ᠱᠢᠨ᠎ᠡ ᠳᠤᠮᠳᠠᠳᠤ ᠤᠯᠤᠰ᠎ᠤᠨ ᠠᠩᠬᠠᠳᠠᠬ᠍ᠴᠢ ᠢᠷᠭᠡᠨ᠎ᠤ ᠬᠠᠤᠯᠢ᠎ᠶ᠋ᠢᠨ ᠪᠢᠴᠢᠭ ᠮᠡᠨᠳᠦᠯᠡᠯ᠎ᠡ
2020-05-29 10:14:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

       《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》 ᠨᠡᠢᠲᠡ 7 ᠠᠩᠭᠢ᠂ 1260 ᠵᠤᠷᠪᠤᠰ ᠪᠤᠢ᠂ ᠡᠯ᠎ᠡ ᠠᠩᠭᠢ᠎ᠨᠢ ᠲᠤᠰ ᠲᠤᠰ ᠶᠡᠷᠦᠩᠬᠡᠶ ᠳᠦᠷᠢᠮ᠂ ᠪᠣᠳᠠᠰ᠎ᠤᠨ ᠡᠷᠬᠡ᠂ ᠭᠡᠷ᠎ᠡ᠂ ᠬᠦᠮᠦᠨ᠎ᠤ ᠨᠡᠷ᠎ᠡ ᠬᠦᠨᠳᠤ᠎ᠶ᠋ᠢᠨ ᠡᠷᠬᠡ᠂ ᠤᠷᠤᠭ ᠭᠡᠷ ᠪᠦᠯᠢ᠂ ᠵᠠᠯᠭᠠᠮᠵᠢᠯᠠᠬᠤ ᠡᠷᠬᠡ᠂ ᠡᠷᠬᠡ᠎ᠳᠤ ᠬᠠᠯᠳᠠᠭ᠍ᠰᠠᠨ ᠬᠠᠷᠢᠭᠤᠴᠠᠯᠭ᠎ᠠ ᠵᠢᠴᠢ ᠳᠠᠭᠠᠯᠳᠤᠭᠤᠯᠤᠭ᠍ᠰᠠᠨ ᠳᠦᠷᠢᠮ ᠪᠣᠯᠤᠨ᠎ᠠ᠃
      2015 ᠣᠨ᠎ᠤ 3 ᠰᠠᠷ᠎ᠠ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠳᠦᠷᠢᠮ᠎ᠤᠨ ᠠᠵᠢᠯ᠎ᠤᠨ ᠵᠦᠪᠯᠡᠯ ᠢᠷᠭᠡᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠲᠤᠭᠤᠷᠪᠢᠬᠤ ᠠᠵᠢᠯ᠎ᠢ ᠡᠬᠢᠯᠡᠭᠦᠯᠪᠡ᠃ 2017 ᠣᠨ᠎ᠤ 3 ᠰᠠᠷ᠎ᠠ᠎ᠳᠤ᠂ ᠠᠷᠪᠠᠨ ᠬᠤᠶᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯ᠎ᠠᠴᠠ ᠢᠷᠭᠡᠨ᠎ᠤ ᠬᠠᠤᠯᠢ᠎ᠶ᠋ᠢᠨ ᠶᠡᠷᠦᠩᠬᠡᠢ ᠲᠦᠷᠢᠮ᠎ᠢ ᠬᠢᠨᠠᠨ ᠵᠥᠪᠯᠡᠵᠦ᠍ ᠪᠠᠲᠤᠯᠠᠪᠠ᠃    2019 ᠣᠨ᠎ᠤ 12 ᠰᠠᠷ᠎ᠠ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠠᠴᠠ ᠢᠷᠭᠡᠨ᠎ᠤ ᠬᠠᠤᠯᠢ᠎ᠶ᠋ᠢᠨ ᠶᠡᠷᠦᠩᠬᠡᠢ ᠲᠦᠷᠢᠮ ᠬᠢᠭᠡᠳ ᠪᠠᠢᠩᠭᠤ᠎ᠶ᠋ᠢᠨ ᠬᠤᠷᠢᠶ᠎ᠠ᠎ᠶ᠋ᠢᠨ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭ᠌ᠰᠡᠨ ᠢᠷᠭᠡᠨ᠎ᠤ ᠬᠠᠤᠯᠢ᠎ᠶ᠋ᠢᠨ ᠪᠢᠴᠢᠭ᠎ᠤᠨ ᠡᠯ᠎ᠡ ᠬᠤᠪᠢᠶᠠᠷᠢ ᠠᠩᠬᠢ᠎ᠶ᠋ᠢᠨ ᠡᠬᠡ ᠨᠤᠤᠷᠠᠬ᠎ᠢ ᠨᠡᠢᠯᠡᠭᠦᠯᠦᠨ ᠪᠦᠷᠢᠯᠳᠦᠭᠦᠯᠦᠭ᠌ᠰᠡᠨ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠢ ᠬᠢᠨᠠᠨ ᠵᠥᠪᠯᠡᠭ᠌ᠰᠡᠨ ᠪᠥᠭᠡᠳ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠠᠷ ᠲᠣᠭ᠍ᠲᠠᠵᠠᠢ᠃
      ᠡᠨᠡ ᠵᠢᠯ᠎ᠤᠨ ᠬᠤᠶᠠᠷ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠭᠡᠱᠢᠭᠦᠳ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠢ ᠨᠠᠷᠢᠨ ᠬᠢᠨᠠᠮᠠᠭᠠᠶ ᠬᠢᠨᠠᠨ ᠵᠦᠪᠯᠡᠵᠤ ᠶᠠᠷᠢᠯᠴᠠᠪᠠ᠃ ᠡᠯ᠎ᠡ ᠲᠠᠯ᠎ᠠ᠎ᠶ᠋ᠢᠨ᠎ᠬᠢᠨ᠎ᠤ ᠰᠠᠨᠠᠯ᠎ᠢ ᠦᠨᠳᠦᠰᠦᠯᠡᠵᠦ᠍᠂ ᠪᠠᠰᠠ 100 ᠭᠠᠷᠤᠶ ᠭᠠᠵᠠᠷ᠎ᠲᠤ ᠵᠠᠰᠠᠪᠤᠷᠢ ᠣᠷᠣᠭᠤᠯᠪᠠ᠃
      ᠢᠷᠭᠡᠨ᠎ᠤ ᠬᠠᠤᠯᠢ᠎ᠶ᠋ᠢᠨ ᠪᠢᠴᠢᠭ᠎ᠢ 2021 ᠣᠨ᠎ᠤ 1 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠣᠷᠤᠭ᠎ᠤᠨ ᠬᠠᠤᠯᠢ᠂ ᠵᠠᠯᠭᠠᠮᠵᠢᠯᠠᠬᠤ ᠬᠠᠤᠯᠢ᠂ ᠢᠷᠭᠡᠨ᠎ᠤ ᠬᠠᠤᠯᠢ᠎ᠶ᠋ᠢᠨ ᠨᠡᠪᠲᠡᠷᠬᠡᠢ ᠲᠦᠷᠢᠮ᠂ ᠡᠷᠭᠦᠨ ᠲᠡᠵᠢᠭᠡᠬᠦ᠌ ᠬᠠᠤᠯᠢ᠂ ᠪᠠᠳᠤᠯᠠᠨ ᠳᠠᠭᠠᠭᠠᠬᠤ ᠬᠠᠤᠯᠢ᠂ ᠭᠡᠷ᠎ᠡ᠎ᠶ᠋ᠢᠨ ᠬᠠᠤᠯᠢ᠂ ᠪᠣᠳᠠᠰ᠎ᠤᠨ ᠡᠷᠬᠡ᠎ᠶ᠋ᠢᠨ ᠬᠠᠤᠯᠢ᠂ ᠡᠷᠬᠡ᠎ᠳᠤ ᠬᠠᠯᠳᠠᠭ᠍ᠰᠠᠨ ᠬᠠᠷᠢᠭᠤᠴᠠᠯᠭ᠎ᠠ᠎ᠶ᠋ᠢᠨ ᠬᠠᠤᠯᠢ᠂ ᠢᠷᠭᠡᠨ᠎ᠤ ᠬᠠᠤᠯᠢ᠎ᠶ᠋ᠢᠨ ᠶᠡᠷᠦᠩᠬᠡᠶ ᠲᠦᠷᠢᠮ᠎ᠢ ᠬᠠᠮᠲᠤ᠎ᠳᠤᠨᠢ ᠬᠦᠴᠦᠨ ᠥᠬᠡᠶ ᠪᠣᠯᠭᠠᠨ᠎ᠠ᠃  


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠱᠢᠨᠬᠤᠸᠠ ᠰᠦᠯᠵᠢᠶ᠎ᠡ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号