠᠰᠠ ᠲᠤᠷᠱᠢᠯᠭ᠎ᠠ ᠬᠤᠷᠠᠮᠳᠤᠭᠤᠯᠤᠭ᠍ᠰᠠᠨ᠃ ᠶᠠᠭ ᠡᠮᠦᠨᠡᠬᠢ ᠬᠤᠭᠤᠴᠠᠭᠠᠨ᠎ᠤ ᠲᠤᠷᠱᠢᠯᠭ᠎ᠠ ᠪᠠ ᠣᠳᠣᠬᠠᠨ᠎ᠤ ᠪᠠᠢᠳᠠᠯ᠎ᠤᠨ ᠲᠤᠬᠠᠶ ᠮᠠᠭᠠᠳᠯᠠᠯᠲᠠ᠎ᠶ᠋ᠢ ᠦᠨᠳᠦᠰᠦᠯᠡᠭ᠌ᠰᠡᠨ ᠪᠤᠯᠬᠤᠷ᠂ ᠮᠠᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ ᠨᠡᠢᠲᠡᠯᠡᠭ᠌ᠰᠡᠨ ᠬᠡᠪᠴᠢᠶᠡᠵᠢᠯ᠎ᠤᠨ ᠴᠢᠨᠠᠷᠲᠠᠶ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠡᠷᠴᠢᠮ᠎ᠲᠠᠢ ᠭᠡᠵᠦ᠍ ᠬᠡᠯᠡᠬᠦ᠌ ᠶᠣᠰᠣᠲᠠᠶ᠃
   ᠪᠢᠳᠡ 《ᠶᠡᠭᠡ ᠤᠰᠤ᠎ᠪᠠᠷ ᠨᠡᠯᠦ᠋ᠢᠲᠡᠯ᠎ᠡ ᠤᠰᠤᠯᠠᠬᠤ ᠦᠭᠡᠢ》 ᠭᠡᠵᠦ᠍ ᠬᠡᠯᠡᠵᠦ᠍ ᠦᠩᠭᠡᠷᠡᠭ᠌ᠰᠡᠨ᠂ ᠤᠳᠤ ᠴᠦ᠍ ᠮᠥᠨ ᠠᠳᠠᠯᠢᠬᠠᠨ᠂ ᠭᠡᠪᠡᠴᠦ᠍ ᠣᠨᠴᠠᠭᠠᠶ ᠴᠠᠬ ᠦᠶ᠎ᠡ᠎ᠳᠤ ᠣᠨᠴᠠᠭᠠᠶ ᠲᠦᠷᠦ᠎ᠶ᠋ᠢᠨ ᠪᠤᠳᠤᠯᠭ᠎ᠠ ᠪᠠᠢᠬᠤ ᠬᠡᠷᠡᠭ᠌ᠲᠡᠢ᠂ ᠡᠭᠦᠨ᠎ᠢ ᠪᠢᠳᠡ 《ᠤᠰᠤ ᠲᠠᠯᠪᠢᠵᠥ᠍ ᠵᠢᠭᠠᠰᠤ ᠲᠡᠵᠢᠭᠡᠬᠦ᠌》 ᠭᠡᠳᠡᠭ᠃ ᠭᠦᠢᠴᠡᠳ ᠤᠰᠤ ᠦᠭᠡᠢ ᠪᠣᠯ ᠵᠢᠭᠠᠰᠤ ᠠᠮᠢᠳᠤᠷᠠᠬᠤ᠎ᠶ᠋ᠢᠨ ᠠᠷᠭ᠎ᠠ ᠦᠭᠡᠢ ᠶᠤᠮ᠃ ᠭᠡᠪᠡᠴᠦ᠍ ᠦᠶᠡᠷᠯᠡᠪᠡᠯ ᠬᠥᠭᠡᠰᠦ ᠪᠤᠯᠤᠨ᠎ᠠ᠃ ᠵᠠᠷᠢᠮ ᠬᠥᠮᠦᠨ ᠳᠤᠮᠳᠠ᠎ᠠᠴᠠ᠎ᠨᠢ ᠠᠱᠢᠭ ᠣᠯᠵᠤ᠂ ᠵᠢᠭᠠᠰᠤ ᠴᠤ᠌ ᠲᠡᠵᠢᠭᠡᠵᠦ᠍ ᠴᠢᠳᠠᠬᠤ ᠦᠭᠡᠢ᠂ ᠪᠠᠰᠠ ᠵᠠᠷᠢᠮ ᠬᠥᠮᠦᠨ ᠵᠠᠪᠱᠢᠶᠠᠨ᠎ᠢ ᠳᠠᠯᠢᠮᠳᠠᠭᠤᠯᠬᠤ ᠪᠣᠯᠤᠨ᠎ᠠ᠃ ᠡᠢᠮᠦ᠎ᠠᠴᠠ ᠮᠠᠨ᠎ᠤ ᠠᠪᠤᠭ᠍ᠰᠠᠨ ᠠᠷᠭ᠎ᠠ ᠬᠡᠮᠵᠢᠶ᠎ᠡ ᠬᠠᠨᠳᠤᠯᠭᠠᠲᠤ ᠴᠢᠨᠠᠷ᠎ᠲᠠᠢ ᠪᠠᠢᠬᠤ ᠬᠡᠷᠡᠭ᠌ᠲᠡᠶ᠂ ᠥᠭᠡᠷ᠎ᠡ᠎ᠪᠠᠷ ᠬᠡᠯᠡᠪᠡᠯ ᠰᠤᠳᠠᠯ᠎ᠢ᠎ᠨᠢ ᠣᠨᠣᠪᠴᠢᠲᠠᠶ ᠪᠠᠷᠢᠵᠥ᠍᠂ ᠣᠨᠣᠪᠴᠢᠲᠠᠶ ᠡᠮ ᠦᠭ᠌ᠬᠦ ᠬᠡᠷᠡᠭ᠌ᠲᠡᠶ᠃ ᠵᠣᠭᠤᠰ ᠬᠠᠮᠢᠭ᠎ᠠ᠎ᠠᠴᠠ ᠢᠷᠡᠬᠦ᠂ ᠬᠠᠮᠢᠭ᠎ᠠ ᠬᠡᠷᠡᠭ᠌ᠯᠡᠬᠦ᠌᠎ᠳᠤ ᠪᠦᠷ ᠱᠢᠨ᠎ᠡ ᠵᠠᠮ᠎ᠢᠶᠠᠷ ᠵᠠᠮᠨᠠᠬᠤ ᠬᠡᠷᠡᠭ᠌ᠳᠡᠢ᠃
    ᠡᠨᠡ ᠤᠳᠠᠭ᠎ᠠ᠎ᠶ᠋ᠢᠨ ᠬᠡᠪᠴᠢᠶᠡᠵᠢᠯ᠎ᠤᠨ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢᠨ ᠪᠡᠯᠡ ᠮᠥᠩᠭᠦ᠎ᠶ᠋ᠢ ᠬᠤᠶᠠᠷ ᠶᠡᠭᠡ ᠬᠡᠰᠡᠭ ᠬᠤᠪᠢᠶᠠᠨ᠎ᠠ᠄ ᠨᠢᠭᠡ᠎ᠨᠢ ᠱᠢᠨ᠎ᠡ᠎ᠪᠠᠷ ᠨᠡᠮᠡᠭ᠌ᠳᠡᠭ᠌ᠰᠡᠨ ᠡᠳ᠋᠎ᠤᠨ ᠵᠠᠰᠠᠭ᠎ᠤᠨ ᠤᠯᠠᠭᠠᠨ ᠲᠤᠭ᠎ᠠ ᠪᠣᠯᠤᠨ ᠬᠢᠵᠢᠭ᠎ᠲᠠᠢ ᠳᠡᠮᠡᠴᠡᠬᠦ᠌ ᠣᠨᠴᠠᠭᠠᠶ ᠤᠯᠤᠰ᠎ᠤᠨ ᠵᠢᠭᠡᠯᠡᠯᠭᠡ ᠲᠠᠷᠬᠠᠭᠠᠨ᠎ᠠ᠃ ᠨᠡᠢᠳᠡ ᠬᠤᠶᠠᠷ ᠲᠦᠮᠡᠨ ᠳ᠋ᠦᠩᠱᠢᠭᠤᠷ ᠲᠥᠭᠦᠷᠢᠭ ᠪᠤᠯᠤᠨ᠎ᠠ᠃ ᠪᠤᠰᠤᠳ ᠨᠠᠩ ᠶᠡᠭᠡ ᠬᠡᠰᠡᠭ᠎ᠨᠢ ᠳᠠᠷᠤᠶ ᠨᠡᠢᠭᠡᠮ᠎ᠤᠨ ᠳᠠᠭᠠᠳᠭᠠᠯ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠦᠨ᠎ᠡ᠂ ᠵᠠᠷᠢᠮ ᠤᠯᠤᠰ ᠴᠠᠯᠢᠩ᠎ᠤᠨ ᠭᠠᠢᠯᠢ ᠭᠡᠳᠡᠭ ᠪᠥᠭᠡᠳ ᠠᠵᠢᠯ ᠠᠯᠳᠠᠭ᠍ᠰᠠᠳ᠎ᠤᠨ ᠳᠠᠭᠠᠳᠭᠠᠯ᠎ᠢ ᠳ᠋ᠦᠩᠨᠡᠨ ᠦᠯᠡᠳᠡᠭᠡᠵᠦ᠍᠂ ᠤᠯᠤᠰ᠎ᠤᠨ ᠥᠮᠴᠢᠯᠡᠯ᠎ᠤᠨ ᠬᠤᠳᠠᠯᠳᠤᠭᠠᠨ᠎ᠤ ᠪᠠᠩᠬᠢ᠎ᠳᠤ ᠠᠱᠢᠭ ᠣᠯᠭᠤᠬᠤ᠂ ᠠᠶᠠᠨᠳᠠᠭᠠᠨ ᠭᠠᠭ᠍ᠴᠠᠭᠠᠷ ᠡᠵᠡᠮᠱᠢᠬᠦ᠌ ᠴᠢᠨᠠᠷᠲᠠᠶ ᠠᠵᠤ ᠠᠬᠤᠢᠯᠠᠯ᠎ᠤᠨ ᠦᠨ᠎ᠡ᠎ᠪᠠᠨ ᠪᠠᠭᠤᠷᠠᠭᠤᠯᠬᠤ᠎ᠪᠠᠷ ᠳᠠᠮᠵᠢᠭᠤᠯᠤᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠦᠷᠳᠡᠭ᠎ᠢᠶᠠᠨ ᠪᠠᠭᠤᠷᠠᠭᠤᠯᠬᠤ᠎ᠶ᠋ᠢ ᠠᠬᠢᠭᠤᠯᠤᠨ᠎ᠠ᠃ ᠡᠨᠡ ᠬᠡᠰᠡᠭ᠎ᠢ ᠨᠡᠮᠡᠪᠡᠯ ᠪᠠᠷᠤᠭ ᠡᠮᠦᠨᠡᠬᠢ ᠬᠡᠰᠡᠭ᠎ᠤᠨ ᠬᠤᠶᠠᠷ ᠳᠠᠬᠢᠨ ᠪᠣᠯᠤᠨ᠎ᠠ᠃ ᠪᠢᠳᠡ ᠡᠳᠡᠭᠡᠷ ᠪᠡᠯᠡ ᠮᠥᠩᠭᠦ᠎ᠶ᠋ᠢ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠠᠲᠤᠯᠠᠬᠤ᠎ᠳᠤ ᠵᠠᠷᠤᠴᠠᠭᠤᠯᠵᠥ᠍᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠤᠯᠭᠠᠭᠤᠷᠢᠯᠠᠬᠤ ᠪᠤᠯᠤᠨ᠎ᠠ᠃ ᠡᠳᠡᠭᠡᠷ ᠪᠡᠯᠡ ᠮᠥᠩᠭᠦ᠎ᠶ᠋ᠢ ᠮᠠᠨ᠎ᠤ ᠣᠳᠣ᠎ᠶ᠋ᠢᠨ ᠰᠠᠭᠤᠭᠠᠯᠢ ᠠᠷᠠᠳ᠎ᠤᠨ ᠪᠦᠬᠦ᠌ ᠣᠷᠣᠯᠭ᠎ᠠ 40 ᠭᠠᠷᠤᠶ ᠲᠦᠮᠡᠨ ᠳ᠋ᠦᠩᠱᠢᠭᠤᠷ ᠲᠥᠭᠦᠷᠢᠭ᠎ᠤᠨ ᠶᠡᠷᠦᠩᠬᠡᠶ ᠲᠤᠭ᠎ᠠ᠎ᠲᠠᠢ ᠬᠠᠷᠢᠴᠠᠭᠤᠯᠪᠠᠯ ᠬᠠᠷᠢᠴᠠᠯ᠎ᠨᠢ ᠬᠤᠶᠠᠷ ᠣᠷᠣᠨᠲᠤ ᠲᠤᠭ᠎ᠠ ᠪᠤᠯᠤᠨ᠎ᠠ᠃
    ᠨᠡᠩ ᠴᠢᠬᠤᠯᠠ᠎ᠨᠢ ᠵᠤᠭᠤᠰ᠎ᠢ ᠬᠠᠮᠢᠭᠠᠰᠢ᠎ᠪᠠᠨ ᠶᠠᠪᠤᠭᠤᠯᠬᠤ ᠪᠤᠢ? ᠪᠢᠳᠡ ᠡᠨᠡ ᠤᠳᠠᠭ᠎ᠠ᠎ᠶ᠋ᠢᠨ ᠠᠵᠤ ᠠᠬᠤᠢ᠍ᠢᠯᠠᠯ᠎ᠤᠨ ᠬᠦᠴᠢᠷᠳᠡᠯ᠎ᠢ ᠱᠢᠢᠳᠪᠦᠷᠢᠯᠡᠬᠦ᠌ ᠪᠤᠯᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠭ᠌ᠵᠢᠭᠡᠬᠦ᠌ ᠬᠡᠪᠴᠢᠶᠡᠵᠢᠯ᠎ᠤᠨ ᠴᠢᠨᠠᠷᠳᠠᠢ ᠲᠦᠷᠦ᠎ᠶ᠋ᠢᠨ ᠪᠤᠳᠤᠯᠭ᠎ᠠ᠎ᠶ᠋ᠢ ᠭᠤᠤᠯᠳᠠᠭᠤ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠳᠤᠯᠠᠬᠤ᠎ᠳᠤ ᠬᠡᠷᠡᠭ᠌ᠯᠡᠵᠤ᠂ ᠰᠠᠭᠤᠭᠠᠯᠢ ᠠᠷᠠᠳ᠎ᠢ ᠵᠤᠭᠤᠰ ᠬᠡᠷᠡᠭ᠌ᠯᠡᠬᠦ᠌ ᠴᠢᠳᠠᠪᠤᠷᠢ᠎ᠲᠠᠢ ᠪᠤᠯᠭᠠᠨ᠎ᠠ᠂ ᠡᠨᠡ᠎ᠨᠢ ᠬᠡᠷᠡᠭ᠌ᠯᠡᠭᠡ᠎ᠶ᠋ᠢ ᠠᠬᠢᠭᠤᠯᠬᠤ᠂ ᠵᠠᠬ᠎ᠠ ᠳᠡᠯᠭᠡᠭᠦᠷ᠎ᠢ ᠬᠦᠭ᠌ᠵᠢᠭᠡᠬᠦ᠌᠎ᠳᠤ ᠠᠱᠢᠭ᠍ᠳᠠᠢ ᠶᠤᠮ᠂ ᠡᠭᠦᠨ᠎ᠢ ᠵᠠᠬ᠎ᠠ ᠳᠡᠯᠭᠡᠭᠦᠷᠴᠢᠯᠡᠭ᠌ᠰᠡᠨ ᠦᠭᠡᠷᠡᠴᠢᠯᠡᠯᠳᠡ᠎ᠶ᠋ᠢᠨ ᠵᠠᠮ ᠭᠡᠵᠤ ᠬᠡᠯᠡᠵᠤ ᠪᠤᠯᠤᠨ᠎ᠠ᠃
    ᠵᠤᠭᠤᠰ᠎ᠠᠴᠠ ᠵᠤᠭᠤᠰ ᠲᠦᠷᠦᠳᠡᠭ᠂ ᠠᠷᠠᠳ᠎ᠲᠤ ᠬᠡᠷᠡᠭ᠌ᠯᠡᠭ᠌ᠰᠡᠨ ᠵᠤᠭᠤᠰ᠎ᠨᠢ ᠱᠢᠨ᠎ᠠ ᠡᠳ᠋ ᠪᠠᠶᠠᠯᠢᠭ᠎ᠢ ᠡᠭᠦᠳᠴᠤ᠌᠂ ᠭᠠᠢᠯᠢ᠎ᠶ᠋ᠢᠨ ᠡᠬᠢ ᠰᠤᠷᠪᠤᠯᠵᠢ᠎ᠶ᠋ᠢ ᠤᠮᠳᠠᠯᠠᠨ ᠡᠳ᠋᠎ᠤᠨ ᠵᠠᠰᠠᠭ᠎ᠢ ᠦᠷᠭᠦᠯᠵᠢᠯᠡᠬᠦ᠌ ᠴᠢᠨᠠᠷᠳᠠᠢ ᠪᠤᠯᠭᠠᠨ᠎ᠠ᠃ ᠪᠢᠳᠡ ᠡᠷᠬᠡᠪᠰᠢ ᠤᠳᠤᠬᠠᠨ᠎ᠤ ᠠᠵᠤ ᠠᠬᠤᠢ᠎ᠶ᠋ᠢ ᠲᠤᠭ᠍ᠳᠠᠪᠤᠷᠢᠵᠢᠭᠤᠯᠵᠤ᠂ ᠯᠠᠪᠳᠠᠭᠤᠨ᠎ᠢᠶᠠᠷ ᠤᠷᠤᠭ᠍ᠰᠢᠯᠠᠨ᠎ᠠ᠂ ᠭᠡᠬᠦ᠌᠎ᠳᠡᠭᠡᠨ ᠠᠯᠬᠤᠮ᠎ᠢᠶᠠᠨ ᠬᠦᠨᠳᠦᠷᠡᠭᠦᠯᠬᠦ᠌᠎ᠠᠴᠠ ᠵᠠᠢᠯᠠᠰᠭᠢᠬᠦ᠌ ᠬᠡᠷᠡᠭ᠌ᠳᠠᠢ᠂ ᠲᠤᠭᠤᠰᠤ ᠱᠢᠷᠤᠢ ᠪᠤᠳᠠᠷᠠᠪᠠᠯ ᠬᠤᠢᠨᠡᠬᠢ ᠬᠦᠮᠦᠰ᠎ᠤᠨ ᠵᠠᠮ᠎ᠢ ᠬᠠᠭᠠᠨ᠎ᠠ᠃ ᠬᠡᠷᠪᠡ ᠠᠵᠤ ᠠᠬᠤᠢ᠎ᠶ᠋ᠢᠨ ᠲᠠᠯ᠎ᠠ ᠪᠤᠶᠤ ᠪᠤᠰᠤᠳ ᠲᠠᠯ᠎ᠠ᠎ᠪᠠᠷ ᠲᠠᠬᠢᠨ ᠶᠡᠭᠡ ᠬᠤᠪᠢᠷᠠᠯᠳᠠ ᠭᠠᠷᠪᠠᠯ᠂ ᠪᠢᠳᠡᠨ᠎ᠳᠤ ᠲᠦᠷᠦ᠎ᠶ᠋ᠢᠨ ᠪᠤᠳᠤᠯᠭ᠎ᠠ᠎ᠶ᠋ᠢᠨ ᠤᠷᠤᠨ ᠵᠠᠢ ᠪᠠᠢᠨ᠎ᠠ᠂ ᠡᠳ᠋᠎ᠤᠨ ᠵᠠᠰᠠᠭ᠂ ᠮᠦᠩᠭᠦᠨ ᠭᠦᠢᠯᠭᠡᠭᠡᠨ᠂ ᠨᠡᠢᠭᠡᠮ᠎ᠤᠨ ᠪᠠᠳᠤᠯᠠᠭ᠎ᠠ᠎ᠶ᠋ᠢᠨ ᠲᠠᠯ᠎ᠠ᠎ᠪᠠᠷ ᠴᠦᠮ ᠲᠦᠷᠦ᠎ᠶ᠋ᠢᠨ ᠪᠤᠳᠤᠯᠭ᠎ᠠ᠎ᠶ᠋ᠢᠨ ᠨᠦᠬᠡᠴᠡ᠎ᠲᠠᠢ᠂ ᠴᠠᠭ ᠲᠤᠬᠠᠢ᠎ᠳᠤᠨᠢ ᠱᠢᠨ᠎ᠠ ᠲᠦᠷᠦ᠎ᠶ᠋ᠢᠨ ᠪᠤᠳᠤᠯᠭ᠎ᠠ ᠲᠤᠭ᠍ᠳᠠᠭᠠᠵᠤ ᠪᠤᠯᠬᠤ ᠮᠦᠷᠳᠡᠭᠡᠨ ᠦᠴᠦᠬᠡᠨ ᠴᠦ᠍ ᠡᠷᠡᠭᠡᠯᠵᠡᠬᠦ᠌ ᠦᠭᠡᠢ᠃ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠤᠭ᠍ᠳᠠᠭᠤᠨ ᠡᠷᠭᠢᠯᠳᠡ᠎ᠶ᠋ᠢ ᠪᠠᠳᠤᠯᠠᠬᠤ᠎ᠨᠢ ᠲᠦᠢᠯ᠎ᠤᠨ ᠴᠢᠬᠤᠯᠠ ᠶᠤᠮ᠃
    ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ᠌ ᠤᠯᠤᠰ᠎ᠤᠨ ᠠᠷᠠᠳ ᠲᠦᠮᠡᠨ᠎ᠤ ᠬᠠᠮᠳᠦ᠎ᠶ᠋ᠢᠨ ᠴᠢᠷᠮᠠᠢᠯᠭ᠎ᠠ᠎ᠪᠠᠷ᠂ ᠤᠳᠤᠬᠠᠨ᠎ᠤ ᠬᠦᠴᠢᠷᠳᠡᠯ᠎ᠢ ᠯᠠᠪᠳᠠᠢ ᠢᠯᠠᠨ ᠳᠠᠪᠠᠵᠤ᠂ ᠪᠦᠬᠦ᠌ ᠵᠢᠯ᠎ᠤᠨ ᠬᠠᠷᠠᠯᠳᠠ ᠡᠭᠦᠷᠭᠡ᠎ᠪᠠᠨ ᠪᠡᠶᠡᠯᠡᠭᠦᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠨ᠎ᠠ ᠭᠡᠳᠡᠭ᠎ᠢ ᠪᠢᠳᠡ ᠪᠠᠳᠤ ᠢᠳᠡᠭᠡᠵᠤ ᠪᠠᠢᠨ᠎ᠠ᠃ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠤᠭ᠍ᠳᠠᠭᠤᠨ᠎ᠢ ᠪᠠᠳᠤᠯᠠᠵᠤ᠂ ᠦᠨᠳᠦᠰᠦᠨ ᠪᠠᠢᠳᠠᠯ᠎ᠢ ᠲᠤᠭ᠍ᠳᠠᠪᠤᠷᠢᠵᠢᠭᠤᠯᠬᠤ᠎ᠨᠢ ᠳᠠᠷᠤᠢ ᠳᠡᠯᠡᠬᠡᠢ ᠳ᠋ᠠᠬᠢᠨ᠎ᠳᠤ ᠬᠤᠪᠢ ᠨᠡᠮᠡᠷᠢ ᠦᠵᠡᠭᠦᠯᠵᠤ ᠪᠠᠢᠭ᠎ᠠ ᠶᠠᠪᠤᠳᠠᠯ ᠮᠦᠨ᠂ ᠮᠦᠨ ᠴᠦ᠍ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠢ ᠰᠡᠷᠭᠦᠭᠡᠬᠦ᠂ ᠬᠦᠭ᠌ᠵᠢᠯᠳᠡ᠎ᠶ᠋ᠢ ᠪᠡᠶᠡᠯᠡᠭᠦᠯᠬᠦ᠌᠎ᠳᠤ ᠢᠳᠡᠪᠬᠢᠳᠠᠢ ᠬᠤᠪᠢ ᠨᠡᠮᠡᠷᠢ ᠦᠵᠡᠭᠦᠯᠬᠦ᠌ ᠪᠤᠯᠤᠨ᠎ᠠ᠃
    ᠫᠧᠩ ᠪᠦᠸᠧ ᠬᠤᠷᠢᠶᠠᠨ᠎ᠤ ᠰᠤᠷᠪᠤᠯᠵᠢᠯᠠᠭ᠍ᠴᠢ᠄ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠲᠠᠢᠯᠤᠭ᠍ᠳᠠᠭ᠎ᠠ ᠦᠭᠡᠢ ᠤᠨᠢᠰᠤᠭ᠎ᠠ ᠪᠠᠢᠭ᠍ᠰᠠᠭᠠᠷ᠂ ᠱᠢᠨᠵᠢᠯᠡᠬᠦ᠌ ᠤᠬᠠᠭᠠᠨᠳᠠᠳ᠎ᠠᠴᠠ ᠲᠤᠰ ᠠᠰᠠᠭᠤᠳᠠᠯ᠎ᠤᠨ ᠬᠠᠷᠢᠭᠤᠯᠳᠠ᠎ᠶ᠋ᠢ ᠤᠯᠬᠤ᠎ᠨᠢ ᠢᠷᠡᠭᠡᠳᠦᠢ᠎ᠶ᠋ᠢᠨ ᠲᠠᠬᠤᠯ ᠡᠪᠡᠳᠴᠢᠨ ᠳᠡᠯᠭᠡᠷᠡᠬᠦ᠌᠎ᠶ᠋ᠢ ᠰᠡᠷᠭᠡᠢᠯᠡᠬᠦ᠌᠎ᠳᠤ ᠠᠱᠢᠭ᠍ᠳᠠᠢ ᠭᠡᠵᠦ᠍ ᠦᠵᠡᠵᠡᠭᠡᠵᠦ᠍ ᠪᠠᠢᠨ᠎ᠠ᠃ ᠵᠠᠷᠢᠮ ᠬᠦᠮᠦᠰ ᠪᠠᠰᠠ ᠡᠬᠢ ᠡᠭᠦᠰᠦᠯ᠎ᠤᠨ ᠬᠢᠨᠢ ᠲᠤᠬᠠᠢ ᠤᠯᠠᠨ ᠤᠯᠤᠰ᠎ᠤᠨ ᠵᠦᠪᠳᠡᠯᠴᠡᠭᠡ ᠬᠢᠬᠦ᠌᠎ᠶ᠋ᠢ ᠤᠷᠢᠶᠠᠯᠠᠵᠤ ᠪᠠᠢᠨ᠎ᠠ᠃ ᠡᠨᠡ ᠬᠦ᠌ ᠪᠠᠢᠴᠠᠭᠠᠯᠳᠠ᠎ᠳᠤ ᠳᠤᠮᠳᠠᠳᠤ᠎ᠶ᠋ᠢᠨ ᠲᠠᠯ᠎ᠠ᠎ᠶ᠋ᠢᠨ᠎ᠬᠢᠨ᠎ᠤ ᠵᠤᠭ᠍ᠰᠤᠴᠠ ᠶᠠᠭᠤ ᠪᠤᠢ? ᠲᠠᠨ᠎ᠤ ᠦᠵᠡᠬᠦ᠌᠎ᠪᠠᠷ ᠡᠢᠮᠦᠷᠬᠦᠤ ᠪᠠᠢᠴᠠᠭᠠᠯᠳᠠ᠎ᠨᠢ ᠶᠠᠮᠠᠷ ᠬᠠᠷᠠᠯᠳᠠ᠎ᠳᠤ ᠬᠦᠷᠪᠡᠯ ᠵᠤᠬᠢᠰᠳᠠᠢ ᠪᠤᠢ? ᠶᠠᠮᠠᠷ ᠠᠰᠠᠭᠤᠳᠠᠯ᠎ᠠᠴᠠ ᠵᠠᠢᠯᠠᠰᠭᠢᠪᠡᠯ ᠵᠤᠬᠢᠬᠤ ᠪᠤᠢ?
