ᠬᠡᠢ ᠬᠤᠭᠤᠰᠣᠨ᠎ᠢ ᠴᠡᠭᠡᠷᠯᠡᠨ ᠦᠨᠡᠨ ᠪᠤᠳᠠᠳᠠᠢ᠎ᠶ᠋ᠢ ᠳᠡᠭᠡᠳᠦᠯᠡᠪᠡᠯ ᠰᠠᠶᠢ ᠠᠷᠠᠳ ᠲᠦᠮᠡᠨ᠎ᠳᠤ ᠪᠤᠶᠠᠨ ᠦᠢᠯᠡᠳᠴᠦ᠍ ᠴᠢᠳᠠᠮᠤᠢ
2020-05-29 11:12:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

        — ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠳᠦᠯᠦᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠳᠤᠭᠤᠱᠢᠯᠠᠭᠤᠯᠵᠥ᠍ ᠨᠠᠢᠳᠠᠪᠤᠷᠢᠵᠢᠭᠤᠯᠬᠤ ᠳᠤᠬᠠᠢ ᠵᠢᠷᠭᠤᠭᠠᠨᠲᠠ ᠦᠬᠦᠯᠡᠬᠦ᠌᠎ᠨᠢ 

         ᠦᠪᠦᠷ ᠮᠣᠩᠭᠤᠯ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ


    ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠬᠦᠨᠳᠦ ᠡᠭᠦᠷᠭᠡ᠎ᠶ᠋ᠢ ᠬᠡᠷᠬᠢᠨ ᠪᠡᠶᠡᠯᠡᠭᠦᠯᠬᠦ᠌    ᠪᠤᠢ? ᠠᠷᠠᠳ ᠤᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠡᠷᠬᠢᠨ ᠬᠠᠩᠭᠠᠬᠤ ᠪᠢᠯᠡ? ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠶ᠋ᠢ ᠬᠡᠷᠬᠢᠨ ᠪᠡᠶᠡᠯᠡᠭᠦᠯᠬᠦ᠌ ᠪᠤᠢ? ᠱᠢᠨ᠎ᠡ ᠴᠠᠭ ᠦᠶ᠎ᠡ᠂ ᠱᠢᠨ᠎ᠡ ᠠᠶᠠᠯᠠᠯ᠎ᠳᠤ ᠡᠷᠳᠡᠯᠡᠵᠤ ᠤᠷᠦ᠋ᠢᠯᠠᠨ ᠡᠷᠡᠮᠡᠭᠡᠢᠯᠡᠨ ᠳᠡᠮᠡᠴᠡᠭ᠌ᠴᠢ᠎ᠶ᠋ᠢ ᠤᠷᠢᠶᠠᠯᠠᠨ᠂ ᠯᠠᠪᠳᠠᠭᠤᠨ ᠲᠣᠭ᠍ᠲᠠᠭᠤᠨ ᠪᠣᠳᠠᠲᠠᠢ ᠠᠵᠢᠯᠯᠠᠭ᠍ᠴᠢ ᠴᠢᠬᠤᠯᠠᠳᠠᠢ ᠶᠤᠮ᠃
    ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠳᠤ ᠶᠡᠷᠦᠩᠬᠡᠶ ᠱᠦᠵᠢ ᠰᠢ᠎ᠶ᠋ᠢᠨ ᠫᠢᠩ᠄ 《ᠨᠠᠮ᠎ᠤᠨ ᠭᠡᠱᠢᠭᠦᠨ ᠺᠠᠳ᠋ᠷᠴᠤᠳ ᠢᠯᠠᠩᠭᠤᠶ᠎ᠠ ᠤᠲᠤᠷᠢᠳᠭᠤ ᠺᠠᠳ᠋ᠷᠴᠤᠳ᠂ ᠦᠪᠡᠷ᠎ᠤᠨ ᠭᠠᠷ᠎ᠲᠠᠬᠢ ᠡᠷᠭᠡ᠂ ᠤᠷᠤᠱᠢᠵᠤ ᠪᠠᠢᠭ᠎ᠠ ᠠᠵᠢᠯ᠎ᠤᠨ ᠪᠠᠢᠷᠢ᠎ᠶ᠋ᠢ ᠴᠦᠮ ᠨᠠᠮ ᠪᠠ ᠠᠷᠠᠳ ᠲᠦᠮᠠᠠ᠎ᠠᠴᠠ ᠤᠯᠭᠤᠭ᠍ᠰᠠᠨ᠂ ᠨᠠᠮ ᠪᠠ ᠠᠷᠠᠳ ᠲᠦᠮᠠᠠ᠎ᠤ ᠲᠦᠯᠦᠭᠡ ᠤᠴᠢᠷ ᠶᠠᠪᠤᠲᠠᠯ ᠭᠦᠢᠴᠡᠳᠭᠡᠬᠦ᠌᠎ᠳᠤ ᠭᠡᠷᠡᠭ᠌ᠯᠡᠵᠤ᠂ ᠠᠷᠠᠳ᠎ᠲᠤ ᠠᠱᠢᠭ ᠬᠦᠷᠲᠡᠭᠡᠬᠦ᠌᠎ᠶ᠋ᠢᠨ ᠲᠦᠯᠦᠭᠡ ᠬᠡᠷᠡᠭ᠌ᠯᠡᠬᠦ᠌ ᠬᠡᠷᠡᠭ᠌ᠳᠠᠢ ᠭᠡᠳᠡᠭ᠎ᠢ ᠰᠡᠷᠭᠡᠭ᠎ᠢᠶᠠᠷ ᠤᠯᠵᠤ ᠲᠠᠨᠢᠬᠤ ᠭᠡᠷᠡᠭ᠌ᠲᠡᠢ᠃ ᠡᠯ᠎ᠠ ᠱᠠᠲᠤᠨ᠎ᠤ ᠤᠲᠤᠷᠢᠳᠭᠤ ᠺᠠᠳ᠋ᠷᠴᠤᠳ ᠵᠦᠪ ᠡᠷᠭᠡ᠎ᠶ᠋ᠢᠨ ᠦᠵᠡᠯᠲᠡ᠂ ᠠᠵᠢᠯ᠎ᠤᠨ ᠪᠦᠳᠦᠮᠵᠢ᠎ᠶ᠋ᠢᠨ ᠦᠵᠡᠯᠲᠡ᠂ ᠠᠵᠢᠯ ᠦᠢᠯᠡᠰ᠎ᠤᠨ ᠦᠵᠡᠯᠲᠡ᠎ᠶ᠋ᠢ ᠪᠤᠢ ᠪᠤᠯᠭᠠᠵᠦ᠍᠂ ᠬᠤᠭᠤᠰᠤᠨ ᠨᠡᠷ᠎ᠠ ᠠᠯᠳᠠᠷ ᠭᠠᠪᠢᠶ᠎ᠠ ᠵᠢᠳᠭᠦᠯ᠎ᠢ ᠬᠦᠭᠡᠭᠡᠴᠡᠯᠲᠦᠬᠦ᠌ ᠦᠭᠡᠢ ᠪᠠᠢᠵᠤ᠂ ᠤᠷᠤᠨ ᠨᠤᠳᠤᠭ᠎ᠲᠠᠭᠠᠨ ᠪᠤᠶᠠᠨ ᠦᠢᠯᠡᠳᠬᠦ᠌ ᠳᠠᠷᠤᠭ᠎ᠠ ᠪᠤᠯᠬᠤ᠎ᠪᠠᠷ ᠦᠨᠡᠨ ᠬᠦ᠌ ᠴᠢᠷᠮᠠᠢᠬᠤ ᠬᠡᠷᠡᠭ᠌ᠳᠠᠢ》 ᠭᠡᠵᠤ ᠴᠢᠬᠤᠯᠠᠴᠢᠯᠠᠬ᠍ᠰᠠᠨ ᠪᠠᠢᠯ᠎ᠠ᠃
    ᠣᠳᠣᠬᠠᠨ᠎ᠳᠤ᠂ ᠮᠠᠨ᠎ᠤ ᠣᠷᠣᠨ ᠶᠠᠭ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠱᠠᠲᠤᠨ᠎ᠳᠤ ᠣᠷᠣᠱᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠳᠤ ᠳᠠᠢᠯᠠᠯᠳᠤᠭᠠᠨ ᠬᠢᠵᠤ ᠱᠢᠢᠳᠪᠦᠷᠢᠲᠦ ᠢᠯᠠᠯᠲᠠ᠎ᠶ᠋ᠢ ᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠁ ᠢᠷᠠᠭᠤ ᠠᠯᠳᠠᠷᠲᠠᠢ ᠮᠦᠷᠳᠡᠭᠡᠨ ᠪᠡᠷᠬᠡ ᠬᠠᠲᠠᠭᠤᠵᠢᠯᠲᠠᠢ ᠡᠭᠦᠷᠭᠡ᠎ᠶ᠋ᠢ ᠪᠢᠳᠠ ᠪᠡᠶᠡᠯᠡᠭᠦᠯᠬᠦ᠌᠎ᠶ᠋ᠢ ᠬᠦᠯᠢᠶᠡᠵᠦ᠍ ᠪᠠᠢᠭ᠎ᠠ ᠶᠤᠮ᠃ ᠪᠦᠬᠦ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠲᠣᠰ ᠪᠡᠶ᠎ᠡ᠎ᠶ᠋ᠢᠨ ᠡᠷᠬᠡ᠎ᠶ᠋ᠢᠨ ᠦᠵᠡᠯᠲᠡ᠂ ᠠᠵᠢᠯ᠎ᠤᠨ ᠪᠦᠲᠦᠮᠵᠢ᠎ᠶ᠋ᠢᠨ ᠦᠵᠡᠯᠲᠡ᠂ ᠠᠵᠢᠯ ᠦᠢᠯᠡᠰ᠎ᠤᠨ ᠦᠵᠡᠯᠲᠡ᠎ᠶ᠋ᠢᠨ ᠲᠠᠯ᠎ᠠ᠎ᠪᠠᠷ᠎ᠬᠢ ᠵᠥᠷᠢᠶ᠎ᠡ ᠪᠠ ᠠᠳᠡᠭᠦᠷᠡᠯ᠎ᠢ ᠵᠠᠯᠠᠷᠠᠭᠤᠯᠵᠤ᠂ ᠬᠡᠢ ᠬᠤᠭᠤᠰᠣᠨ᠎ᠢ ᠴᠡᠭᠡᠷᠯᠡᠨ ᠦᠨᠡᠨ ᠪᠤᠳᠠᠳᠠᠢ᠎ᠶ᠋ᠢ ᠳᠡᠭᠡᠳᠦᠯᠡᠨ᠂ ᠬᠤᠳᠠᠯ ᠬᠠᠭᠤᠷᠮᠠᠭ᠎ᠠᠴᠠ ᠵᠠᠢᠯᠠᠰᠭᠢᠨ ᠦᠨᠡᠨ ᠪᠤᠳᠠᠳᠠᠢ᠎ᠶ᠋ᠢ ᠡᠷᠬᠢᠮᠯᠡᠵᠤ᠂ ᠦᠨᠡᠨ ᠪᠣᠳᠠᠲᠤ ᠦᠢᠯᠡ ᠠᠵᠢᠯᠯᠠᠭ᠎ᠠ ᠪᠠ ᠠᠮᠵᠢᠯᠲᠠ ᠪᠦᠲᠦᠮᠵᠢ᠎ᠪᠠᠷ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠬᠠᠮᠠᠭᠠᠯᠠᠵᠤ᠂ ᠨᠠᠮ ᠪᠠ ᠠᠷᠠᠳ ᠲᠦᠮᠡᠨ᠎ᠤ ᠬᠦᠨᠳᠦ ᠨᠠᠢᠳᠠᠯᠭ᠎ᠠ ᠪᠠ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠳᠠᠢ᠃
    ᠡᠷᠬᠡ᠎ᠶ᠋ᠢᠨ ᠮᠦᠨ ᠴᠢᠨᠠᠷ ᠪᠤᠯ ᠬᠠᠷᠢᠭᠤᠴᠠᠯᠭ᠎ᠠ ᠶᠤᠮ᠂ ᠡᠷᠬᠡ᠎ᠶ᠋ᠢᠨ ᠤᠬ ᠴᠢᠨᠠᠷ ᠪᠤᠯ ᠠᠷᠠᠳ᠎ᠤᠨ ᠲᠦᠯᠦᠬᠡ ᠶᠤᠮ᠃ ᠮᠠᠨ᠎ᠤ ᠨᠠᠮ᠎ᠳᠤ ᠦᠪᠡᠷ᠎ᠤᠨ ᠬᠡᠬᠦ᠌ ᠤᠨᠴᠠᠭᠠᠢ ᠠᠱᠢᠬ ᠲᠤᠰᠠ ᠪᠠᠢᠬᠤ ᠦᠬᠡᠢ᠂ ᠨᠠᠮ ᠶᠠᠮᠠᠷ ᠦᠶ᠎ᠠ᠎ᠳᠤ ᠴᠤ᠌ ᠪᠦᠷ ᠠᠷᠠᠳ ᠤᠯᠠᠨ᠎ᠤ ᠠᠱᠢᠬ ᠲᠤᠰᠠ᠎ᠶ᠋ᠢ ᠲᠦᠷᠦᠬᠦᠨ ᠪᠠᠢᠷᠢᠨ᠎ᠳᠤ ᠲᠠᠯᠪᠢᠳᠠᠬ᠃ ᠡᠨᠡ ᠪᠤᠯ ᠮᠠᠨ᠎ᠤ ᠨᠠᠮ ᠮᠠᠷᠺᠰ᠎ᠤᠨ ᠦᠵᠡᠯ᠎ᠤᠨ ᠲᠦᠷᠦ᠎ᠶ᠋ᠢᠨ ᠨᠠᠮ ᠪᠤᠯᠤᠬ᠍ᠰᠠᠨ᠎ᠤ ᠬᠤᠪᠢ᠎ᠳᠤ ᠪᠤᠰᠤᠳ ᠲᠦᠷᠦ᠎ᠶ᠋ᠢᠨ ᠨᠠᠮ᠎ᠠᠴᠠ ᠢᠯᠭᠠᠬ᠍ᠳᠠᠬᠤ ᠢᠯᠡᠷᠬᠡᠢ ᠪᠡᠯᠬᠡ ᠲᠡᠮᠳᠡᠭ ᠶᠤᠮ᠃ ᠤᠳᠤᠷᠢᠳᠭᠤ ᠺᠠᠳ᠋ᠷ ᠪᠤᠯᠤᠬ᠍ᠰᠨᠨ᠎ᠤ ᠬᠤᠪᠢ᠎ᠳᠤ᠂ ᠬᠤᠭᠤᠰᠤᠨ ᠠᠯᠳᠠᠷ᠎ᠢ ᠪᠠᠭ᠍ᠠᠷᠬᠠᠬᠤ ᠦᠬᠡᠢ ᠪᠠᠢᠵᠦ᠍᠂ ᠦᠵᠡᠯ ᠰᠠᠨᠠᠭᠠᠨ᠎ᠤ 《ᠶᠡᠷᠦᠩᠬᠡᠢ ᠨᠡᠬᠡᠬᠡᠯᠬᠡ》 ᠎ᠪᠠᠨ ᠴᠠᠬ ᠢᠮᠠᠬ᠍ᠳᠠ ᠴᠢᠩᠭᠠᠯᠠᠵᠦ᠍᠂ ᠨᠡᠷᠡᠯᠬᠡᠭ ᠰᠡᠳᠭᠢᠯ᠎ᠠᠴᠠ ᠬᠦᠪᠦᠷᠡᠭ᠌ᠰᠡᠨ 《ᠨᠤᠶᠠᠨᠴᠢ》 ᠦᠵᠡᠯ ᠰᠠᠨᠠᠭ᠎ᠠ᠎ᠶ᠋ᠢ ᠠᠷᠢᠯᠭᠠᠨ᠂ 《ᠠᠷᠠᠳ ᠲᠦᠮᠡᠨ᠎ᠢᠶᠠᠷ ᠦᠨᠳᠦᠰᠦ ᠪᠤᠯᠭᠠᠬᠤ》 ᠎ᠶ᠋ᠢ ᠤᠬᠠᠮᠰᠠᠷᠳᠤ ᠬᠦᠬᠡᠬᠡᠴᠡᠯᠳᠦᠯ᠎ᠢᠶᠠᠨ    ᠪᠤᠯᠭᠠᠵᠦ᠍᠂ ᠬᠦᠮᠦᠨ ᠬᠡᠵᠦ᠍ ᠶᠠᠪᠤᠪᠠᠯ ᠬᠦᠮᠦᠨ ᠴᠢᠨᠠᠷ᠎ᠢᠶᠠᠨ ᠮᠠᠷᠳᠠᠬᠤ ᠦᠬᠡᠢ᠂ ᠵᠠᠰᠠᠬ ᠪᠠᠷᠢᠪᠠᠯ ᠠᠯᠪᠠᠨ ᠵᠠᠷᠤᠴᠠ᠎ᠶ᠋ᠢᠨ ᠰᠡᠳᠭᠢᠯ᠎ᠢᠶᠠᠨ ᠬᠤᠪᠢᠷᠠᠭᠤᠯᠬᠤ ᠦᠬᠡᠢ᠂ ᠡᠷᠬᠡ᠎ᠪᠠᠨ ᠬᠡᠷᠡᠭ᠌ᠯᠡᠬᠦ᠌᠎ᠳᠡᠭᠡᠨ ᠬᠤᠪᠢ᠎ᠶ᠋ᠢᠨ ᠠᠱᠢᠬ᠎ᠢ ᠪᠤᠳᠤᠬᠤ ᠦᠬᠡᠢ ᠪᠠᠢᠵᠦ᠍᠂ ᠦᠪ ᠦᠨᠡᠨ ᠬᠦ᠌ ᠠᠷᠠᠳ ᠲᠦᠮᠡᠨ᠎ᠳᠤ ᠦᠢᠯᠡᠴᠢᠯᠡᠬᠦ᠌ ᠲᠤᠮᠳᠠ ᠪᠦᠲᠦᠮᠵᠢᠳᠤ ᠰᠡᠳᠭᠢᠯᠬᠡ᠎ᠶ᠋ᠢ ᠬᠦᠭ᠌ᠵᠢᠬᠡᠨ᠂ ᠢᠷᠠᠭᠤ ᠠᠯᠳᠠᠷᠳᠤ ᠰᠡᠳᠭᠢᠯᠬᠡ᠎ᠶ᠋ᠢ ᠴᠢᠩᠭᠠᠳᠭᠠᠨ᠂ ᠬᠦᠷᠳᠡᠮᠵᠢ᠎ᠶ᠋ᠢᠨ ᠲᠦᠷᠦᠭ᠌ᠳᠡᠯ᠎ᠢ ᠤᠯᠭᠤᠬᠤ ᠬᠡᠷᠡᠭ᠌ᠳᠡᠢ᠃
