ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠵᠦ᠍ ᠬᠦᠴᠤᠨ᠎ᠢᠶᠠᠨ ᠲᠦᠪᠯᠡᠷᠡᠭᠦᠯᠦᠨ ᠪᠠᠶᠠᠨ ᠴᠢᠨᠡᠭᠡᠯᠢᠭ ᠎ᠢ ᠵᠤᠷᠢᠨ᠎ᠠ
2020-05-29 11:12:13
ᠵᠣᠬᠢᠶᠠᠭ᠍ᠴᠢ᠄
ᠳ᠋ᠠᠢ ᠬᠤᠩ ᠵᠠᠩ ᠺᠦᠢ
ᠣᠩᠱᠢᠭ᠍ᠰᠠᠨ ᠣᠳᠠᠭ᠎ᠠ᠄
★★★☆☆

    ᠬᠦᠬᠡ ᠣᠭ᠍ᠳᠠᠷᠭᠤᠢ ᠠᠷᠴᠢᠬ᠍ᠰᠠᠨ ᠲᠤᠯᠢ ᠮᠡᠳᠤ ᠴᠡᠯᠮᠡᠭ᠌ᠰᠢᠵᠦ᠍᠂ ᠦᠩᠭᠡ᠎ᠶ᠋ᠢᠨ ᠴᠡᠴᠡᠭ ᠮᠢᠷᠠᠯᠵᠠᠨ ᠳᠡᠯᠭᠡᠷᠡᠨ᠎ᠠ᠃ 5 ᠰᠠᠷ᠎ᠠ᠎ᠶ᠋ᠢᠨ 28 ᠎ᠤ ᠦᠳᠡ᠎ᠶ᠋ᠢᠨ ᠬᠤᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠡᠯ᠎ᠠ ᠵᠦᠪᠯᠡᠭᠦ᠌ ᠵᠦᠢᠯ᠎ᠢᠶᠠᠨ ᠲᠠᠭᠤᠰᠭᠠᠭᠠᠳ ᠠᠮᠵᠢᠯᠳᠠ᠎ᠲᠠᠢ ᠲᠡᠭᠦᠰᠪᠡ᠃ ᠬᠤᠷᠠᠯ᠎ᠤᠨ ᠬᠤᠭᠤᠴᠠᠭᠠᠨ᠎ᠳᠤ᠂ ᠮᠠᠨ᠎ᠤ ᠤᠷᠤᠨ᠎ᠤ ᠲᠦᠯᠦᠬᠡᠯᠡᠭ᠌ᠴᠢᠳ᠎ᠤᠨ ᠪᠦᠯᠬᠦᠮ᠎ᠤᠨ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ ᠶᠡᠭᠡ ᠬᠤᠷᠠᠯ᠎ᠤᠨ ᠡᠯ᠎ᠠ ᠵᠦᠢᠯ᠎ᠤᠨ ᠪᠢᠴᠢᠭ ᠮᠠᠲᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠦᠪᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠠᠷᠭ᠎ᠠ ᠪᠤᠳᠤᠯᠭ᠎ᠠ᠎ᠪᠠᠨ ᠡᠷᠭᠦᠵᠦ᠍᠂ ᠶᠡᠭᠡ ᠬᠤᠷᠠᠯ᠎ᠤᠨ ᠡᠯ᠎ᠠ ᠵᠦᠢᠯ᠎ᠤᠨ ᠡᠭᠦᠷᠭᠡ᠎ᠶ᠋ᠢ ᠲᠡᠭᠦᠰ ᠠᠮᠵᠢᠯᠳᠠ᠎ᠲᠠᠢ ᠲᠠᠭᠤᠰᠭᠠᠭᠠᠳ ᠲᠤᠱᠢᠶᠠᠯ᠎ᠢᠶᠠᠨ ᠭᠦᠢᠴᠡᠳᠭᠡᠭᠦ᠌ ᠱᠢᠨ᠎ᠠ ᠠᠶᠠᠨ᠎ᠳᠠᠭᠠᠨ ᠮᠤᠷᠳᠠᠯ᠎ᠠ᠃
    ᠡᠨᠡ ᠣᠳᠠᠭ᠎ᠠ᠎ᠶ᠋ᠢᠨ ᠶᠡᠭᠡ ᠬᠤᠷᠠᠯ ᠳᠡᠭᠡᠷ᠎ᠡ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠠᠳ ᠲᠦᠮᠡᠨ᠎ᠢᠶᠠᠨ ᠭᠡᠰᠡᠨ ᠬᠠᠯᠠᠭᠤᠨ ᠰᠡᠳᠭᠢᠯᠭᠡ ᠲᠦᠯᠦᠭᠡᠯᠡᠭ᠌ᠴᠢᠳ᠎ᠲᠤ ᠬᠦᠨ ᠰᠠᠭᠤᠬ᠍ᠳᠠᠯ ᠦᠯᠡᠳᠡᠭᠡᠵᠠᠢ᠃ 《ᠶᠡᠷᠦᠩᠭᠡᠢ ᠱᠦᠵᠢ᠎ᠶ᠋ᠢᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠨᠢ ᠠᠷᠠᠳ ᠲᠦᠮᠡᠨ᠎ᠢ ᠲᠡᠭᠡᠳᠤᠯᠡᠭᠦ᠌ ᠲᠦᠷᠦ᠍ ᠪᠠᠷᠢᠬᠤ ᠤᠢ᠍ᠢᠯᠠᠭᠠᠬ᠍ᠳᠠᠬᠤᠨ᠎ᠢ ᠭᠦᠢᠴᠡᠳ ᠢᠯᠡᠷᠡᠭᠦᠯᠵᠠᠢ》 ᠭᠡᠵᠦ᠍ ᠵᠠᠩ ᠱᠢᠶᠤᠤ ᠪᠢᠡᠭ ᠲᠦᠯᠦᠭᠡᠯᠡᠭ᠌ᠴᠢ ᠬᠡᠯᠡᠨ᠎ᠠ᠃ ᠲᠡᠷᠡ᠄ 《ᠪᠢᠳᠠ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠱᠢᠯᠠᠭᠤᠯᠵᠦ᠍᠂ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠲᠡᠷᠡ ᠬᠡᠪ᠎ᠢᠶᠠᠷ᠎ᠨᠢ ᠰᠠᠢᠳᠣᠷ ᠨᠠᠢᠳᠠᠪᠤᠷᠢᠵᠢᠭᠤᠯᠤᠨ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠳᠤ ᠪᠣᠢ ᠪᠣᠯᠭᠠᠵᠣ᠂ ᠠᠷᠠᠳ ᠲᠦᠮᠡᠨ᠎ᠳᠤ ᠪᠤᠶᠠᠨ ᠦᠢᠯᠡᠳᠭᠦ᠎ᠶ᠋ᠢ ᠢᠮᠠᠬ᠍ᠳᠠ ᠬᠠᠮᠤᠭ᠎ᠤᠨ ᠴᠢᠬᠤᠯᠠ ᠠᠵᠢᠯ᠎ᠤᠨ ᠪᠦᠳᠦᠮᠵᠢ᠎ᠪᠠᠨ ᠪᠤᠯᠭᠠᠨ᠂ ᠠᠷᠠᠳ ᠲᠦᠮᠡᠨ᠎ᠢ ᠨᠡᠩ ᠶᠡᠭᠡ ᠵᠢᠷᠭᠠᠯᠳᠤ ᠲᠦᠷᠦᠭ᠌ᠳᠡᠯ᠂ ᠬᠦᠷᠳᠡᠮᠵᠢ᠎ᠶ᠋ᠢᠨ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠲᠠᠢ ᠪᠣᠯᠭᠠᠬᠤ᠎ᠪᠠᠷ ᠴᠢᠷᠮᠠᠢᠨ᠎ᠠ》 ᠭᠡᠵᠦ᠍ ᠢᠳᠡᠬᠡᠯ ᠲᠠᠬᠦᠯᠳᠡᠷ ᠶᠠᠷᠢᠨ᠎ᠠ᠃
    ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ᠂ ᠡᠯ᠎ᠠ ᠲᠠᠯ᠎ᠠ᠎ᠶ᠋ᠢᠨ᠎ᠬᠢᠨ᠎ᠢ ᠬᠦᠳᠦᠯᠦᠨ ᠵᠢᠯᠣᠭᠤᠳᠴᠣ ᠪᠠᠢᠭᠠᠳ ᠬᠦᠴᠦᠨ᠎ᠢᠶᠠᠨ ᠲᠦᠪᠯᠡᠷᠡᠭᠦᠯᠦᠨ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠳᠤᠯᠠᠬᠤ》 ᠎ᠶ᠋ᠢ ᠰᠠᠢᠳᠣᠷ ᠠᠳᠭᠤᠵᠣ᠂ ᠪᠠᠳᠤᠯᠠᠬᠤ᠎ᠪᠠᠷ ᠲᠤᠬ᠍ᠳᠠᠭᠤᠨ᠎ᠢ ᠠᠬᠢᠭᠤᠯᠵᠦ᠍᠂ ᠲᠤᠬ᠍ᠳᠠᠭᠤᠨ᠎ᠤ ᠲᠤᠮᠳᠠ ᠤᠷᠤᠬ᠍ᠰᠢᠯᠠᠨ ᠳᠠᠪᠱᠢᠨ᠎ᠠ ᠭᠡᠵᠦ᠍ ᠵᠢᠭᠠᠵᠦ᠍ ᠭᠠᠷᠭᠠᠬ᠍ᠰᠠᠨ᠎ᠨᠢ ᠠᠵᠦ᠍ ᠠᠬᠤᠢ᠍ᠢᠯᠠᠯ᠎ᠤᠨ᠎ᠬᠢᠨ᠎ᠳᠤ 《ᠰᠡᠳᠭᠢᠯ ᠠᠮᠤᠷᠵᠢᠭᠤᠯᠬᠤ ᠦᠷᠢᠯ》 ᠤᠤᠭᠤᠯᠭᠠᠬ᠍ᠰᠠᠨ ᠶᠠᠪᠣᠳᠠᠯ ᠪᠤᠯᠵᠠᠢ᠃ 《ᠪᠢᠳᠡ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠬᠦᠨᠳᠤ ᠨᠠᠢᠳᠠᠯᠭ᠎ᠠ᠎ᠶ᠋ᠢ ᠪᠠᠳᠤ ᠴᠡᠭᠡᠵᠢᠯᠡᠵᠦ᠍᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠨᠡᠭᠦᠷᠡᠰᠦ᠎ᠶ᠋ᠢ ᠴᠡᠪᠡᠷᠱᠢᠭᠦᠯᠭᠦ᠌ ᠬᠦᠭ᠌ᠵᠢᠯᠳᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠰᠠᠢᠳᠤᠷ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠦ᠍᠂ ᠱᠢᠨ᠎ᠠ ᠬᠦᠭ᠌ᠵᠢᠯᠳᠠ᠎ᠶ᠋ᠢᠨ ᠤᠢ᠍ᠢᠯᠠᠭᠠᠬ᠍ᠳᠠᠬᠤᠨ᠎ᠢ ᠪᠠᠷᠢᠮᠳᠠᠯᠠᠨ᠂ ᠬᠢᠵᠢᠭ᠎ᠤᠨ ᠪᠠᠢᠳᠠᠯ᠎ᠤᠨ ᠤᠴᠠᠷᠠᠭᠤᠯᠤᠭ᠍ᠰᠠᠨ ᠠᠱᠢᠭ ᠦᠭᠡᠢ ᠨᠦᠯᠦᠭᠡ᠎ᠶ᠋ᠢ ᠡᠷᠡᠰ ᠢᠯᠠᠨ ᠲᠠᠪᠠᠵᠦ᠍᠂ ᠲᠠᠷᠤᠯᠳᠠ᠎ᠶ᠋ᠢ ᠬᠦᠳᠡᠯᠭᠡᠬᠦ᠌ ᠬᠦᠴᠦᠨ ᠪᠤᠯᠭᠠᠨ ᠬᠤᠪᠢᠷᠠᠭᠤᠯᠵᠦ᠍᠂ 〈ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ〉 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠤ᠂ 〈ᠵᠢᠷᠭᠤᠭ᠎ᠠ᠎ᠶ᠋ᠢ ᠪᠠᠳᠤᠯᠠᠬᠤ〉 ᠡᠭᠦᠷᠭᠡ᠎ᠶ᠋ᠢ ᠪᠦᠭᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ》 ᠭᠡᠵᠦ᠍ ᠠᠵᠦ᠍ ᠠᠬᠤᠢ᠍ᠢᠯᠠᠯ᠎ᠠᠴᠠ ᠢᠷᠡᠭ᠌ᠰᠡᠨ ᠵᠢᠶᠠ ᠷᠦᠨ ᠠᠨ ᠲᠦᠯᠦᠭᠡᠯᠡᠭ᠌ᠴᠢ ᠢᠳᠡᠭᠡᠯ ᠳᠦᠭᠦᠷᠡᠩ ᠬᠡᠯᠡᠨ᠎ᠡ᠃
    ᠡᠨᠡ ᠵᠢᠯ᠎ᠤᠨ ᠬᠤᠷᠠᠯ᠎ᠤᠨ ᠵᠦᠪᠯᠡᠭᠦ᠌ ᠵᠦᠢᠯ᠂ ᠡᠳᠦᠷ᠎ᠤᠨ ᠳᠠᠷᠠᠭᠠᠯᠠᠯ᠎ᠤᠨ ᠲᠤᠬᠢᠷᠠᠭᠤᠯᠣᠯᠳᠠ᠎ᠨᠢ ᠲᠤᠪᠴᠢ ᠠᠪᠰᠠᠷ ᠮᠦᠷᠳᠡᠭᠡᠨ ᠱᠢᠨ᠎ᠠ ᠡᠬᠦᠳᠦᠯᠳᠡ᠎ᠲᠠᠢ᠃ ᠡᠨᠡ ᠪᠤᠯ ᠲᠦᠯᠦᠭᠡᠯᠡᠭ᠌ᠴᠢᠳ᠎ᠲᠤ ᠦᠭ᠌ᠭᠦᠭ᠌ᠰᠡᠨ ᠨᠡᠢᠳᠡᠮ᠎ᠤᠨ ᠲᠦᠷᠦᠭ᠌ᠳᠡᠯ ᠪᠤᠯᠬᠤ ᠶᠤᠮ᠃ 《ᠬᠤᠷᠠᠯ᠎ᠤᠨ ᠬᠤᠭᠤᠴᠠᠭ᠎ᠠ ᠬᠡᠳᠦ᠋ᠢᠪᠡᠷ ᠣᠬᠤᠷ ᠪᠣᠯᠣᠭ᠍ᠰᠠᠨ ᠪᠤᠯᠪᠠᠴᠤ᠌ ᠬᠤᠷᠠᠯ᠎ᠤᠨ ᠵᠦᠪᠯᠡᠬᠦ᠌ ᠵᠦᠢᠯ ᠪᠠᠭᠠᠰᠤᠭ᠍ᠰᠠᠨ ᠦᠭᠡᠢ᠂ ᠬᠤᠷᠠᠯ᠎ᠤᠨ ᠠᠷᠭ᠎ᠠ ᠬᠡᠯᠪᠡᠷᠢ᠎ᠳᠤ ᠴᠤ᠌ ᠮᠠᠰᠢ ᠣᠯᠠᠨ ᠱᠢᠨ᠎ᠠ ᠡᠭᠦᠳᠤᠯᠲᠠ᠎ᠲᠠᠢ ᠪᠤᠯᠪᠠ》 ᠭᠡᠵᠦ᠍ ᠯᠢᠦ ᠶᠠ ᠱᠧᠩ ᠲᠦᠯᠦᠭᠡᠯᠡᠭ᠌ᠴᠢ ᠬᠡᠯᠡᠨ᠎ᠡ᠃ ᠲᠡᠷᠡ᠄ 《ᠠᠵᠢᠯ᠎ᠤᠨ ᠪᠠᠢᠷᠢ᠎ᠳᠠᠭᠠᠨ ᠪᠤᠴᠠᠬ᠍ᠰᠠᠨ᠎ᠤ ᠲᠠᠷᠠᠭ᠎ᠠ᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠬᠦᠨᠳᠤ ᠨᠠᠢᠳᠠᠯᠭ᠎ᠠ ᠪᠤᠯᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠰᠠᠢᠳᠣᠷ ᠤᠯᠠᠮᠵᠢᠯᠠᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠡᠭ᠌ᠭᠤᠵᠢᠭᠤᠯᠬᠤ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠠᠵᠢᠯ᠎ᠤᠨ ᠠᠷᠭ᠎ᠠ ᠬᠡᠯᠪᠡᠷᠢ᠎ᠶ᠋ᠢᠨ ᠱᠢᠨ᠎ᠠ᠎ᠶ᠋ᠢ ᠡᠭᠦᠳᠴᠤ᠌᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠬᠤᠤᠰ ᠢᠯᠡᠯᠲᠡ᠎ᠶ᠋ᠢ ᠤᠯᠬᠤ᠎ᠳᠤ ᠬᠦᠴᠦᠨ ᠴᠢᠳᠡᠯ᠎ᠢᠶᠠᠨ ᠡᠷᠭᠦᠨ᠎ᠠ》 ᠭᠡᠵᠦ᠍ ᠬᠡᠯᠡᠨ᠎ᠡ᠃
    ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠳᠤᠷᠠᠳᠤᠭ᠍ᠰᠠᠨ ᠠᠷᠠᠳ᠎ᠲᠤ ᠠᠱᠢᠭ ᠭᠦᠷᠲᠡᠭᠡᠬᠦ᠌ ᠠᠵᠤ ᠠᠬᠤᠢ᠍ᠢᠯᠠᠯ᠎ᠳᠤ ᠠᠱᠢᠭ ᠬᠦᠷᠲᠡᠭᠡᠬᠦ᠌ ᠲᠦᠷᠦ᠎ᠶ᠋ᠢᠨ ᠪᠤᠳᠤᠯᠭ᠎ᠠ᠎ᠨᠤᠭᠤᠳ᠎ᠨᠢ ᠲᠦᠯᠦᠭᠡᠯᠡᠭ᠌ᠴᠢᠳ᠎ᠢ ᠲᠦᠢᠯ᠎ᠢᠶᠠᠷ ᠤᠷᠮᠠᠱᠢᠭᠤᠯᠤᠨ ᠵᠤᠷᠢᠭ᠍ᠵᠢᠭᠤᠯᠣᠨ᠎ᠠ᠃ 《ᠨᠢᠭᠡᠳᠦᠭᠡᠷ ᠹᠷᠤᠨᠲ᠎ᠤᠨ ᠦᠨᠳᠦᠰᠦᠨ ᠱᠠᠲᠤᠨ᠎ᠤ ᠠᠵᠢᠯᠴᠢᠨ᠎ᠤ ᠲᠦᠯᠦᠭᠡᠯᠡᠭ᠌ᠴᠢ ᠪᠤᠯᠤᠭ᠍ᠰᠠᠨ᠎ᠤ ᠬᠤᠪᠢ᠎ᠳᠤ᠂ ᠪᠢ ᠬᠤᠢᠱᠢᠲᠠ᠎ᠶ᠋ᠢᠨ ᠠᠵᠢᠯ ᠳᠣᠮᠳᠠ᠎ᠪᠠᠨ ᠳᠣᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠨ᠂ ᠤᠷᠠᠨ ᠳᠠᠷᠬᠠᠨ᠎ᠤ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠬᠤ᠎ᠳᠤ ᠦᠵᠡᠭᠦᠯᠪᠡᠰᠤ ᠵᠤᠬᠢᠬᠤ ᠬᠤᠪᠢ ᠨᠡᠮᠡᠷᠢ᠎ᠪᠠᠨ ᠦᠵᠡᠭᠦᠯᠦᠨ᠎ᠠ》 ᠭᠡᠵᠦ᠍ ᠡᠤ ᠶᠢᠩ ᠲᠦᠯᠦᠭᠡᠯᠡᠭ᠌ᠴᠢ ᠬᠡᠯᠡᠨ᠎ᠡ᠃ ᠲᠡᠷᠡ᠂ ᠨᠣᠳᠤᠭ᠎ᠲᠠᠭᠠᠨ ᠪᠣᠴᠠᠭ᠍ᠰᠠᠨ᠎ᠤ ᠳᠠᠷᠠᠭ᠎ᠠ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠳᠣᠳᠣᠨᠣ ᠬᠠᠯᠠᠮᠵᠢᠯᠠᠯ ᠪᠠ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠨᠤᠲᠤᠭ᠎ᠤᠨ ᠠᠷᠠᠳ ᠤᠯᠠᠨ᠎ᠳᠠᠭᠠᠨ ᠴᠠᠭ ᠳᠣᠬᠠᠢ᠎ᠳᠤᠨᠢ ᠤᠯᠠᠮᠵᠢᠯᠠᠨ᠎ᠠ ᠭᠡᠵᠤ ᠢᠯᠡᠷᠭᠡᠢᠯᠡᠨ᠎ᠡ᠃ ᠹᠸᠡᠭ ᠶᠠᠨ ᠯᠢ ᠲᠦᠯᠦᠭᠡᠯᠡᠭ᠌ᠴᠢ᠄ 《ᠡᠨᠡ ᠣᠳᠠᠭ᠎ᠠ᠎ᠶ᠋ᠢᠨ ᠶᠡᠷᠦ᠍ ᠪᠤᠰᠤ᠎ᠶ᠋ᠢᠨ ᠶᠡᠭᠡ ᠬᠤᠷᠠᠯ᠎ᠨᠢ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠴᠢᠷ ᠪᠡᠷᠭᠡᠱᠢᠶᠠᠯ᠎ᠠᠴᠠ ᠠᠶᠤᠬᠤ ᠦᠭᠡᠢ ᠡᠷᠡᠮᠡᠬᠡᠢᠯᠡᠨ ᠤᠷᠤᠭ᠍ᠰᠢᠯᠠᠬᠤ ᠬᠠᠳᠠᠨ ᠪᠠᠲᠤ ᠰᠦᠰᠦ ᠵᠤᠷᠢᠭ᠎ᠢ ᠢᠯᠡᠷᠡᠭᠦᠯᠪᠡ᠃ ᠰᠠᠨᠰᠠᠷ᠎ᠤᠨ ᠠᠶᠠᠯᠠᠯ᠎ᠤᠨ ᠬᠦᠷᠢᠶᠠᠨ᠎ᠤ ᠦᠨᠳᠦᠰᠦᠨ ᠱᠠᠲᠤᠨ᠎ᠤ ᠲᠦᠯᠦᠭᠡᠯᠡᠭ᠌ᠴᠢ ᠪᠤᠯᠤᠭ᠍ᠰᠠᠨ᠎ᠤ ᠬᠤᠪᠢ᠎ᠳᠤ᠂ ᠪᠢ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠠᠢᠳᠣᠷ ᠣᠢᠯᠠᠭᠠᠨ ᠡᠵᠡᠮᠱᠢᠵᠦ᠍᠂ ᠡᠯ᠎ᠠ ᠵᠦᠢᠯ᠎ᠤᠨ ᠱᠢᠨᠵᠢᠯᠡᠬᠦ᠌ ᠣᠬᠠᠭᠠᠨ᠎ᠤ ᠰᠤᠳᠤᠯᠭᠠᠨ᠎ᠤ ᠡᠭᠦᠷᠭᠡ᠎ᠪᠠᠨ ᠰᠠᠢᠲᠤᠷ ᠪᠡᠶᠡᠯᠡᠭᠦᠯᠵᠤ᠂ ᠵᠤᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠤ᠂ ᠡᠷᠴᠢ ᠵᠤᠷᠢᠭ᠎ᠢᠶᠠᠨ ᠬᠦᠪᠴᠢᠯᠡᠵᠦ᠍᠂ ᠬᠢᠵᠢᠭ᠎ᠲᠤ ᠨᠦᠯᠦᠭᠡᠯᠡᠭ᠌ᠳᠡᠭ᠌ᠰᠡᠨ ᠴᠠᠭ᠎ᠢᠶᠠᠨ ᠡᠷᠭᠢᠬᠦᠯᠦᠨ ᠠᠪᠴᠢᠷᠠᠨ᠎ᠠ》 ᠭᠡᠵᠦ᠍ ᠬᠡᠯᠡᠨ᠎ᠡ᠃