    ᠯᠢ ᠺᠧ ᠴᠢᠶᠠᠩ᠄ ᠳᠤᠮᠳᠠᠳᠤ ᠤᠯᠤᠰ ᠪᠤᠯᠤᠨ ᠪᠤᠰᠤᠳ ᠤᠯᠠᠩᠬᠢ ᠤᠯᠤᠰ᠎ᠤᠳ ᠴᠦᠮ ᠡᠪᠡᠳᠴᠢᠨ᠎ᠤ ᠸᠢᠷᠦ᠋ᠰ᠎ᠤᠨ ᠡᠭᠦᠰᠦᠯ᠎ᠤᠨ ᠪᠠᠢᠴᠠᠭᠠᠯᠳᠠ ᠬᠢᠬᠦ᠌᠎ᠶ᠋ᠢ ᠰᠠᠨᠠᠭᠠᠴᠢᠯᠠᠵᠤ ᠪᠠᠢᠨ᠎ᠠ᠃ ᠲᠦᠷᠦᠭᠦᠬᠡᠨ ᠬᠤᠷᠠᠯᠳᠤᠭ᠍ᠰᠠᠨ ᠳᠡᠯᠡᠬᠡᠢ᠎ᠶ᠋ᠢᠨ ᠡᠷᠡᠭᠦᠯ ᠬᠠᠮᠠᠭᠠᠯᠠᠯ᠎ᠤᠨ ᠶᠡᠭᠡ ᠬᠤᠷᠠᠯ᠎ᠠᠴᠠ ᠬᠤᠯᠪᠤᠭ᠍ᠳᠠᠯ ᠪᠦᠬᠦᠢ ᠱᠢᠢᠳᠪᠦᠷᠢ᠎ᠶ᠋ᠢ ᠪᠠᠳᠤᠯᠠᠭ᠍ᠰᠠᠨ᠂ ᠳᠤᠮᠳᠠᠳᠤ ᠤᠯᠤᠰ ᠴᠤ᠌ ᠤᠷᠤᠯᠴᠠᠪᠠ᠃ ᠤᠴᠢᠷ᠎ᠨᠢ ᠱᠢᠨᠵᠢᠯᠡᠬᠦ᠌ ᠤᠬᠠᠭᠠᠨᠴᠢ᠎ᠪᠠᠷ ᠡᠬᠢ ᠡᠭᠦᠰᠦᠯ᠎ᠤᠨ ᠪᠠᠢᠴᠠᠭᠠᠯᠳᠠ ᠬᠢᠪᠡᠯ ᠬᠢᠵᠢᠭ᠎ᠤᠨ ᠪᠠᠢᠳᠠᠯ᠎ᠢ ᠨᠡᠩ ᠰᠠᠢᠨ᠎ᠢᠶᠠᠷ ᠰᠡᠷᠭᠡᠢᠯᠡᠨ ᠡᠵᠡᠮᠳᠡᠵᠤ ᠴᠢᠳᠠᠨ᠎ᠠ᠂ ᠡᠨᠡ᠎ᠨᠢ ᠮᠦᠨ ᠴᠤ᠌ ᠳᠡᠯᠡᠭᠡᠢ᠎ᠶ᠋ᠢᠨ ᠡᠯ᠎ᠠ ᠤᠯᠤᠰ᠎ᠤᠨ ᠠᠷᠠᠳ ᠲᠦᠮᠡᠨ᠎ᠤ ᠠᠮᠢ ᠨᠠᠰᠤᠨ᠎ᠤ ᠡᠷᠡᠭᠦᠯ ᠮᠡᠨᠳᠦ᠎ᠶ᠋ᠢᠨ ᠲᠦᠯᠦᠭᠡ ᠶᠤᠮ᠃
    ᠲᠤᠰ ᠤᠳᠠᠭ᠎ᠠ᠎ᠶ᠋ᠢᠨ ᠬᠢᠵᠢᠭ᠎ᠤᠨ ᠪᠠᠢᠳᠠᠯ ᠭᠡᠨᠡᠳᠳᠡ᠎ᠪᠠᠷ ᠡᠭᠦᠰᠴᠠᠢ᠂ ᠬᠦᠮᠦᠨ ᠲᠦᠷᠦᠯᠬᠢᠳᠡᠨ᠎ᠳᠤ ᠠᠪᠴᠤ᠌ ᠬᠡᠯᠡᠪᠡᠯ ᠴᠣ᠌ ᠱᠢᠨ᠎ᠠ ᠬᠠᠯᠳᠠᠪᠤᠷᠢᠳᠤ ᠡᠪᠡᠳᠴᠢᠨ ᠪᠤᠯᠤᠨ᠎ᠠ᠂ ᠤᠳᠤ ᠪᠤᠯᠳᠠᠯ᠎ᠠ ᠡᠭᠦᠨ᠎ᠤ ᠲᠤᠬᠠᠢ ᠮᠡᠳᠡᠭᠡᠳᠦᠢ᠎ᠨᠢ ᠮᠡᠳᠡᠭ᠌ᠰᠡᠨ᠎ᠠᠴᠠ᠎ᠪᠠᠨ ᠢᠯᠡᠭᠦᠦ ᠪᠠᠢᠭ᠍ᠰᠠᠭᠠᠷ ᠶᠤᠮ᠃ ᠡᠪᠡᠳᠴᠢᠨ᠎ᠤ ᠸᠢᠷᠦ᠋ᠰ᠎ᠲᠤ ᠤᠯᠤᠰ᠎ᠤᠨ ᠵᠠᠭᠠᠭ ᠬᠢᠵᠠᠭᠠᠷ ᠭᠡᠵᠤ ᠪᠠᠢᠬᠤ ᠦᠭᠡᠢ᠂ ᠲᠡᠷᠡ ᠪᠤᠯ ᠪᠦᠬᠦ᠌ ᠳᠡᠯᠡᠬᠡᠢ᠂ ᠪᠦᠬᠦ᠌ ᠬᠦᠮᠦᠨ ᠲᠦᠷᠦᠯᠬᠢᠳᠡᠨ᠎ᠤ ᠳᠠᠢᠰᠤᠨ ᠮᠦᠨ᠃ ᠤᠯᠤᠰ ᠨᠢᠭᠡᠪᠦᠷᠢ ᠰᠡᠷᠭᠡᠢᠯᠡᠨ ᠡᠵᠡᠮᠳᠡᠬᠦ᠌ ᠠᠵᠢᠯ ᠬᠢᠵᠤ ᠪᠠᠢᠨ᠎ᠠ᠂ ᠬᠠᠢᠨ ᠰᠦᠪᠡᠭ᠌ᠴᠢᠯᠡᠬᠦ᠌᠎ᠶ᠋ᠢᠨ ᠳᠠᠭᠠᠤ ᠤᠷᠤᠭ᠍ᠰᠢᠯᠠᠵᠤ ᠪᠠᠢᠨ᠎ᠠ᠂ ᠤᠳᠤᠬᠠᠨ᠎ᠳᠤ ᠪᠦᠷᠢᠨ ᠲᠡᠭᠦᠯᠳᠡᠷ ᠲᠤᠷᠱᠢᠯᠭ᠎ᠠ ᠭᠡᠵᠦ᠍ ᠪᠠᠢᠬᠤ ᠦᠭᠡᠢ᠃ ᠪᠢᠳᠡ ᠬᠢᠵᠢᠭ᠎ᠤᠨ ᠪᠠᠢᠳᠠᠯ᠎ᠤᠨ ᠬᠦᠭ᠌ᠵᠢᠯᠳᠡ᠎ᠶ᠋ᠢ ᠡᠷᠬᠡᠱᠢᠶᠡᠵᠤ᠂ ᠸᠠᠺᠼᠢᠨ᠂ ᠲᠤᠰᠠᠲᠠᠢ ᠡᠮ᠂ ᠱᠢᠯᠭᠠᠨ ᠪᠠᠢᠴᠠᠭᠠᠬᠤ ᠲᠤᠷᠱᠢᠭ᠍ᠴᠢ ᠡᠮ ᠰᠤᠳᠤᠯᠤᠨ ᠦᠢᠯᠡᠳᠬᠦ᠌ ᠱᠢᠪᠳᠤᠯᠤᠯᠳᠠ᠎ᠶ᠋ᠢ ᠲᠦᠷᠭᠡᠳᠭᠡᠬᠦ᠌ ᠬᠡᠷᠡᠭ᠌ᠳᠠᠢ᠂ ᠡᠨᠡ ᠪᠤᠯ ᠬᠦᠮᠦᠨ ᠲᠦᠷᠦᠯᠬᠢᠳᠡᠨ᠎ᠤ ᠡᠨᠡ ᠬᠦ᠌ ᠡᠪᠡᠳᠴᠢᠨ᠎ᠤ ᠸᠢᠷᠦ᠋ᠰ᠎ᠢ ᠢᠯᠠᠬᠤ ᠬᠦᠴᠦᠳᠤ ᠵᠡᠪᠰᠡᠭ ᠪᠤᠯᠤᠨ᠎ᠠ᠃ ᠳᠤᠮᠳᠠᠳᠤ ᠤᠯᠤᠰ ᠪᠤᠯᠤᠨ ᠪᠤᠰᠤᠳ ᠤᠯᠠᠩᠬᠢ ᠤᠯᠤᠰ᠎ᠤᠳ ᠴᠦᠮ ᠡᠭᠦᠨ᠎ᠤ ᠲᠤᠬᠠᠢ ᠬᠢᠵᠤ ᠪᠠᠢᠨ᠎ᠠ᠂ ᠪᠢᠳᠡ ᠪᠠᠰᠠ ᠳᠤᠷᠠᠳᠠᠶ᠎ᠠ ᠤᠯᠠᠨ ᠤᠯᠤᠰ᠎ᠤᠨ ᠬᠠᠮᠳᠤᠷᠠᠯᠴᠠᠭ᠎ᠠ ᠦᠷᠨᠢᠭᠦᠯᠦᠨ᠎ᠠ᠃ ᠡᠳᠡᠭᠡᠷ ᠪᠦᠲᠦᠭᠡᠭ᠌ᠳᠡᠭᠦᠨ ᠪᠤᠯ ᠪᠦᠬᠦ᠌ ᠳᠡᠯᠡᠬᠡᠢ᠎ᠶ᠋ᠢᠨ ᠤᠯᠠᠨ ᠨᠡᠢᠳᠡ᠎ᠶ᠋ᠢᠨ ᠪᠦᠲᠦᠭᠡᠭ᠌ᠳᠡᠭᠦᠨ ᠪᠤᠯᠤᠨ᠎ᠠ᠂ ᠪᠢᠳᠡ ᠳᠤᠷᠠᠳᠠᠶ᠎ᠠ ᠬᠤᠪᠢᠶᠠᠯᠴᠠᠵᠤ᠂ ᠬᠦᠮᠦᠨ ᠲᠦᠷᠦᠯᠬᠢᠳᠡᠨ ᠬᠠᠮᠳᠦ᠎ᠪᠠᠷ ᠡᠪᠡᠳᠴᠢᠨ᠎ᠤ ᠸᠢᠷᠦ᠋ᠰ᠎ᠢ ᠢᠯᠠᠬᠤ᠎ᠶ᠋ᠢ ᠳᠡᠮᠵᠢᠨ᠎ᠠ᠃
    ᠲᠤᠮᠲᠠᠲᠤ ᠤᠯᠤᠰ᠎ᠤᠨ ᠠᠷᠠᠳ ᠲᠦᠮᠡᠡ ᠱᠢᠷᠭᠠᠭᠤ ᠬᠠᠲᠠᠭᠤᠵᠢᠯᠲᠠᠢ ᠪᠦᠲᠦᠭᠡᠯᠴᠢ ᠴᠢᠷᠮᠠᠢᠯᠭ᠎ᠠ᠎ᠪᠠᠷ᠎ᠢᠶᠠᠨ ᠤᠲᠤ ᠪᠤᠯᠬᠤ᠎ᠳᠤ ᠬᠢᠵᠢᠭ᠎ᠤᠨ ᠪᠠᠢᠲᠠᠯ᠎ᠢ ᠪᠦᠲᠦᠮᠵᠢᠲᠠᠢ ᠡᠵᠡᠮᠲᠡᠵᠦ᠍ ᠴᠢᠲᠠᠭ᠍ᠰᠠᠠ ᠪᠦᠭᠡᠳ ᠤᠯᠠᠠ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠳᠤ ᠢᠲᠡᠪᠬᠢᠲᠠᠢ ᠤᠷᠤᠯᠴᠠᠵᠦ᠍᠂ ᠲᠡᠯᠡᠭᠡᠢ ᠨᠡᠢᠭᠡᠮ᠎ᠳᠤ ᠬᠤᠯᠪᠤᠭ᠍ᠲᠡᠯ ᠪᠦᠬᠦᠢ ᠮᠡᠲᠡᠭᠡ ᠵᠠᠩᠭᠢ᠎ᠶ᠋ᠢ ᠢᠯᠠ᠎ᠪᠠᠷ ᠬᠠᠷᠢᠭᠤᠴᠠᠯᠭ᠎ᠠ᠎ᠲᠠᠢ ᠴᠠᠭ ᠲᠤᠬᠠᠢ᠎ᠳᠤᠨᠢ ᠮᠡᠲᠡᠭ᠌ᠲᠡᠭ᠌ᠰᠡᠡ ᠪᠠᠢᠨ᠎ᠠ᠃ ᠭᠡᠪᠡᠴᠦ᠍ ᠬᠢᠵᠢᠭ᠎ᠤᠨ ᠪᠠᠢᠲᠠᠯ ᠪᠦᠬᠦ᠌ ᠲᠡᠯᠡᠭᠡᠢ᠎ᠳᠤ ᠲᠠᠷᠬᠠᠨ ᠲᠠᠯᠭᠡᠷᠡᠭ᠌ᠰᠡᠭᠡᠷ ᠪᠠᠢᠨ᠎ᠠ᠂ ᠲᠤᠮᠲᠠᠲᠤ ᠤᠯᠤᠰ᠎ᠲᠤ ᠪᠠᠰᠠ ᠠᠷᠢᠯᠤᠭ᠎ᠠ ᠦᠭᠡᠢ ᠪᠠᠢᠭ᠍ᠰᠠᠭᠠᠷ᠂ ᠡᠪᠡᠳᠴᠢᠨ᠎ᠤ ᠵᠢᠱ᠌ᠢᠶ᠎ᠠ ᠪᠠᠰᠠ ᠲᠠᠷᠬᠠᠠ ᠲᠡᠯᠭᠡᠷᠡᠵᠦ᠍ ᠪᠠᠢᠨ᠎ᠠ᠂ ᠴᠦᠭᠡᠡ ᠪᠤᠰᠤ ᠱᠢᠨᠵᠢᠯᠡᠬᠦ᠌ ᠤᠬᠠᠭᠠᠠᠲᠠᠳ ᠰᠤᠨᠤᠷ ᠰᠡᠷᠡᠮᠵᠢ᠎ᠲᠠᠢ ᠪᠠᠢᠵᠦ᠍᠂ ᠲᠠᠬᠢᠨ ᠲᠡᠯᠭᠡᠷᠡᠬᠦ᠌᠎ᠶ᠋ᠢ ᠰᠡᠷᠭᠡᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠵᠦ᠍ ᠪᠤᠢ᠃ ᠪᠢᠲᠠ ᠦᠨᠡᠡ᠎ᠠᠴᠠ ᠵᠦᠪ᠎ᠢ ᠡᠷᠢᠬᠦ᠂ ᠢᠯᠡ ᠲᠤᠲᠤᠷᠬᠠᠢ ᠪᠠᠢᠯᠭᠠᠬᠤ ᠵᠠᠷᠴᠢᠮ᠎ᠢ ᠦᠷᠬᠦᠯᠵᠢᠯᠡᠡ ᠪᠠᠷᠢᠮᠲᠠᠯᠠᠵᠦ᠍᠂ ᠬᠢᠵᠢᠭ᠎ᠤᠨ ᠪᠠᠢᠲᠠᠯ᠎ᠢ ᠢᠯᠡᠷᠡᠭᠦᠯᠦᠭ᠌ᠰᠡᠭᠡᠷ ᠡᠷᠡᠰ᠎ᠢᠶᠠᠷ ᠬᠠᠮᠢᠶᠠᠷᠤᠨ ᠡᠵᠡᠮᠲᠡᠵᠦ᠍᠂ ᠨᠢᠭᠤᠵᠦ᠍ ᠲᠠᠯᠲᠠᠯᠠᠬᠤ᠎ᠶ᠋ᠢ ᠵᠦᠪᠱᠢᠶᠡᠷᠡᠬᠦ᠌ ᠦᠭᠡᠢ᠂ ᠱᠢᠨᠵᠢᠯᠡᠬᠦ᠌ ᠤᠬᠠᠭᠠᠠᠴᠢ᠎ᠪᠠᠷ ᠰᠡᠷᠭᠡᠢᠯᠡᠡ ᠡᠮᠴᠢᠯᠡᠬᠦ᠌ ᠪᠤᠯᠤᠨ᠎ᠠ᠃
    ᠤᠲᠤ ᠪᠠᠰᠠ ᠮᠠᠰᠢ ᠤᠯᠠᠠ ᠬᠦᠮᠦᠰ ᠬᠢᠵᠢᠭ᠎ᠤᠨ ᠪᠠᠢᠲᠠᠯ ᠤᠬᠤᠷᠬᠠᠠ ᠬᠤᠭᠤᠴᠠᠭᠠᠠ᠎ᠳᠤ ᠠᠷᠢᠯᠬᠤ ᠦᠭᠡᠢ᠂ ᠪᠠᠰᠠ ᠨᠢᠭᠡ ᠬᠡᠰᠡᠭ ᠬᠤᠭᠤᠴᠠᠭ᠎ᠠ ᠦᠷᠬᠦᠯᠵᠢᠯᠡᠵᠦ᠍ ᠮᠡᠲᠡᠨ᠎ᠠ ᠭᠡᠵᠦ᠍ ᠬᠡᠯᠡᠵᠦ᠍ ᠪᠠᠢᠨ᠎ᠠ᠃ ᠦᠨᠡᠡ᠎ᠳᠡᠭᠡᠨ ᠲᠡᠯᠡᠭᠡᠢ ᠨᠡᠢᠭᠡᠮ᠎ᠢᠶᠠᠷ᠎ᠢᠶᠠᠨ ᠨᠢᠭᠡᠨᠲᠡ ᠲᠠᠪᠬᠤᠷ ᠦᠷᠢᠰᠦᠯᠲᠦᠭᠡᠡ᠎ᠳᠤ ᠲᠤᠯᠭᠠᠷᠠᠵᠤ᠂ ᠬᠤᠶᠠᠷ ᠱᠢᠯᠭᠠᠯᠲᠠ᠎ᠶ᠋ᠢᠨ ᠬᠠᠭᠤᠳᠠᠰᠤ ᠲᠤᠱᠢᠶᠠᠬᠤ ᠭᠡᠷᠡᠭ᠌ᠲᠡᠢ ᠪᠤᠯᠵᠠᠢ᠄ ᠨᠢᠭᠡ ᠲᠠᠯ᠎ᠠ᠎ᠪᠠᠷ ᠬᠢᠵᠢᠭ᠎ᠤᠨ ᠪᠠᠢᠲᠠᠯ᠎ᠢ ᠡᠵᠡᠮᠲᠡᠨ᠎ᠠ; ᠨᠦᠬᠦᠭᠡ ᠲᠠᠯ᠎ᠠ᠎ᠪᠠᠷ ᠠᠵᠦ᠍ ᠠᠬᠤᠢ ᠨᠡᠢᠭᠡᠮ᠎ᠤᠨ ᠬᠦᠭ᠌ᠵᠢᠯᠲᠠ᠎ᠶ᠋ᠢ ᠰᠡᠷᠭᠦᠭᠡᠵᠦ᠍᠂ ᠬᠡᠪ᠎ᠤᠨ ᠡᠮᠬᠢ ᠲᠢᠭ᠌ᠯᠢᠮ᠎ᠢ     ᠰᠡᠷᠭᠦᠭᠡᠨ᠎ᠠ᠃ ᠡᠨᠡ ᠬᠤᠶᠠᠷ ᠪᠤᠯ ᠵᠦᠷᠢᠴᠡᠯ᠎ᠲᠠᠢ᠂ ᠭᠡᠷᠪᠠ ᠵᠦᠪᠬᠡᠨ ᠨᠢᠭᠡᠯᠡ ᠲᠠᠯ᠎ᠠ᠎ᠶ᠋ᠢᠨ ᠤᠴᠢᠷ᠎ᠢ ᠬᠢᠪᠠᠯ ᠠᠲᠠᠯᠢ ᠦᠭᠡᠢ ᠪᠤᠯᠴᠢᠬᠠᠨ᠎ᠠ᠃ ᠤᠲᠤ ᠪᠢᠲᠠ ᠵᠦᠷᠢᠴᠡᠯ᠎ᠤᠨ ᠲᠤᠮᠲᠠ ᠲᠡᠩᠴᠡᠬᠦᠷᠢᠱᠢᠭᠦᠯᠵᠦ᠍᠂ ᠬᠠᠢᠨ ᠰᠦᠪᠡᠭ᠌ᠴᠢᠯᠡᠯᠲᠡ᠎ᠶ᠋ᠢᠨ ᠲᠤᠮᠲᠠ ᠤᠷᠤᠭ᠍ᠰᠢᠯᠠᠬᠤ᠎ᠶ᠋ᠢ ᠱᠠᠭᠠᠷᠳᠠᠵᠤ ᠪᠠᠢᠨ᠎ᠠ᠂ ᠢᠯᠠᠩᠭᠤᠶ᠎ᠠ ᠤᠯᠠᠠ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠱᠠᠭᠠᠷᠳᠠᠵᠦ᠍ ᠪᠠᠢᠨ᠎ᠠ᠃ ᠬᠢᠵᠢᠭ᠎ᠤᠨ ᠪᠠᠢᠲᠠᠯ᠎ᠲᠠᠢ ᠲᠡᠮᠡᠴᠡᠬᠦ᠌ ᠡᠰᠡᠭᠦᠯ᠎ᠠ ᠠᠵᠦ᠍ ᠠᠬᠤᠢ᠎ᠪᠠᠨ ᠬᠦᠭ᠌ᠵᠢᠭᠦᠯᠬᠦ᠌᠎ᠶ᠋ᠢᠨ ᠠᠯᠢ ᠲᠠᠯ᠎ᠠ᠎ᠪᠠᠷ ᠴᠦ᠍ ᠬᠡᠰᠡᠨ ᠪᠢᠲᠠ ᠵᠤᠪᠠᠯ ᠵᠦᠲᠡᠷᠡᠯ᠎ᠢ ᠬᠠᠮᠲᠤ᠎ᠪᠠᠷ ᠲᠤᠭᠤᠯᠵᠦ᠍᠂ ᠬᠦᠮᠦᠨ ᠲᠦᠷᠦᠯᠬᠢᠲᠡᠨ᠎ᠳᠤ ᠲᠤᠯᠭᠠᠷᠠᠭ᠍ᠰᠠᠨ ᠡᠨᠡ ᠤᠲᠠᠭ᠎ᠠ᠎ᠶ᠋ᠢᠨ ᠯᠤᠲᠦ ᠶᠡᠭᠡ ᠲᠠᠭᠠᠷᠢᠯᠲᠠ᠎ᠶ᠋ᠢ ᠲᠤᠭᠤᠯᠤᠨ ᠭᠠᠷᠬᠤ ᠭᠡᠷᠡᠭ᠌ᠲᠡᠢ᠃
    ᠲᠦᠪ᠎ᠤᠨ ᠷᠠᠲᠢᠣ᠋ ᠲᠧᠯᠸᠢᠰ᠎ᠤᠨ ᠶᠡᠷᠦᠩᠭᠡᠢ ᠬᠤᠷᠢᠶᠠᠠ᠎ᠤ ᠲᠦᠪ ᠲᠧᠯᠸᠢᠰ᠎ᠤᠨ ᠰᠤᠷᠪᠤᠯᠵᠢᠯᠠᠭ᠍ᠴᠢ᠄ ᠲᠠ ᠵᠠᠰᠠᠭ᠎ᠤᠨ ᠤᠷᠲᠤᠨ᠎ᠤ ᠠᠵᠢᠯ᠎ᠤᠨ ᠢᠯᠡᠳᠭᠡᠯ᠎ᠳᠡᠭᠡᠨ ᠡᠨᠡ ᠵᠢᠯ᠎ᠤᠨ ᠲᠤᠮᠲᠠᠲᠤ ᠤᠯᠤᠰ᠎ᠤᠨ ᠠᠵᠦ᠍ ᠠᠬᠤᠢ᠎ᠶ᠋ᠢᠨ ᠲᠦᠷᠦ᠎ᠶ᠋ᠢᠨ ᠪᠤᠲᠤᠯᠭ᠎ᠠ᠎ᠶ᠋ᠢ ᠲᠤᠲᠤᠷᠬᠠᠢᠯᠠᠠ ᠦᠭᠦᠯᠡᠵᠠᠢ᠃ ᠵᠠᠰᠠᠭ᠎ᠤᠨ ᠤᠷᠲᠤᠨ ᠶᠠᠮᠠᠷᠱᠢᠤ ᠠᠷᠭ᠎ᠠ ᠬᠡᠮᠵᠢᠶ᠎ᠠ ᠠᠪᠴᠤ᠌ ᠡᠲᠡᠭᠡᠷ ᠪᠡᠯᠡ ᠮᠦᠩᠭᠦ᠎ᠪᠠᠷ ᠠᠵᠦ᠍ ᠠᠬᠤᠢ᠍ᠢᠯᠠᠯ᠎ᠳᠤ ᠵᠢᠩᠭᠢᠨᠢ ᠠᠱᠢᠭ ᠬᠦᠷᠲᠡᠭᠡᠬᠦ᠌᠎ᠶ᠋ᠢ ᠪᠠᠲᠤᠯᠠᠨ᠂ ᠬᠤᠭᠤᠰᠤᠨ᠎ᠢᠶᠠᠷ ᠡᠷᠭᠢᠯᠲᠦᠬᠦ᠌᠎ᠠᠴᠠ᠎ᠨᠢ ᠵᠠᠢᠯᠠᠰᠭᠢᠵᠦ᠍᠂ ᠠᠷᠠᠳ ᠤᠯᠠᠨ᠎ᠳᠤ ᠭᠡᠷᠬᠢᠨ ᠦᠨᠡᠡ ᠬᠦ᠌ ᠠᠱᠢᠭ ᠲᠤᠰᠠ᠎ᠶ᠋ᠢ᠎ᠨᠢ ᠮᠡᠲᠡᠷᠡᠭᠦᠯᠬᠦ᠌ ᠪᠤᠢ?
    ᠯᠢ ᠺᠧ ᠴᠢᠶᠠᠩ᠄ ᠡᠨᠡ ᠪᠤᠯ ᠨᠢᠭᠡ ᠤᠲᠠᠭ᠎ᠠ᠎ᠶ᠋ᠢᠨ ᠤᠷᠢᠳ ᠡᠮᠦᠨ᠎ᠠ ᠪᠠᠢᠭ᠎ᠠ ᠦᠭᠡᠢ ᠲᠠᠭᠠᠷᠢᠯᠲᠠ ᠮᠦᠨ᠂ ᠪᠢᠲᠠ ᠬᠦᠩᠭᠡᠡ ᠲᠡᠷᠭᠡ᠎ᠪᠠᠷ ᠲᠠᠨᠢᠯ ᠵᠠᠮ᠎ᠢᠶᠠᠷ ᠶᠠᠪᠤᠬᠤ ᠪᠤᠯᠤᠮᠵᠢ ᠦᠭᠡᠢ᠂ ᠵᠦᠪᠬᠡᠡ ᠲᠤᠮᠤ ᠲᠡᠷᠭᠡ ᠭᠡᠯᠢᠵᠦ᠍ ᠪᠡᠷᠭᠡ ᠵᠠᠮ᠎ᠢᠶᠠᠷ ᠶᠠᠪᠤᠨ᠎ᠠ᠃ ᠡᠢᠮᠦ᠎ᠠᠴᠠ ᠪᠢᠲᠠ ᠲᠦᠷᠦ᠎ᠶ᠋ᠢᠨ ᠪᠤᠲᠤᠯᠭ᠎ᠠ᠎ᠶ᠋ᠢᠨ ᠲᠠᠯ᠎ᠠ᠎ᠪᠠᠷ ᠱᠢᠨ᠎ᠠ᠎ᠶ᠋ᠢ ᠡᠭᠦᠳᠬᠦ᠌᠎ᠶ᠋ᠢ ᠴᠢᠬᠤᠯᠠᠴᠢᠯᠠᠬᠤ ᠭᠡᠷᠡᠭ᠌ᠲᠡᠢ᠃ ᠪᠢ ᠰᠠᠢᠬᠠᠠ ᠶᠠᠷᠢᠵᠦ᠍ ᠦᠩᠭᠡᠷᠡᠭ᠌ᠰᠡᠨ᠂ ᠮᠠᠠ᠎ᠤ ᠲᠤᠭ᠍ᠲᠠᠭᠠᠭ᠍ᠰᠠᠠ ᠭᠡᠪᠴᠢᠶᠡᠵᠢᠯ᠎ᠤᠨ ᠴᠢᠨᠠᠷ᠎ᠲᠠᠢ ᠲᠦᠷᠦ᠎ᠶ᠋ᠢᠨ ᠪᠤᠲᠤᠯᠭ᠎ᠠ᠎ᠶ᠋ᠢ ᠬᠦᠴᠢᠷᠲᠡᠯ᠎ᠢ ᠨᠠᠮᠲᠠᠭᠤᠯᠵᠦ᠍ ᠵᠠᠬ᠎ᠠ ᠲᠡᠯᠭᠡᠭᠦᠷ᠎ᠤᠨ ᠠᠮᠢᠵᠢᠷᠠᠯ᠎ᠤᠨ ᠬᠦᠴᠤᠨ᠎ᠢ ᠤᠷᠮᠠᠱᠢᠭᠤᠯᠤᠨ ᠬᠦᠭ᠌ᠵᠢᠭᠡᠬᠦ᠌ ᠲᠦᠷᠦ᠎ᠶ᠋ᠢᠨ ᠪᠤᠲᠤᠯᠭ᠎ᠠ ᠭᠡᠲᠡᠭ᠂ ᠠᠵᠢᠯ ᠤᠯᠭᠤᠯᠲᠠ᠎ᠶ᠋ᠢ ᠴᠢᠬᠤᠯᠠᠴᠢᠯᠠᠵᠦ᠍᠂ ᠠᠷᠠᠳ᠎ᠤᠨ ᠠᠮᠢᠲᠤᠷᠠᠯ᠎ᠢ ᠪᠠᠲᠤᠯᠠᠬᠤ᠎ᠶ᠋ᠢ ᠴᠢᠬᠤᠯᠠᠴᠢᠯᠠᠨ᠎ᠠ᠂ ᠭᠤᠤᠯ᠎ᠨᠢ ᠰᠠᠭᠤᠷᠢ ᠪᠦᠲᠦᠭᠡᠡ ᠪᠠᠢᠭᠤᠯᠤᠯᠲᠠ᠎ᠳᠤ ᠲᠦᠱᠢᠭ᠌ᠯᠡᠬᠦ᠌ ᠲᠦᠷᠦᠯ ᠵᠦᠢᠯ ᠪᠢᠰᠢ᠃ ᠤᠴᠢᠷ᠎ᠨᠢ ᠤᠲᠤ ᠲᠤᠮᠲᠠᠲᠤ ᠤᠯᠤᠰ᠎ᠤᠨ ᠠᠵᠦ᠍ ᠠᠬᠤᠢ᠎ᠶ᠋ᠢᠨ ᠪᠦᠲᠦᠴᠡ᠎ᠳᠤ ᠲᠤᠩ ᠶᠡᠭᠡ ᠬᠤᠪᠢᠷᠠᠯᠲᠠ ᠭᠠᠷᠴᠤ᠌᠂ ᠬᠡᠷᠡᠭ᠌ᠯᠡᠭᠡ᠎ᠨᠢ ᠠᠵᠦ᠍ ᠠᠬᠤᠢ᠎ᠶ᠋ᠢᠨ ᠨᠡᠮᠡᠭ᠌ᠲᠡᠯ ᠲᠤᠮᠲᠠ ᠴᠢᠬᠤᠯᠠ ᠲᠠᠢᠴᠢᠯᠠᠬᠤ ᠦᠢᠯᠡᠲᠦᠯ ᠦᠵᠡᠭᠦᠯᠵᠦ᠍᠂ ᠲᠤᠮᠲᠠ ᠪᠠᠭ᠎ᠠ ᠵᠢᠵᠢᠭ ᠠᠵᠦ᠍ ᠠᠬᠤᠢ᠍ᠢᠯᠠᠯ᠎ᠤᠨ ᠠᠵᠢᠯ ᠤᠯᠭᠤᠯᠲᠠ᠎ᠳᠤ ᠦᠵᠡᠭᠦᠯᠬᠦ᠌ ᠦᠢᠯᠡᠳᠦᠯ᠎ᠨᠢ 90% ᠎ᠠᠴᠠ ᠲᠡᠭᠡᠭ᠌ᠰᠢᠬᠢ᠎ᠶ᠋ᠢ ᠡᠵᠡᠯᠡᠵᠦ᠍ ᠪᠠᠢᠲᠠᠭ᠃ ᠮᠠᠠ᠎ᠤ ᠡᠨᠡ ᠤᠲᠠᠭ᠎ᠠ᠎ᠶ᠋ᠢᠨ ᠠᠪᠤᠭ᠍ᠰᠠᠠ ᠬᠡᠪᠴᠢᠶᠡᠵᠢᠯ᠎ᠤᠨ ᠴᠢᠨᠠᠷᠲᠠᠢ ᠲᠦᠷᠦ᠎ᠶ᠋ᠢᠨ ᠪᠤᠲᠤᠯᠭ᠎ᠠ᠎ᠳᠤ 70 % ᠤᠷᠴᠢᠮ᠎ᠤᠨ ᠪᠡᠯᠡ ᠮᠦᠩᠭᠦ᠎ᠶ᠋ᠢ ᠱᠢᠭᠤᠳ ᠪᠤᠶᠤ ᠨᠡᠯᠢᠶᠡᠳ ᠱᠢᠭᠤᠳ᠎ᠢᠶᠠᠷ ᠰᠠᠭᠤᠭᠠᠯᠢ ᠠᠷᠠᠳ᠎ᠤᠨ ᠤᠷᠤᠯᠭ᠎ᠠ᠎ᠶ᠋ᠢ ᠲᠤᠯᠭᠠᠭᠤᠷᠢᠯᠠᠬᠤ᠎ᠳᠤ ᠭᠡᠷᠡᠭ᠌ᠯᠡᠪᠡ᠂ ᠢᠩᠭᠢᠵᠦ᠍ ᠬᠢᠬᠦ᠌᠎ᠨᠢ ᠬᠡᠷᠡᠭ᠌ᠯᠡᠭᠡ᠎ᠶ᠋ᠢ ᠠᠬᠢᠭᠤᠯᠵᠦ᠍᠂ ᠵᠠᠬ᠎ᠠ ᠲᠡᠯᠭᠡᠭᠦᠷ᠎ᠢ ᠲᠠᠢᠴᠢᠯᠠᠵᠦ᠍ ᠴᠢᠳᠠᠨ᠎ᠠ᠃ ᠭᠡᠪᠡᠴᠦ᠍ ᠬᠢᠵᠢᠭ᠎ᠤᠨ ᠪᠠᠢᠲᠠᠯ᠎ᠠᠴᠠ ᠪᠤᠯᠵᠤ ᠪᠢᠳᠡ ᠲᠤᠩ ᠶᠡᠭᠡ ᠬᠦᠴᠢᠷ ᠠᠰᠠᠭᠤᠲᠠᠯ᠎ᠳᠤ ᠲᠤᠯᠭᠠᠷᠠᠪᠠ᠂ ᠲᠠᠷᠤᠢ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌ ᠠᠷᠭ᠎ᠠ ᠬᠡᠮᠵᠢᠶ᠎ᠠ᠎ᠨᠢ ᠭᠡᠷᠡᠭ᠌ᠯᠡᠭᠡ᠎ᠶ᠋ᠢ ᠬᠢᠵᠠᠭᠠᠷᠯᠠᠭ᠍ᠰᠠᠠ ᠪᠠᠢᠲᠠᠭ᠃ ᠪᠢᠲᠠ ᠡᠨᠡ ᠮᠠᠶᠢᠭ᠎ᠢᠶᠠᠷ ᠲᠦᠷᠦ᠎ᠶ᠋ᠢᠨ ᠪᠤᠲᠤᠯᠭ᠎ᠠ᠎ᠶ᠋ᠢᠨ ᠭᠡᠷᠡᠭ᠌ᠵᠢᠭᠦᠯᠦᠯᠲᠠ᠎ᠶ᠋ᠢ ᠠᠬᠢᠭᠤᠯᠬᠤ᠎ᠨᠢ ᠪᠠᠰᠠ ᠴᠤ᠌ ᠵᠠᠬ᠎ᠠ ᠲᠡᠯᠭᠡᠭᠦᠷᠴᠢᠯᠡᠬᠦ᠌ ᠦᠭᠡᠷᠡᠴᠢᠯᠡᠯᠲᠡ ᠮᠦᠨ᠃
    ᠲᠠᠷᠠᠭᠠᠯᠠᠪᠠᠯ᠂ ᠪᠢᠲᠠ ᠲᠦᠷᠦ᠎ᠶ᠋ᠢᠨ ᠪᠤᠲᠤᠯᠭ᠎ᠠ᠎ᠶ᠋ᠢᠨ ᠪᠡᠯᠡ ᠮᠦᠩᠭᠦ᠎ᠶ᠋ᠢ ᠱᠢᠭᠤᠳ ᠦᠨᠲᠦᠰᠦᠨ ᠱᠠᠲᠤᠠ᠎ᠳᠤ ᠬᠦᠷᠭᠡᠵᠦ᠍᠂ ᠱᠢᠭᠤᠳ ᠠᠵᠦ᠍ ᠠᠬᠤᠢ᠍ᠢᠯᠠᠯ᠎ᠳᠤ ᠬᠦᠷᠭᠡᠵᠦ᠍᠂ ᠱᠢᠭᠤᠳ ᠠᠷᠠᠳ᠎ᠤᠨ ᠠᠮᠢᠲᠤᠷᠠᠯ᠎ᠳᠤ ᠬᠦᠷᠭᠡᠬᠦ᠌᠎ᠶ᠋ᠢ ᠴᠢᠬᠤᠯᠠᠴᠢᠯᠠᠵᠠᠢ᠃ ᠱᠢᠨ᠎ᠠ᠎ᠪᠠᠷ ᠨᠡᠮᠡᠭ᠌ᠲᠡᠭ᠌ᠰᠡᠡ ᠤᠯᠠᠭᠠᠠ ᠲᠤᠭ᠎ᠠ ᠪᠤᠯᠤᠨ ᠬᠢᠵᠢᠭ᠎ᠲᠠᠢ ᠲᠡᠮᠡᠴᠡᠬᠦ᠌ ᠤᠨᠴᠠᠭᠠᠢ ᠤᠯᠤᠰ᠎ᠤᠨ ᠵᠢᠭᠡᠯᠡᠯᠭᠡ᠎ᠶ᠋ᠢᠨ ᠪᠡᠯᠡ ᠮᠦᠩᠭᠦ᠎ᠶ᠋ᠢ ᠪᠦᠬᠦᠨ᠎ᠢ ᠤᠷᠤᠨ ᠨᠤᠲᠤᠭ᠎ᠲᠤ ᠱᠢᠯᠵᠢᠭᠦᠯᠵᠦ᠍᠂ ᠱᠢᠭᠤᠳ ᠦᠨᠲᠦᠰᠦᠨ ᠱᠠᠲᠤᠨ᠎ᠳᠤ ᠬᠦᠷᠭᠡᠪᠡ᠃ ᠦᠨᠲᠦᠰᠦᠨ ᠱᠠᠲᠤ᠎ᠨᠢ ᠡᠨᠡ ᠵᠤᠭᠤᠰ᠎ᠢ ᠰᠠᠢᠬᠠᠨ ᠭᠡᠷᠡᠭ᠌ᠯᠡᠵᠦ᠍ ᠴᠢᠲᠠᠨ᠎ᠠ ᠭᠡᠵᠢ ᠤᠤ? ᠭᠡᠵᠦ᠍ ᠵᠠᠷᠢᠮ ᠬᠦᠮᠦᠠ ᠠᠰᠠᠭᠤᠬᠤ ᠮᠠᠭᠠᠳ᠃ ᠪᠢᠳᠠ ᠤᠨᠴᠠᠭᠠᠢ ᠱᠢᠯᠵᠢᠬᠦᠯᠤᠨ ᠦᠭ᠌ᠬᠦ ᠲᠤᠭ᠍ᠳᠠᠴᠠ᠎ᠪᠠᠷ ᠡᠳᠡᠬᠡᠷ ᠵᠤᠭᠤᠰ᠎ᠢ ᠪᠦᠬᠦᠨ᠎ᠢ ᠠᠵᠤ ᠠᠬᠤᠢ᠍ᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢ᠍ᠢᠯᠠᠯ᠎ᠳᠤ ᠨᠠᠢᠳᠠᠪᠤᠷᠢᠵᠢᠭᠤᠯᠵᠤ᠂ ᠨᠡᠢᠬᠡᠮ᠎ᠤᠨ ᠲᠠᠭᠠᠳᠭᠠᠯ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ᠂ ᠠᠵᠢᠯ ᠠᠯᠳᠠᠯᠲᠠ᠂ ᠨᠠᠰᠤᠵᠢᠯ᠎ᠤᠨ ᠲᠠᠭᠠᠳᠭᠠᠯ ᠪᠤᠯᠤᠨ ᠤᠨᠴᠠ ᠬᠦᠴᠢᠷᠳᠠᠯᠳᠠᠢ ᠬᠦᠮᠤᠰ᠎ᠲᠤ ᠨᠠᠢᠳᠠᠪᠤᠷᠢᠵᠢᠭᠤᠯᠤᠨ᠎ᠠ᠃ ᠵᠢᠩᠬᠢᠨᠢ ᠨᠡᠷ᠎ᠠ᠎ᠶ᠋ᠢᠨ ᠲᠦᠷᠢᠮ ᠪᠠᠢᠭᠤᠯᠵᠤ᠂ ᠪᠠᠢᠴᠠᠭᠠᠬᠤ ᠲᠠᠩᠰᠠ᠎ᠲᠠᠢ ᠪᠤᠯᠭᠠᠵᠤ᠂ ᠶᠠᠭᠠᠬᠢᠬ᠍ᠰᠠᠨ ᠴᠤ᠌ ᠬᠤᠳᠠᠯ ᠬᠠᠭᠤᠷᠮᠠᠬ ᠬᠢᠵᠤ ᠪᠤᠯᠬᠤ ᠦᠬᠡᠢ᠂ ᠶᠠᠭᠠᠬᠢᠬ᠍ᠰᠠᠨ ᠴᠤ᠌ ᠵᠠᠯᠢᠯᠠᠵᠤ ᠬᠠᠭᠤᠷᠮᠠᠬ᠍ᠯᠠᠵᠤ ᠪᠤᠯᠬᠤ ᠦᠬᠡᠢ᠃ ᠪᠢᠳᠠ ᠢᠮᠠᠬ᠍ᠳᠠ ᠮᠦᠷᠳᠠᠨ ᠪᠠᠢᠴᠠᠭᠠᠵᠤ᠂ ᠨᠡᠢᠬᠡᠮ ᠨᠡᠢᠳᠠ᠎ᠪᠠᠷ᠎ᠢᠶᠠᠨ ᠬᠢᠨᠠᠯᠳᠠ ᠲᠠᠯᠪᠢᠬᠤ᠎ᠶ᠋ᠢ ᠪᠠᠶᠠᠷᠯᠠᠨ ᠤᠬ᠍ᠳᠤᠵᠤ ᠪᠠᠢᠨ᠎ᠠ᠃ ᠪᠢᠳᠡᠨ᠎ᠤ ᠠᠷᠭ᠎ᠠ ᠬᠡᠮᠵᠢᠶ᠎ᠠ ᠠᠪᠤᠭ᠍ᠰᠠᠨ ᠡᠴᠤᠰ᠎ᠤᠨ ᠦᠷ᠎ᠡ ᠳ᠋ᠦᠩ ᠪᠤᠯ ᠵᠠᠬ᠎ᠠ ᠲᠡᠯᠬᠡᠬᠦᠷ᠎ᠤᠨ ᠭᠤᠤᠯ ᠴᠤᠬ᠍ᠴᠠ ᠪᠤᠯᠤᠨ ᠠᠷᠠᠳ ᠲᠦᠮᠡᠨ᠎ᠳᠤ ᠮᠡᠳᠡᠷᠡᠭ᠌ᠳᠡᠬᠦ᠌ ᠶᠠᠪᠤᠳᠠᠯ ᠪᠤᠯᠤᠨ᠎ᠠ᠃ ᠲᠦᠪ᠎ᠤᠨ ᠵᠠᠰᠠᠬ᠎ᠤᠨ ᠤᠷᠳᠤᠨ᠎ᠤ᠎ᠬᠢᠨ ᠡᠨᠡ ᠤᠳᠠᠭ᠎ᠠ ᠲᠠᠭᠠᠭᠤᠯᠤᠨ ᠠᠵᠢᠯᠴᠢ ᠠᠷᠪᠢᠴᠢ᠎ᠪᠠᠷ ᠠᠮᠢᠳᠤᠷᠠᠵᠤ᠂ ᠪᠢᠳᠡ ᠲᠦᠪ᠎ᠤᠨ ᠰᠠᠯᠠᠭ᠎ᠠ ᠮᠦᠴᠢᠷ᠎ᠤᠨ ᠪᠠᠴᠢᠮ ᠭᠡᠷᠡᠭ᠌ᠴᠡᠬᠡᠳᠤ ᠪᠤᠰᠤ ᠵᠠᠷᠤᠯᠭ᠎ᠠ᠎ᠶ᠋ᠢ ᠬᠠᠭᠠᠰ ᠲᠤᠭ᠎ᠠ᠎ᠠᠴᠠ ᠲᠡᠭᠡᠭ᠌ᠰᠢ ᠬᠠᠰᠤᠵᠤ᠂ ᠠᠷᠪᠢᠯᠠᠨ ᠭᠠᠷᠭᠠᠬ᠍ᠰᠠᠨ ᠪᠡᠯᠡ ᠮᠦᠩᠬᠦ᠌᠎ᠶ᠋ᠢ ᠦᠨᠳᠤᠰᠤᠨ ᠱᠠᠳᠤ᠂ ᠠᠵᠤ ᠠᠬᠤᠢ᠍ᠢᠯᠠᠯ ᠪᠤᠯᠤᠨ ᠠᠷᠠᠳ᠎ᠤᠨ ᠠᠮᠢᠳᠤᠷᠠᠯ᠎ᠳᠤ ᠭᠡᠷᠡᠭ᠌ᠯᠠᠨ᠎ᠠ᠃ ᠡᠯ᠎ᠠ ᠱᠠᠳᠤᠨ᠎ᠤ ᠠᠷᠠᠳ᠎ᠤᠨ ᠵᠠᠰᠠᠬ᠎ᠤᠨ ᠤᠷᠳᠤᠨ᠎ᠤ᠎ᠬᠢᠨ ᠴᠦᠮ ᠠᠵᠢᠯᠴᠢ ᠠᠷᠪᠢᠴᠢ᠎ᠪᠠᠷ ᠠᠮᠢᠳᠤᠷᠠᠵᠤ᠂ ᠶᠠᠭᠠᠬᠢᠬ᠍ᠰᠠᠨ ᠴᠤ᠌ ᠬᠡᠯᠪᠡᠷᠢᠴᠢ ᠦᠵᠡᠯ᠎ᠲᠠᠢ ᠪᠠᠢᠵᠤ᠂ ᠵᠤᠭᠤᠰ ᠵᠠᠷᠤᠬᠤ ᠲᠠᠯ᠎ᠠ᠎ᠪᠠᠷ ᠭᠠᠷ ᠶᠡᠭᠡ ᠪᠠᠢᠵᠤ ᠪᠤᠯᠬᠤ ᠦᠬᠡᠢ᠃
    ᠰᠠᠶᠢ ᠪᠢ ᠭᠡᠷᠡᠭ᠌ᠯᠡᠭᠡ᠎ᠶ᠋ᠢ ᠦᠷᠬᠡᠳᠭᠡᠬᠦ᠌᠎ᠶ᠋ᠢ ᠢᠯᠡᠬᠦᠤ ᠶᠠᠷᠢᠬ᠍ᠰᠠᠨ᠂ ᠭᠡᠪᠡᠴᠦ᠍ ᠪᠡᠯᠡ ᠤᠷᠤᠭᠤᠯᠵᠤ ᠪᠤᠯᠬᠤ ᠦᠬᠡᠢ ᠬᠡᠰᠡᠨ ᠶᠠᠪᠤᠳᠠᠯ ᠪᠢᠰᠢ᠂ ᠪᠢᠳᠠ ᠪᠠᠰᠠ ᠪᠦᠳᠤᠮᠵᠢᠳᠠᠢ ᠪᠡᠯᠡ ᠤᠷᠤᠭᠤᠯᠤᠯᠳᠠ᠎ᠶ᠋ᠢ ᠦᠷᠬᠡᠳᠭᠡᠨ᠎ᠡ᠃ ᠡᠨᠡ ᠤᠳᠠᠭ᠎ᠠ ᠤᠷᠤᠨ ᠨᠤᠳᠤᠬ᠎ᠤᠨ ᠲᠤᠰᠭᠠᠢ ᠵᠢᠬᠡᠯᠡᠯᠬᠡ᠎ᠶ᠋ᠢᠨ ᠲᠡᠮᠳᠡᠭ᠌ᠲᠦ᠎ᠶ᠋ᠢ 1.6 ᠳ᠋ᠦᠩᠱᠢᠭᠤᠷ ᠲᠦᠬᠦᠷᠢᠭ ᠱᠢᠨ᠎ᠠ᠎ᠪᠠᠷ ᠨᠡᠮᠡᠭ᠌ᠳᠡᠬᠦᠯᠪᠡ᠂ ᠲᠠᠬᠢᠨ ᠨᠢᠭᠡ ᠪᠦᠯᠦᠭ ᠤᠯᠤᠰ᠎ᠤᠨ ᠵᠢᠬᠡᠯᠡᠯᠬᠡ᠎ᠶ᠋ᠢ ᠨᠡᠮᠡᠵᠤ ᠪᠤᠳᠤᠪᠠᠯ᠂ 2 ᠲᠦᠮᠡᠨ ᠳ᠋ᠦᠩᠱᠢᠭᠤᠷ ᠲᠦᠬᠦᠷᠢᠭ᠎ᠤᠨ ᠬᠡᠪᠴᠢᠶ᠎ᠠ᠎ᠲᠠᠢ᠂ ᠡᠨᠡ᠎ᠨᠢ ᠬᠡᠪᠴᠢᠶᠠᠵᠢᠯ᠎ᠤᠨ ᠴᠢᠨᠠᠷᠳᠠᠢ ᠲᠦᠷᠤ᠎ᠶ᠋ᠢᠨ ᠪᠤᠳᠤᠯᠭ᠎ᠠ᠎ᠳᠤ ᠵᠠᠭᠤᠨ᠎ᠤ ᠬᠤᠷᠢ᠎ᠠᠴᠠ ᠭᠤᠴᠢ᠎ᠶ᠋ᠢ ᠡᠵᠡᠯᠡᠭ᠌ᠰᠡᠨ ᠪᠠᠢᠨ᠎ᠠ᠃ ᠪᠢᠳᠡᠨ᠎ᠤ ᠪᠡᠯᠡ ᠤᠷᠤᠭᠤᠯᠤᠯᠳᠠ᠎ᠶ᠋ᠢᠨ ᠭᠤᠤᠯᠳᠠᠯᠭ᠎ᠠ᠎ᠨᠢ 《ᠬᠤᠶᠠᠷ ᠱᠢᠨ᠎ᠠ ᠨᠢᠭᠡ ᠭᠤᠤᠯᠳᠠᠯᠭ᠎ᠠ》 ᠪᠤᠯᠤᠨ᠎ᠠ᠂ ᠲᠠᠷᠤᠢ ᠱᠢᠨ᠎ᠠ ᠬᠡᠯᠪᠡᠷᠢ᠎ᠶ᠋ᠢᠨ ᠰᠠᠭᠤᠷᠢ ᠲᠦᠬᠦᠬᠡᠷᠤᠮᠵᠢ᠂ ᠱᠢᠨ᠎ᠠ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠪᠤᠯᠤᠨ ᠤᠯᠤᠰ᠎ᠤᠨ ᠡᠳ᠋᠎ᠤᠨ ᠵᠠᠰᠠᠬ ᠪᠠ ᠠᠷᠡᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠲᠦᠷᠤᠯ ᠵᠦᠢᠯ ᠪᠤᠯᠤᠨ᠎ᠠ᠂ ᠲᠡᠬᠡᠬᠦ᠌ ᠮᠦᠷᠳᠡᠭᠡᠨ ᠦᠬᠡᠷᠡᠴᠢᠯᠠᠯᠳᠠ᠎ᠶ᠋ᠢᠨ ᠠᠷᠭ᠎ᠠ᠎ᠪᠠᠷ ᠡᠳᠡᠬᠡᠷ ᠪᠡᠯᠡ ᠮᠦᠩᠬᠦ᠌᠎ᠪᠠᠷ ᠨᠡᠢᠬᠡᠮ᠎ᠤᠨ ᠪᠡᠯᠡ ᠮᠦᠩᠬᠦᠨ᠎ᠤ ᠤᠷᠤᠭᠤᠯᠤᠯᠳᠠ᠎ᠶ᠋ᠢ ᠲᠠᠢᠴᠢᠯᠠᠨ᠎ᠠ᠃ ᠲᠦᠷᠤᠯ ᠵᠦᠢᠯ᠎ᠨᠢ ᠦᠷ᠎ᠠ ᠠᠱᠢᠭ᠎ᠲᠠᠢ ᠪᠠᠢᠬᠤ ᠭᠡᠷᠡᠭ᠌ᠳᠠᠢ᠂ ᠠᠱᠢᠬ ᠤᠷᠤᠯᠭ᠎ᠠ᠎ᠲᠠᠢ ᠪᠠᠢᠬᠤ ᠭᠡᠷᠡᠭ᠌ᠳᠠᠢ᠂ ᠱᠢᠨᠵᠢᠯᠡᠬᠦ᠌ ᠤᠬᠠᠭᠠᠨᠴᠢ ᠮᠠᠭᠠᠳᠯᠠᠯ ᠬᠢᠵᠤ᠂ ᠵᠢᠮ᠎ᠠ ᠶᠤᠰᠤ᠎ᠪᠠᠷ ᠠᠵᠢᠯ᠎ᠢᠶᠠᠨ ᠬᠢᠵᠤ᠂ ᠠᠷᠬᠠᠬ ᠬᠡᠮ ᠦᠯᠡᠳᠡᠬᠡᠵᠤ ᠪᠤᠯᠬᠤ ᠦᠬᠡᠢ᠃
    ᠳᠤᠮᠳᠠᠳᠤ ᠤᠯᠤᠰ᠎ᠤᠨ ᠴᠠᠬ ᠰᠤᠨᠢᠨ᠎ᠤ ᠰᠤᠷᠪᠤᠯᠵᠢᠯᠠᠬ᠍ᠴᠢ᠄ ᠡᠨᠡ ᠵᠢᠯ᠎ᠤᠨ ᠬᠤᠶᠠᠷ ᠬᠤᠷᠠᠯ᠎ᠨᠢ ᠬᠢᠵᠢᠭ᠎ᠤᠨ ᠪᠠᠢᠳᠠᠯ᠎ᠠᠴᠠ ᠪᠤᠯᠵᠤ ᠬᠤᠢᠱᠢᠯᠠᠭᠤᠯᠤᠨ 5 ᠰᠠᠷ᠎ᠠ᠎ᠳᠤ ᠬᠢᠪᠠ᠂ ᠡᠨᠡ ᠬᠦ᠌ ᠴᠠᠬ᠎ᠨᠢ 《5 · 20》 ᠎ᠲᠠᠢ ᠶᠡᠭᠡ ᠤᠢ᠍ᠢᠷᠠᠬᠠᠨ ᠪᠤᠯᠪᠠ᠃ ᠳᠤᠮᠳᠠᠳᠤ ᠤᠯᠤᠰ᠎ᠤᠨ ᠠᠷᠠᠳᠴᠢᠯᠠᠯ ᠲᠠᠪᠱᠢᠯᠳᠠ ᠨᠠᠮ ᠦᠷᠬᠦᠯᠵᠢᠯᠠᠨ ᠡᠷᠬᠡ ᠪᠠᠷᠢᠬ᠍ᠰᠠᠨ ᠪᠠᠢᠳᠠᠯ ᠲᠤᠤᠷ᠎ᠠ᠂ ᠢᠷᠡᠬᠡᠳᠤᠢ᠎ᠳᠤ ᠡᠬᠡ ᠬᠠᠭᠤᠷᠠᠢ᠎ᠶ᠋ᠢᠨ ᠲᠠᠢᠸᠠᠨ᠎ᠳᠠᠬᠢ ᠲᠦᠷᠤ᠎ᠶ᠋ᠢᠨ ᠪᠤᠳᠤᠯᠭ᠎ᠠ᠎ᠶ᠋ᠢᠨ ᠶᠠᠷᠤᠩᠬᠡᠢ ᠪᠤᠳᠤᠯᠬᠢᠯᠠᠯ᠎ᠨᠢ ᠶᠠᠮᠠᠷ ᠪᠤᠢ? ᠢᠷᠡᠬᠡᠳᠤᠢ᠎ᠳᠤ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠬᠠᠷᠢᠴᠠᠭ᠎ᠠ᠎ᠶ᠋ᠢᠨ ᠬᠦᠭ᠌ᠵᠢᠯᠳᠠ᠎ᠶ᠋ᠢ ᠬᠡᠷᠬᠢᠨ ᠦᠷᠬᠦᠯᠵᠢᠯᠠᠨ ᠠᠬᠢᠭᠤᠯᠬᠤ ᠪᠤᠢ?
    ᠯᠢ ᠺᠧ ᠴᠢᠶᠠᠩ᠄ ᠪᠢᠳᠠ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠨᠢᠬᠡᠨᠳᠠ ᠶᠠᠷᠢᠵᠠᠢ᠂ ᠪᠢᠳᠡᠨ᠎ᠤ ᠲᠠᠢᠸᠠᠨ᠎ᠳᠠᠬᠢ ᠶᠠᠷᠤᠩᠬᠡᠢ ᠪᠤᠳᠤᠯᠭ᠎ᠠ ᠴᠢᠭ᠌ᠯᠡᠯᠳᠠ ᠪᠤᠯ ᠬᠤᠪᠢᠷᠠᠰᠢ ᠦᠭᠡᠢ ᠶᠤᠮ᠂ ᠮᠦᠨ ᠴᠤ᠌ ᠲᠡᠯᠡᠬᠡᠢ ᠨᠡᠢᠲᠡ᠎ᠪᠠᠷ᠎ᠢᠶᠠᠨ ᠨᠡᠢᠳᠡᠮ ᠮᠡᠳᠡᠷᠡᠵᠤ ᠪᠠᠢᠨ᠎ᠠ᠃ ᠨᠢᠬᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠳᠠᠯᠠᠵᠤ᠂ 《ᠶᠡᠷᠡᠨ ᠬᠤᠶᠠᠷ ᠤᠨ᠎ᠤ ᠬᠠᠮᠳᠤ᠎ᠶ᠋ᠢᠨ ᠲᠠᠨᠢᠯᠳᠠ》 ᠎ᠶ᠋ᠢ ᠪᠠᠷᠢᠮᠳᠠᠯᠠᠵᠤ᠂ 《ᠲᠠᠢᠸᠠᠨ᠎ᠢ ᠲᠤᠰᠠᠭᠠᠷ ᠲᠤᠭ᠍ᠳᠠᠨᠢᠭᠤᠯᠬᠤ》 ᠎ᠶ᠋ᠢ ᠡᠷᠡᠰ ᠡᠰᠡᠷᠬᠦᠴᠡᠨ᠎ᠠ᠃ ᠡᠨᠡ ᠬᠦ᠌ ᠤᠯᠤᠰ ᠲᠦᠷᠤ᠎ᠶ᠋ᠢᠨ ᠰᠠᠭᠤᠷᠢ ᠲᠡᠭᠡᠷ᠎ᠠ᠂ ᠪᠢᠳᠠ ᠲᠤᠷᠠᠳᠠᠶ᠎ᠠ ᠲᠠᠢᠸᠠᠨ᠎ᠤ ᠡᠯ᠎ᠠ ᠨᠠᠮ ᠪᠦᠯᠦᠭ᠂ ᠪᠦᠯᠬᠦᠮ ᠨᠢᠬᠡᠴᠢ ᠪᠤᠯᠤᠨ ᠡᠳᠡᠬᠡᠳ᠎ᠲᠠᠢ ᠬᠤᠶᠠᠷ ᠬᠦᠪᠡᠬᠡᠨ᠎ᠤ ᠬᠠᠷᠢᠴᠠᠭ᠎ᠠ ᠪᠤᠯᠤᠨ ᠦᠨᠳᠤᠰᠤᠳᠠᠨ᠎ᠤ ᠢᠷᠡᠬᠡᠳᠤᠢ᠎ᠶ᠋ᠢᠨ ᠲᠤᠬᠠᠢ ᠶᠠᠷᠢᠯᠴᠠᠨ ᠵᠦᠪᠳᠡᠯᠴᠠᠵᠤ᠂ ᠬᠤᠶᠠᠷ ᠬᠦᠪᠡᠬᠡᠨ᠎ᠤ ᠡᠩᠬᠡ ᠲᠠᠢᠪᠤᠩ ᠬᠦᠭ᠌ᠵᠢᠯᠲᠡ᠎ᠶ᠋ᠢ ᠠᠬᠢᠭᠤᠯᠤᠨ᠎ᠠ᠂ ᠲᠤᠷᠠᠳᠠᠶ᠎ᠠ ᠬᠠᠮᠤᠬ᠎ᠤᠨ ᠴᠢᠩ ᠦᠨᠡᠨᠴᠢ ᠰᠡᠳᠭᠢᠯᠬᠡ᠎ᠪᠠᠷ᠂ ᠪᠠᠢᠳᠠᠬ ᠴᠢᠳᠠᠯ᠎ᠢᠶᠠᠷ᠎ᠢᠶᠠᠨ ᠴᠢᠷᠮᠠᠢᠵᠤ ᠪᠠᠢᠭᠠᠳ ᠡᠬᠡ ᠤᠯᠤᠰ᠎ᠤᠨ ᠨᠠᠢᠷᠠᠮᠳᠠᠯ᠎ᠢᠶᠠᠷ ᠨᠢᠭᠡᠳᠭᠡᠬᠦ᠌᠎ᠶ᠋ᠢ ᠪᠡᠶᠡᠯᠡᠬᠦᠯᠤᠨ᠎ᠠ᠃ ᠲᠠᠢᠸᠠᠨ᠎ᠤ ᠠᠰᠠᠭᠤᠳᠠᠯ ᠪᠤᠯ ᠳᠤᠮᠳᠠᠳᠤ ᠤᠯᠤᠰ᠎ᠤᠨ ᠳᠤᠳᠤᠭᠠᠳᠤ ᠶᠠᠪᠤᠳᠠᠯ᠂ ᠪᠢᠳᠠ ᠭᠠᠳᠠᠭᠠᠳᠤ᠎ᠶ᠋ᠢᠨ ᠭᠠᠷ ᠲᠦᠷᠤᠯᠳᠠ᠎ᠶ᠋ᠢ ᠡᠰᠡᠷᠬᠦᠴᠡᠭ᠌ᠰᠡᠭᠡᠷ ᠢᠷᠡᠭ᠌ᠰᠡᠨ ᠶᠤᠮ᠃ ᠳᠤᠮᠳᠠᠳᠤ᠎ᠶ᠋ᠢᠨ ᠦᠨᠳᠤᠰᠤᠳᠠᠨ ᠦᠪᠡᠷ᠎ᠤᠨ ᠶᠠᠪᠤᠳᠠᠯ᠎ᠢᠶᠠᠨ ᠱᠢᠢᠳᠪᠤᠷᠢᠯᠡᠬᠦ᠌ ᠤᠶᠤᠨ ᠤᠬᠠᠭᠠᠨ ᠪᠤᠯᠤᠨ ᠴᠢᠳᠠᠪᠤᠷᠢ᠎ᠲᠠᠢ ᠶᠤᠮ᠃
    ᠲᠠᠢᠸᠠᠨ᠎ᠤ ᠠᠬ᠎ᠠ ᠲᠡᠬᠦᠤ ᠨᠠᠷ ᠪᠤᠯ ᠴᠢᠰᠤ ᠮᠢᠬᠠᠨ᠎ᠤ ᠪᠠᠷᠢᠯᠳᠤᠯᠭ᠎ᠠ᠎ᠲᠠᠢ ᠠᠬᠠᠨ ᠲᠡᠬᠦᠤᠰ ᠶᠤᠮ᠂ ᠪᠢᠳᠠ ᠲᠠᠢᠸᠠᠨ᠎ᠤ ᠠᠬ᠎ᠠ ᠲᠡᠬᠦᠤ ᠨᠠᠷ᠎ᠤᠨ ᠪᠤᠶᠠᠨ ᠵᠢᠷᠭᠠᠯ᠎ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠬ᠍ᠰᠠᠭᠠᠷ ᠢᠷᠡᠪᠠ᠃ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠲᠠᠷᠠᠭ᠎ᠠ᠂ ᠤᠯᠠᠨ᠎ᠤ ᠬᠠᠮᠳᠤ᠎ᠶ᠋ᠢᠨ ᠴᠢᠷᠮᠠᠢᠯᠭ᠎ᠠ᠎ᠪᠠᠷ᠂ ᠲᠠᠢᠸᠠᠨ᠎ᠤ ᠠᠬ᠎ᠠ ᠲᠡᠬᠦᠤ ᠨᠠᠷ ᠡᠬᠡ ᠬᠠᠭᠤᠷᠠᠢ᠎ᠳᠤ ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ ᠬᠠᠯᠳᠠᠪᠤᠷᠢᠯᠠᠬ᠍ᠰᠠᠨ᠎ᠠᠴᠠ ᠪᠤᠯᠵᠤ ᠠᠮᠢ ᠨᠠᠰᠤ᠎ᠪᠠᠨ ᠠᠯᠳᠠᠬ᠍ᠰᠠᠨ ᠵᠢᠱ᠌ᠢᠶ᠎ᠠ ᠭᠠᠷᠤᠬ᠍ᠰᠠᠨ ᠦᠬᠡᠢ᠃ ᠬᠢᠵᠢᠭ᠎ᠤᠨ ᠪᠠᠢᠳᠠᠯ᠎ᠤᠨ ᠡᠮᠦᠨ᠎ᠡ᠂ ᠪᠢᠳᠡ ᠲᠠᠢᠸᠠᠨ ᠬᠤᠭᠤᠯᠠᠢ᠎ᠶ᠋ᠢᠨ ᠬᠤᠶᠠᠷ ᠬᠦᠪᠡᠬᠡᠨ᠎ᠤ ᠠᠬ᠎ᠠ ᠲᠡᠬᠦᠤ ᠨᠠᠷ᠎ᠤᠨ ᠠᠮᠤᠷ ᠠᠮᠤᠭᠤᠯᠠᠩ ᠡᠷᠡᠭᠦᠯ ᠮᠡᠨᠳᠦ ᠪᠠᠢᠬᠤ᠎ᠶ᠋ᠢ ᠲᠠᠭᠠᠳᠭᠠᠵᠤ ᠪᠠᠢᠨ᠎ᠠ᠃
    ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ᠄ ᠡᠨᠡ ᠵᠢᠯ ᠲᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ ᠬᠤᠲᠠ ᠪᠠᠯᠭᠠᠰᠤᠨ᠎ᠤ ᠱᠢᠨ᠎ᠡ᠎ᠪᠠᠷ ᠠᠵᠢᠯ ᠣᠯᠭᠤᠬᠤ ᠬᠠᠷᠠᠯᠲᠠ᠎ᠶ᠋ᠢ ᠲᠤᠤᠷ᠎ᠠ ᠪᠤᠯᠭᠠᠵᠤ᠂ ᠬᠤᠲᠠ ᠪᠠᠯᠭᠠᠰᠤᠨ᠎ᠳᠤ ᠪᠠᠢᠴᠠᠭᠠᠯᠳᠠ ᠬᠢᠭ᠌ᠰᠡᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ ᠦᠨᠳᠦᠷ ᠪᠤᠯᠭᠠᠪᠠ᠃ ᠠᠵᠢᠯ ᠣᠯᠭᠤᠯᠲᠠ᠎ᠶ᠋ᠢᠨ ᠬᠦᠨᠳᠦ ᠬᠡᠴᠡᠭᠦᠤ ᠪᠠᠢᠳᠠᠯ᠎ᠤᠨ ᠡᠮᠦᠨ᠎ᠡ᠂ ᠵᠠᠰᠠᠭ᠎ᠤᠨ ᠣᠷᠳᠣᠨ ᠠᠵᠢᠯ ᠠᠯᠳᠠᠬᠤ ᠤᠷᠤᠰᠭᠠᠯ᠎ᠢ ᠬᠡᠷᠬᠢᠨ ᠬᠤᠷᠢᠬ᠍ᠯᠠᠬᠤ ᠪᠣᠶ? ᠣᠶᠤᠲᠠᠨ ᠪᠠ ᠬᠥᠯᠥᠰᠥᠨ ᠠᠵᠢᠯᠴᠢᠨ᠎ᠢ ᠬᠡᠷᠬᠢᠨ ᠬᠠᠪᠰᠤᠷᠴᠤ᠌ ᠠᠵᠢᠯ ᠤᠯᠭᠤᠬᠤ ᠪᠤᠢ?
    ᠯᠢ ᠺᠧ ᠴᠢᠶᠠᠩ᠄ ᠡᠨᠡ ᠵᠢᠯ ᠪᠢᠳᠡ ᠬᠤᠲᠠ ᠪᠠᠯᠭᠠᠰᠤᠨ᠎ᠤ 900 ᠲᠦᠮᠡ᠎ᠠᠴᠠ ᠳᠡᠭᠡᠭ᠌ᠰᠢ ᠬᠥᠮᠦᠨ᠎ᠳᠤ ᠱᠢᠨ᠎ᠡ᠎ᠪᠠᠷ ᠠᠵᠢᠯ ᠣᠯᠭᠤᠬᠤ᠎ᠪᠠᠷ ᠲᠣᠭ᠍ᠲᠠᠪᠠ᠂ ᠦᠨᠡᠬᠡᠷ ᠨᠢᠳᠤᠨᠤᠨ᠎ᠤ᠎ᠬᠢ᠎ᠠᠴᠠ ᠳᠣᠤᠷ᠎ᠠ ᠪᠠᠢᠨ᠎ᠠ᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠵᠣᠬᠢᠬᠤ ᠬᠡᠮᠵᠢᠶᠡᠨ᠎ᠤ ᠠᠵᠤ ᠠᠬᠤᠶ᠎ᠶ᠋ᠢᠨ ᠨᠡᠮᠡᠭ᠌ᠳᠡᠯ᠎ᠢᠶᠠᠷ ᠳᠤᠯᠭᠠᠭᠤᠷᠢᠯᠠᠬᠤ ᠬᠡᠷᠡᠭ᠌ᠲᠡᠶ᠃ ᠪᠢᠳᠡ ᠬᠤᠲᠠ ᠪᠠᠯᠭᠠᠰᠤᠨ᠎ᠳᠤ ᠪᠠᠢᠴᠠᠭᠠᠯᠳᠠ ᠬᠢᠭ᠌ᠰᠡᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 6% ᠣᠷᠴᠢᠮ᠎ᠢᠶᠠᠷ ᠲᠣᠭ᠍ᠲᠠᠭᠠᠪᠠ᠃ ᠡᠨᠡ ᠵᠢᠯ᠎ᠤᠨ 4 ᠰᠠᠷ᠎ᠠ᠎ᠳᠤ ᠬᠤᠳᠠ ᠪᠠᠯᠭᠠᠰᠤᠨ᠎ᠳᠤ ᠪᠠᠢᠴᠠᠭᠠᠯᠳᠠ ᠬᠢᠭ᠌ᠰᠡᠨ ᠠᠵᠢᠯ ᠠᠯᠳᠠᠯᠲᠠ᠎ᠶ᠋ᠢᠨ ᠨᠤᠷᠮ᠎ᠠ ᠨᠢᠭᠡᠨᠲᠡ 6 % ᠬᠦᠷᠴᠡᠢ᠂ ᠪᠢᠳᠡ ᠢᠩᠭᠢᠵᠦ᠍ ᠬᠢᠵᠤ ᠪᠠᠢᠭ᠎ᠠ᠎ᠨᠢ ᠪᠠᠰᠠ ᠴᠤ᠌ ᠦᠨᠡᠨ᠎ᠠᠴᠠ ᠵᠥᠪ᠎ᠢ ᠡᠷᠢᠵᠦ᠍ ᠪᠠᠢᠭ᠎ᠠ ᠶᠠᠪᠤᠳᠠᠯ ᠪᠣᠯᠤᠨ᠎ᠠ᠃
    ᠠᠵᠢᠯ ᠣᠯᠭᠤᠯᠲᠠ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠶᠡᠭᠡ ᠶᠠᠪᠤᠳᠠᠯ ᠮᠥᠨ᠂ ᠨᠢᠭᠡ ᠭᠡᠷ ᠪᠦᠯᠢ᠎ᠳᠤ ᠠᠪᠴᠤ᠌ ᠬᠡᠯᠡᠪᠡᠯ ᠲᠦᠢᠯ᠎ᠤᠨ ᠴᠢᠬᠤᠯᠠ ᠶᠠᠪᠤᠳᠠᠯ ᠪᠤᠯᠤᠨ᠎ᠠ᠃ ᠡᠨᠡ ᠬᠡᠳᠦᠨ ᠡᠳᠦᠷ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠦᠯᠡᠳᠡᠭᠡᠭ᠌ᠰᠡᠨ ᠦᠭᠡ᠎ᠶ᠋ᠢ ᠦᠵᠡᠯ᠎ᠡ᠂ ᠪᠠᠷᠤᠭ ᠭᠤᠷᠪᠠᠨ᠎ᠤ ᠨᠢᠭᠡ ᠬᠤᠪᠢ᠎ᠨᠢ ᠴᠥᠮ ᠠᠵᠢᠯ ᠤᠯᠬᠤ ᠲᠤᠬᠠᠶ ᠶᠠᠷᠢᠭ᠍ᠰᠠᠨ ᠶᠤᠮ᠃ ᠲᠡᠭᠦᠨ᠎ᠤ ᠳᠣᠲᠣᠷᠠᠬᠢ ᠨᠢᠭᠡ 50 ᠭᠠᠷᠤᠭ᠍ᠰᠠᠨ ᠬᠦᠯᠦᠰᠦᠨ ᠠᠵᠢᠯᠴᠢᠨ᠂ ᠭᠠᠳᠠᠨ᠎ᠠ 30 ᠭᠠᠷᠤᠶ ᠵᠢᠯ ᠬᠥᠯᠥᠰᠥᠨ ᠠᠵᠢᠯ ᠬᠢᠵᠦ᠍᠂ ᠵᠢᠯ ᠪᠦᠷᠢ ᠡᠢᠮᠦ᠍ ᠯᠡ ᠪᠠᠢᠳᠠᠭ᠂ ᠭᠡᠪᠡᠴᠦ᠍ ᠡᠨᠡ ᠵᠢᠯ ᠠᠵᠢᠯ ᠣᠯᠤᠭ᠎ᠠ ᠦᠭᠡᠢ ᠪᠠᠢᠭ᠍ᠰᠠᠭᠠᠷ᠂ ᠪᠦᠬᠦ᠌ ᠭᠡᠷ᠎ᠢᠶᠠᠷ᠎ᠢᠶᠠᠨ ᠬᠦᠴᠢᠷᠳᠡᠯ᠎ᠳᠤ ᠲᠤᠯᠭᠠᠷᠠᠪᠠ ᠬᠡᠵᠦ᠍ ᠶᠠᠷᠢᠯ᠎ᠠ᠃ ᠪᠠᠰᠠ ᠵᠠᠷᠢᠮ ᠬᠤᠪᠢ᠎ᠶ᠋ᠢᠨ ᠦᠶᠯᠡᠳᠪᠦᠷᠢ ᠬᠤᠳᠠᠯᠳᠤᠭᠠᠨ᠎ᠤ ᠡᠷᠦᠬᠡ ᠬᠡᠳᠦᠨ ᠰᠠᠷ᠎ᠠ ᠡᠭᠦᠳᠡ᠎ᠪᠠᠨ ᠬᠠᠭᠠᠵᠠᠶ᠃ ᠵᠠᠷᠢᠮ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠤᠳᠤ ᠪᠤᠯᠳᠠᠯ᠎ᠠ ᠵᠠᠬᠢᠶᠠᠯᠠᠭ᠎ᠠ᠎ᠶ᠋ᠢᠨ ᠬᠠᠭᠤᠳᠠᠰᠤ ᠦᠭᠡᠢ᠂ ᠠᠵᠢᠯᠳᠠᠨ᠎ᠤ ᠠᠵᠢᠯ ᠤᠯᠬᠤ᠎ᠶ᠋ᠢ ᠨᠥᠯᠥᠭᠡᠯᠡᠵᠦ᠍ ᠪᠠᠢᠨ᠎ᠠ᠃ ᠳᠡᠳᠡᠨ᠎ᠤ ᠬᠦᠴᠢᠷᠳᠡᠯ᠎ᠢ ᠪᠢᠳᠡ ᠠᠪᠤᠷᠠᠨ ᠲᠤᠰᠠᠯᠠᠬᠤ ᠬᠡᠷᠡᠭ᠌ᠲᠡᠶ᠂ ᠭᠡᠪᠡᠴᠦ᠍ ᠦᠨᠳᠦᠰᠦᠨ᠎ᠠᠴᠠ᠎ᠨᠢ ᠠᠪᠴᠤ᠌ ᠬᠡᠯᠡᠪᠡᠯ ᠬᠠᠱᠢᠯᠠ ᠳᠡᠳᠡᠨ᠎ᠢ ᠬᠠᠪᠰᠤᠷᠴᠤ᠌ ᠠᠵᠢᠯ ᠣᠯᠭᠤᠬᠤ ᠬᠡᠷᠡᠭ᠌ᠲᠡᠶ᠃ ᠳᠤᠮᠳᠠᠳᠤ ᠤᠯᠤᠰ᠎ᠲᠤ 9 ᠳ᠋ᠦᠩᠱᠢᠭᠤᠷ ᠬᠥᠳᠡᠯᠮᠦᠷᠢ ᠬᠦᠴᠦᠨ᠎ᠲᠠᠢ᠂ ᠠᠵᠢᠯ ᠣᠯᠤᠭ᠍ᠰᠠᠨ ᠦᠭᠡᠢ ᠪᠣᠯ 9 ᠳ᠋ᠦᠩᠱᠢᠭᠤᠷ ᠬᠦᠮᠦᠨ ᠵᠦᠪᠬᠡᠨ ᠬᠤᠭᠤᠯᠠ ᠢᠳᠡᠬᠦ᠌ ᠪᠤᠯᠤᠨ᠎ᠠ; ᠠᠵᠢᠯ ᠤᠯᠪᠠᠯ 9 ᠳ᠋ᠦᠩᠱᠢᠭᠤᠷ ᠬᠤᠣᠰ ᠭᠠᠷ᠎ᠢᠶᠠᠷ ᠲᠣᠮᠣ ᠡᠳ᠋ ᠪᠠᠶᠠᠯᠢᠭ ᠪᠦᠲᠦᠭᠡᠵᠦ᠍ ᠴᠢᠳᠠᠨ᠎ᠠ᠃
    ᠣᠳᠣ ᠪᠠᠢᠭ᠎ᠠ ᠠᠵᠢᠯ᠎ᠤᠨ ᠪᠠᠢᠷᠢ᠎ᠪᠠᠨ ᠲᠣᠭ᠍ᠲᠠᠪᠤᠷᠢᠵᠢᠭᠤᠯᠬᠤ᠎ᠶ᠋ᠢᠨ ᠲᠥᠯᠥᠭᠡ᠂ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠯᠡᠵᠦ᠍ ᠪᠤᠯᠬᠤ ᠯᠡ ᠶᠤᠮ ᠪᠤᠯ ᠬᠡᠷᠡᠭ᠌ᠯᠡᠵᠦ᠍᠂ ᠪᠡᠯᠡ ᠣᠷᠣᠭᠤᠯᠤᠭ᠍ᠰᠠᠨ ᠵᠣᠭᠤᠰ ᠴᠤ᠌ ᠬᠠᠮᠤᠭ᠎ᠤᠨ ᠠᠷᠪᠢᠨ ᠭᠡᠵᠦ᠍ ᠬᠡᠯᠡᠵᠦ᠍ ᠪᠣᠯᠤᠨ᠎ᠠ᠃ ᠮᠠᠨ᠎ᠤ ᠬᠡᠪᠴᠢᠶᠡᠵᠢᠯ᠎ᠤᠨ ᠴᠢᠨᠠᠷᠲᠠᠶ ᠲᠦᠷᠦ᠎ᠶ᠋ᠢᠨ ᠪᠤᠳᠤᠯᠭ᠎ᠠ᠎ᠶ᠋ᠢᠨ ᠪᠡᠯᠡ ᠮᠥᠩᠭᠦ᠎ᠶ᠋ᠢ ᠦᠨᠳᠦᠰᠦᠨ ᠱᠠᠲᠤᠨ᠎ᠳᠤ ᠭᠠᠢᠯᠢ᠎ᠠᠴᠠ ᠬᠡᠯᠳᠦᠷᠢᠬᠦᠯᠵᠦ᠍ ᠰᠦᠶᠳᠭᠡᠯ᠎ᠢ ᠪᠠᠭᠤᠷᠠᠭᠤᠯᠬᠤ᠎ᠳᠤ ᠬᠡᠷᠡᠭ᠌ᠯᠡᠬᠦ᠌᠎ᠶ᠋ᠢ ᠵᠥᠪᠱᠢᠶᠡᠷᠡᠬᠦ᠌ ᠪᠥᠭᠡᠳ ᠠᠵᠤ ᠠᠬᠤᠢᠯᠠᠯ᠎ᠤᠨ ᠭᠡᠷ᠎ᠤᠨ ᠲᠦᠷᠢᠶᠡᠰᠦ᠎ᠶ᠋ᠢ ᠬᠥᠩᠭᠡᠯᠡᠬᠦ᠂ ᠬᠦᠤ ᠮᠥᠩᠭᠦ᠌ ᠨᠥᠬᠦᠪᠥᠷᠢᠯᠡᠬᠦ᠌᠎ᠳᠤ ᠬᠡᠷᠡᠭ᠌ᠯᠡᠬᠦ᠌᠎ᠶ᠋ᠢ ᠵᠥᠪᠱᠢᠶᠡᠷᠡᠨ᠎ᠡ᠃ ᠡᠢᠮᠦᠷᠬᠦᠦ ᠠᠷᠭ᠎ᠠ ᠬᠡᠮᠵᠢᠶ᠎ᠡ ᠠᠪᠬᠤ᠎ᠨᠢ ᠳᠠᠷᠤᠶ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠠᠵᠢᠯ᠎ᠤᠨ ᠪᠠᠢᠷᠢ᠎ᠶ᠋ᠢ ᠪᠠᠲᠤᠯᠠᠵᠤ ᠴᠢᠳᠠᠬᠤ ᠮᠥᠷᠲᠡᠭᠡᠨ ᠲᠥᠪ ᠭᠤᠣᠯᠴᠢ ᠵᠦᠢ ᠵᠣᠬᠢᠰᠲᠠᠢ ᠪᠠᠢᠳᠠᠭ᠃ ᠪᠢᠳᠡ ᠪᠠᠰᠠ ᠠᠵᠤ ᠠᠬᠤᠢᠯᠠᠯ᠎ᠢ ᠲᠤᠰᠠᠯᠠᠵᠤ ᠪᠠᠢᠭᠠᠳ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠠᠪᠴᠤ᠌᠂ ᠡᠨᠡ ᠵᠢᠯ ᠪᠠ ᠢᠷᠡᠬᠦ᠌ ᠵᠢᠯ᠎ᠳᠤ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠳ᠋ᠦᠩᠨᠡᠨ ᠬᠠᠳᠠᠭᠠᠯᠠᠭ᠍ᠰᠠᠨ ᠪᠠᠯᠠ ᠮᠥᠩᠭᠦ᠎ᠪᠠᠷ ᠳᠠᠮᠵᠢᠨ 3500 ᠲᠦᠮᠡᠨ ᠬᠥᠮᠦᠨ ᠤᠳᠠᠭ᠎ᠠ᠎ᠳᠤ ᠠᠵᠢᠯ᠎ᠤᠨ ᠪᠠᠢᠷᠢ᠎ᠶ᠋ᠢᠨ ᠪᠤᠯᠪᠠᠰᠤᠷᠠᠯ ᠬᠢᠵᠦ᠍᠂ ᠲᠡᠳᠡᠨ᠎ᠳᠤ ᠨᠠᠮᠳᠠᠭᠤᠯᠬᠤ ᠲᠣᠬᠢᠶᠠᠯ ᠤᠯᠭᠤᠨ᠎ᠠ᠃ ᠠᠵᠢᠯ ᠠᠯᠳᠠᠴᠢᠬᠠᠯ᠎ᠠ ᠴᠤ᠌ ᠭᠡᠰᠡᠨ ᠲᠡᠳᠡᠠ᠎ᠢ ᠣᠬᠤᠷᠬᠠᠨ ᠬᠤᠭᠤᠴᠠᠭᠠᠨ᠎ᠤ ᠳᠣᠲᠣᠷ᠎ᠠ ᠲᠡᠬᠢᠠ ᠠᠵᠢᠯ ᠤᠯᠬᠤ ᠲᠣᠬᠢᠶᠠᠯ᠎ᠲᠠᠢ ᠪᠣᠯᠭᠠᠬᠤ᠎ᠪᠠᠷ ᠴᠢᠷᠮᠠᠢᠬᠤ ᠬᠡᠷᠡᠭ᠌ᠲᠡᠶ᠃
    ᠡᠭᠦᠨ᠎ᠤ ᠬᠠᠮᠲᠤ ᠪᠠᠰᠠ ᠨᠡᠩ ᠤᠯᠠᠨ ᠱᠢᠨ᠎ᠡ ᠠᠵᠢᠯ᠎ᠤᠨ ᠪᠠᠢᠷᠢ᠎ᠶ᠋ᠢ ᠪᠤᠢ ᠪᠤᠯᠭᠠᠨ᠎ᠠ᠃ ᠤᠳᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠥᠷᠨᠢᠨ ᠬᠥᠭ᠌ᠵᠢᠵᠦ᠍᠂ ᠪᠠᠷᠤᠭ 1 ᠳ᠋ᠦᠩᠱᠢᠭᠤᠷ ᠬᠥᠮᠦᠨ ᠠᠵᠢᠯ ᠣᠯᠪᠠ᠃ ᠮᠠᠨ᠎ᠤ ᠡᠳᠦᠷ᠎ᠤᠨ ᠬᠦᠴᠦᠨ᠎ᠤ ᠠᠵᠤ ᠠᠬᠤᠶ ᠴᠤ᠌ 2 ᠳ᠋ᠦᠩᠱᠢᠭᠤᠷ ᠬᠥᠮᠦᠨ᠎ᠳᠤ ᠠᠵᠢᠯ ᠤᠯᠭᠤᠪᠠ᠃ ᠨᠠᠩ ᠣᠯᠠᠨ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ ᠠᠪᠴᠤ᠌᠂ ᠲᠡᠷᠡᠴᠢᠯᠡᠨ ᠲᠡᠳᠡᠭᠡᠷ ᠵᠦᠶ ᠵᠤᠬᠢᠰ ᠦᠭᠡᠢ ᠬᠡᠪ ᠵᠤᠷᠱᠢᠯ᠎ᠢ ᠡᠪᠳᠡᠵᠦ᠍᠂ ᠨᠡᠩ ᠤᠯᠠᠨ ᠱᠢᠨ᠎ᠡ ᠠᠵᠢᠯ᠎ᠤᠨ ᠪᠠᠢᠷᠢ᠎ᠶ᠋ᠢ ᠪᠤᠢ ᠪᠤᠯᠭᠠᠬᠤ ᠬᠡᠷᠡᠭ᠌ᠲᠡᠶ᠃ ᠨᠢᠳᠤᠨᠤᠨ ᠡᠳᠦᠷ ᠳᠤᠮᠳᠠᠴᠢ᠎ᠳᠤ 1 ᠲᠦᠮᠡ ᠭᠠᠷᠤᠶ ᠠᠵᠤ ᠠᠬᠤᠢᠯᠠᠯ ᠴᠡᠪᠡᠷ ᠨᠡᠮᠡᠭ᠌ᠳᠡᠭ᠌ᠰᠡᠨ ᠪᠠᠢᠨ᠎ᠠ᠂ ᠡᠨᠡ ᠵᠢᠯ ᠪᠠᠰᠠ ᠡᠨᠡ ᠬᠦ᠌ ᠬᠠᠷᠠᠯᠲᠠ ᠶᠣᠰᠣᠭᠠᠷ ᠴᠢᠷᠮᠠᠢᠨ᠎ᠠ᠃
    ᠠᠷᠠᠳ ᠣᠯᠠᠨ ᠬᠢᠵᠠᠭᠠᠯᠠᠰᠢ ᠦᠭᠡᠢ ᠪᠦᠲᠦᠭᠡᠯᠴᠢ ᠴᠢᠳᠠᠪᠤᠷᠢ᠎ᠲᠠᠢ ᠪᠠᠢᠳᠠᠭ᠃ ᠥᠭᠡᠷᠡᠴᠢᠯᠡᠯᠲᠡ ᠨᠡᠭᠡᠭᠡᠯᠲᠡ᠎ᠶ᠋ᠢᠨ ᠡᠬᠢᠨ᠎ᠤ ᠦᠶ᠎ᠡ᠎ᠪᠠᠨ ᠡᠷᠭᠢᠴᠡᠭᠦᠯᠬᠦᠶ᠎ᠡ᠂ ᠶᠡᠭᠡ ᠬᠡᠮᠵᠢᠶᠡᠨ᠎ᠤ ᠰᠡᠬᠡᠭᠡᠲᠡᠳ ᠬᠤᠲᠠ᠎ᠳᠤ ᠪᠤᠴᠠᠵᠤ᠂ ᠨᠢᠭᠡ ᠯᠡ 《ᠲᠤᠮᠤ ᠠᠶᠠᠭ᠎ᠠ ᠴᠠᠶ》 ᠎ᠪᠠᠷ ᠬᠡᠴᠢᠨᠡᠬᠡᠨ ᠬᠥᠮᠦᠨ᠎ᠤ ᠠᠵᠢᠯ ᠣᠯᠭᠤᠯᠲᠠ᠎ᠶ᠋ᠢ  ᠱᠢᠢᠳᠪᠦᠷᠢᠯᠡᠪᠡ! ᠬᠤᠶᠠᠷ ᠭᠠᠷᠠᠭ᠎ᠤᠨ ᠡᠮᠦᠨ᠎ᠡ᠂ ᠪᠢ ᠮᠡᠳᠡᠭᠡᠯᠡᠯ᠎ᠠᠴᠠ ᠤᠯᠵᠤ ᠦᠵᠡᠭ᠌ᠰᠡᠨ᠎ᠢᠶᠠᠷ᠂ ᠪᠠᠷᠠᠭᠤᠨ ᠬᠡᠰᠡᠭ᠎ᠤᠨ ᠨᠢᠭᠡ ᠬᠤᠲᠠ᠎ᠨᠢ ᠲᠤᠬᠠᠶ᠎ᠶ᠋ᠢᠨ ᠭᠠᠵᠠᠷ᠎ᠤᠨ ᠵᠢᠷᠤᠮᠵᠢᠯ᠎ᠢᠶᠠᠷ 3.6 ᠲᠦᠮᠡᠨ ᠶᠠᠪᠤᠭᠤᠯ ᠬᠤᠳᠠᠯᠳᠤᠭᠠᠴᠢᠨ᠎ᠤ ᠳᠡᠯᠭᠡᠭᠦᠷ ᠭᠠᠷᠭᠠᠵᠠᠶ᠃ ᠡᠭᠦᠨ᠎ᠤ ᠳ᠋ᠦᠩ᠎ᠳᠤ ᠨᠢᠭᠡ ᠯᠡ ᠰᠥᠨᠢ᠎ᠶ᠋ᠢᠨ ᠬᠤᠭᠤᠷᠣᠨᠳᠣ 10 ᠲᠦᠮᠡᠨ ᠬᠥᠮᠦᠨ᠎ᠳᠤ ᠠᠵᠢᠯ ᠣᠯᠭᠤᠪᠠ᠃ ᠳᠤᠮᠳᠠᠳᠤ ᠤᠯᠤᠰ᠎ᠤᠨ ᠠᠷᠠᠳ ᠲᠦᠮᠡᠨ ᠠᠵᠢᠯᠴᠢ ᠬᠥᠳᠡᠯᠮᠦᠷᠢᠴᠢ ᠪᠠᠢᠳᠠᠭ ᠪᠥᠭᠡᠳ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠴᠦ᠍ ᠲᠡᠰᠦᠷᠡᠯᠳᠠ ᠤᠢ᠍ᠭᠡᠢ ᠥᠷᠭᠡᠵᠢᠨ ᠳᠡᠰ ᠳᠡᠪᠱᠢᠵᠦ᠍ ᠪᠠᠢᠨ᠎ᠠ᠃ ᠶᠠᠷᠢᠶᠠᠨ ᠦᠭᠡᠢ᠂ ᠭᠤᠤᠯᠳᠠᠯᠭ᠎ᠠ᠎ᠲᠠᠢ ᠬᠥᠮᠦᠰ᠎ᠲᠤ ᠠᠵᠢᠯ ᠣᠯᠭᠤᠬᠤ᠎ᠳᠤ ᠪᠢᠳᠡᠨ᠎ᠳᠤ ᠭᠤᠤᠯᠳᠠᠯᠭ᠎ᠠ᠎ᠲᠠᠢ ᠲᠡᠳᠬᠦᠬᠦ᠌ ᠲᠦᠷᠦ᠎ᠶ᠋ᠢᠨ ᠪᠤᠳᠤᠯᠭ᠎ᠠ ᠪᠠᠢᠨ᠎ᠠ᠃ ᠡᠨᠡ ᠵᠢᠯ ᠶᠡᠭᠡ ᠰᠤᠷᠭᠠᠭᠤᠯᠢ ᠲᠡᠭᠦᠰᠭᠦ ᠤᠶᠤᠲᠠᠨ 874 ᠲᠦᠮᠡᠨ ᠬᠥᠮᠦᠨ᠎ᠳᠤ ᠬᠦᠷᠴᠦ᠍᠂ ᠱᠢᠨ᠎ᠡ ᠳᠡᠮᠳᠡᠭ᠌ᠯᠡᠯ᠎ᠢ ᠡᠭᠦᠳᠬᠦ᠌ ᠪᠤᠯᠤᠨ᠎ᠠ᠃ ᠲᠡᠳᠡᠨ᠎ᠢ 《ᠤᠳᠠᠰᠤ᠎ᠨᠢ ᠳᠠᠰᠤᠷᠠᠬᠤ ᠦᠬᠡᠢ ᠴᠠᠭᠠᠰᠤᠨ ᠱᠢᠪᠠᠭᠤ》 ᠪᠣᠯᠭᠠᠶ᠎ᠠ ᠬᠡᠪᠡᠯ᠂ ᠡᠨᠡ ᠵᠢᠯ ᠪᠠ ᠢᠷᠡᠬᠦ᠌ ᠵᠢᠯ ᠪᠦᠷ ᠠᠵᠢᠯ ᠣᠯᠭᠤᠯᠲᠠ᠎ᠶ᠋ᠢᠨ ᠦᠶᠯᠡᠴᠢᠯᠡᠭᠡ᠎ᠶ᠋ᠢ ᠦᠷᠭᠦᠯᠵᠢᠯᠡᠨ ᠬᠠᠩᠭᠠᠬᠤ ᠬᠡᠷᠡᠭ᠌ᠲᠡᠶ᠃ ᠬᠥᠯᠥᠰᠥᠨ ᠠᠵᠢᠯᠴᠢᠨ᠎ᠳᠤ ᠠᠪᠴᠤ᠌ ᠬᠡᠯᠡᠪᠡᠯ᠂ ᠪᠠᠢᠩᠭᠤ ᠰᠠᠭᠤᠭ᠎ᠠ ᠭᠠᠵᠠᠷ ᠴᠤ᠌ ᠲᠡᠷᠡ᠂ ᠨᠤᠲᠤᠭ᠎ᠲᠠᠭᠠᠨ ᠪᠤᠴᠠᠭ᠍ᠰᠠᠨ ᠴᠤ᠌ ᠲᠡᠷᠡ᠂ ᠴᠥᠮ ᠲᠡᠳᠡᠨ᠎ᠳᠤ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠲᠠᠪᠴᠠᠩ ᠬᠠᠩᠭᠠᠬᠤ ᠬᠡᠷᠡᠭ᠌ᠲᠡᠢ᠃ ᠴᠡᠷᠢᠭ᠎ᠠᠴᠠ ᠬᠠᠯᠠᠭ᠍ᠳᠠᠭ᠍ᠰᠠᠳ᠎ᠲᠤ ᠲᠥᠪᠬᠢᠨᠡᠭᠦᠯᠬᠦ᠌ ᠲᠦᠷᠦ᠎ᠶ᠋ᠢᠨ ᠪᠤᠳᠤᠯᠭ᠎ᠠ᠎ᠶ᠋ᠢ ᠦᠨᠡᠨ ᠬᠦ᠌ ᠰᠠᠢᠲᠤᠷ     ᠨᠠᠢᠳᠠᠪᠤᠷᠢᠵᠢᠭᠤᠯᠤᠨ᠎ᠠ᠃
    ᠹᠧᠩ ᠬᠤᠸᠠᠩ ᠤᠳᠤᠨ ᠲᠧᠯᠧᠢᠰ᠎ᠤᠨ ᠰᠤᠷᠪᠤᠯᠵᠢᠯᠠᠭ᠍ᠴᠢ᠄ ᠡᠨᠡ ᠤᠳᠠᠭ᠎ᠠ᠎ᠶ᠋ᠢᠨ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠠᠴᠠ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ ᠪᠠ ᠬᠡᠷᠡᠭ᠌ᠵᠢᠬᠦᠯᠬᠦ᠌ ᠳᠤᠭ᠍ᠳᠠᠴᠠ᠎ᠶ᠋ᠢ ᠪᠠᠢᠭᠤᠯᠤᠨ ᠪᠦᠷᠢᠨᠱᠢᠬᠦᠯᠬᠦ᠌ ᠳᠤᠬᠠᠢ ᠳᠤᠭ᠍ᠳᠠᠭᠠᠯ ᠭᠠᠷᠭᠠᠵᠤ᠂ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠠᠴᠠ ᠡᠬᠦᠨ᠎ᠤ ᠳᠤᠬᠠᠢ ᠳᠤᠰᠭᠠᠢ ᠬᠠᠤᠯᠢ ᠴᠠᠭᠠᠵᠠ ᠳᠤᠭ᠍ᠳᠠᠭᠠᠬᠤ ᠪᠤᠯᠤᠨ᠎ᠠ᠃ ᠡᠨᠡ᠎ᠨᠢ ᠲᠦᠪ᠎ᠠᠴᠠ ᠱᠢᠶᠠᠩᠭᠠᠩ᠎ᠳᠠᠬᠢ ᠲᠦᠷᠦ᠎ᠶ᠋ᠢᠨ ᠪᠤᠳᠤᠯᠭ᠎ᠠ᠎ᠳᠤ ᠳᠤᠬᠢᠷᠠᠭᠤᠯᠤᠯᠳᠠ ᠬᠢᠵᠦ᠍ ᠪᠠᠢᠭ᠎ᠠ᠎ᠶ᠋ᠢ ᠢᠯᠡᠳᠭᠡᠵᠦ᠍ ᠪᠠᠢᠨ᠎ᠠ ᠤᠤ᠂ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠶ᠋ᠢ ᠳᠠᠶᠠᠭ᠍ᠳᠠᠭ᠍ᠰᠠᠨ ᠤᠤ? ᠲᠠ ᠤᠳᠤᠬᠠᠨ᠎ᠤ ᠡᠯ᠎ᠠ ᠳᠠᠯ᠎ᠠ᠎ᠶ᠋ᠢᠨ ᠳᠤᠰᠭᠠᠯ᠎ᠢ ᠬᠡᠷᠬᠢᠨ ᠦᠵᠡᠵᠦ᠍ ᠪᠠᠢᠬᠤ ᠪᠤᠢ?
    ᠯᠢ ᠺᠧ ᠴᠢᠶᠠᠩ᠄ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠪᠤᠯ ᠤᠯᠤᠰ᠎ᠤᠨ ᠦᠨᠳᠦᠰᠦᠨ ᠲᠦᠷᠦ᠎ᠶ᠋ᠢᠨ ᠪᠤᠳᠤᠯᠭ᠎ᠠ ᠪᠤᠯᠤᠨ᠎ᠠ᠂ ᠲᠦᠪ᠎ᠤᠨ ᠵᠠᠰᠠᠭ᠎ᠤᠨ ᠤᠷᠳᠤᠨ᠎ᠠᠴᠠ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》᠂ 《ᠱᠢᠶᠠᠩᠭᠠᠩᠴᠤᠳ ᠱᠢᠶᠠᠩᠭᠠᠩ᠎ᠢᠶᠠᠨ ᠵᠠᠰᠠᠬᠤ》᠂ ᠳᠡᠬᠡᠳᠤ ᠬᠡᠮᠵᠢᠶᠡᠨ᠎ᠤ ᠦᠪᠡᠷᠳᠡᠭᠡᠨ ᠵᠠᠰᠠᠬᠤ ᠴᠢᠭ᠌ᠯᠡᠯᠳᠡ᠎ᠶ᠋ᠢ ᠪᠦᠬᠦ᠌ ᠳᠠᠯ᠎ᠠ᠎ᠪᠠᠷ ᠤᠨᠤᠪᠴᠢᠳᠠᠢ ᠳᠤᠭᠤᠱᠢᠯᠠᠭᠤᠯᠬᠤ᠎ᠶ᠋ᠢ ᠢᠮᠠᠭ᠍ᠳᠠ ᠴᠢᠬᠤᠯᠠᠴᠢᠯᠠᠭ᠍ᠰᠠᠭᠠᠷ ᠢᠷᠡᠵᠡᠢ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ᠎ᠶ᠋ᠢ ᠴᠢᠩᠭ᠎ᠠ ᠵᠢᠷᠤᠮᠯᠠᠨ ᠠᠵᠢᠯᠯᠠᠵᠤ᠂ ᠤᠨᠴᠠᠭᠠᠢ ᠵᠠᠰᠠᠭ ᠵᠠᠬᠢᠷᠭᠠᠨ᠎ᠤ ᠤᠷᠤᠨ ᠪᠠ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠬᠠᠤᠯᠢ ᠶᠤᠰᠤᠭᠠᠷ ᠵᠠᠰᠠᠭ ᠶᠠᠪᠤᠭᠤᠯᠬᠤ᠎ᠶ᠋ᠢ ᠳᠡᠮᠵᠢᠬᠦ᠌ ᠪᠤᠯ ᠢᠮᠠᠭ᠍ᠳᠠ᠎ᠶ᠋ᠢᠨ     ᠪᠠᠢᠳᠠᠭ᠃ ᠲᠠᠨ᠎ᠤ ᠳᠤᠷᠠᠳᠤᠭ᠍ᠰᠠᠨ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠠᠴᠠ ᠰᠠᠶᠢᠬᠠᠨ ᠪᠠᠳᠤᠯᠠᠭ᠍ᠰᠠᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠲᠤᠬᠠᠢ ᠳᠤᠭ᠍ᠳᠠᠭᠠᠯ ᠪᠤᠯ 《ᠨᠢᠬᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠬᠦᠯᠬᠦ᠌》 ᠎ᠶ᠋ᠢ ᠤᠷᠳᠤ ᠬᠤᠭᠤᠴᠠᠭ᠎ᠠ ᠳᠤᠭ᠍ᠳᠠᠭᠤᠨ ᠪᠠᠢᠯᠭᠠᠬᠤ᠎ᠶ᠋ᠢ ᠪᠠᠳᠤᠯᠠᠬᠤ᠎ᠶ᠋ᠢᠨ ᠲᠦᠯᠦᠬᠡ᠂ ᠱᠢᠶᠠᠩᠭᠠᠩ᠎ᠤᠨ ᠤᠷᠳᠤ ᠬᠤᠭᠤᠴᠠᠭᠠᠨ᠎ᠤ ᠴᠡᠴᠡᠭ᠌ᠯᠡᠯ ᠳᠤᠭ᠍ᠳᠠᠭᠤᠨ᠎ᠢ ᠬᠠᠮᠠᠭᠠᠯᠠᠬᠤ᠎ᠶ᠋ᠢᠨ ᠲᠦᠯᠦᠬᠡ ᠶᠤᠮ᠃

    ᠠᠮᠧᠷᠢᠺᠠ᠎ᠶ᠋ᠢᠨ ᠪᠦᠬᠦ᠌ ᠤᠯᠤᠰ᠎ᠤᠨ ᠷᠠᠳᠢᠣ᠋ ᠨᠡᠪᠲᠡᠷᠡᠭᠦᠯᠭᠡ᠎ᠶ᠋ᠢᠨ ᠺᠣᠮᠫᠠᠨᠢ᠎ᠶ᠋ᠢᠨ ᠰᠤᠷᠪᠤᠯᠵᠢᠯᠠᠭ᠍ᠴᠢ᠄ ᠠᠮᠧᠷᠢᠺᠠ ᠦᠷᠬᠦᠯᠵᠢᠯᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠦᠬᠦ᠌ ᠳᠡᠯᠡᠬᠡᠶ᠎ᠶ᠋ᠢᠨ ᠶᠡᠭᠡ ᠳᠡᠯᠭᠡᠷᠡᠯ᠎ᠢ ᠳᠤᠮᠳᠠᠳᠤ ᠤᠯᠤᠰ᠎ᠲᠤ ᠲᠤᠯᠭᠠᠵᠥ᠍᠂ ᠳᠤᠮᠳᠠᠳᠤ ᠠᠮᠧᠷᠢᠺᠠ᠎ᠶ᠋ᠢᠨ ᠬᠤᠭᠤᠷᠣᠨᠳᠣᠬᠢ ᠱᠢᠨ᠎ᠡ ᠬᠦᠢᠲᠡᠨ ᠳᠠᠢᠨ᠎ᠤ ᠲᠤᠬᠠᠶ ᠬᠡᠯᠡᠯᠭᠡ ᠨᠡᠩ ᠣᠯᠠᠨ ᠭᠠᠷᠴᠤ᠌ ᠪᠤᠢ᠃ ᠡᠭᠦᠨ᠎ᠤ ᠬᠠᠮᠲᠤ᠌᠂ ᠠᠮᠧᠷᠢᠺᠠ ᠳᠤᠮᠳᠠᠳᠤ ᠬᠤᠶᠠᠷ ᠲᠠᠯ᠎ᠠ᠎ᠶ᠋ᠢᠨ ᠠᠯᠪᠠᠨ ᠲᠤᠱᠢᠶᠠᠯᠲᠠᠳ᠎ᠠᠴᠠ ᠪᠠᠰᠠ ᠬᠤᠶᠠᠷ ᠤᠯᠤᠰ᠎ᠤᠨ ᠬᠤᠭᠤᠷᠣᠨᠳᠣᠬᠢ ᠨᠢᠭᠡᠳᠦᠭᠡᠷ ᠱᠠᠲᠤᠨ᠎ᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠢ ᠨᠠᠢᠳᠠᠪᠤᠷᠢᠵᠢᠭᠤᠯᠬᠤ᠎ᠳᠤ ᠬᠡᠷᠬᠢᠨ ᠠᠱᠢᠭ᠍ᠲᠠᠶ ᠨᠥᠬᠦᠴᠡᠯ᠎ᠢ ᠪᠤᠢ ᠪᠣᠯᠭᠠᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠬᠤ ᠲᠤᠬᠠᠶ ᠶᠠᠷᠢᠯᠴᠠᠵᠤ ᠪᠠᠢᠨ᠎ᠠ᠃ ᠳᠤᠮᠳᠠᠳᠤ ᠤᠯᠤᠰ᠎ᠤᠨ ᠲᠤᠰ ᠪᠡᠶ᠎ᠡ᠎ᠶ᠋ᠢᠨ ᠠᠵᠤ ᠠᠬᠤᠶ᠎ᠳᠤ ᠲᠤᠯᠭᠠᠷᠠᠭ᠍ᠰᠠᠨ ᠬᠦᠴᠢᠷᠳᠡᠯ   ᠎ᠢ ᠪᠣᠳᠣᠯᠬᠢᠯᠠᠭᠠᠳ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠥᠭᠡᠷᠡᠴᠢᠯᠡᠯᠲᠡ ᠪᠠ ᠨᠠᠢᠷ ᠲᠠᠯᠪᠢᠬᠤ ᠶᠠᠪᠤᠳᠠᠯ᠎ᠨᠢ ᠠᠮᠧᠷᠢᠺᠠ᠎ᠶ᠋ᠢᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠢ ᠭᠦᠢᠴᠡᠳ ᠱᠢᠢᠳᠪᠦᠷᠢᠯᠡᠵᠦ᠍ ᠴᠢᠳᠠᠨ᠎ᠠ ᠭᠡᠵᠦ᠍ ᠲᠠ ᠦᠵᠡᠵᠦ᠍ ᠪᠠᠢᠨ᠎ᠠ ᠤᠤ? ᠬᠡᠷᠪᠡ ᠬᠠᠮᠲᠤᠷᠠᠯᠴᠠᠭ᠎ᠠ᠎ᠨᠢ ᠢᠯᠠᠭ᠍ᠳᠠᠬᠤ᠎ᠳᠤ ᠬᠦᠷᠪᠡᠯ᠂ ᠳᠤᠮᠳᠠᠳᠤ ᠤᠯᠤᠰ᠎ᠤᠨ ᠠᠵᠤ ᠠᠬᠤᠢ 《ᠱᠢᠨ᠎ᠡ ᠬᠦᠢᠳᠡᠨ ᠳᠠᠢᠨ》 ᠪᠠ 《ᠬᠠᠷᠢᠴᠠᠭ᠎ᠠ᠎ᠪᠠᠨ ᠲᠠᠰᠤᠯᠬᠤ》 ᠰᠦᠷᠳᠡᠭᠦᠯᠦᠯ᠎ᠢ ᠡᠰᠡᠷᠭᠦᠴᠡᠵᠦ᠍ ᠴᠢᠳᠠᠨ᠎ᠠ ᠤᠤ?

   ᠯᠢ ᠺᠧ ᠴᠢᠶᠠᠩ᠄ ᠣᠳᠣᠬᠠᠨ᠎ᠳᠤ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ᠎ᠳᠤ ᠦᠨᠡᠬᠡᠷ ᠵᠠᠷᠢᠮ ᠱᠢᠨ᠎ᠡ ᠠᠰᠠᠭᠤᠳᠠᠯ᠂ ᠱᠢᠨ᠎ᠡ ᠥᠷᠢᠰᠥᠯᠳᠦᠭᠡᠨ ᠭᠠᠷᠴᠤ᠌ ᠪᠠᠢᠨ᠎ᠠ᠃ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠮᠠᠰᠢ ᠴᠢᠬᠤᠯᠠ᠂ ᠬᠤᠶᠠᠷ ᠤᠯᠤᠰ ᠪᠣᠯ ᠪᠦᠷ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠠᠶᠤᠯᠭᠦᠢ᠎ᠶ᠋ᠢᠨ ᠵᠥᠪᠯᠡᠯ᠎ᠤᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠤᠨ᠎ᠠ᠃ ᠠᠵᠤ ᠠᠬᠤᠶ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠣᠶᠣᠯ ᠢᠷᠭᠡᠨᠱᠢᠯ᠎ᠤᠨ ᠲᠠᠯ᠎ᠠ᠎ᠪᠠᠷ ᠪᠠᠰᠠ ᠥᠷᠭᠡᠨ ᠳᠡᠯᠭᠡᠷ ᠰᠣᠯᠢᠯᠴᠠᠭ᠎ᠠ ᠬᠢᠵᠦ᠍᠂ ᠬᠤᠶᠠᠷ ᠤᠯᠤᠰ᠎ᠤᠨ ᠬᠤᠭᠤᠷᠣᠨᠳᠣ ᠥᠷᠭᠡᠨ ᠳᠡᠯᠭᠡᠷ ᠬᠠᠮᠲᠤ᠎ᠶ᠋ᠢᠨ ᠠᠱᠢᠭ ᠲᠤᠰᠠ ᠣᠷᠣᠱᠢᠵᠤ ᠪᠠᠢᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠡᠶᠡᠳᠡᠪᠡᠯ ᠬᠤᠶᠠᠭᠤᠯᠠ᠎ᠳᠤ ᠠᠱᠢᠭ᠍ᠲᠠᠢ ᠪᠠᠢᠵᠤ᠂ ᠲᠡᠮᠡᠴᠡᠯᠳᠦᠪᠡᠯ ᠪᠦᠷ ᠱᠢᠷᠬᠠᠲᠤᠨ᠎ᠠ᠂ ᠲᠡᠷᠡ᠎ᠨᠢ ᠬᠤᠶᠠᠷ ᠤᠯᠤᠰ᠎ᠤᠨ ᠠᠷᠠᠳ ᠲᠦᠮᠡᠨ᠎ᠤ ᠠᠱᠢᠭ ᠲᠤᠰᠠ᠎ᠲᠠᠢ ᠬᠤᠯᠪᠣᠭ᠍ᠳᠠᠬᠤ᠎ᠪᠠᠷ ᠪᠠᠷᠠᠬᠤ ᠦᠭᠡᠶ ᠳᠡᠯᠡᠬᠡᠶ ᠶᠢᠷᠲᠢᠨᠴᠦ᠎ᠲᠠᠢ ᠬᠤᠯᠪᠣᠭ᠍ᠳᠠᠬᠤ ᠪᠣᠯᠬᠤᠷ ᠵᠠᠷᠢᠮ ᠠᠰᠠᠭᠤᠳᠠᠯ ᠭᠠᠷᠤᠭ᠍ᠰᠠᠨ᠎ᠤ ᠳᠠᠷᠠᠭ᠎ᠠ ᠳᠡᠯᠡᠬᠡᠶ ᠳ᠋ᠠᠬᠢᠨ᠎ᠤ ᠰᠠᠨᠠᠭᠠᠱᠢᠷᠠᠯ᠎ᠢ ᠡᠭᠦᠰᠭᠡᠬᠦ᠌ ᠪᠤᠯᠤᠨ᠎ᠠ᠃ 《ᠱᠢᠨ᠎ᠡ ᠬᠦᠢᠲᠡᠨ ᠳᠠᠢᠨ》 ᠎ᠤ ᠲᠤᠬᠠᠶ ᠶᠠᠷᠢᠪᠠᠯ᠂ ᠪᠢᠳᠡ ᠶᠡᠷᠦ᠎ᠠᠴᠠ 《ᠬᠦᠢᠲᠡᠨ ᠳᠠᠢᠨ》 ᠎ᠤ ᠰᠡᠳᠭᠢᠬᠦᠢ᠎ᠶ᠋ᠢ ᠲᠠᠶᠠᠭ᠍ᠳᠠᠬᠤ᠎ᠶ᠋ᠢ ᠵᠣᠷᠢᠳᠠᠭ᠃ 《ᠬᠠᠷᠢᠴᠠᠭ᠎ᠠ᠎ᠪᠠᠨ ᠲᠠᠰᠤᠯᠬᠤ》 ᠭᠡᠳᠡᠭ᠎ᠢ ᠬᠤᠶᠠᠷ ᠭᠤᠣᠯ ᠪᠣᠯᠬᠤ ᠠᠵᠤ ᠠᠬᠤᠢ᠎ᠶ᠋ᠢᠨ ᠴᠣᠭ᠍ᠴᠠ 《ᠬᠠᠷᠢᠴᠠᠭ᠎ᠠ᠎ᠪᠠᠨ ᠲᠠᠰᠤᠯᠬᠤ》 ᠬᠡᠵᠥ᠍ ᠬᠡᠯᠡᠵᠥ᠍ ᠪᠤᠯᠤᠨ᠎ᠠ᠂ ᠬᠡᠨ ᠠᠯᠢᠨ᠎ᠳᠤᠨᠢ ᠴᠦ᠍ ᠠᠱᠢᠭ ᠦᠭᠡᠢ᠂ ᠪᠠᠰᠠ ᠳᠡᠯᠡᠬᠡᠶ ᠳ᠋ᠠᠬᠢᠨ᠎ᠢ ᠬᠤᠬᠢᠷᠠᠭᠤᠯᠬᠤ ᠪᠣᠯᠤᠨ᠎ᠠ᠃ ᠪᠢᠳᠡ ᠬᠤᠶᠠᠷ ᠤᠯᠤᠰ᠎ᠤᠨ ᠲᠡᠷᠢᠬᠦᠨ᠎ᠤ ᠲᠤᠬᠢᠷᠠᠯᠴᠠᠭ᠍ᠰᠠᠨ ᠴᠢᠬᠤᠯᠠ ᠬᠠᠮᠲᠤ᠎ᠶ᠋ᠢᠨ ᠲᠠᠨᠢᠯᠲᠠ ᠶᠣᠰᠣᠭᠠᠷ ᠵᠣᠬᠢᠴᠠᠭᠤᠯᠬᠤ᠂ ᠬᠠᠮᠲᠤᠷᠠᠯᠴᠠᠬᠤ᠂ ᠲᠣᠭ᠍ᠲᠠᠭᠤᠨ ᠪᠠᠢᠬᠤ᠎ᠪᠠᠷ ᠦᠨᠳᠦᠰᠦᠨ ᠬᠦᠭ ᠠᠶᠠᠰ ᠪᠣᠯᠭᠠᠭ᠍ᠰᠠᠨ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠪᠠᠢᠭᠤᠯᠬᠤ᠎ᠶ᠋ᠢ ᠠᠬᠢᠭᠤᠯᠪᠠᠯ ᠵᠣᠬᠢᠨ᠎ᠠ᠃
    ᠳᠤᠮᠳᠠᠳᠤ ᠠᠮᠧᠷᠢᠺᠠ ᠬᠤᠶᠠᠷ ᠤᠯᠤᠰ᠎ᠤᠨ ᠠᠵᠤ ᠠᠬᠤᠶ᠎ᠨᠢ ᠲᠡᠳᠠᠨ᠎ᠤ ᠲᠤᠳᠤᠷ᠎ᠠ ᠪᠢᠳᠠ ᠪᠠᠢᠵᠥ᠍᠂ ᠪᠢᠳᠡᠨ᠎ᠤ ᠲᠤᠳᠤᠷ᠎ᠠ ᠲᠡᠳᠠ ᠪᠠᠢᠳᠠᠬ᠂ ᠶᠠᠪᠤᠵᠥ᠍ ᠢᠷᠡᠭ᠌ᠰᠡᠨ ᠥᠡᠭ᠌ᠭᠡᠷᠡᠯᠳᠠ ᠬᠢᠯᠪᠡᠷ ᠪᠤᠰᠤ᠂ ᠬᠤᠶᠠᠷ ᠲᠠᠯ᠎ᠠ᠎ᠪᠠᠷ᠎ᠢᠶᠠᠨ ᠪᠦᠷ ᠳᠤᠮᠳᠠ᠎ᠠᠴᠠ᠎ᠨᠢ ᠠᠱᠢᠭ ᠬᠦᠷᠲᠡᠵᠡᠢ᠃ ᠡᠨᠡ᠎ᠨᠢ ᠨᠠᠳᠠᠳᠤ ᠬᠡᠳᠦᠨ ᠡᠳᠦᠷ᠎ᠤᠨ ᠡᠮᠦᠨ᠎ᠡ ᠠᠮᠧᠷᠢᠺᠠ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠢᠭᠡᠨ ᠺᠣᠮᠫᠠᠨᠢ ᠳᠤᠮᠳᠠᠳᠤ ᠤᠯᠤᠰ᠎ᠤᠨ ᠦᠬᠠᠨ᠎ᠳᠤ ᠪᠡᠯᠡ ᠣᠷᠣᠭᠤᠯᠤᠭ᠍ᠰᠠᠨ ᠲᠦᠷᠦᠯ ᠵᠦᠢᠯ᠎ᠢᠶᠠᠨ ᠠᠵᠢᠯ ᠡᠬᠢᠯᠡᠬᠦᠯᠥᠭ᠌ᠰᠡᠨ᠎ᠢ ᠨᠡᠢᠳᠡᠯᠡᠭ᠌ᠰᠡᠨ ᠶᠠᠪᠤᠳᠠᠯ᠎ᠢ ᠪᠤᠳᠤᠭ᠍ᠳᠠᠭᠤᠯᠪᠠ᠃ ᠪᠢ ᠬᠤᠳᠠᠯᠳᠤᠭᠠᠨ᠎ᠤ ᠵᠠᠷ ᠬᠢᠵᠦ᠍ ᠪᠠᠢᠭ᠎ᠠ ᠪᠢᠰᠢ᠃ ᠭᠡᠪᠡᠴᠦ᠍ ᠪᠢ ᠲᠡᠳᠡᠨ᠎ᠤ ᠦᠢᠯᠡ ᠠᠵᠢᠯᠯᠠᠭ᠎ᠠ᠎ᠶ᠋ᠢ ᠮᠠᠭ᠍ᠲᠠᠨ ᠰᠠᠢᠱᠢᠶᠠᠵᠤ ᠪᠠᠢᠨ᠎ᠠ᠂ ᠡᠢᠮᠦ᠎ᠠᠴᠠ ᠪᠠᠶᠠᠷ᠎ᠤᠨ ᠵᠠᠬᠢᠳᠠᠯ ᠢᠯᠡᠭᠡᠵᠠᠢ᠃ ᠡᠨᠡ ᠬᠦ᠌ ᠵᠢᠱ᠌ᠢᠶ᠎ᠡ᠎ᠨᠢ ᠳᠤᠮᠳᠠᠳᠤ ᠠᠮᠧᠷᠢᠺᠠ᠎ᠶ᠋ᠢᠨ ᠠᠷᠠᠯᠵᠢᠶ᠎ᠠ ᠬᠤᠳᠠᠯᠳᠤᠭᠠᠨ᠎ᠤ ᠡᠲᠡᠭᠡᠳ᠎ᠤᠨ᠎ᠬᠢᠨ ᠬᠠᠷᠢᠯᠴᠠᠨ ᠬᠡᠷᠡᠭ᠌ᠴᠡᠭᠡ ᠴᠢᠬᠤᠯᠠ᠎ᠲᠠᠢ ᠪᠥᠭᠡᠳ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠵᠦ᠍ ᠪᠣᠯᠬᠤ᠎ᠶ᠋ᠢ ᠬᠠᠷᠠᠭᠤᠯᠵᠤ ᠪᠠᠢᠨ᠎ᠠ᠃
    ᠳᠤᠮᠳᠠᠳᠤ ᠠᠮᠧᠷᠢᠺᠠ᠎ᠶ᠋ᠢᠨ ᠬᠤᠭᠤᠷᠣᠨᠳᠣᠬᠢ ᠠᠷᠠᠯᠵᠢᠶ᠎ᠠ ᠬᠤᠳᠠᠯᠳᠤᠭᠠᠨ᠎ᠤ ᠬᠠᠮᠲᠤᠷᠠᠯᠴᠠᠭ᠎ᠠ᠎ᠨᠢ ᠬᠤᠳᠠᠯᠳᠤᠭᠠᠨ᠎ᠤ ᠳᠦᠷᠢᠮ᠎ᠢ ᠵᠢᠷᠤᠮᠯᠠᠬᠤ ᠬᠡᠷᠡᠭ᠌ᠲᠡᠶ᠂ ᠵᠠᠬ᠎ᠠ ᠳᠡᠯᠭᠡᠭᠦᠷ᠎ᠢᠶᠠᠷ ᠰᠣᠩᠭᠤᠭᠤᠯᠵᠤ᠂ ᠠᠵᠤ ᠠᠬᠤᠢᠯᠠᠯᠲᠠᠨ᠎ᠢᠶᠠᠷ ᠮᠠᠭᠠᠳᠯᠠᠭᠤᠯᠵᠤ᠂ ᠠᠷᠭ᠎ᠠ ᠬᠡᠮᠵᠢᠶ᠎ᠡ ᠠᠪᠴᠤ᠌᠂ ᠵᠠᠰᠠᠭ᠎ᠤᠨ ᠣᠷᠳᠣᠨ ᠲᠠᠪᠴᠠᠩ ᠬᠠᠨᠭ᠌ᠭᠠᠬᠤ ᠦᠢᠯᠡᠳᠦᠯ ᠭᠠᠷᠭᠠᠳᠠᠭ᠃ ᠳᠤᠮᠳᠠᠳᠤ ᠠᠮᠧᠷᠢᠺᠠ ᠬᠤᠶᠠᠷ ᠤᠯᠤᠰ᠎ᠤᠨ ᠨᠢᠭᠡ᠎ᠨᠢ ᠳᠡᠯᠡᠬᠡᠶ ᠳᠡᠭᠡᠷᠡᠬᠢ ᠬᠠᠮᠤᠭ᠎ᠤᠨ ᠲᠣᠮᠣ ᠬᠥᠭ᠌ᠵᠢᠵᠦ᠍ ᠪᠠᠢᠭ᠎ᠠ ᠤᠯᠤᠰ᠂ ᠨᠢᠭᠡ᠎ᠨᠢ ᠳᠡᠯᠡᠬᠡᠶ ᠳᠡᠭᠡᠷᠡᠬᠢ ᠬᠠᠮᠤᠭ᠎ᠤᠨ ᠲᠤᠮᠤ ᠬᠥᠭ᠌ᠵᠢᠭ᠌ᠰᠡᠨ ᠤᠯᠤᠰ᠂ ᠠᠳᠠᠯᠢ ᠪᠤᠰᠤ ᠨᠡᠢᠭᠡᠮ᠎ᠤᠨ ᠪᠠᠢᠭᠤᠯᠤᠯ᠂ ᠰᠣᠶᠣᠯ᠎ᠤᠨ ᠤᠯᠠᠮᠵᠢᠯᠠᠯ᠂ ᠲᠡᠤᠬᠡ᠎ᠶ᠋ᠢᠨ ᠠᠬᠤᠶ ᠪᠠᠢᠳᠠᠯ᠎ᠲᠠᠢ ᠪᠠᠢᠳᠠᠭ᠃ ᠵᠥᠷᠢᠴᠡᠯ ᠣᠷᠣᠱᠢᠵᠤ᠂ ᠵᠥᠷᠢᠯᠳᠦᠭᠡᠨ ᠭᠠᠷᠬᠤ᠎ᠨᠢ ᠵᠠᠢᠯᠠᠰᠢ ᠦᠭᠡᠢ ᠶᠤᠮ᠂ ᠡᠬᠦᠨ᠎ᠳᠤ ᠠᠰᠠᠭᠤᠳᠠᠯ᠎ᠳᠤ ᠬᠠᠷᠢᠯᠴᠠᠨ ᠬᠡᠷᠬᠢᠨ ᠬᠠᠨᠳᠤᠬᠤ᠎ᠳᠤ ᠪᠠᠢᠨ᠎ᠠ᠃ ᠳᠤᠮᠳᠠᠳᠤ ᠠᠮᠧᠷᠢᠺᠠ᠎ᠶ᠋ᠢᠨ ᠬᠠᠷᠢᠴᠠᠭ᠎ᠠ ᠬᠡᠳᠦᠨ ᠠᠷᠪᠠᠨ ᠵᠢᠯ᠎ᠤᠨ ᠲᠤᠷᠰᠢ ᠰᠠᠯᠬᠢ ᠪᠤᠷᠤᠭᠠᠨ᠎ᠢ ᠦᠡᠭ᠌ᠭᠡᠷᠡᠭᠡᠵᠤ ᠢᠷᠡᠭ᠌ᠰᠡᠨ ᠪᠦᠭᠡᠳ ᠨᠢᠭᠡ ᠲᠠᠯ᠎ᠠ᠎ᠪᠠᠷ ᠬᠠᠮᠳᠤᠷᠠᠯᠴᠠᠨ ᠤᠷᠤᠬ᠍ᠰᠢᠯᠠᠵᠤ᠂ ᠨᠦᠬᠦᠭᠡ ᠳᠠᠯ᠎ᠠ᠎ᠪᠠᠷ ᠪᠦᠳᠦᠷᠢᠵᠤ ᠪᠦᠳᠦᠴᠡᠨ᠂ ᠦᠨᠡᠬᠡᠷ ᠪᠤᠳᠤᠯᠢᠶᠠᠨᠲᠠᠶ ᠪᠠᠢᠳᠠᠬ᠂ ᠡᠭᠦᠨ᠎ᠳᠤ ᠤᠶᠤᠨ ᠤᠬᠠᠭᠠᠨ᠎ᠢᠶᠠᠷ ᠬᠠᠮᠲᠤ᠎ᠶ᠋ᠢᠨ ᠠᠱᠢᠭ ᠲᠤᠰᠠ᠎ᠪᠠᠨ ᠥᠷᠭᠡᠳᠭᠡᠵᠦ᠍᠂ ᠵᠥᠷᠢᠯᠳᠦᠭᠡᠨ ᠪᠠ ᠵᠥᠷᠢᠴᠡᠯ᠎ᠢᠶᠠᠨ ᠬᠠᠮᠢᠶᠠᠷᠤᠨ ᠡᠵᠡᠮᠳᠡᠬᠦ᠌ ᠴᠢᠬᠤᠯᠠᠲᠠᠶ᠃ ᠶᠡᠷᠦᠩᠬᠡᠢᠯᠡᠪᠡᠯ᠂ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ ᠬᠠᠷᠢᠯᠴᠠᠨ ᠠᠱᠢᠭ᠍ᠲᠠᠢ ᠪᠠᠢᠬᠤ ᠬᠡᠷᠡᠭ᠌ᠲᠡᠶ᠂ ᠨᠦᠬᠦᠭᠡ ᠡᠲᠡᠭᠡᠳ᠎ᠤᠨ᠎ᠢᠶᠠᠨ ᠭᠤᠤᠯᠯᠠᠬᠤ ᠠᠱᠢᠭ ᠲᠤᠰᠠ ᠪᠠ ᠠᠩᠬᠠᠷᠴᠤ᠌ ᠪᠠᠢᠭ᠎ᠠ ᠴᠢᠬᠤᠯᠠ ᠶᠡᠭᠡ ᠠᠰᠠᠭᠤᠳᠠᠯ᠎ᠢ ᠬᠦᠨᠳᠦᠳᠭᠡᠵᠦ᠍᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠡᠷᠢᠯᠬᠢᠯᠡᠬᠦ᠌ ᠬᠡᠷᠡᠭ᠌ᠲᠡᠶ᠃ ᠡᠨᠡ᠎ᠨᠢ ᠥᠪᠡᠷ᠎ᠤᠨ ᠪᠡᠶ᠎ᠡ᠂ ᠥᠭᠡᠷ᠎ᠠ ᠪᠤᠰᠤᠳ ᠬᠥᠮᠥᠰ᠂ ᠳᠡᠯᠡᠬᠡᠶ ᠳ᠋ᠠᠬᠢᠨ᠎ᠳᠤ ᠴᠥᠮ ᠠᠱᠢᠭ᠍ᠲᠠᠶ ᠶᠠᠪᠤᠳᠠᠯ ᠪᠤᠯᠬᠤ ᠶᠤᠮ᠃
    ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠄ ᠡᠨᠡ ᠵᠢᠯ᠎ᠤᠨ ᠠᠵᠤ ᠠᠬᠤᠢ᠎ᠶ᠋ᠢᠨ ᠠᠵᠢᠯ᠎ᠤᠨ ᠲᠤᠬᠠᠢ ᠶᠠᠷᠢᠬᠤ᠎ᠳᠤ᠂ ᠳᠠᠪᠲᠠᠮᠵᠢ᠎ᠪᠠᠷ ᠬᠠᠮᠤᠭ᠎ᠤᠨ ᠥᠨᠳᠥᠷ ᠦᠭᠡ ᠪᠣᠯ 《ᠲᠣᠭ᠍ᠲᠠᠪᠤᠷᠢᠵᠢᠭᠤᠯᠬᠤ》 ᠪᠠ 《ᠪᠠᠲᠤᠯᠠᠬᠤ》 ᠶᠠᠪᠤᠳᠠᠯ ᠪᠣᠯᠤᠨ᠎ᠠ᠃ ᠡᠨᠡ᠎ᠨᠢ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ᠎ᠲᠠᠢ ᠶᠠᠮᠠᠷ ᠬᠠᠷᠢᠴᠠᠭ᠎ᠠ᠎ᠲᠠᠢ ᠪᠤᠢ? ᠵᠠᠰᠠᠭ᠎ᠤᠨ ᠣᠷᠳᠣᠨ᠎ᠤ ᠡᠨᠡ ᠲᠠᠯ᠎ᠠ᠎ᠪᠠᠷ᠎ᠬᠢ ᠭᠤᠤᠯᠳᠠᠯᠭ᠎ᠠ᠎ᠨᠢ ᠶᠠᠭᠤ ᠪᠤᠢ?
    ᠯᠢ ᠺᠧ ᠴᠢᠶᠠᠩ᠄ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠬᠢᠭ᠌ᠰᠡᠨ 40 ᠭᠠᠷᠤᠢ ᠵᠢᠯ᠎ᠤᠨ ᠲᠤᠷᠱᠢᠯᠭ᠎ᠠ᠎ᠠᠴᠠ ᠦᠵᠡᠪᠡᠯ᠂ ᠬᠡᠳᠦᠢ ᠬᠦᠴᠢᠷ ᠪᠡᠷᠬᠡᠱᠢᠶᠡᠯ᠎ᠲᠠᠢ ᠪᠣᠯ ᠲᠡᠳᠦᠢ ᠥᠭᠡᠷᠡᠴᠢᠯᠡᠯᠲᠡ᠎ᠶ᠋ᠢ ᠪᠠᠷᠢᠮᠲᠠᠯᠠᠬᠤ ᠬᠡᠷᠡᠭ᠌ᠲᠡᠢ᠃ ᠮᠠᠨ᠎ᠤ ᠬᠤᠷᠸ᠎ᠠ ᠲᠤᠬᠢᠷᠠᠭᠤᠯᠤᠯᠳᠠ᠎ᠶ᠋ᠢᠨ ᠲᠥᠷᠥ᠎ᠶ᠋ᠢᠨ ᠪᠣᠳᠣᠯᠭ᠎ᠠ᠎ᠳᠤ ᠳᠤᠷᠠᠳᠤᠭ᠍ᠰᠠᠨ 《ᠲᠤᠬ᠍ᠳᠠᠪᠤᠷᠢᠵᠢᠭᠤᠯᠬᠤ》 ᠪᠠ 《ᠪᠠᠲᠤᠯᠠᠬᠤ》 ᠎ᠨᠢ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠪᠠᠷ ᠲᠤᠯᠭᠠᠭᠤᠷᠢᠯᠠᠭ᠍ᠰᠠᠨ ᠮᠥᠷᠲᠡᠭᠡᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠬᠦᠴᠢᠷ ᠪᠡᠷᠬᠡᠱᠢᠶᠡᠯ ᠪᠣᠯᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠨᠳᠤᠭᠤᠯᠤᠨ ᠬᠢᠭ᠌ᠰᠡᠨ ᠶᠤᠮ᠃ ᠡᠨᠡ ᠪᠣᠯ ᠳᠠᠷᠤᠶ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ᠎ᠶ᠋ᠢᠨ ᠠᠷᠭ᠎ᠠ ᠬᠢᠳᠡᠯ ᠮᠥᠨ᠃
    ᠪᠢᠳᠡ ᠶᠠᠭᠤᠨ᠎ᠤ ᠡᠮᠦᠨ᠎ᠡ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠠᠮᠢᠳᠤᠯᠢᠭ ᠪᠣᠯᠭᠠᠬᠤ ᠬᠡᠷᠡᠭ᠌ᠲᠡᠶ᠃ ᠲᠦᠷᠦ᠎ᠶ᠋ᠢᠨ ᠪᠤᠳᠤᠯᠭ᠎ᠠ᠎ᠶ᠋ᠢᠨ ᠵᠢᠩᠬᠢᠨᠢ ᠦᠢᠯᠡᠳᠤᠯ᠎ᠨᠢ ᠭᠤᠣᠯᠳᠠᠭᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠬᠦᠴᠢᠷᠳᠡᠯ᠎ᠢ ᠨᠠᠮᠳᠠᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠳᠡᠭ᠃ ᠵᠢᠩᠬᠢᠨᠢ ᠦᠢᠯᠡᠳᠤᠯ᠎ᠢ ᠠᠵᠤ ᠠᠬᠤᠢᠯᠠᠯ ᠪᠣᠯᠤᠨ ᠬᠤᠪᠢ᠎ᠶ᠋ᠢᠨ ᠠᠷᠠᠯᠵᠢᠶ᠎ᠠ ᠬᠤᠳᠠᠯᠳᠤᠭᠠᠨ᠎ᠤ ᠡᠷᠦᠬᠡ᠎ᠶ᠋ᠢᠨ ᠪᠡᠶ᠎ᠡ ᠳᠡᠭᠡᠷ᠎ᠡ ᠨᠠᠢᠳᠠᠪᠤᠷᠢᠵᠢᠭᠤᠯᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ ᠡᠨᠡ ᠤᠳᠠᠭ᠎ᠠ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ᠂ ᠬᠥᠬᠡᠮᠳᠦᠭ ᠠᠭᠤᠯᠠ᠎ᠶ᠋ᠢ ᠨᠤᠭᠤᠭᠠᠷᠠᠭᠤᠯᠵᠥ᠍᠂ ᠢᠷᠡᠭᠡᠳᠦᠢ᠎ᠶ᠋ᠢ ᠲᠡᠮᠡᠴᠡᠨ ᠣᠯᠤᠨ᠎ᠠ ᠭᠡᠵᠦ᠍ ᠬᠡᠯᠡᠪᠡ᠃ ᠪᠢᠳᠡᠨ᠎ᠳᠤ ᠤᠳᠤ 1.2 ᠳ᠋ᠦᠩᠱᠢᠭᠤᠷ ᠵᠠᠬ᠎ᠠ ᠳᠡᠯᠭᠡᠭᠦᠷ᠎ᠤᠨ ᠭᠤᠤᠯ ᠴᠣᠭ᠍ᠴᠠ ᠪᠠᠢᠨ᠎ᠠ᠂ ᠲᠡᠳᠡ ᠪᠣᠯ ᠳᠠᠷᠤᠶ ᠬᠥᠬᠡᠮᠳᠥᠭ ᠠᠭᠤᠯᠠ ᠮᠥᠨ᠂ ᠲᠡᠳᠡᠨ᠎ᠢ ᠨᠤᠭᠤᠭᠠᠷᠠᠭᠤᠯᠪᠠᠯ ᠳᠠᠷᠤᠶ ᠢᠷᠡᠭᠡᠳᠦᠢ᠎ᠶ᠋ᠢ ᠣᠯᠵᠤ ᠴᠢᠳᠠᠨ᠎ᠠ᠃
    ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠠᠮᠢᠵᠢᠷᠠᠭᠤᠯᠬᠤ᠎ᠪᠠᠷ ᠪᠠᠷᠠᠬᠤ ᠥᠬᠡᠶ᠂ ᠨᠠᠩ ᠴᠢᠬᠤᠯᠠ᠎ᠨᠢ 《ᠲᠠᠯᠪᠢᠬᠤ ᠬᠠᠮᠢᠶᠠᠷᠬᠤ      ᠦᠢᠯᠡᠴᠢᠯᠡᠬᠦ᠌》 ᠥᠭᠡᠷᠡᠴᠢᠯᠡᠯᠲᠡ᠎ᠪᠠᠷ ᠳᠠᠮᠵᠢᠭᠤᠯᠤᠨ ᠲᠡᠳᠡᠨ᠎ᠢ ᠬᠥᠭ᠌ᠵᠢᠭᠡᠨ᠎ᠡ᠃ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠬ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠎ᠢ ᠪᠤᠢ ᠪᠣᠯᠭᠠᠵᠤ᠂ ᠲᠡᠳᠡᠭᠡᠷ ᠵᠥᠢ ᠵᠤᠬᠢᠰ ᠦᠭᠡᠢ ᠵᠤᠷᠱᠢᠯ᠎ᠢ ᠡᠪᠳᠡᠵᠦ᠍᠂ ᠲᠡᠳᠡᠨ᠎ᠢ ᠡᠷᠬᠡ ᠲᠡᠭ᠌ᠰᠢ᠎ᠪᠠᠷ ᠥᠷᠢᠰᠥᠯᠳᠦᠭᠦᠯᠦᠨ᠎ᠡ᠃ ᠡᠨᠡ ᠬᠦ᠌ ᠠᠷᠭ᠎ᠠ ᠬᠡᠮᠵᠢᠶ᠎ᠡ᠎ᠨᠢ ᠦᠵᠡᠬᠦ᠌᠎ᠳᠤ ᠬᠡᠯᠪᠡᠷᠢ ᠪᠤᠰᠤ ᠱᠢᠭ᠂ ᠭᠡᠪᠡᠴᠦ᠍ ᠢᠯᠡ ᠡᠳ᠋ ᠪᠠᠶᠠᠯᠢᠭ᠎ᠢ ᠡᠭᠦᠳᠦᠨ ᠪᠦᠲᠦᠭᠡᠵᠦ᠍᠂ ᠰᠠᠢᠳᠤᠷ ᠬᠢᠵᠥ᠍ ᠴᠢᠳᠠᠪᠠᠯ ᠵᠢᠩᠬᠢᠨᠢ ᠠᠯᠲᠠ ᠮᠥᠩᠭᠦᠨ᠎ᠤ ᠪᠡᠯᠡ ᠣᠷᠣᠭᠤᠯᠤᠯᠲᠠ᠎ᠠᠴᠠ ᠳᠣᠣᠷᠠᠳᠠᠬᠤ ᠦᠭᠡᠢ ᠶᠤᠮ᠃
    ᠲᠠᠬᠢᠪᠠᠯ᠂ ᠲᠠᠷᠤᠢ ᠱᠢᠨ᠎ᠠ ᠵᠠᠬ᠎ᠠ ᠲᠡᠯᠬᠡᠬᠦᠷ᠎ᠤᠨ ᠭᠤᠤᠯ ᠴᠤᠬ᠍ᠴᠠ᠎ᠶ᠋ᠢ ᠨᠡᠩ ᠢᠯᠡᠬᠦᠦ ᠪᠤᠢᠵᠢᠭᠤᠯᠵᠦ᠍ ᠭᠠᠷᠭᠠᠨ᠎ᠠ᠃ ᠤᠯᠨᠨ᠎ᠤ ᠮᠡᠳᠡᠭᠡᠵᠢ᠎ᠪᠠᠷ᠂ ᠡᠨᠡ ᠤᠳᠠᠭ᠎ᠠ ᠬᠢᠵᠢᠭ᠎ᠤᠨ ᠪᠠᠢᠳᠠᠯ᠎ᠢ ᠠᠷᠭᠠᠴᠠᠭᠠᠬᠤ ᠲᠤᠮᠳᠠ᠂ ᠰᠦᠯᠵᠢᠶᠡᠨ ᠲᠡᠬᠡᠷ᠎ᠠ ᠬᠤᠳᠠᠯᠳᠤᠨ ᠠᠪᠬᠤ᠂ ᠲᠦᠷᠬᠡᠨ ᠲᠠᠮᠵᠢᠭᠤᠯᠭ᠎ᠠ᠂ ᠡᠬᠦᠯᠡᠨ ᠮᠡᠷᠭᠡᠵᠢᠯ᠎ᠢᠶᠠᠷ ᠠᠯᠪᠠᠯᠠᠬᠤ ᠵᠡᠷᠬᠡ ᠱᠢᠨ᠎ᠠ ᠬᠡᠯᠪᠡᠷᠢ ᠪᠠᠢᠳᠠᠯ᠎ᠤᠨ ᠡᠵᠡᠩᠨᠡᠯᠳᠡ ᠰᠦᠷᠴᠤ᠌ ᠨᠡᠮᠡᠭ᠌ᠳᠡᠵᠦ᠍᠂ ᠵᠠᠷᠢᠮ ᠡᠵᠡᠩᠨᠡᠯᠳᠡ᠎ᠶ᠋ᠢᠨ ᠦᠢᠯᠡᠰ᠎ᠤᠨ ᠤᠷᠤᠯᠭ᠎ᠠ᠎ᠨᠢ ᠭᠤᠷᠪᠠᠨ᠎ᠤ ᠬᠤᠶᠠᠷ᠎ᠢᠶᠠᠷ ᠨᠡᠮᠡᠭ᠌ᠳᠡᠭ᠌ᠰᠡᠨ ᠮᠦᠷᠳᠡᠭᠡᠨ ᠤᠳᠤ ᠱᠢᠨ᠎ᠠ ᠡᠵᠡᠩᠨᠡᠯᠳᠡ᠎ᠶ᠋ᠢᠨ ᠬᠡᠯᠪᠡᠷᠢ᠎ᠨᠢ ᠪᠠᠰᠠ ᠲᠠᠰᠤᠷᠠᠭ᠎ᠠ ᠦᠬᠡᠢ ᠪᠤᠢ ᠪᠤᠯᠤᠬ᠍ᠰᠠᠭᠠᠷ ᠪᠠᠢᠨ᠎ᠠ᠃ ᠡᠨᠡ᠎ᠨᠢ ᠪᠢᠳᠡᠨ᠎ᠤ ᠡᠳᠡᠬᠡᠷ ᠵᠢᠯ᠎ᠤᠳ᠎ᠲᠤ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠳᠠᠢ ᠦᠬᠡᠷᠡᠴᠢᠯᠡᠯᠳᠡ᠎ᠶ᠋ᠢ ᠬᠦᠨᠵᠡᠬᠡᠢᠷᠡᠬᠦᠯᠵᠦ᠍᠂ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠵᠦ᠍᠂ ᠱᠢᠨ᠎ᠠ ᠬᠦᠳᠡᠯᠬᠡᠬᠦ᠌ ᠠᠸᠷᠬᠢ᠎ᠶ᠋ᠢ ᠪᠤᠢᠵᠢᠭᠤᠯᠤᠨ ᠲᠤᠮᠤᠷᠠᠭᠤᠯᠵᠦ᠍᠂ ᠤᠯᠠᠨ᠎ᠢᠶᠠᠷ᠎ᠢᠶᠠᠨ ᠦᠢᠯᠡᠰ ᠪᠤᠰᠭᠠᠵᠦ᠍ ᠨᠡᠢᠳᠡ᠎ᠪᠠᠷ᠎ᠢᠶᠠᠨ ᠱᠢᠨ᠎ᠠ᠎ᠶ᠋ᠢ ᠡᠬᠦᠳᠬᠦ᠌᠎ᠶ᠋ᠢ ᠦᠷᠨᠢᠬᠦᠯᠦᠭ᠌ᠰᠡᠨ᠎ᠲᠠᠢ ᠪᠦᠷ ᠬᠤᠯᠪᠤᠭ᠎ᠠ᠎ᠲᠠᠢ᠃ ᠪᠢᠳᠡ ᠡᠳᠡᠬᠡᠷ ᠲᠤᠷᠱᠢᠯᠭ᠎ᠠ᠎ᠪᠠᠨ ᠲᠡᠯᠬᠡᠷᠡᠬᠦᠯᠤᠨ᠂ ᠱᠢᠨ᠎ᠠ ᠬᠦᠳᠡᠯᠬᠡᠬᠦ᠌ ᠠᠸᠷᠬᠢ᠂ ᠱᠢᠨ᠎ᠠ ᠵᠠᠬ᠎ᠠ ᠲᠡᠯᠬᠡᠬᠦᠷ᠎ᠤᠨ ᠭᠤᠤᠯ ᠴᠤᠬ᠍ᠴᠠ᠎ᠶ᠋ᠢ ᠨᠡᠩ ᠢᠯᠡᠬᠦᠦ ᠪᠤᠢᠵᠢᠭᠤᠯᠬᠤ᠎ᠶ᠋ᠢ ᠠᠬᠢᠭᠤᠯᠪᠠᠯ ᠵᠤᠬᠢᠨ᠎ᠠ᠃ ᠡᠨᠡ ᠵᠢᠯ ᠪᠢᠳᠡ ᠲᠤᠮᠳᠠᠴᠢ᠎ᠪᠠᠷ ᠡᠳᠦᠷ ᠪᠦᠷᠢ ᠲᠠᠩᠰᠠᠯᠠᠭᠤᠯᠬᠤ ᠠᠵᠦ᠍ ᠠᠬᠤᠢ᠍ᠢᠯᠠᠯ᠎ᠤᠨ ᠲᠤᠭ᠎ᠠ᠎ᠶ᠋ᠢ 2 ᠲᠦᠮᠡᠨ ᠡᠷᠦᠬᠡ ᠤᠷᠴᠢᠮ᠎ᠳᠤ ᠬᠦᠷᠬᠡᠬᠦ᠌᠎ᠪᠠᠷ ᠴᠢᠷᠮᠠᠢᠨ᠎ᠠ᠂ ᠡᠨᠡ ᠪᠤᠯ ᠲᠤᠮᠳᠠᠳᠤ ᠤᠯᠤᠰ᠎ᠤᠨ ᠠᠵᠦ᠍ ᠠᠬᠤᠢ᠎ᠶ᠋ᠢᠨ ᠠᠮᠢᠵᠢᠷᠠᠯ᠎ᠤᠨ ᠬᠦᠴᠦᠨ᠎ᠢ ᠠᠵᠢᠬ᠍ᠯᠠᠬᠤ ᠴᠢᠬᠤᠯᠠ ᠵᠢᠭᠠᠯᠳᠠ ᠲᠤᠭ᠎ᠠ ᠪᠤᠯᠬᠤ ᠶᠤᠮ᠃
    ᠪᠢᠳᠡ ᠲᠤᠮᠳᠠ ᠪᠠᠭ᠎ᠠ ᠠᠵᠦ᠍ ᠠᠬᠤᠢ᠍ᠢᠯᠠᠯ᠎ᠢ ᠴᠢᠬᠤᠯᠠᠴᠢᠯᠠᠬᠤ᠎ᠨᠢ ᠲᠤᠮᠤ ᠠᠵᠦ᠍ ᠠᠬᠤᠢ᠍ᠢᠯᠠᠯ᠎ᠢ ᠴᠢᠬᠤᠯᠠᠴᠢᠯᠠᠬᠤ ᠦᠬᠡᠢ ᠬᠡᠰᠡᠨ ᠶᠠᠪᠤᠳᠠᠯ ᠪᠢᠰᠢ᠂ ᠬᠠᠱᠢᠯᠠ ᠲᠤᠮᠤ ᠲᠤᠮᠳᠠ ᠪᠠᠭ᠎ᠠ ᠠᠵᠦ᠍ ᠠᠬᠤᠢ᠍ᠢᠯᠠᠯ᠎ᠤᠳ ᠬᠠᠮᠳᠤ᠎ᠪᠠᠷ ᠤᠷᠤᠱᠢᠵᠦ᠍ ᠬᠠᠮᠳᠤ᠎ᠪᠠᠷ ᠴᠡᠴᠡᠭ᠌ᠯᠡᠨ ᠬᠦᠭ᠌ᠵᠢᠬᠦ᠌ ᠮᠦᠷᠳᠡᠭᠡᠨ ᠵᠠᠷᠢᠮ ᠲᠤᠮᠳᠠ ᠪᠠᠭ᠎ᠠ ᠠᠵᠦ᠍ ᠠᠬᠤᠢ᠍ᠢᠯᠠᠯ᠎ᠨᠢ ᠬᠤᠵᠢᠮ ᠲᠤᠮᠤ ᠠᠵᠦ᠍ ᠠᠬᠤᠢ᠍ᠢᠯᠠᠯ ᠪᠤᠯᠵᠦ᠍ ᠬᠦᠭ᠌ᠵᠢᠵᠤ᠂ ᠬᠠᠷᠢᠯᠴᠠᠨ ᠠᠭᠤᠰᠤᠯᠴᠠᠨ ᠨᠡᠪᠲᠡᠷᠡᠵᠦ᠍ ᠬᠦᠭ᠌ᠵᠢᠭ᠌ᠰᠡᠨ ᠪᠠᠢᠳᠠᠯ᠎ᠢ ᠪᠦᠷᠢᠯᠳᠦᠬᠦᠯᠬᠦ᠌᠎ᠶ᠋ᠢ ᠬᠦᠰᠡᠵᠦ᠍ ᠪᠠᠢᠨ᠎ᠠ᠃ ᠡᠨᠡ ᠵᠢᠯ ᠪᠢᠳᠡ ᠬᠦᠴᠢᠷᠳᠡᠯ᠎ᠢ ᠱᠢᠢᠳᠪᠦᠷᠢᠯᠡᠬᠦ᠌ ᠲᠦᠷᠦ᠎ᠶ᠋ᠢᠨ ᠪᠤᠳᠤᠯᠭ᠎ᠠ᠎ᠶ᠋ᠢ ᠬᠡᠷᠬᠢᠨ ᠬᠡᠷᠡᠭ᠌ᠵᠢᠬᠦᠯᠦᠭ᠌ᠰᠡᠨ᠎ᠢ ᠦᠵᠡᠬᠦ᠌ ᠮᠦᠷᠳᠡᠭᠡᠨ ᠪᠠᠰᠠ ᠬᠤᠳᠠᠯᠳᠤᠭ᠎ᠠ ᠡᠵᠡᠩᠨᠡᠬᠦ᠌ ᠤᠷᠴᠢᠨ ᠨᠦᠬᠦᠴᠡᠯ᠎ᠢ ᠢᠯᠡᠷᠬᠡᠢ ᠰᠠᠢᠵᠢᠷᠠᠭᠤᠯᠤᠬ᠍ᠰᠠᠨ ᠡᠰᠡᠬᠦ᠌᠎ᠶ᠋ᠢ ᠦᠵᠡᠨ᠎ᠠ᠂ ᠢᠩᠬᠢᠪᠡᠯ ᠬᠡᠳᠤᠨ ᠲᠠᠬᠢᠨ᠎ᠤ ᠦᠷ᠎ᠠ ᠨᠦᠯᠦᠭᠡ ᠭᠠᠷᠴᠤ᠌ ᠴᠢᠳᠠᠨ᠎ᠠ᠃
    ᠶᠠᠫᠤᠨ᠎ᠤ ᠠᠰᠠᠾᠢ ᠰᠤᠨᠢᠨ ᠮᠡᠳᠡᠭᠡᠨ᠎ᠤ ᠰᠤᠷᠪᠤᠯᠵᠢᠯᠠᠬ᠍ᠴᠢ᠄ ᠲᠡᠯᠡᠬᠡᠢ᠎ᠶ᠋ᠢᠨ ᠠᠵᠦ᠍ ᠠᠬᠤᠢ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠲᠡᠯᠬᠡᠷᠡᠭ᠌ᠰᠡᠨ᠎ᠠᠴᠠ ᠪᠤᠯᠵᠦ᠍ ᠬᠦᠨᠳᠤ ᠴᠤᠬᠢᠯᠳᠠ᠎ᠳᠤ ᠤᠴᠠᠷᠠᠵᠠᠢ᠂ ᠲᠤᠮᠳᠠᠳᠤ ᠤᠯᠤᠰ ᠬᠢᠵᠢᠭ᠎ᠤᠨ ᠪᠠᠢᠳᠠᠯ᠎ᠢ ᠨᠢᠬᠡᠨᠳᠡ ᠡᠵᠡᠮᠳᠡᠵᠡᠢ᠂ ᠬᠤᠢᠱᠢᠳᠠ ᠶᠠᠫᠤᠨ᠎ᠢ ᠪᠠᠭ᠍ᠳᠠᠭᠠᠬ᠍ᠰᠠᠨ ᠤᠢ᠍ᠢᠷ᠎ᠠ ᠬᠠᠪᠢ᠎ᠶ᠋ᠢᠨ ᠡᠯ᠎ᠠ ᠤᠯᠤᠰ᠎ᠲᠠᠢ ᠠᠵᠦ᠍ ᠠᠬᠤᠢ᠎ᠶ᠋ᠢᠨ ᠬᠠᠮᠳᠤᠷᠠᠯᠴᠠᠭ᠎ᠠ ᠦᠷᠨᠢᠬᠦᠯᠬᠦ᠌ ᠲᠦᠯᠦᠪᠯᠡᠭᠡ ᠪᠠᠢᠨ᠎ᠠ ᠤᠤ? ᠲᠤᠮᠳᠠᠳᠤ ᠤᠯᠤᠰ ᠬᠤᠢᠱᠢᠳᠠ ᠲᠤᠮᠳᠠᠳᠤ ᠶᠠᠫᠤᠨ ᠺᠤᠷᠢᠶᠠ᠎ᠶ᠋ᠢᠨ ᠴᠢᠯᠦᠬᠡᠳᠤ ᠠᠷᠠᠯᠵᠢᠶᠠᠨ᠎ᠤ ᠵᠦᠪᠳᠡᠯᠴᠡᠬᠡᠷ ᠪᠠ ᠴᠢᠯᠦᠬᠡᠳᠤ ᠠᠷᠠᠯᠵᠢᠶᠠᠨ᠎ᠤ ᠱᠢᠰᠲ᠋ᠧᠮ᠎ᠤᠨ ᠪᠠᠢᠭᠤᠯᠤᠯᠳᠠ᠎ᠶ᠋ᠢᠨ ᠲᠠᠯ᠎ᠠ᠎ᠪᠠᠷ ᠶᠠᠭᠠᠬᠢᠵᠦ᠍ ᠠᠬᠢᠭᠤᠯᠬᠤ᠎ᠪᠠᠷ ᠲᠦᠯᠦᠪᠯᠡᠵᠦ᠍ ᠪᠠᠢᠬᠤ ᠪᠤᠢ? ᠲᠤᠮᠳᠠᠳᠤ ᠤᠯᠤᠰ ᠨᠤᠮᠤᠬᠠᠨ ᠲᠠᠯᠠᠢ ᠠᠯᠤᠰᠯᠠᠬ᠍ᠰᠠᠨ ᠬᠠᠨᠢᠳᠠᠨ᠎ᠤ ᠬᠠᠷᠢᠴᠠᠭ᠎ᠠ᠎ᠶ᠋ᠢᠨ ᠵᠦᠪᠳᠡᠯᠴᠡᠬᠡᠷ (TPP) ᠎ᠲᠤ ᠤᠷᠤᠯᠴᠠᠬᠤ᠎ᠪᠠᠷ ᠪᠤᠳᠤᠯᠬᠢᠯᠠᠵᠦ᠍ ᠪᠠᠢᠨ᠎ᠠ ᠤᠤ?
    ᠯᠢ ᠺᠧ ᠴᠢᠶᠠᠩ᠄ ᠨᠢᠳᠤᠨᠤᠨ᠎ᠤ ᠵᠡᠬᠦᠨ ᠠᠽᠢᠶ᠎ᠠ᠎ᠶ᠋ᠢᠨ ᠬᠠᠮᠳᠤᠷᠠᠯᠴᠠᠭᠠᠨ᠎ᠤ ᠤᠳᠤᠷᠢᠳᠭᠤ ᠬᠦᠮᠦᠰ᠎ᠤᠨ ᠱᠢᠷᠢᠰ ᠬᠤᠷᠠᠯ ᠲᠡᠬᠡᠷ᠎ᠠ᠂ ᠠᠷᠪᠠᠨ ᠲᠠᠪᠤᠨ ᠤᠯᠤᠰ᠎ᠤᠨ ᠤᠳᠤᠷᠢᠳᠭᠤ ᠬᠦᠮᠦᠨ᠎ᠠᠴᠠ᠂ ᠡᠨᠡ ᠵᠢᠯ ᠲᠤᠬ᠍ᠳᠠᠬ᠍ᠰᠠᠨ ᠬᠤᠭᠤᠴᠠᠭᠠᠨ᠎ᠳᠤ ᠤᠷᠤᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠢ᠎ᠶ᠋ᠢᠨ ᠬᠠᠮᠳᠤᠷᠠᠯᠴᠠᠭᠠᠨ᠎ᠤ ᠬᠠᠨᠢᠳᠠᠨ᠎ᠤ ᠬᠠᠷᠢᠴᠠᠭ᠎ᠠ᠎ᠶ᠋ᠢᠨ ᠵᠦᠪᠳᠡᠯᠴᠡᠬᠡᠷ ᠲᠤᠬ᠍ᠳᠠᠨ᠎ᠠ ᠬᠡᠵᠦ᠍ ᠬᠠᠮᠳᠤ᠎ᠪᠠᠷ ᠠᠮᠠᠯᠳᠠᠬ᠍ᠰᠠᠨ ᠪᠠᠢᠨ᠎ᠠ᠂ ᠡᠨᠡ ᠬᠦ᠌ ᠠᠮᠠᠯᠳᠠᠯᠭ᠎ᠠ ᠪᠡᠶᠡᠯᠡᠭ᠌ᠳᠡᠬᠦ᠌᠎ᠶ᠋ᠢ ᠪᠢ ᠬᠦᠰᠡᠵᠦ᠍ ᠪᠠᠢᠬᠤ ᠮᠦᠷᠳᠡᠭᠡᠨ ᠢᠳᠡᠬᠡᠵᠦ᠍ ᠪᠠᠢᠨ᠎ᠠ᠃ ᠪᠢᠳᠡ ᠪᠠᠰᠠ ᠲᠤᠮᠳᠠᠳᠤ ᠶᠠᠫᠤᠨ ᠺᠤᠷᠢᠶᠠ᠎ᠶ᠋ᠢᠨ ᠴᠢᠯᠦᠬᠡᠳᠤ ᠠᠷᠠᠯᠵᠢᠶᠠᠨ᠎ᠤ ᠤᠷᠤᠨ᠎ᠤ ᠪᠦᠲᠦᠬᠡᠨ ᠪᠠᠢᠭᠤᠯᠤᠯᠳᠠ᠎ᠶ᠋ᠢ ᠢᠳᠡᠪᠬᠢᠳᠡᠢ ᠠᠬᠢᠭᠤᠯᠵᠦ᠍ ᠪᠠᠢᠨ᠎ᠠ᠃ ᠲᠤᠮᠳᠠᠳᠤ ᠶᠠᠫᠤᠨ ᠺᠤᠷᠢᠶᠠ ᠪᠤᠯ ᠬᠦᠷᠰᠢ ᠰᠠᠭᠠᠬᠠᠯᠳᠠ ᠶᠤᠮ᠂ ᠠᠵᠦ᠍ ᠠᠬᠤᠢ᠎ᠶ᠋ᠢᠨ ᠶᠡᠭᠡ ᠤᠷᠴᠢᠯ ᠲᠤᠮᠳᠠ ᠲᠤᠮᠳᠠᠳᠤ ᠶᠠᠫᠤᠨ ᠺᠤᠷᠢᠶᠠ᠎ᠶ᠋ᠢᠨ ᠠᠵᠦ᠍ ᠠᠬᠤᠢ᠎ᠶ᠋ᠢᠨ ᠪᠠᠭ᠎ᠠ ᠤᠷᠴᠢᠯ᠎ᠢ ᠪᠠᠢᠭᠤᠯᠬᠤ᠎ᠶ᠋ᠢ ᠪᠢᠳᠡ ᠬᠦᠰᠡᠵᠦ᠍ ᠪᠠᠢᠨ᠎ᠠ᠃ ᠵᠢᠱ᠌ᠢᠶᠡᠯᠡᠪᠡᠯ ᠤᠢ᠍ᠢᠷ᠎ᠠ᠎ᠳᠤ ᠲᠤᠮᠳᠠᠳᠤ ᠤᠯᠤᠰ ᠪᠠ ᠺᠤᠷᠢᠶᠠ ᠲᠦᠳᠡ ᠨᠡᠪᠲᠡᠷᠡᠬᠦ᠌ ᠵᠠᠮ ᠨᠡᠪᠲᠡᠷᠡᠬᠦᠯᠵᠦ᠍᠂ ᠬᠤᠳᠠᠯᠳᠤᠭᠠᠨ᠎ᠤ ᠶᠠᠪᠤᠳᠠᠯ᠂ ᠮᠡᠷᠬᠡᠵᠢᠯ ᠵᠡᠷᠬᠡ ᠲᠠᠯ᠎ᠠ᠎ᠶ᠋ᠢᠨ ᠬᠦᠮᠦᠰ᠎ᠢ ᠨᠠᠭᠠᠰᠢ ᠴᠠᠭᠠᠰᠢ ᠤᠷᠤᠬ᠍ᠰᠢᠳᠠᠢ᠎ᠪᠠᠷ ᠶᠠᠪᠤᠬᠤ ᠪᠤᠯᠭᠠᠵᠠᠢ᠂ ᠡᠨᠡ᠎ᠨᠢ ᠠᠵᠢᠯ ᠦᠢᠯᠡᠳᠪᠦᠷᠢᠯᠡᠯ᠎ᠢ ᠰᠡᠷᠬᠦᠬᠡᠬᠦ᠌᠎ᠳᠤ ᠠᠱᠢᠬ᠍ᠳᠠᠢ᠂ ᠤᠢ᠍ᠢᠷ᠎ᠠ ᠪᠠᠢᠭ᠎ᠠ᠎ᠶ᠋ᠢᠨ ᠠᠱᠢᠬ᠎ᠢ ᠬᠦᠷᠳᠡᠭ᠌ᠰᠡᠨ ᠬᠡᠯᠳᠡᠢ᠃
    ᠴᠢᠨᠤ ᠰᠠᠶᠢ᠎ᠶ᠋ᠢᠨ ᠲᠤᠷᠠᠳᠤᠬ᠍ᠰᠠᠨ TPP ᠎ᠶ᠋ᠢ ᠪᠦᠬᠦ᠌ ᠲᠠᠯ᠎ᠠ᠎ᠶ᠋ᠢᠨ ᠲᠠᠪᠱᠢᠭ᠍ᠰᠡᠨ ᠨᠤᠮᠤᠬᠠᠨ ᠲᠠᠯᠠᠢ ᠠᠯᠤᠰᠯᠠᠬ᠍ᠰᠠᠨ ᠬᠠᠨᠢᠳᠠᠨ᠎ᠤ ᠬᠠᠷᠢᠴᠠᠭ᠎ᠠ᠎ᠶ᠋ᠢᠨ ᠵᠦᠪᠳᠡᠯᠴᠡᠬᠡᠷ (CPTPP) ᠎ᠢ ᠵᠢᠭᠠᠵᠦ᠍ ᠪᠠᠢᠨ᠎ᠠ ᠬᠡᠵᠦ᠍ ᠪᠢ ᠤᠢ᠍ᠢᠯᠠᠭᠠᠵᠦ᠍ ᠪᠠᠢᠨ᠎ᠠ᠃ CPTPP ᠎ᠳᠤ ᠤᠷᠤᠯᠴᠠᠬᠤ ᠲᠤᠬᠠᠢ᠂ ᠲᠤᠮᠳᠠᠳᠤ᠎ᠶ᠋ᠢᠨ ᠲᠠᠯ᠎ᠠ᠎ᠠᠴᠠ ᠢᠳᠡᠪᠬᠢᠳᠡᠢ ᠨᠡᠬᠡᠬᠡᠯᠳᠡ᠎ᠲᠠᠢ ᠤᠪᠤᠷ᠎ᠢ ᠪᠠᠷᠢᠮᠳᠠᠯᠠᠨ᠎ᠠ᠃
    ᠠᠷᠠᠳ᠎ᠤᠨ ᠡᠳᠦᠷ᠎ᠤᠨ ᠰᠤᠨᠢᠨ᠎ᠤ ᠰᠤᠷᠪᠤᠯᠵᠢᠯᠠᠬ᠍ᠴᠢ᠄ ᠡᠨᠡ ᠵᠢᠯ ᠪᠤᠯ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠤ ᠱᠢᠢᠳᠪᠦᠷᠢᠳᠤ ᠢᠯᠠᠯᠳᠠ ᠤᠯᠬᠤ ᠵᠢᠯ ᠮᠦᠨ᠂ ᠬᠡᠪᠡᠴᠤ᠌ ᠬᠢᠵᠢᠭ᠎ᠤᠨ ᠪᠠᠢᠳᠠᠯ᠎ᠤᠨ ᠨᠦᠯᠦᠬᠡ᠎ᠠᠴᠠ ᠪᠤᠯᠵᠦ᠍ ᠮᠠᠰᠢ ᠤᠯᠠᠨ ᠬᠡᠷ ᠪᠦᠯᠢ᠎ᠶ᠋ᠢᠨ ᠤᠷᠤᠯᠭ᠎ᠠ ᠵᠤᠬᠢᠬᠤ ᠭᠡᠮᠵᠢᠶ᠎ᠠ᠎ᠪᠠᠷ ᠪᠠᠭᠤᠷᠠᠵᠦ᠍᠂ ᠴᠢᠨᠠᠬ᠍ᠰᠢᠯᠠᠭᠠᠳ ᠵᠠᠷᠢᠮ ᠬᠦᠮᠦᠨ ᠪᠠᠰᠠ ᠲᠠᠬᠢᠨ ᠶᠠᠳᠠᠭᠤᠷᠠᠬᠤ ᠪᠠᠢᠳᠠᠯ᠎ᠳᠤ ᠲᠤᠯᠭᠠᠷᠠᠵᠦ᠍ ᠪᠠᠢᠨ᠎ᠠ᠃ ᠡᠢᠮᠦᠷᠬᠦ᠌ ᠪᠠᠢᠳᠠᠯ ᠲᠤᠤᠷ᠎ᠠ ᠡᠨᠡ ᠵᠢᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠡᠬᠦᠷᠬᠡ᠎ᠶ᠋ᠢ ᠪᠠᠰᠠ ᠤᠷᠤᠬ᠍ᠰᠢᠳᠠᠢ᠎ᠪᠠᠷ ᠪᠡᠶᠡᠯᠡᠬᠦᠯᠵᠦ᠍ ᠲᠡᠢᠯᠦᠨ᠎ᠠ ᠤᠤ? ᠵᠠᠰᠠᠬ᠎ᠤᠨ ᠤᠷᠳᠤᠨ᠎ᠠᠴᠠ ᠦᠨᠳᠦᠰᠦᠨ ᠠᠷᠠᠳ᠎ᠤᠨ ᠠᠮᠢᠳᠤᠷᠠᠯ᠎ᠢ ᠬᠡᠷᠬᠢᠨ ᠪᠠᠳᠤᠯᠠᠬᠤ ᠪᠤᠢ?