    ᠵᠠᠰᠠᠬ ᠪᠠᠷᠢᠬᠤ᠎ᠶ᠋ᠢᠨ ᠡᠷᠬᠢᠮ ᠢᠨᠤ ᠬᠡᠷᠡᠭ᠌ᠵᠢᠬᠦᠯᠬᠦ᠌᠎ᠳᠤᠷ ᠪᠤᠢ᠂ ᠦᠨᠡᠨ ᠪᠤᠳᠠᠳᠠᠢ ᠬᠡᠷᠡᠭ᠌ᠵᠢᠬᠦᠯᠪᠡᠰᠤ ᠵᠠᠰᠠᠵᠦ᠍ ᠴᠢᠳᠠᠶᠤ᠂ ᠬᠤᠭᠤᠰᠤᠨ ᠪᠢᠴᠢᠭ᠎ᠢᠶᠠᠷ ᠪᠤᠯᠪᠠᠰᠤ ᠵᠠᠰᠠᠵᠦ᠍ ᠡᠰᠡ ᠴᠢᠳᠠᠮᠤᠢ᠃ ᠠᠷᠠᠳ ᠤᠯᠠᠨ ᠦᠨᠡᠨ ᠪᠤᠳᠠᠳᠠᠢ ᠠᠵᠢᠯᠯᠠᠭᠠᠨ᠎ᠳᠤ ᠬᠠᠮᠤᠬ᠎ᠠᠴᠠ ᠲᠤᠷᠠᠳᠠᠢ ᠪᠠᠢᠵᠦ᠍᠂ ᠦᠵᠡᠬᠦ᠌᠎ᠳᠤ ᠰᠠᠢᠬᠠᠨ ᠴᠤ᠌ ᠦᠨᠡᠨ ᠪᠤᠳᠠᠳᠠᠢ ᠪᠢᠰᠢ᠂ ᠠᠷᠠᠳ᠎ᠢ ᠵᠦᠳᠡᠭᠡᠨ ᠡᠳ᠋᠎ᠢ ᠪᠦᠷᠢᠯᠬᠡᠳᠡᠭ ᠲᠡᠢᠮᠦᠷᠬᠦᠦ ᠲᠤᠬ᠍ᠯᠠᠯᠳᠠ᠎ᠶ᠋ᠢ ᠬᠠᠮᠤᠬ᠎ᠠᠴᠠ ᠦᠵᠡᠨ ᠶᠠᠳᠠᠳᠠᠬ᠃ ᠤᠳᠤᠷᠢᠳᠭᠤ ᠺᠠᠳ᠋ᠷ ᠪᠤᠯᠤᠬ᠍ᠰᠠᠨ᠎ᠤ ᠬᠤᠪᠢ᠎ᠳᠤ᠂ ᠬᠠᠭᠤᠷᠮᠠᠬ ᠭᠠᠪᠢᠶ᠎ᠠ᠎ᠶ᠋ᠢ ᠬᠦᠬᠡᠬᠡᠴᠡᠯᠳᠦᠬᠦ᠌ ᠦᠬᠡᠢ ᠪᠠᠢᠵᠦ᠍᠂ ᠦᠨᠡᠨ ᠪᠠᠢᠳᠠᠯ᠎ᠢ ᠢᠯᠡᠷᠡᠬᠦᠯᠦᠨ᠂ ᠪᠤᠳᠠᠳᠠᠢ ᠠᠷᠭ᠎ᠠ ᠭᠠᠷᠭᠠᠵᠦ᠍᠂ ᠪᠤᠳᠠᠳᠤ ᠶᠠᠪᠤᠳᠠᠯ ᠬᠢᠵᠦ᠍᠂ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ᠎ᠶ᠋ᠢᠨ ᠪᠠᠢᠷᠢᠯᠠᠭᠤᠯᠤᠯᠳᠠ᠎ᠶ᠋ᠢ ᠲᠡᠷᠡ ᠶᠤᠰᠤᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠠᠷᠠᠳ ᠤᠯᠠᠨ᠎ᠤ ᠬᠦᠴᠢᠷ ᠵᠤᠪᠠᠭᠤᠷᠢ᠎ᠶ᠋ᠢ ᠠᠷᠢᠯᠭᠠᠨ ᠱᠢᠢᠳᠪᠦᠷᠢᠯᠡᠬᠦ᠌ ᠬᠡᠷᠡᠭ᠌ᠳᠡᠢ᠃ ᠵᠤᠷᠢᠬ᠍ᠳᠠᠢ᠎ᠪᠠᠷ ᠱᠢᠯᠭᠠᠯᠳᠠ᠎ᠶ᠋ᠢ ᠬᠦᠯᠢᠶᠡᠬᠦ᠂ ᠬᠤᠪᠢ᠎ᠪᠠᠨ ᠦᠯᠦ᠍ ᠪᠤᠳᠤᠨ ᠴᠢᠷᠮᠠᠢᠨ ᠤᠷᠤᠬ᠍ᠰᠢᠯᠠᠬᠤ ᠬᠡᠪ ᠪᠠᠢᠳᠠᠯ᠎ᠢᠶᠠᠨ ᠢᠮᠠᠬ᠍ᠳᠠ ᠪᠠᠳᠤᠯᠠᠨ᠂ ᠵᠤᠷᠢᠬ᠍ᠳᠠᠢ᠎ᠪᠠᠷ ᠬᠠᠷᠢᠭᠤᠴᠠᠯᠭ᠎ᠠ ᠡᠬᠦᠷᠭᠡᠯᠡᠨ᠂ ᠵᠤᠷᠢᠬ᠍ᠳᠠᠢ᠎ᠪᠠᠷ ᠵᠦᠷᠢᠴᠡᠯ᠎ᠳᠤ ᠱᠢᠭᠤᠳ ᠬᠠᠨᠳᠤᠨ᠂ ᠵᠤᠷᠢᠬ᠍ᠳᠠᠢ᠎ᠪᠠᠷ ᠠᠰᠠᠭᠤᠳᠠᠯ᠎ᠢ ᠱᠢᠢᠳᠪᠦᠷᠢᠯᠡᠨ᠂ ᠪᠡᠷᠬᠡ ᠪᠠᠷᠳᠠᠭ᠎ᠠ᠎ᠶ᠋ᠢ ᠲᠤᠭᠤᠯᠤᠨ ᠲᠠᠪᠠᠵᠦ᠍᠂ ᠢᠯᠠᠯᠳᠠ᠎ᠶ᠋ᠢ ᠲᠡᠮᠡᠴᠡᠨ ᠤᠯᠵᠦ᠍᠂ ᠨᠢᠬᠡᠨᠳᠡ ᠲᠤᠭ᠍ᠳᠠᠭᠠᠬ᠍ᠰᠠᠨ ᠵᠢᠷᠤᠬ ᠲᠦᠰᠦᠪ᠎ᠢ ᠪᠤᠳᠠᠳᠤ ᠠᠬᠤᠢ ᠪᠤᠯᠭᠠᠨ ᠪᠡᠶᠡᠯᠡᠬᠦᠯᠬᠦ᠌ ᠬᠡᠷᠡᠭ᠌ᠳᠡᠢ᠃
    ᠬᠠᠪᠤᠷ ᠲᠠᠷᠢᠮᠠᠨᠵᠢᠨ ᠨᠠᠮᠤᠷ ᠬᠤᠷᠢᠶᠠᠳᠠᠬ᠂ ᠦᠨᠡᠨ ᠪᠤᠳᠠᠳᠠᠢ ᠪᠠᠢᠮᠠᠨᠵᠢᠨ ᠨᠡᠷ᠎ᠠ ᠨᠢᠳᠡᠷ᠎ᠲᠡᠭᠡᠨ ᠲᠡᠩᠴᠡᠳᠡᠭ᠃ ᠰᠠᠢᠨ ᠲᠠᠷᠢᠶ᠎ᠠ᠎ᠶ᠋ᠢ ᠠᠷᠠᠴᠢᠯᠠᠵᠤ ᠤᠯᠳᠠᠬ᠎ᠠᠴᠠ ᠪᠢᠰᠢ᠂ 《ᠤᠩᠬᠢᠷᠠᠵᠦ᠍》 ᠤᠯᠳᠠᠬ ᠦᠬᠡᠢ; ᠰᠠᠢᠨ ᠮᠠᠱᠢᠨ᠎ᠢ ