ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠲᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠬᠦᠯᠡᠭ᠌ᠴᠢᠳ᠎ᠤᠨ ᠭᠤᠷᠪᠠᠳᠤᠭᠠᠷ ᠬᠤᠷᠡᠯ ᠬᠤᠷᠡᠯᠳᠤᠪᠠ
2020-05-29 11:11:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ᠎ᠤᠨ ᠲᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠬᠦᠯᠡᠭ᠌ᠴᠢᠳ᠎ᠤᠨ ᠭᠤᠷᠪᠠᠳᠤᠭᠠᠷ ᠬᠤᠷᠡᠯ 28 ᠎ᠤ ᠦᠳᠡ᠎ᠶ᠋ᠢᠨ ᠡᠮᠤᠨ᠎ᠡ ᠠᠷᠠᠳ᠎ᠤᠨ ᠶᠡᠭᠡ ᠬᠤᠷᠡᠯ᠎ᠤᠨ ᠲᠠᠩᠬᠢᠮ᠎ᠳᠤ ᠬᠤᠷᠡᠯᠳᠤᠪᠠ᠃ ᠶᠡᠭᠡ ᠬᠤᠷᠡᠯ᠎ᠤᠨ ᠲᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠬᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠪᠠᠢᠩᠭᠤ᠎ᠶ᠋ᠢᠨ ᠬᠤᠷᠢᠶᠡᠨ᠎ᠤ ᠬᠤᠷᠢᠶᠠᠨ ᠲᠠᠷᠤᠭ᠎ᠠ ᠯᠢ ᠵᠠᠨ ᠱᠦ᠍ ᠬᠤᠷᠡᠯ᠎ᠢ ᠡᠷᠬᠢᠯᠡᠵᠡᠢ᠃
    ᠬᠤᠷᠡᠯ᠎ᠠᠴᠠ ᠶᠡᠭᠡ ᠬᠤᠷᠡᠯ᠎ᠤᠨ ᠲᠡᠳ᠋ ᠨᠠᠷᠢᠨ ᠪᠢᠴᠢᠭ᠎ᠤᠨ ᠲᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠦᠪᠯᠡᠯ᠎ᠤᠨ ᠡᠷᠬᠢᠯᠡᠭ᠌ᠴᠢ ᠬᠡᠱᠢᠬᠦᠨ ᠯᠢ ᠹᠸᠢ᠎ᠶ᠋ᠢᠨ ᠬᠢᠭ᠌ᠰᠡᠡ ᠢᠷᠬᠡᠨ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠭ᠎ᠢ ᠬᠢᠨᠡᠨ ᠵᠦᠪᠯᠡᠭ᠌ᠰᠡᠡ ᠪᠠᠢᠳᠠᠯ᠎ᠤᠨ ᠲᠤᠬᠠᠢ ᠶᠡᠭᠡ ᠬᠤᠷᠡᠯ᠎ᠤᠨ ᠨᠠᠷᠢᠨ ᠪᠢᠴᠢᠭ᠎ᠤᠨ ᠭᠠᠵᠠᠷ᠎ᠤᠨ ᠬᠠᠷᠢᠭᠤ ᠮᠡᠳᠡᠬᠦᠯᠥᠯᠳᠡ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠲᠦᠷᠢᠮ ᠪᠠ ᠬᠡᠷᠡᠭ᠌ᠵᠢᠬᠦᠯᠬᠦ᠌ ᠲᠤᠭ᠍ᠳᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠭ᠍ᠳᠠᠭᠠᠯ᠎ᠤᠨ ᠲᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠭ᠎ᠢ ᠬᠢᠨᠡᠨ ᠵᠦᠪᠯᠡᠭ᠌ᠰᠡᠡ ᠪᠠᠢᠳᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠬᠠᠷᠢᠭᠤ ᠮᠡᠳᠡᠬᠦᠯᠥᠯᠳᠡ᠎ᠶ᠋ᠢ     ᠰᠤᠨᠤᠰᠴᠦ᠍᠂ ᠢᠷᠬᠡᠨ᠎ᠤ ᠬᠠᠤᠯᠢ᠎ᠶ᠋ᠢᠨ ᠪᠢᠴᠢᠭ᠎ᠤᠨ ᠲᠦᠰᠦᠯ᠎ᠢ ᠪᠠᠳᠤᠯᠠᠬᠤ ᠨᠤᠤᠷᠠᠭ᠂ ᠲᠤᠭ᠍ᠳᠠᠭᠠᠯ᠎ᠤᠨ ᠲᠦᠰᠦᠯ᠎ᠢ ᠪᠠᠳᠤᠯᠠᠬᠤ ᠨᠤᠤᠷᠠᠭ᠎ᠢ ᠬᠢᠨᠡᠨ ᠵᠦᠪᠯᠡᠵᠡᠢ᠃
    ᠬᠤᠷᠡᠯ᠎ᠠᠴᠠ ᠶᠡᠭᠡ ᠬᠤᠷᠡᠯ᠎ᠤᠨ ᠲᠡᠷᠢᠬᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠬᠦᠯᠡᠭ᠌ᠴᠢ᠂ ᠶᠡᠭᠡ ᠬᠤᠷᠡᠯ᠎ᠤᠨ ᠲᠡᠳ᠋ ᠨᠠᠷᠢᠨ ᠪᠢᠴᠢᠭ᠎ᠤᠨ ᠲᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠪᠠᠢᠩᠭᠤ᠎ᠶ᠋ᠢᠨ ᠬᠤᠷᠢᠶᠡᠨ᠎ᠤ ᠨᠠᠷᠢᠨ ᠪᠢᠴᠢᠭ᠎ᠤᠨ ᠲᠠᠷᠤᠭ᠎ᠠ ᠶᠠᠩ ᠵᠧᠨ ᠦ᠋᠎ᠶ᠋ᠢᠨ ᠬᠢᠭ᠌ᠰᠡᠡ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠂ 2019 ᠤᠨ᠎ᠤ ᠤᠯᠤᠰ ᠠᠷᠠᠳ᠎ᠤᠨ ᠠᠵᠥ᠍ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠲᠦᠯᠥᠪᠯᠡᠭᠡ᠎ᠶ᠋ᠢ ᠬᠡᠷᠡᠭ᠌ᠵᠢᠬᠦᠯᠦᠭ᠌ᠰᠡᠨ ᠪᠠᠢᠳᠠᠯ ᠬᠢᠬᠡᠳ 2020 ᠤᠨ᠎ᠤ ᠤᠯᠤᠰ ᠠᠷᠠᠳ᠎ᠤᠨ ᠠᠵᠥ᠍ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠲᠦᠯᠥᠪᠯᠡᠭᠡ᠂ 2019 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠡᠷᠡᠭ᠌ᠵᠢᠬᠦᠯᠦᠭ᠌ᠰᠡᠨ ᠪᠠᠢᠳᠠᠯ ᠬᠢᠬᠡᠳ 2020 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠂ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠪᠠᠢᠩᠭᠤ᠎ᠶ᠋ᠢᠨ ᠬᠤᠷᠢᠶᠡᠨ᠎ᠤ ᠠᠵᠢᠯ᠎ᠤᠨ ᠮᠡᠳᠡᠬᠦᠯᠥᠯᠳᠡ᠂ ᠠᠷᠠᠳ᠎ᠤᠨ ᠲᠡᠬᠡᠳᠤ ᠱᠢᠬᠦᠬᠦ᠌ ᠬᠤᠷᠢᠶᠡᠨ᠎ᠤ ᠠᠵᠢᠯ᠎ᠤᠨ ᠮᠡᠳᠡᠬᠦᠯᠥᠯᠳᠡ᠂ ᠠᠷᠠᠳ᠎ᠤᠨ ᠲᠡᠬᠡᠳᠤ ᠪᠠᠢᠴᠠᠭᠠᠬᠤ ᠬᠤᠷᠢᠶᠡᠨ᠎ᠤ ᠠᠵᠢᠯ᠎ᠤᠨ ᠮᠡᠳᠡᠬᠦᠯᠥᠯᠳᠡ ᠵᠡᠷᠭᠡ 6 ᠱᠢᠢᠳᠪᠤᠷᠢ᠎ᠶ᠋ᠢᠨ ᠲᠦᠰᠦᠯ᠎ᠢ ᠬᠢᠨᠡᠨ ᠵᠦᠪᠯᠡᠭ᠌ᠰᠡᠡ ᠪᠠᠢᠳᠠᠯ᠎ᠤᠨ ᠲᠤᠬᠠᠢ ᠶᠡᠭᠡ ᠬᠤᠷᠡᠯ᠎ᠤᠨ ᠨᠠᠷᠢᠨ ᠪᠢᠴᠢᠭ᠎ᠤᠨ ᠭᠠᠵᠠᠷ᠎ᠤᠨ ᠬᠠᠷᠢᠭᠤ ᠮᠡᠳᠡᠬᠦᠯᠥᠯᠳᠡ᠎ᠶ᠋ᠢ ᠰᠤᠨᠤᠰᠴᠦ᠍᠂ ᠡᠨᠡ 6 ᠱᠢᠢᠳᠪᠤᠷᠢ᠎ᠶ᠋ᠢᠨ ᠲᠦᠰᠦᠯ᠎ᠢ ᠪᠠᠳᠤᠯᠠᠬᠤ ᠨᠤᠤᠷᠠᠭ᠎ᠢ ᠬᠢᠨᠡᠨ ᠵᠦᠪᠯᠡᠪᠡ᠃
    ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠡᠷᠡᠭ ᠵᠦᠪᠯᠡᠬᠦ᠌ ᠳᠦᠷᠢᠮ᠎ᠤᠨ ᠲᠤᠭ᠍ᠳᠠᠭᠠᠯ᠎ᠢ ᠦᠨᠳᠦᠰᠦᠯᠡᠪᠡᠯ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠠᠴᠠ ᠪᠠᠢᠩᠭᠤ᠎ᠶ᠋ᠢᠨ ᠬᠤᠷᠢᠶᠠᠨ᠎ᠤ ᠪᠦᠷᠢᠯᠳᠦᠭᠦᠨ᠎ᠤ ᠲᠤᠱᠢᠶᠠᠯ᠎ᠠᠴᠠ᠎ᠪᠠᠨ ᠪᠠᠭᠤᠬᠤ᠎ᠶ᠋ᠢ ᠵᠦᠪᠱᠢᠶᠡᠷᠡᠭ᠌ᠰᠡᠨ ᠪᠤᠯ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠠᠷᠠᠭ᠎ᠠ ᠤᠳᠠᠭ᠎ᠠ᠎ᠶ᠋ᠢᠨ ᠬᠤᠷᠠᠯ᠎ᠳᠤ ᠮᠡᠳᠡᠭᠦᠯᠦᠨ ᠨᠤᠳᠠᠯᠠᠭᠤᠯᠬᠤ ᠬᠡᠷᠡᠭ᠌ᠳᠠᠢ᠃ 2019 ᠤᠨ᠎ᠤ 6 ᠰᠠᠷ᠎ᠠ᠎ᠳᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠨᠢᠭᠡᠳᠦᠭᠡᠷ ᠬᠤᠷᠠᠯ᠎ᠠᠴᠠ ᠹᠧᠩ ᠵᠦᠩ ᠬᠤᠸᠠ᠎ᠶ᠋ᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠭᠡᠱᠢᠭᠦᠨ᠎ᠤ ᠲᠤᠱᠢᠶᠠᠯ᠎ᠠᠴᠠ᠎ᠪᠠᠨ ᠪᠠᠭᠤᠬᠤ᠎ᠶ᠋ᠢ ᠬᠦᠯᠢᠶᠡᠨ ᠠᠪᠴᠦ᠍᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠳᠤ ᠮᠡᠳᠡᠭᠦᠯᠦᠨ ᠨᠤᠳᠠᠯᠠᠭᠤᠯᠬᠤ᠎ᠪᠠᠷ ᠲᠤᠭ᠍ᠳᠠᠪᠠ᠃ ᠬᠤᠷᠠᠯ᠎ᠠᠴᠠ ᠶᠠᠩ ᠵᠧᠨ ᠦ᠋᠎ᠶ᠋ᠢᠨ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠹᠧᠩ ᠵᠦᠩ ᠬᠤᠸᠠ᠎ᠶ᠋ᠢᠨ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠠ᠎ᠤ ᠭᠡᠱᠢᠭᠦᠨ᠎ᠤ ᠲᠤᠱᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠠᠠ ᠠᠪᠤᠭ᠍ᠰᠠᠨ ᠲᠤᠭ᠍ᠳᠠᠭᠠᠯ᠎ᠢ ᠬᠢᠨᠠᠨ ᠵᠦᠪᠯᠡᠭ᠌ᠰᠡᠨ ᠪᠠᠢᠳᠠᠯ᠎ᠤᠨ ᠲᠤᠬᠠᠢ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠬᠠᠷᠢᠭᠤ ᠮᠡᠳᠡᠭᠦᠯᠦᠯᠳᠡ᠎ᠶ᠋ᠢ ᠰᠤᠨᠤᠰᠴᠤ᠌᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠹᠧᠩ ᠵᠦᠩ ᠬᠤᠸᠠ᠎ᠶ᠋ᠢᠨ ᠠᠷᠪᠠᠠ ᠭᠤᠷᠪᠠᠲᠤᠭᠠᠷ ᠬᠤᠭᠤᠴᠠᠭᠠᠠ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠠ᠎ᠤ ᠭᠡᠱᠢᠭᠦᠨ᠎ᠤ ᠲᠤᠱᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠠᠠ ᠠᠪᠬᠤ᠎ᠶ᠋ᠢ ᠨᠤᠲᠠᠯᠠᠬᠤ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠤᠭ᠍ᠳᠠᠭᠠᠯ᠎ᠤᠨ ᠲᠦᠰᠦᠯ᠎ᠤᠨ ᠤᠷᠤᠯᠠᠨ ᠲᠤᠭᠤᠷᠪᠢᠭ᠍ᠰᠠᠨ ᠨᠤᠤᠷᠠᠭ᠎ᠢ ᠬᠢᠨᠡᠨ ᠵᠦᠪᠯᠡᠵᠠᠢ᠃
    ᠬᠤᠷᠠᠯ᠎ᠠᠴᠠ ᠳᠡᠭᠡᠷ᠎ᠠ ᠳᠤᠷᠠᠳᠤᠭ᠍ᠰᠠᠨ ᠲᠦᠰᠦᠯ᠎ᠤᠨ ᠪᠠᠳᠤᠯᠠᠬᠤ ᠨᠤᠤᠷᠠᠭ᠎ᠢ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠳᠦᠷᠪᠡᠳᠦᠭᠡᠷ ᠬᠤᠷᠠᠯ᠎ᠳᠤ ᠳᠡᠪᠱᠢᠭᠦᠯᠦᠨ ᠬᠢᠨᠠᠨ ᠵᠦᠪᠯᠡᠭᠦᠯᠬᠦ᠌᠎ᠶ᠋ᠢ ᠵᠦᠪᠱᠢᠶᠡᠷᠡᠪᠡ᠃
    ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠧᠨ ᠶᠤᠸᠠᠢ ᠶᠤᠸᠠᠢ᠂ ᠵᠶ᠋ᠢ ᠪᠢᠩ ᠱᠢᠤᠸᠠᠨ᠂ ᠡ᠋ᠢᠯᠢᠭᠧᠩ · ᠢᠮᠢᠩᠪᠠᠭ᠍ᠠᠢ᠂ ᠸᠠᠠ ᠡᠸ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ᠎ᠶ᠋ᠢᠨ᠂ ᠼᠠᠢ ᠳ᠋ᠠ ᠹᠧᠩ᠂ ᠦ᠋ ᠸᠧᠢ ᠬᠤᠸᠠ ᠬᠤᠷᠠᠯ᠎ᠳᠤ ᠤᠷᠤᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号