ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠳᠤᠬᠠᠢ ᠱᠢᠢᠳᠪᠦᠷᠢ
2020-05-29 10:10:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    (2020 ᠤᠨ᠎ᠤ 5 ᠰᠠᠷ᠎ᠠ᠎ᠶ᠋ᠢᠨ 28 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠠᠴᠠ ᠪᠠᠳᠤᠯᠠᠪᠠ)
     ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠠᠴᠠ ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ᠎ᠤᠨ ᠬᠢᠭ᠌ᠰᠡᠨ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠰᠤᠨᠤᠰᠤᠬ᠍ᠰᠠᠨ ᠪᠦᠬᠡᠳ ᠬᠢᠨᠠᠨ ᠵᠦᠪᠯᠡᠪᠡ᠃ ᠬᠤᠷᠠᠯ᠎ᠠᠴᠠ ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠦᠩᠬᠡᠷᠡᠭ᠌ᠰᠡᠨ ᠵᠢᠯ ᠭᠠᠷᠤᠢ᠎ᠶ᠋ᠢᠨ ᠠᠵᠢᠯ᠎ᠢ ᠬᠦᠢᠴᠡᠳ ᠨᠤᠳᠠᠯᠠᠵᠥ᠍᠂ ᠢᠯᠡᠳᠭᠡᠯ᠎ᠳᠤ ᠳᠤᠷᠠᠳᠤᠬ᠍ᠰᠠᠨ 2020 ᠤᠨ᠎ᠤ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠤᠯᠤᠨ ᠭᠤᠤᠯᠳᠠᠯᠭᠠᠳᠤ ᠡᠬᠦᠷᠬᠡ᠎ᠶ᠋ᠢ ᠵᠦᠪᠱᠢᠶᠡᠷᠡᠵᠥ᠍᠂ ᠡᠨᠡ ᠬᠦ᠌ ᠢᠯᠡᠳᠭᠡᠯ᠎ᠢ ᠵᠦᠪᠱᠢᠶᠡᠷᠡᠬᠦ᠌᠎ᠪᠠᠷ ᠳᠤᠬ᠍ᠳᠠᠵᠠᠢ᠃
     ᠬᠤᠷᠠᠯ᠎ᠠᠴᠠ᠂ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠳᠦᠪ ᠬᠤᠷᠢᠶᠠᠨ᠎ᠤ ᠳᠤᠭᠤᠷᠢᠨ᠎ᠳᠤ ᠨᠡᠩ ᠨᠢᠬ᠍ᠳᠠᠷᠠᠨ ᠪᠦᠯᠬᠦᠮᠳᠡᠵᠥ᠍᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠠᠭᠤᠤ ᠶᠡᠭᠡ ᠳᠤᠬ᠎ᠢ ᠦᠨᠳᠦᠷ ᠮᠠᠨᠳᠤᠭᠤᠯᠵᠥ᠍᠂ ᠰᠢ᠎ᠶ᠋ᠢᠨ ᠫᠢᠩ᠎ᠤᠨ ᠱᠢᠨ᠎ᠡ ᠴᠠᠬ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ᠎ᠤ ᠳᠦᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠬᠡᠷ ᠪᠦᠬᠦᠳᠡ ᠬᠤᠷᠠᠯ᠎ᠤᠨ ᠵᠤᠷᠢᠬ ᠰᠠᠨᠠᠭ᠎ᠠ᠎ᠶ᠋ᠢ ᠪᠦᠬᠦ᠌ ᠳᠠᠯ᠎ᠠ᠎ᠪᠠᠷ ᠳᠤᠭᠤᠱᠢᠯᠠᠭᠤᠯᠵᠥ᠍᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠡᠷᠡᠰ ᠳᠤᠭᠤᠱᠢᠯᠠᠭᠤᠯᠵᠥ᠍᠂ 《ᠳᠦᠷᠪᠡᠨ ᠤᠬᠠᠮᠰᠠᠷ》 ᠎ᠢᠶᠠᠨ ᠴᠢᠩᠭᠠᠳᠭᠠᠨ 《ᠳᠦᠷᠪᠡᠨ ᠢᠳᠡᠬᠡᠯ》 ᠎ᠢᠶᠠᠨ ᠪᠠᠳᠤᠳᠭᠠᠵᠥ᠍ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠵᠥ᠍᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠌ ᠬᠠᠷᠠᠯᠳᠠ ᠡᠬᠦᠷᠬᠡ᠎ᠶ᠋ᠢ ᠴᠢᠩᠭ᠎ᠠ ᠡᠵᠡᠮᠳᠡᠨ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠠᠵᠢᠯ᠎ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠤᠷᠢᠳᠠᠯ ᠳᠤᠤᠷ᠎ᠠ ᠳᠤᠬ᠍ᠳᠠᠭᠤᠨ᠎ᠤ ᠳᠤᠮᠳᠠ ᠤᠷᠤᠬ᠍ᠰᠢᠯᠠᠨ ᠳᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠱᠢᠨ᠎ᠡ ᠬᠦᠭ᠌ᠵᠢᠯᠳᠡ᠎ᠶ᠋ᠢᠨ ᠦᠢᠯᠠᠭᠠᠬ᠍ᠳᠠᠬᠤᠨ᠎ᠢ ᠪᠠᠷᠢᠮᠳᠠᠯᠠᠵᠥ᠍᠂ ᠬᠠᠩᠭᠠᠯᠭ᠎ᠠ᠎ᠶ᠋ᠢᠨ ᠳᠠᠯ᠎ᠠ᠎ᠶ᠋ᠢᠨ ᠪᠦᠳᠦᠴᠡ᠎ᠶ᠋ᠢᠨ ᠴᠢᠨᠠᠷᠳᠠᠢ ᠦᠬᠡᠷᠡᠴᠢᠯᠡᠯᠳᠡ᠎ᠪᠠᠷ ᠭᠤᠤᠯ ᠱᠤᠭᠤᠮ᠎ᠢᠶᠠᠨ ᠪᠤᠯᠭᠠᠬᠤ᠎ᠶ᠋ᠢ ᠪᠠᠷᠢᠮᠳᠠᠯᠠᠨ᠂ ᠦᠬᠡᠷᠡᠴᠢᠯᠡᠯᠳᠡ ᠨᠡᠬᠡᠬᠡᠯᠳᠡ᠎ᠪᠠᠷ ᠬᠦᠳᠡᠯᠬᠡᠬᠦ᠌ ᠬᠦᠴᠦᠨ ᠪᠤᠯᠭᠠᠵᠤ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠎ᠶ᠋ᠢ ᠪᠠᠷᠢᠮᠳᠠᠯᠠᠨ᠂ ᠭᠤᠷᠪᠠᠨ ᠶᠡᠭᠡ ᠪᠤᠭᠤᠮᠳᠠ ᠱᠢᠪᠳᠤᠯᠬᠤ ᠳᠠᠢᠯᠠᠯᠳᠤᠭᠠᠨ᠎ᠢ ᠡᠷᠡᠰ ᠰᠠᠢᠳᠤᠷ ᠬᠢᠵᠥ᠍᠂ 《ᠵᠢᠷᠭᠤᠭ᠎ᠠ᠎ᠶ᠋ᠢ ᠳᠤᠬ᠍ᠳᠠᠪᠤᠷᠢᠵᠢᠭᠤᠯᠬᠤ》 ᠠᠵᠢᠯ᠎ᠤᠨ ᠡᠷᠴᠢᠮ᠎ᠢᠶᠠᠨ ᠴᠢᠩᠭᠠᠷᠠᠭᠤᠯᠤᠨ᠂ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢ ᠪᠦᠬᠦ᠌ ᠳᠠᠯ᠎ᠠ᠎ᠪᠠᠷ ᠨᠠᠢᠳᠠᠪᠤᠷᠢᠵᠢᠭᠤᠯᠵᠥ᠍᠂ ᠳᠤᠳᠤᠭᠠᠳᠤ ᠬᠡᠷᠡᠭ᠌ᠴᠡᠭᠡ᠎ᠶ᠋ᠢ ᠦᠷᠬᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠡᠷᠡᠰ ᠬᠡᠷᠡᠭ᠌ᠵᠢᠬᠦᠯᠤᠨ᠂ ᠠᠵᠥ᠍ ᠠᠬᠤᠢ᠎ᠶ᠋ᠢᠨ ᠬᠦᠭ᠌ᠵᠢᠯᠳᠡ ᠪᠤᠯᠤᠨ ᠨᠡᠢᠬᠡᠮ᠎ᠤᠨ ᠳᠤᠬ᠍ᠳᠠᠭᠤᠨ᠎ᠤ ᠶᠡᠭᠡ ᠳᠠᠯ᠎ᠠ᠎ᠶ᠋ᠢ ᠬᠠᠮᠠᠭᠠᠯᠠᠵᠥ᠍᠂ ᠰᠡᠳᠭᠢᠯ ᠨᠢᠬᠡᠳᠦᠨ ᠬᠦᠴᠦ᠎ᠪᠠᠨ ᠬᠠᠮᠳᠤᠳᠭᠠᠨ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠥ᠍᠂ ᠡᠷᠡᠰ ᠱᠢᠭᠤᠷᠬᠠᠢ᠎ᠪᠠᠷ ᠡᠷᠡᠮᠡᠬᠡᠢᠯᠡᠨ ᠤᠷᠤᠬ᠍ᠰᠢᠯᠠᠵᠥ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠵᠥ᠍ ᠱᠢᠢᠳᠪᠦᠷᠢᠳᠤ ᠢᠯᠠᠯᠳᠠ᠎ᠶ᠋ᠢ ᠤᠯᠬᠤ ᠬᠠᠷᠠᠯᠳᠠ ᠡᠬᠦᠷᠬᠡ᠎ᠶ᠋ᠢ ᠪᠡᠶᠡᠯᠡᠬᠦᠯᠬᠦ᠌᠎ᠶ᠋ᠢ ᠦᠨᠡᠨ ᠬᠦ᠌ ᠪᠠᠳᠤᠯᠠᠵᠤ᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠡ᠎ᠪᠠᠷ ᠪᠡᠶᠡᠯᠡᠬᠦᠯᠰᠦᠬᠡᠢ ᠬᠡᠵᠥ᠍ ᠤᠷᠢᠶᠠᠯᠠᠪᠠ᠃
     (ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 28 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号