    ᠯᠢ ᠺᠧ ᠴᠢᠶᠠᠩ᠄ ᠲᠤᠮᠳᠠᠳᠤ ᠤᠯᠤᠰ ᠪᠤᠯ ᠬᠦᠮᠦᠨ ᠠᠮᠠ ᠤᠯᠠᠨᠳᠠᠢ ᠬᠦᠭ᠌ᠵᠢᠵᠦ᠍ ᠪᠠᠢᠭ᠎ᠠ ᠤᠯᠤᠰ ᠮᠦᠨ᠂ ᠪᠢᠳᠡᠨ᠎ᠤ ᠬᠦᠮᠦᠨ ᠲᠤᠮᠳᠠᠴᠢ᠎ᠶ᠋ᠢᠨ ᠵᠢᠯ᠎ᠤᠨ ᠡᠵᠡᠮᠳᠡᠵᠦ᠍ ᠪᠤᠯᠬᠤ ᠤᠷᠤᠯᠭ᠎ᠠ ᠠᠷᠠᠳ᠎ᠤᠨ ᠵᠤᠭᠤᠰ᠎ᠢᠶᠠᠷ 3 ᠲᠦᠮᠡᠨ ᠲᠦᠬᠦᠷᠢᠭ᠂ ᠬᠡᠪᠡᠴᠤ᠌ ᠲᠤᠮᠳᠠ ᠲᠤᠤᠷ᠎ᠠ ᠤᠷᠤᠯᠭ᠎ᠠ᠎ᠲᠠᠢ ᠵᠢᠴᠢ ᠡᠬᠦᠨ᠎ᠠᠴᠠ ᠲᠤᠤᠷ᠎ᠠ ᠤᠷᠤᠯᠭ᠎ᠠ᠎ᠲᠠᠢ 6 ᠳ᠋ᠦᠩᠱᠢᠭᠤᠷ ᠬᠦᠮᠦᠨ᠎ᠤ ᠬᠦᠮᠦᠨ ᠲᠤᠮᠳᠠᠴᠢ᠎ᠶ᠋ᠢᠨ ᠰᠠᠷ᠎ᠠ᠎ᠶ᠋ᠢᠨ ᠤᠷᠤᠯᠭ᠎ᠠ᠎ᠨᠢ 1000 ᠲᠦᠬᠦᠷᠢᠭ ᠤᠷᠴᠢᠮ ᠲᠡᠳᠦᠢ ᠪᠠᠢᠵᠦ᠍᠂ 1000 ᠲᠦᠬᠦᠷᠢᠭ᠎ᠨᠢ ᠲᠤᠮᠳᠠ ᠵᠡᠷᠬᠡ᠎ᠶ᠋ᠢᠨ ᠬᠤᠳᠠ᠎ᠳᠤ ᠬᠡᠷ ᠲᠦᠷᠢᠶᠡᠰᠦᠯᠡᠬᠦ᠌᠎ᠳᠤ ᠪᠠᠰᠠ ᠬᠦᠴᠢᠷᠳᠡᠵᠦ᠍ ᠮᠡᠳᠡᠨ᠎ᠠ᠂ ᠤᠳᠤ ᠪᠠᠰᠠ ᠬᠢᠵᠢᠭ᠎ᠤᠨ ᠪᠠᠢᠳᠠᠯ᠎ᠳᠤ ᠲᠤᠯᠭᠠᠷᠠᠭᠠᠳ ᠪᠠᠢᠨ᠎ᠠ᠃ ᠬᠢᠵᠢᠭ᠎ᠤᠨ ᠪᠠᠢᠳᠠᠯ ᠦᠩᠬᠡᠷᠡᠭ᠌ᠰᠡᠨ᠎ᠤ ᠲᠠᠷᠠᠭ᠎ᠠ᠂ ᠠᠷᠠᠳ᠎ᠤᠨ ᠠᠮᠢᠳᠤᠷᠠᠯ᠎ᠢᠶᠠᠷ ᠭᠤᠤᠯᠳᠠᠭᠤᠯᠤᠨ᠎ᠠ᠃ ᠠᠮᠢᠳᠤᠷᠠᠯ᠎ᠨᠢ ᠬᠦᠴᠢᠷᠳᠡᠯᠳᠡᠢ ᠤᠯᠠᠨ ᠲᠦᠮᠡᠨ ᠪᠠ ᠬᠢᠵᠢᠭ᠎ᠤᠨ ᠪᠠᠢᠳᠠᠯ᠎ᠳᠤ ᠨᠦᠯᠦᠭᠡᠯᠡᠭ᠌ᠳᠡᠵᠤ ᠱᠢᠨ᠎ᠠ᠎ᠪᠠᠷ ᠢᠯᠡᠷᠡᠭ᠌ᠰᠡᠨ ᠠᠮᠢᠳᠤᠷᠠᠯ᠎ᠨᠢ ᠬᠦᠴᠢᠷᠳᠡᠯᠳᠡᠢ ᠤᠯᠠᠨ ᠲᠦᠮᠡᠨ᠎ᠤ ᠦᠨᠳᠦᠰᠦᠨ ᠠᠷᠠᠳ᠎ᠤᠨ ᠠᠮᠢᠳᠤᠷᠠᠯ᠎ᠢ ᠬᠡᠷᠬᠢᠨ ᠪᠠᠳᠤᠯᠠᠬᠤ ᠲᠠᠯ᠎ᠠ᠎ᠪᠠᠷ᠂ ᠪᠢᠳᠡ ᠡᠨᠡ ᠬᠦ᠌ ᠠᠵᠢᠯ᠎ᠢ ᠲᠦᠢᠯ᠎ᠤᠨ ᠴᠢᠬᠤᠯᠠ ᠪᠠᠢᠷᠢᠨ᠎ᠳᠤ ᠲᠠᠯᠪᠢᠪᠠᠯ ᠵᠤᠬᠢᠨ᠎ᠠ᠃ ᠪᠢᠳᠡᠨ᠎ᠤ ᠠᠪᠴᠤ᠌ ᠪᠠᠢᠭ᠎ᠠ ᠬᠦᠴᠢᠷᠳᠡᠯ᠎ᠢ ᠱᠢᠢᠳᠪᠦᠷᠢᠯᠡᠬᠦ᠌ ᠲᠦᠷᠦ᠎ᠶ᠋ᠢᠨ ᠪᠤᠳᠤᠯᠭ᠎ᠠ᠎ᠶ᠋ᠢᠨ ᠵᠤᠩᠬᠢᠯᠠᠬᠤ ᠬᠡᠰᠡᠭ᠎ᠨᠢ ᠲᠠᠷᠤᠢ ᠦᠨᠳᠦᠰᠦᠨ ᠠᠷᠠᠳ᠎ᠤᠨ ᠠᠮᠢᠳᠤᠷᠠᠯ᠎ᠢ ᠪᠠᠳᠤᠯᠠᠬᠤ᠎ᠳᠤ ᠵᠤᠷᠢᠭᠤᠯᠵᠠᠢ᠃
    ᠡᠨᠡ ᠵᠢᠯ ᠲᠤᠬ᠍ᠳᠠᠬ᠍ᠰᠠᠨ ᠬᠤᠭᠤᠴᠠᠭᠠᠨ᠎ᠳᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠤ ᠡᠬᠦᠷᠬᠡ᠎ᠶ᠋ᠢ ᠪᠡᠶᠡᠯᠡᠬᠦᠯᠬᠦ᠌ ᠪᠤᠯ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶ᠎ᠠ᠎ᠠᠴᠠ ᠪᠦᠬᠦ᠌ ᠨᠡᠢᠬᠡᠮ᠎ᠳᠤ ᠲᠠᠯᠪᠢᠬ᠍ᠰᠠᠨ ᠲᠦᠪ ᠴᠢᠩᠭ᠎ᠠ ᠠᠮᠠᠯᠠᠯᠳᠠ ᠮᠦᠨ᠃ ᠤᠤᠯ᠎ᠤᠨ ᠲᠠᠩᠰᠠ᠎ᠪᠠᠷ ᠪᠤᠯ ᠪᠠᠰᠠ 500 ᠭᠠᠷᠤᠢ ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠠᠢᠵᠦ᠍᠂ ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠤᠨ ᠴᠤᠬᠢᠯᠳᠠ᠎ᠠᠴᠠ ᠪᠤᠯᠵᠦ᠍᠂ ᠵᠠᠷᠢᠮ ᠬᠦᠮᠦᠨ ᠲᠠᠬᠢᠨ ᠶᠠᠳᠠᠭᠤᠷᠠᠵᠦ᠍ ᠮᠡᠳᠡᠨ᠎ᠠ᠂ ᠶᠠᠳᠠᠭᠤ᠎ᠠᠴᠠ ᠠᠩᠬᠢᠵᠢᠷᠠᠭᠤᠯᠬᠤ ᠡᠬᠦᠷᠬᠡ ᠨᠡᠩ ᠬᠦᠨᠳᠤ ᠪᠤᠯᠤᠬ᠍ᠰᠠᠨ ᠪᠠᠢᠨ᠎ᠠ᠃ ᠪᠢᠳᠡ ᠤᠯᠠᠨ ᠵᠦᠢᠯ᠎ᠤᠨ ᠲᠦᠷᠦ᠎ᠶ᠋ᠢᠨ ᠪᠤᠳᠤᠯᠭ᠎ᠠ᠎ᠶ᠋ᠢ ᠵᠡᠷᠬᠡ᠎ᠪᠠᠷ ᠬᠡᠷᠡᠭ᠌ᠵᠢᠬᠦᠯᠦᠨ᠂ ᠤᠨᠴᠠᠭᠠᠢᠯᠠᠨ ᠠᠷᠭ᠎ᠠ ᠬᠡᠮᠵᠢᠶ᠎ᠠ ᠠᠪᠴᠤ᠌ ᠶᠠᠳᠠᠭᠤ᠎ᠠᠴᠠ ᠠᠩᠬᠢᠵᠢᠷᠠᠭᠤᠯᠬᠤ ᠬᠤᠷᠢᠭ᠎ᠠ ᠱᠤᠭᠤᠮ᠎ᠢ ᠰᠠᠬᠢᠨ᠎ᠠ᠂ ᠪᠢᠳᠡ ᠡᠨᠡ ᠵᠢᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠱᠢᠢᠳᠪᠦᠷᠢᠳᠤ ᠢᠯᠠᠯᠳᠠ᠎ᠶ᠋ᠢ ᠤᠯᠬᠤ ᠡᠬᠦᠷᠬᠡ᠎ᠶ᠋ᠢ ᠪᠡᠶᠡᠯᠡᠬᠦᠯᠬᠦ᠌᠎ᠳᠤ ᠪᠠᠳᠤᠯᠠᠭ᠎ᠠ᠎ᠲᠠᠢ ᠪᠠᠢᠨ᠎ᠠ᠃
    ᠡᠯ᠎ᠠ ᠱᠠᠳᠤᠨ᠎ᠤ ᠵᠠᠰᠠᠬ᠎ᠤᠨ ᠤᠷᠳᠤᠨ ᠠᠷᠠᠳ ᠲᠦᠮᠡᠨ᠎ᠤ ᠠᠱᠢᠬ ᠲᠤᠰᠠ᠎ᠶ᠋ᠢ ᠲᠡᠬᠡᠳᠦᠯᠡᠨ᠂ ᠲᠦᠭ ᠲᠦᠮᠡᠨ ᠡᠷᠦᠬᠡ᠎ᠶ᠋ᠢᠨ ᠬᠦᠴᠢᠷ ᠵᠤᠪᠠᠭᠤᠷᠢ᠎ᠶ᠋ᠢ ᠠᠩᠬᠠᠷᠤᠨ ᠬᠠᠯᠠᠮᠵᠢᠯᠠᠬᠤ ᠬᠡᠷᠡᠭ᠌ᠳᠡᠢ᠃ ᠲᠦᠷᠦ᠎ᠶ᠋ᠢᠨ ᠪᠤᠳᠤᠯᠭ᠎ᠠ ᠲᠤᠬ᠍ᠳᠠᠭᠠᠬᠤ ᠪᠦᠷᠢ᠎ᠳᠡᠭᠡᠨ᠂ ᠪᠦᠷ ᠲᠦᠭ ᠲᠦᠮᠡᠨ ᠡᠷᠦᠬᠡ᠎ᠳᠤ ᠠᠱᠢᠬ᠍ᠳᠠᠢ ᠪᠠᠢᠬᠤ ᠡᠰᠡᠬᠦ᠂ ᠠᠷᠠᠳ᠎ᠤᠨ ᠠᠮᠢᠳᠤᠷᠠᠯ᠎ᠳᠤ ᠠᠱᠢᠬ᠍ᠳᠠᠢ ᠪᠠᠢᠬᠤ᠎ᠶ᠋ᠢ ᠪᠤᠳᠤᠯᠬᠢᠯᠠᠬᠤ ᠬᠡᠷᠡᠭ᠌ᠳᠡᠢ᠃ ᠡᠨᠡ ᠵᠢᠯ ᠪᠢᠳᠡ ᠬᠢᠵᠢᠭ᠎ᠤᠨ ᠪᠠᠢᠳᠠᠯ᠎ᠤᠨ ᠴᠤᠬᠢᠯᠳᠠ᠎ᠶ᠋ᠢ ᠠᠷᠭᠠᠴᠠᠭᠠᠬᠤ ᠶᠠᠪᠤᠴᠠ ᠲᠤᠮᠳᠠ᠂ ᠨᠠᠷᠢᠨ ᠬᠢᠨᠠᠮᠠᠭᠠᠢ ᠨᠠᠷᠢᠨ ᠨᠢᠬ᠍ᠳᠠ᠎ᠪᠠᠷ ᠠᠮᠢᠳᠤᠷᠠᠯ᠎ᠨᠢ ᠬᠦᠴᠢᠷᠳᠡᠯᠳᠡᠢ ᠬᠦᠮᠦᠰ᠎ᠢ ᠡᠯ᠎ᠠ ᠲᠠᠯ᠎ᠠ᠎ᠪᠠᠷ ᠪᠠᠳᠤᠯᠠᠨ᠂ ᠨᠠᠭᠠᠳᠤ ᠵᠠᠬ᠎ᠠ᠎ᠶ᠋ᠢᠨ ᠪᠠᠳᠤᠯᠠᠭ᠎ᠠ ᠪᠠ ᠠᠵᠢᠯ ᠠᠯᠳᠠᠯᠳᠠ᠎ᠶ᠋ᠢᠨ ᠪᠠᠳᠤᠯᠠᠭ᠎ᠠ᠎ᠶ᠋ᠢᠨ ᠬᠦᠷᠢᠶ᠎ᠠ ᠬᠡᠪᠴᠢᠶ᠎ᠠ᠎ᠶ᠋ᠢ ᠦᠷᠬᠡᠳᠭᠡᠬᠦ᠌     ᠬᠡᠷᠡᠭ᠌ᠳᠡᠢ᠃ ᠤᠳᠤ ᠨᠠᠭᠠᠳᠤ ᠵᠠᠬ᠎ᠠ᠎ᠶ᠋ᠢᠨ ᠪᠠᠳᠤᠯᠠᠭ᠎ᠠ᠂ ᠠᠵᠢᠯ ᠠᠯᠳᠠᠯᠳᠠ᠎ᠶ᠋ᠢᠨ ᠪᠠᠳᠤᠯᠠᠭ᠎ᠠ᠂ ᠠᠮᠢᠳᠤᠷᠠᠯ᠎ᠨᠢ ᠤᠨᠴᠠᠭᠠᠢ ᠬᠦᠴᠢᠷᠳᠡᠯᠳᠡᠢ ᠬᠦᠮᠦᠰ᠎ᠢ ᠨᠢᠭᠡ ᠵᠢᠯ᠎ᠳᠤ ᠪᠠᠷᠤᠬ 6000 ᠲᠦᠮᠡ ᠤᠷᠴᠢᠮ᠎ᠢ ᠠᠪᠤᠷᠠᠨ ᠲᠤᠰᠠᠯᠠᠵᠤ ᠪᠤᠢ᠂ ᠪᠢᠳᠡᠨ ᠡᠨᠡ ᠵᠢᠯ ᠬᠦᠮᠦᠨ᠎ᠤ ᠲᠤᠭ᠎ᠠ ᠨᠡᠯᠢᠶᠡᠳ ᠶᠡᠭᠡ ᠭᠡᠮᠵᠢᠶ᠎ᠠ᠎ᠪᠠᠷ ᠨᠡᠮᠡᠭ᠌ᠳᠡᠭᠦᠯᠭᠦ᠎ᠪᠠᠷ ᠵᠢᠱ᠌ᠢᠵᠤ ᠪᠠᠢᠨ᠎ᠠ᠃ ᠪᠠᠳᠤᠯᠠᠬᠤ ᠪᠠ ᠠᠪᠤᠷᠠᠨ ᠲᠤᠰᠠᠯᠠᠬᠤ ᠪᠡᠯᠡ ᠮᠦᠩᠬᠦ᠌ ᠬᠦᠢᠴᠡᠳ ᠪᠠᠢᠨ᠎ᠠ᠂ ᠲᠡᠳᠡᠨᠦᠰ᠎ᠤᠨ ᠰᠠᠭᠤᠬᠤ᠎ᠶ᠋ᠢ ᠪᠠᠳᠤᠯᠠᠬᠤ ᠴᠢᠳᠠᠪᠤᠷᠢ ᠴᠤ᠌ ᠪᠠᠢᠨ᠎ᠠ᠃ ᠪᠢᠳᠡ ᠵᠠᠪᠠᠯ ᠲᠠᠩᠰᠠ᠎ᠶ᠋ᠢ ᠨᠠᠷᠢᠨ ᠪᠤᠳᠤᠵᠦ᠍᠂ ᠵᠤᠭᠤᠰ᠎ᠢ ᠵᠠᠩᠬᠢᠯᠠᠭ᠎ᠠ᠎ᠶ᠋ᠢᠨ ᠭᠠᠵᠠᠷ᠎ᠲᠤ ᠬᠡᠷᠡᠭ᠌ᠯᠡᠨ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠳᠤᠯᠠᠬᠤ᠎ᠶ᠋ᠢ ᠱᠠᠭᠠᠷᠳᠠᠵᠦ᠍ ᠪᠠᠢᠨ᠎ᠠ᠃ ᠪᠦᠬᠦ᠌ ᠤᠯᠤᠰ᠎ᠲᠤ ᠪᠠᠰᠠ 3 ᠳ᠋ᠦᠩᠱᠢᠭᠤᠷ ᠱᠢᠬᠠᠮ ᠬᠦᠮᠦᠨ ᠨᠠᠰᠤᠵᠢᠯ᠎ᠤᠨ ᠮᠦᠩᠬᠦ᠌ ᠬᠦᠷᠳᠡᠵᠦ᠍ ᠪᠠᠢᠨ᠎ᠠ᠂ ᠡᠨᠡ ᠵᠢᠯ ᠪᠢᠳᠡ ᠨᠠᠰᠤᠵᠢᠯ᠎ᠤᠨ ᠮᠦᠩᠬᠦ᠌᠎ᠶ᠋ᠢᠨ ᠪᠠᠷᠢᠮᠵᠢᠶ᠎ᠠ᠎ᠶ᠋ᠢ ᠲᠡᠭᠡᠭ᠌ᠰᠢᠯᠡᠬᠦᠯᠤᠨ᠎ᠠ᠂ ᠬᠡᠯᠡᠭ᠌ᠰᠡᠨ᠎ᠳᠡᠭᠡᠨ ᠵᠠᠪᠠᠯ ᠬᠦᠷᠦᠨ᠎ᠠ᠃
    ᠪᠣᠳᠠᠲᠠᠶ ᠠᠵᠢᠯᠯᠠᠬᠤ᠎ᠨᠢ ᠴᠢᠬᠤᠯᠠ᠂ ᠬᠢᠬᠦ᠌᠎ᠨᠢ ᠬᠡᠯᠡᠬᠦ᠌᠎ᠠᠴᠠ ᠳᠡᠭᠡᠷ᠎ᠡ ᠶᠤᠮ᠃ ᠮᠠᠨ᠎ᠤ ᠣᠳᠣ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠳᠠᠭᠠᠯᠠᠮᠵᠢ᠎ᠨᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢ ᠴᠠᠭ ᠲᠤᠬᠠᠶ᠎ᠳᠤᠨᠢ ᠲᠤᠭ᠎ᠠ ᠶᠣᠰᠣᠭᠠᠷ ᠣᠯᠭᠤᠬᠤ᠎ᠶ᠋ᠢ ᠪᠠᠲᠤᠯᠠᠵᠤ ᠴᠢᠳᠠᠨ᠎ᠠ᠂ ᠭᠡᠪᠡᠴᠦ᠍ ᠠᠵᠢᠯ᠎ᠤᠨ ᠳᠤᠮᠳᠠ ᠶᠠᠮᠠᠷ ᠴᠤ᠌ ᠤᠰᠤᠯ ᠠᠯᠳᠠᠭ᠎ᠠ ᠭᠠᠷᠭᠠᠵᠤ ᠪᠣᠯᠬᠤ ᠦᠭᠡᠢ᠃ ᠡᠨᠡ ᠶᠠᠪᠤᠳᠠᠯ ᠳᠡᠭᠡᠷ᠎ᠡ ᠤᠰᠤᠯᠳᠠᠪᠠᠯ ᠬᠥᠮᠦᠰ᠎ᠢ ᠢᠷᠡᠭᠡᠳᠦᠢ᠎ᠳᠠᠭᠠᠨ ᠢᠲᠡᠭᠡᠯ ᠦᠭᠡᠢ ᠪᠣᠯᠭᠠᠨ᠎ᠠ᠃ ᠳᠤᠮᠳᠠᠳᠤ᠎ᠶ᠋ᠢᠨ ᠦᠨᠳᠦᠰᠦᠲᠡᠨ ᠨᠠᠰᠤᠲᠠᠳ᠎ᠢᠶᠠᠨ ᠬᠦᠨᠳᠦᠳᠭᠡᠬᠦ᠌ ᠤᠯᠠᠮᠵᠢᠯᠠᠯ᠎ᠲᠠᠢ᠂ ᠪᠢᠳᠡ ᠨᠡᠢᠭᠡᠮ᠎ᠤᠨ ᠡᠯ᠎ᠡ ᠲᠠᠯ᠎ᠠ᠎ᠶ᠋ᠢᠨ᠎ᠬᠢᠨ᠎ᠢ ᠴᠥᠮ ᠢᠷᠡᠭᠡᠳᠦᠢ᠎ᠳᠡᠭᠡᠨ ᠢᠳᠡᠭᠡᠯ᠎ᠲᠠᠢ ᠪᠤᠯᠭᠠᠨ᠎ᠠ᠃ ᠡᠯ᠎ᠡ ᠵᠦᠢᠯ᠎ᠤᠨ ᠪᠠᠲᠤᠯᠠᠭ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠪᠣᠳᠠᠲᠠᠢᠵᠢᠭᠤᠯᠬᠤ ᠬᠡᠷᠡᠭ᠌ᠲᠡᠢ᠂ ᠡᠨᠡ᠎ᠨᠢ ᠪᠠᠰᠠ ᠠᠷᠠᠳ᠎ᠤᠨ ᠰᠡᠳᠭᠢᠯ᠎ᠢ ᠳᠤᠭ᠍ᠳᠠᠪᠤᠷᠢᠵᠢᠭᠤᠯᠬᠤ᠎ᠳᠤ ᠬᠦᠴᠦᠲᠤ ᠲᠤᠯᠭᠠᠭᠤᠷᠢᠯᠠᠯ ᠪᠤᠯᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃ ᠠᠷᠠᠳ ᠲᠦᠮᠡᠨ ᠪᠣᠯ ᠤᠯᠤᠰ᠎ᠤᠨ ᠰᠠᠭᠤᠷᠢ᠂ ᠰᠠᠭᠤᠷᠢ ᠪᠠᠬᠢᠵᠢᠪᠡᠯ ᠤᠯᠤᠰ ᠣᠷᠣᠨ ᠠᠮᠤᠷ ᠠᠮᠤᠭᠤᠯᠠᠩ᠃ ᠡᠨᠡ ᠲᠠᠯ᠎ᠠ᠎ᠶ᠋ᠢᠨ ᠠᠵᠢᠯ ᠪᠣᠯ ᠨᠢᠭᠡ ᠯᠡ ᠠᠵᠢᠯ ᠪᠢᠰᠢ᠂ ᠬᠠᠷᠢᠨ ᠤᠯᠠᠨ ᠠᠵᠢᠯ ᠪᠤᠯᠤᠨ᠎ᠠ᠂ ᠪᠢᠳᠡ ᠴᠥᠮ ᠰᠠᠢᠲᠤᠷ ᠬᠢᠵᠦ᠍ ᠪᠡᠶᠡᠯᠡᠭᠦᠯᠬᠦ᠌ ᠬᠡᠷᠡᠭ᠌ᠲᠡᠶ᠃ ᠳᠤᠮᠳᠠᠳᠤ ᠤᠯᠤᠰ᠎ᠤᠨ ᠠᠷᠠᠳ ᠲᠦᠮᠡᠨ᠎ᠤ ᠠᠮᠢᠳᠤᠷᠠᠯ ᠨᠠᠩ ᠰᠠᠢᠨ ᠰᠠᠢᠬᠠᠨ ᠪᠤᠯᠤᠨ᠎ᠠ ᠭᠡᠳᠡᠭ᠎ᠲᠤ ᠢᠳᠡᠭᠡᠵᠤ ᠪᠠᠢᠨ᠎ᠠ᠃
    ᠱᠢᠩᠭᠠᠫᠣᠷ᠎ᠤᠨ ᠬᠠᠮᠲᠤᠷᠠᠭ᠍ᠰᠠᠨ ᠥᠷᠯᠥᠭᠡ᠎ᠶ᠋ᠢᠨ ᠰᠣᠨᠢᠨ᠎ᠤ ᠰᠤᠷᠪᠤᠯᠵᠢᠯᠠᠭ᠍ᠴᠢ᠄ ᠲᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ᠂ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠪᠠ ᠠᠵᠤ ᠠᠬᠤᠶ ᠠᠷᠠᠯᠵᠢᠶᠠᠨ᠎ᠤ ᠪᠠᠢᠳᠠᠯ᠎ᠤᠨ ᠲᠣᠭ᠍ᠲᠠᠪᠤᠷᠢ ᠦᠭᠡᠢ ᠴᠢᠨᠠᠷ ᠮᠠᠰᠢ ᠶᠡᠭᠡ ᠪᠠᠢᠭ᠎ᠠ ᠪᠤᠯᠬᠤᠷ᠂ ᠳᠤᠮᠳᠠᠳᠤ ᠤᠯᠤᠰ᠎ᠤᠨ ᠬᠥᠭ᠌ᠵᠢᠯᠲᠡ ᠵᠠᠷᠢᠮ ᠲᠥᠰᠦᠭᠡᠯᠡᠬᠦ᠌ ᠡᠶ᠎ᠡ ᠪᠡᠷᠬᠡ ᠨᠥᠯᠥᠭᠡᠯᠡᠬᠦ᠌ ᠬᠦᠴᠦᠨ ᠵᠦᠢᠯ᠎ᠳᠤ ᠲᠤᠯᠭᠠᠷᠠᠵᠤ ᠪᠠᠢᠨ᠎ᠠ ᠭᠡᠯ᠎ᠡ᠃ ᠣᠳᠣᠬᠠᠨ᠎ᠤ ᠳᠤᠮᠳᠠᠳᠤ ᠤᠯᠤᠰ᠎ᠲᠤ ᠲᠤᠯᠭᠠᠷᠠᠵᠤ ᠪᠠᠢᠭ᠎ᠠ ᠭᠠᠳᠠᠭᠠᠳᠤ ᠪᠠᠢᠳᠠᠯ᠎ᠤᠨ ᠲᠤᠬᠠᠶ ᠲᠠ ᠶᠠᠮᠠᠷ ᠮᠠᠭᠠᠳᠯᠠᠯ᠎ᠲᠠᠢ ᠪᠤᠢ? ᠳᠤᠮᠳᠠᠳᠤ ᠤᠯᠤᠰ ᠭᠠᠳᠠᠭᠠᠳᠤ ᠣᠷᠴᠢᠨ ᠲᠣᠭᠤᠷᠢᠨ᠎ᠤ ᠬᠤᠪᠢᠷᠠᠯᠲᠠ᠎ᠶ᠋ᠢ ᠬᠡᠷᠬᠢᠨ ᠠᠷᠭᠠᠴᠠᠭᠠᠬᠤ ᠪᠤᠢ? ᠪᠦᠬᠦ᠌ ᠪᠥᠮᠪᠥᠷᠴᠡᠭ᠎ᠤᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠥᠷᠢᠰᠥᠯᠳᠦᠭᠡᠨ ᠪᠣᠯᠤᠨ ᠠᠵᠤ ᠠᠬᠤᠢ᠎ᠶ᠋ᠢᠨ ᠬᠦᠨᠳᠦ ᠨᠣᠴᠢᠲᠠᠢ ᠪᠠᠭᠤᠷᠠᠯᠲᠠ᠎ᠶ᠋ᠢᠨ ᠥᠷᠢᠰᠥᠯᠳᠦᠭᠡᠨ᠎ᠳᠤ ᠳᠤᠮᠳᠠᠳᠤ ᠤᠯᠤᠰ ᠶᠠᠮᠠᠷ ᠦᠢᠯᠡᠳᠦᠯ ᠦᠵᠡᠭᠦᠯᠬᠦ᠌ ᠪᠤᠢ?
    ᠯᠢ ᠺᠧ ᠴᠢᠶᠠᠩ᠄ ᠪᠢᠳᠡ ᠤᠷᠢᠳᠠᠪᠠᠷ ᠣᠳᠣ᠎ᠶ᠋ᠢᠨ ᠳᠡᠯᠡᠬᠡᠢ᠎ᠶ᠋ᠢᠨ ᠬᠤᠪᠢᠷᠠᠯᠲᠠ᠎ᠶ᠋ᠢ ᠦᠵᠡᠶ᠎ᠡ᠃ ᠡᠨᠡ ᠤᠳᠠᠭᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠦᠬᠦ᠌ ᠳᠡᠯᠡᠬᠡᠶ᠎ᠳᠤ ᠶᠡᠭᠡ᠎ᠪᠠᠷ ᠳᠡᠯᠭᠡᠷᠡᠵᠡᠶ᠃ ᠳᠡᠯᠡᠬᠡᠶ ᠳ᠋ᠠᠬᠢᠨ᠎ᠳᠤ ᠬᠦᠨᠳᠦ ᠨᠣᠴᠢᠲᠠᠶ ᠳᠠᠭᠠᠷᠢᠯᠲᠠ ᠤᠴᠠᠷᠠᠭᠤᠯᠵᠤ᠂ ᠯᠤᠲᠤ ᠶᠡᠭᠡ ᠨᠥᠯᠥᠭᠡ ᠠᠪᠴᠢᠷᠠᠭ᠍ᠰᠠᠨ ᠪᠠᠢᠨ᠎ᠠ᠃ ᠤᠳᠤᠬᠠᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠎ᠠᠴᠠ ᠪᠣᠯᠵᠤ᠂ ᠡᠯ᠎ᠡ ᠤᠯᠤᠰ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠢᠯᠡᠳᠲᠡ ᠪᠠᠭᠠᠰᠴᠤ᠌᠂ ᠬᠡᠷᠪᠡ ᠴᠢᠨᠠᠭ᠍ᠰᠢᠳᠠ ᠦᠷᠭᠦᠯᠵᠢᠯᠡᠬᠦ᠌᠎ᠳᠤ ᠬᠦᠷᠪᠡᠯ ᠳᠡᠯᠡᠬᠡᠢ᠎ᠶ᠋ᠢᠨ ᠠᠵᠤ ᠠᠬᠤᠢ ᠨᠡᠩ ᠬᠦᠨᠳᠦ ᠨᠣᠴᠢᠲᠠᠢ ᠮᠠᠭᠤᠳᠠᠬᠤ ᠪᠣᠯᠤᠨ᠎ᠠ᠂ ᠡᠨᠡ ᠪᠣᠯ ᠠᠶᠤᠯ᠎ᠲᠠᠢ ᠶᠤᠮ᠃ ᠬᠡᠷᠪᠡ ᠳᠡᠯᠡᠬᠡᠶ᠎ᠶ᠋ᠢᠨ ᠠᠵᠤ ᠠᠬᠤᠶ ᠨᠡᠮᠡᠭ᠌ᠳᠡᠯ᠎ᠢᠶᠠᠨ ᠰᠡᠷᠭᠦᠭᠡᠵᠦ᠍ ᠳᠡᠢᠯᠭᠦ᠌ ᠦᠭᠡᠢ ᠪᠣᠯ ᠬᠤᠵᠢᠮ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠴᠦ᠍ ᠪᠡᠷᠬᠡ ᠪᠠᠢᠵᠤ ᠮᠡᠳᠡᠨ᠎ᠡ᠃ ᠬᠢᠵᠢᠭ᠎ᠤᠨ ᠪᠠᠢᠳᠠᠯ᠎ᠲᠠᠢ ᠳᠡᠮᠡᠴᠡᠭᠦ᠌ ᠶᠠᠪᠤᠴᠠ᠎ᠳᠤ ᠣᠯᠠᠨ ᠨᠡᠢᠲᠡ᠎ᠶ᠋ᠢᠨ ᠪᠦᠲᠦᠭᠡᠭ᠌ᠳᠡᠬᠦᠨ ᠣᠨᠴᠠᠭᠠᠢ ᠬᠡᠷᠡᠭ᠌ᠰᠡᠵᠦ᠍᠂ ᠠᠵᠤ ᠦᠢᠯᠡᠰ᠎ᠤᠨ ᠬᠡᠯᠬᠢ᠊ ᠡᠶ᠎ᠡ᠂ ᠬᠠᠩᠭᠠᠯᠭ᠎ᠠ᠎ᠶ᠋ᠢᠨ ᠬᠡᠯᠬᠢ᠊ ᠡᠶ᠎ᠡ᠎ᠶ᠋ᠢ ᠲᠣᠭ᠍ᠲᠠᠭᠤᠨ ᠪᠠᠢᠯᠭᠠᠬᠤ ᠴᠢᠬᠤᠯᠠ᠎ᠲᠠᠢ᠂ ᠨᠡᠩ ᠴᠤ᠌ ᠨᠡᠭᠡᠭᠡᠯᠲᠡ᠎ᠲᠠᠢ ᠪᠣᠯᠭᠠᠵᠤ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠪᠣᠯᠤᠨ ᠳᠥᠭᠦᠮᠴᠢᠯᠡᠯᠲᠡ᠎ᠶ᠋ᠢ ᠠᠬᠢᠭᠤᠯᠬᠤ ᠴᠢᠬᠤᠯᠠ᠎ᠲᠠᠢ᠃ ᠢᠩᠭᠢᠪᠡᠯ ᠪᠢᠳᠡ ᠰᠠᠶᠢ ᠬᠢᠵᠢᠭ᠎ᠤᠨ ᠪᠠᠢᠳᠠᠯ᠎ᠢ ᠬᠠᠮᠲᠤ᠎ᠪᠠᠷ ᠢᠯᠠᠨ ᠳᠠᠪᠠᠵᠤ᠂ ᠬᠤᠬᠢᠷᠠᠯ᠎ᠢ ᠬᠠᠮᠤᠭ᠎ᠤᠨ ᠪᠠᠭ᠎ᠠ ᠪᠣᠯᠭᠠᠵᠤ ᠴᠢᠳᠠᠨ᠎ᠠ᠃
    ᠡᠭᠦᠳᠡ᠎ᠪᠠᠨ ᠲᠦᠭ᠌ᠵᠢᠪᠡᠯ ᠬᠦᠭ᠌ᠵᠢᠵᠤ ᠴᠢᠳᠠᠬᠤ ᠦᠭᠡᠢ᠂ ᠡᠨᠡ᠎ᠨᠢ ᠲᠠᠷᠢᠶ᠎ᠠ ᠲᠠᠷᠢᠬᠤ ᠴᠠᠭ ᠦ᠊ ᠡᠶ᠎ᠡ᠎ᠳᠤ ᠪᠤᠴᠠᠭ᠍ᠰᠠᠨ ᠬᠡᠷᠡᠭ ᠪᠣᠯᠤᠨ᠎ᠠ᠃ ᠳᠤᠮᠳᠠᠳᠤ ᠤᠯᠤᠰ ᠭᠠᠳᠠᠭᠠᠳᠤ ᠨᠡᠭᠡᠭᠡᠯᠳᠠ᠎ᠶ᠋ᠢ ᠡᠷᠡᠰ ᠭᠤᠢᠪᠢᠰᠢ ᠤᠢ᠍ᠭᠡᠢ᠎ᠪᠠᠷ ᠲᠦᠯᠬᠢᠠ ᠠᠬᠢᠭᠤᠯᠤᠨ᠎ᠠ᠂ ᠡᠨᠡ᠎ᠨᠢ ᠬᠤᠪᠢᠷᠡᠬᠤ ᠤᠢ᠍ᠭᠡᠢ ᠪᠥᠭᠡᠳ ᠬᠤᠪᠢᠷᠠᠭᠤᠯᠵᠤ ᠴᠤ᠌ ᠴᠢᠳᠠᠬᠤ ᠤᠢ᠍ᠭᠡᠢ ᠶᠤᠮ᠃ ᠪᠢᠳᠡ ᠳᠡᠯᠡᠬᠡᠢ ᠳ᠋ᠠᠬᠢᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠭᠡᠵᠦ᠍᠂ ᠨᠡᠬᠡᠬᠡᠯᠳᠡ᠎ᠶ᠋ᠢ ᠥᠷᠭᠡᠳᠭᠡᠬᠦ᠌ ᠨᠡᠩ ᠤᠯᠠᠨ ᠠᠷᠭ᠎ᠠ ᠬᠡᠮᠵᠢ᠊ ᠡᠶ᠎ᠡ᠎ᠶ᠋ᠢ ᠪᠡᠶ᠎ᠡ᠎ᠪᠠᠨ ᠳᠠᠭᠠᠭᠠᠵᠤ ᠨᠡᠢᠲᠡᠯᠡᠬᠦ᠌ ᠪᠣᠯᠤᠨ᠎ᠠ᠃ ᠨᠡᠭᠡᠭᠡᠯᠳᠡ ᠬᠢᠬᠦ᠌᠎ᠨᠢ ᠡᠯ᠎ᠡ ᠤᠯᠤᠰ᠎ᠲᠤ ᠠᠪᠴᠤ᠌ ᠬᠡᠯᠡᠪᠡᠯ ᠠᠭᠠᠷ ᠪᠠ ᠬᠥᠮᠦᠨ ᠠᠳᠠᠯᠢ᠎ᠪᠠᠷ ᠬᠤᠷᠣᠮᠬᠠᠨ ᠵᠠᠭᠤᠷ᠎ᠠ ᠴᠦ᠍ ᠰᠠᠯᠵᠤ ᠪᠣᠯᠤᠰᠢ ᠦᠭᠡᠢ ᠶᠤᠮ᠂ ᠡᠰᠡᠪᠡᠯ ᠠᠮᠢᠰᠭᠤᠯ ᠳᠠᠰᠤᠷᠠᠬᠤ ᠪᠣᠯᠤᠨ᠎ᠠ᠃ ᠪᠢᠳᠡ ᠨᠡᠭᠡᠭᠡᠯᠳᠡ ᠬᠢᠬᠦ᠌ ᠳᠤᠮᠳᠠ᠎ᠪᠠᠨ ᠪᠠᠰᠠ ᠤᠯᠠᠨ ᠤᠯᠤᠰ᠎ᠤᠨ ᠠᠵᠤ ᠦᠢᠯᠡᠰ᠎ᠤᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠬᠠᠮᠠᠭᠠᠯᠠᠬᠤ ᠬᠡᠷᠡᠭ᠌ᠲᠡᠶ᠃ ᠶᠠᠷᠢᠶᠠᠨ ᠦᠭᠡᠢ ᠵᠠᠷᠢᠮ ᠬᠥᠮᠦᠨ ᠠᠵᠤ ᠦᠢᠯᠡᠰ᠎ᠤᠨ ᠬᠡᠯᠬᠢ᠊ ᠡᠶ᠎ᠡ᠂ ᠬᠠᠩᠭᠠᠯᠭ᠎ᠠ᠎ᠶ᠋ᠢᠨ ᠬᠡᠯᠬᠢ᠊ ᠡᠶ᠎ᠡ᠎ᠳᠤ ᠲᠤᠬᠢᠷᠠᠭᠤᠯᠤᠯᠳᠠ ᠬᠢᠬᠦ᠌ ᠬᠡᠷᠡᠭ᠌ᠲᠡᠢ ᠭᠡᠵᠦ᠍ ᠬᠡᠯᠡᠵᠦ᠍ ᠮᠡᠳᠡᠨ᠎ᠡ᠃ ᠠᠵᠤ ᠠᠬᠤᠢ᠍ᠢᠯᠠᠯ᠎ᠤᠨ ᠲᠤᠬᠢᠷᠠᠭᠤᠯᠤᠯᠳᠡ ᠪᠠᠢᠷᠢᠯᠠᠭᠤᠯᠤᠯᠲᠠ ᠪᠣᠯ ᠵᠠᠬ᠎ᠠ ᠳᠡᠯᠭᠡᠭᠦᠷ᠎ᠤᠨ ᠵᠢᠮ᠎ᠡ ᠶᠣᠰᠣ᠎ᠪᠠᠷ ᠠᠵᠢᠯᠯᠠᠬᠤ ᠶᠠᠪᠤᠳᠠᠯ ᠪᠤᠯᠤᠨ᠎ᠠ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠪᠣᠯ ᠶᠡᠷᠦ᠎ᠨᠢ ᠠᠵᠤ ᠠᠬᠤᠢ᠍ᠢᠯᠠᠯ᠎ᠤᠨ ᠬᠦᠭ᠌ᠵᠢᠭᠦ᠌ ᠪᠠᠭᠤᠷᠠᠬᠤ ᠪᠠ ᠮᠠᠨᠳᠤᠵᠤ ᠮᠦᠭᠦᠬᠦ᠌ ᠶᠠᠪᠤᠳᠠᠯ ᠪᠤᠯᠤᠨ᠎ᠠ᠃ ᠪᠢᠳᠡ ᠵᠠᠬ᠎ᠠ ᠳᠡᠯᠭᠡᠭᠦᠷ᠎ᠤᠨ ᠵᠢᠮ᠎ᠡ ᠶᠣᠰᠣ᠎ᠶ᠋ᠢ ᠵᠥᠷᠢᠴᠡᠨ ᠬᠡᠢ ᠬᠤᠭᠤᠰᠣᠨ᠎ᠢᠶᠠᠷ ᠵᠢᠷᠤᠵᠤ ᠲᠥᠯᠥᠪᠯᠡᠵᠦ᠍ ᠪᠣᠯᠬᠤ ᠦᠭᠡᠢ᠂ ᠬᠠᠷᠢᠨ ᠵᠠᠬ᠎ᠠ ᠳᠡᠯᠭᠡᠭᠦᠷ᠎ᠢ ᠨᠡᠩ ᠢᠯᠡᠭᠦᠦ ᠬᠠᠷᠢᠯᠴᠠᠨ ᠨᠡᠭᠡᠭᠡᠯᠲᠡ᠎ᠲᠠᠢ ᠪᠣᠯᠭᠠᠬᠤ ᠬᠡᠷᠡᠭ᠌ᠲᠡᠢ᠃
    ᠬᠤᠤᠰ ᠴᠢᠭ᠌ᠯᠡᠯ᠎ᠢᠶᠠᠷ ᠨᠡᠭᠡᠭᠡᠯᠲᠡ ᠬᠢᠬᠦ᠌᠎ᠶ᠋ᠢ ᠪᠠᠷᠢᠮᠲᠠᠯᠠᠬᠤ᠎ᠳᠤ ᠨᠥᠬᠦᠷᠰᠡᠭ᠎ᠢᠶᠠᠷ ᠬᠠᠷᠢᠯᠴᠠᠬᠤ ᠬᠡᠷᠡᠭ᠌ᠲᠡᠶ᠃ ᠨᠢᠭᠡ᠎ᠳᠤ᠂ ᠪᠢᠳᠡ ᠳᠡᠯᠡᠬᠡᠶ᠎ᠶ᠋ᠢᠨ ᠡᠯ᠎ᠡ ᠤᠯᠤᠰ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠠᠷ ᠬᠠᠨᠳᠤᠬᠤ᠎ᠶ᠋ᠢ ᠬᠦᠰᠡᠵᠦ᠍ ᠪᠠᠢᠨ᠎ᠠ᠃ ᠤᠯᠤᠰ᠎ᠤᠨ ᠶᠡᠭᠡ ᠪᠠᠭ᠎ᠠ᠂ ᠪᠠᠶᠠᠨ ᠶᠠᠳᠠᠭᠤ᠂ ᠬᠦᠴᠦᠷᠬᠡᠭ ᠪᠠᠭᠤᠷᠠᠶ᠎ᠶ᠋ᠢ ᠬᠠᠮᠢᠶᠠᠷᠬᠤ ᠦᠭᠡᠢ ᠴᠥᠮ ᠡᠨᠡ ᠲᠦᠷᠢᠮ᠎ᠢ ᠵᠢᠷᠤᠮᠯᠠᠬᠤ ᠬᠡᠷᠡᠭ᠌ᠲᠡᠶ᠃ ᠬᠠᠷᠢᠯᠴᠠᠬᠤ ᠳᠦᠷᠢᠮ᠎ᠨᠢ ᠬᠡᠷᠪᠡ ᠲᠡᠭᠦᠯᠳᠡᠷ ᠪᠤᠰᠤ ᠲᠠᠯ᠎ᠠ ᠪᠠᠢᠪᠠᠯ ᠲᠣᠬᠢᠷᠠᠭᠤᠯᠤᠯᠲᠠ ᠬᠢᠵᠦ᠍ ᠥᠭᠡᠷᠡᠴᠢᠯᠡᠬᠦ᠌ ᠴᠢᠬᠤᠯᠠ᠎ᠲᠠᠢ ᠪᠣᠯ ᠣᠯᠠᠨ᠎ᠢᠶᠠᠷ᠎ᠢᠶᠠᠨ ᠵᠥᠪᠳᠡᠯᠴᠡᠵᠦ᠍ ᠪᠠᠢᠭᠠᠳ ᠬᠢᠬᠦ᠌ ᠬᠡᠷᠡᠭ᠌ᠲᠡᠶ᠃ ᠬᠤᠶᠠᠷ᠎ᠲᠤ᠌᠂ ᠬᠠᠷᠢᠯᠴᠠᠨ ᠠᠱᠢᠭ ᠬᠦᠷᠳᠡᠵᠤ ᠬᠠᠷᠢᠯᠴᠠᠨ ᠬᠠᠷᠠᠭᠠᠯᠵᠠᠨ᠎ᠠ᠃ ᠬᠠᠮᠲᠤᠷᠠᠨ ᠠᠵᠢᠯᠯᠠᠬᠤ ᠶᠤᠮ ᠴᠢᠨᠢ ᠬᠠᠮᠲᠤ᠎ᠪᠠᠷ ᠠᠱᠢᠭ ᠬᠦᠷᠲᠡᠬᠦ᠌ ᠬᠡᠷᠡᠭ᠌ᠲᠡᠶ᠂ ᠭᠠᠭ᠍ᠴᠠᠭᠠᠷ ᠠᠱᠢᠭ ᠬᠦᠷᠲᠡᠬᠦ᠌᠎ᠨᠢ ᠤᠷᠲᠤ ᠤᠳᠠᠭᠠᠨ ᠪᠠᠢᠵᠤ ᠴᠢᠳᠠᠬᠤ ᠦᠭᠡᠢ᠂ ᠬᠤᠳᠠ᠎ᠪᠠᠨ ᠰᠠᠬᠢᠵᠤ ᠬᠤᠪᠢ᠎ᠪᠠᠨ ᠪᠤᠷᠤᠯᠠᠭᠤᠯᠬᠤ᠎ᠨᠢ ᠴᠦ᠍ ᠶᠠᠪᠤᠭ᠍ᠳᠠᠵᠤ ᠴᠢᠳᠠᠬᠤ ᠦᠭᠡᠢ ᠶᠤᠮ᠃ ᠵᠦᠪᠭᠡᠨ ᠬᠠᠮᠲᠤ᠎ᠪᠠᠷ ᠠᠱᠢᠭ ᠬᠦᠷᠲᠡᠬᠦ᠌ ᠳᠤᠮᠳᠠ ᠣᠯᠠᠨ᠎ᠢᠶᠠᠷ᠎ᠢᠶᠠᠨ ᠰᠠᠶᠢ ᠬᠠᠮᠲᠤ᠎ᠪᠠᠷ ᠦᠰᠦᠨ ᠪᠤᠢᠵᠢᠵᠤ ᠴᠢᠳᠠᠨ᠎ᠠ᠃ ᠳᠠᠬᠢᠪᠠᠯ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠶᠠᠪᠤᠳᠠᠯ ᠪᠣᠯᠤᠨ᠎ᠠ᠃ ᠡᠯ᠎ᠡ ᠤᠯᠤᠰ ᠴᠦᠮ ᠥᠪᠡᠷ ᠥᠪᠡᠷ᠎ᠤᠨ ᠳᠠᠪᠠᠭᠤᠯᠢᠭ ᠲᠠᠯ᠎ᠠ᠎ᠲᠠᠢ᠂ ᠴᠥᠮ ᠭᠦᠢᠴᠡᠳᠭᠡᠪᠡᠰᠦ ᠵᠣᠬᠢᠬᠤ ᠤᠯᠠᠨ ᠤᠯᠤᠰ᠎ᠤᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠡᠯ᠎ᠡ ᠵᠦᠢᠯ᠎ᠤᠨ ᠬᠦᠴᠢᠷᠳᠡᠯ ᠪᠠ ᠱᠢᠯᠭᠠᠯᠲᠠ᠎ᠶ᠋ᠢ ᠭᠠᠷ ᠬᠤᠯᠪᠣᠨ ᠠᠷᠭᠠᠴᠠᠭᠠᠬᠤ ᠬᠡᠷᠡᠭ᠌ᠲᠡᠶ᠃ ᠳᠤᠮᠳᠠᠳᠤ ᠤᠯᠤᠰ ᠬᠥᠭ᠌ᠵᠢᠵᠦ᠍ ᠪᠠᠢᠭ᠎ᠠ ᠲᠤᠮᠤ ᠤᠯᠤᠰ ᠪᠣᠯᠤᠭ᠍ᠰᠠᠨ᠎ᠤ ᠬᠤᠪᠢ᠎ᠳᠤ ᠪᠢᠳᠡᠨ᠎ᠤ ᠡᠭᠦᠷᠭᠡᠯᠡᠪᠡᠰᠦ ᠵᠣᠬᠢᠬᠤ ᠤᠯᠠᠨ ᠤᠯᠤᠰ᠎ᠤᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠪᠣᠯᠤᠨ᠎ᠠ᠃
    ᠳᠤᠮᠳᠠᠳᠤ ᠤᠯᠤᠰ ᠪᠣᠯ ᠨᠢᠭᠡᠨ ᠮᠤᠨᠳᠠᠭ ᠶᠡᠭᠡ ᠵᠠᠬ᠎ᠠ ᠳᠡᠯᠭᠡᠭᠦᠷ ᠪᠤᠯᠤᠨ᠎ᠠ᠂ ᠪᠢᠳᠡᠨ᠎ᠤ ᠠᠬᠢᠭᠤᠯᠵᠤ ᠪᠠᠢᠭ᠎ᠠ ᠬᠦᠴᠢᠷᠳᠡᠯ᠎ᠢ ᠨᠠᠮᠳᠠᠭᠤᠯᠬᠤ ᠪᠠ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠪᠴᠢᠶᠡᠵᠢᠯ᠎ᠤᠨ ᠴᠢᠨᠠᠷᠲᠠᠶ ᠲᠦᠷᠦ᠎ᠶ᠋ᠢᠨ ᠪᠤᠳᠤᠯᠭ᠎ᠠ᠎ᠨᠢ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠢ ᠤᠯᠡᠮ ᠴᠢᠨᠠᠭ᠍ᠰᠢᠳᠠ ᠥᠷᠭᠡᠳᠭᠡᠬᠦ᠌ ᠪᠣᠯᠤᠨ᠎ᠠ᠃ ᠳᠤᠮᠳᠠᠳᠤ ᠤᠯᠤᠰ᠎ᠨᠢ ᠣᠯᠠᠨ᠎ᠤ ᠦᠵᠡᠵᠦ᠍ ᠲᠣᠭᠤᠭ᠍ᠰᠠᠨ ᠪᠡᠯᠡ ᠣᠷᠣᠭᠤᠯᠬᠤ ᠱᠢᠮᠡᠯᠢᠭ ᠬᠥᠷᠥᠰᠥ᠍ ᠪᠤᠯᠬᠤ᠎ᠶ᠋ᠢ ᠬᠦᠰᠡᠵᠦ᠍ ᠪᠠᠢᠨ᠎ᠠ᠃ ᠪᠢᠳᠡ ᠭᠠᠳᠠᠭᠠᠳᠤ᠎ᠶ᠋ᠢᠨ ᠨᠡᠩ ᠤᠯᠠᠨ ᠪᠠᠷᠠᠭ᠎ᠠ ᠲᠠᠸᠠᠷ᠎ᠢ ᠭᠠᠳᠠᠭᠠᠳᠤ᠎ᠠᠴᠠ ᠣᠷᠣᠭᠤᠯᠵᠤ᠂ ᠳᠡᠯᠡᠬᠡᠶ᠎ᠳᠤ ᠬᠠᠨᠳᠤᠭ᠍ᠰᠠᠨ ᠲᠤᠮᠤ ᠵᠠᠬ᠎ᠠ ᠳᠡᠯᠭᠡᠭᠦᠷ ᠪᠣᠯᠬᠤ ᠳᠤᠷᠠᠲᠠᠶ ᠪᠠᠢᠨ᠎ᠠ᠃
    ᠬᠢᠵᠢᠭ᠎ᠤᠨ ᠪᠠᠢᠳᠠᠯ᠎ᠢ ᠬᠡᠷᠬᠢᠨ ᠠᠷᠭᠠᠴᠠᠭᠠᠬᠤ ᠡᠨᠡ ᠬᠦ᠌ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠥᠷᠢᠰᠥᠯᠳᠦᠭᠡᠨ᠎ᠢ ᠬᠡᠷᠬᠢᠨ ᠠᠷᠭᠠᠴᠠᠭᠠᠨ᠂ ᠳᠡᠯᠡᠬᠡᠢ᠎ᠶ᠋ᠢᠨ ᠠᠵᠤ ᠠᠬᠤᠢ᠎ᠶ᠋ᠢ ᠬᠦᠴᠢᠷᠳᠡᠯ᠎ᠠᠴᠠ ᠠᠩᠭᠢᠵᠢᠷᠠᠭᠤᠯᠬᠤ ᠲᠤᠬᠠᠶ ᠬᠡᠯᠡᠪᠡᠯ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠤᠨ᠂ ᠭᠠᠷ ᠬᠤᠯᠪᠣᠨ ᠬᠠᠮᠲᠤ᠎ᠪᠠᠷ ᠤᠷᠤᠭ᠍ᠰᠢᠯᠠᠬᠤ ᠬᠡᠷᠡᠭ᠌ᠲᠡᠢ ᠭᠡᠵᠦ᠍ ᠪᠢ ᠤᠯᠠᠨᠳᠠ ᠶᠠᠷᠢᠭ᠍ᠰᠠᠨ ᠪᠢᠯᠡ᠃ ᠡᠯ᠎ᠡ ᠤᠯᠤᠰ᠎ᠤᠨ ᠠᠷᠠᠳ ᠲᠦᠮᠡᠨ ᠬᠠᠮᠲᠤ᠎ᠪᠠᠷ ᠴᠢᠷᠮᠠᠢᠵᠤ᠂ ᠬᠢᠵᠢᠭ᠎ᠤᠨ ᠪᠠᠢᠳᠠᠯ᠎ᠤᠨ ᠲᠠᠷᠠᠭ᠎ᠠ ᠨᠡᠩ ᠨᠡᠭᠡᠭᠡᠯᠳᠡ ᠬᠢᠪᠡᠯ᠂ ᠮᠠᠭᠤᠳᠠᠵᠤ ᠪᠠᠭᠤᠷᠠᠬ᠍ᠰᠡᠨ᠎ᠤ ᠳᠠᠷᠠᠭᠠᠬᠢ ᠱᠢᠨ᠎ᠡ ᠴᠡᠴᠡᠭ᠌ᠯᠡᠯ᠎ᠲᠠᠢ ᠪᠣᠯᠤᠨ᠎ᠠ ᠭᠡᠳᠡᠭ᠎ᠢ ᠪᠢ ᠬᠦᠰᠡᠵᠦ᠍ ᠪᠠᠢᠬᠤ ᠪᠥᠭᠡᠳ ᠢᠲᠡᠭᠡᠵᠦ᠍ ᠪᠠᠢᠨ᠎ᠠ᠃
    ᠰᠤᠷᠪᠤᠯᠵᠢᠯᠠᠭ᠍ᠴᠢᠳ᠎ᠤᠨ ᠬᠤᠷᠠᠯ᠎ᠨᠢ ᠰᠦᠯᠵᠢᠶᠡᠨ᠎ᠤ ᠸᠢᠳᠢᠣ᠋᠎ᠶ᠋ᠢᠨ ᠬᠡᠯᠪᠡᠷᠢ᠎ᠪᠠᠷ ᠶᠠᠪᠤᠭ᠍ᠳᠠᠵᠤ᠂ ᠭᠤᠣᠯ ᠬᠤᠷᠠᠯ᠎ᠤᠨ ᠳᠠᠯᠠᠪᠠᠢ᠎ᠶ᠋ᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠭᠤᠷᠪᠠᠳᠤᠭᠠᠷ ᠳᠠᠪᠬᠤᠷᠯᠢᠭ᠎ᠤᠨ ᠱᠢᠵᠢᠷ ᠠᠯᠲᠠᠨ ᠶᠡᠭᠡ ᠲᠢᠩᠬᠢᠮ᠎ᠳᠤ ᠳᠤᠬᠢᠷᠠᠭᠤᠯᠵᠤ᠂ ᠬᠤᠪᠢᠶᠠᠷᠢ ᠬᠤᠷᠠᠯ᠎ᠤᠨ ᠳᠠᠯᠠᠪᠠᠢ᠎ᠶ᠋ᠢ ᠮᠧᠢᠳᠢᠶᠠ ᠬᠤᠶᠠᠷ ᠬᠤᠷᠠᠯ᠎ᠤᠨ ᠰᠣᠨᠢᠨ ᠮᠡᠳᠡᠭᠡᠨ᠎ᠤ ᠲᠥᠪ᠎ᠲᠤ ᠲᠣᠬᠢᠷᠠᠭᠤᠯᠪᠠ᠃ ᠰᠣᠷᠪᠣᠯᠵᠢᠯᠠᠭ᠍ᠴᠢᠳ᠎ᠤᠨ ᠬᠤᠷᠠᠯ 110 ᠮᠢᠨᠦ᠋ᠲ ᠱᠢᠬᠠᠮ ᠶᠠᠪᠤᠭ᠍ᠳᠠᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号