    ᠤᠷᠬᠢᠯ᠎ᠳᠤᠷ ᠭᠠᠷᠬᠤ ᠤᠮᠤᠭ ᠵᠤᠷᠢᠭ ᠪᠠᠢᠪᠠᠰᠤ ᠤᠷᠴᠢᠯᠠᠩ ᠳᠡᠯᠡᠬᠡᠢ᠎ᠳᠤᠷ ᠪᠡᠷᠭᠡ ᠶᠠᠪᠤᠳᠠᠯ ᠠᠯᠠᠭ᠎ᠠ᠃ ᠮᠠᠨ᠎ᠤ ᠤᠷᠤᠨ᠎ᠤ ᠲᠦᠯᠦᠬᠡᠯᠡᠭ᠌ᠴᠢᠳ᠎ᠤᠨ ᠪᠦᠯᠬᠦᠮ᠎ᠤᠨ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ᠂ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠢᠳᠡᠪᠬᠢᠲᠡᠢ᠎ᠪᠠᠷ ᠤᠯᠠᠮᠵᠢᠯᠠᠨ ᠦᠨᠡᠨᠴᠢ᠎ᠪᠠᠷ ᠦᠢᠯᠡᠳᠦᠯᠭᠡᠵᠢᠬᠦᠯᠵᠤ᠂ ᠢᠲᠡᠭᠡᠯ ᠵᠤᠷᠢᠭ᠎ᠢᠶᠠᠨ ᠪᠠᠲᠤᠳᠭᠠᠨ᠂ ᠱᠢᠷᠭᠠᠭᠤ ᠠᠵᠢᠯᠯᠠᠨ ᠪᠣᠳᠠᠳᠠᠢ ᠠᠵᠢᠯᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠲᠡ᠎ᠶ᠋ᠢᠨ ᠬᠤᠤᠰ ᠢᠯᠠᠯᠲᠠ᠎ᠶ᠋ᠢ ᠲᠡᠮᠡᠴᠡᠨ ᠤᠯᠬᠤ᠎ᠳᠤ ᠬᠦᠴᠦᠨ ᠴᠢᠳᠠᠯ᠎ᠢᠶᠠᠨ ᠡᠷᠭᠦᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠱᠢᠢᠳᠪᠦᠷᠢᠳᠦ ᠳᠠᠢᠯᠠᠯᠳᠣᠭᠠᠨ ᠬᠢᠵᠦ᠍ ᠱᠢᠢᠳᠪᠦᠷᠢᠲᠤ ᠢᠯᠠᠯᠲᠠ᠎ᠶ᠋ᠢ ᠤᠯᠬᠤ ᠪᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠭᠤᠤ ᠶᠡᠭᠡ ᠦᠢᠯᠡᠳᠦᠯᠭᠡ ᠳᠤᠮᠳᠠ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢᠶᠠᠨ ᠬᠦᠢᠴᠡᠳᠭᠡᠨ᠎ᠠ ᠭᠡᠵᠤ ᠢᠯᠡᠷᠬᠡᠢᠯᠡᠵᠡᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号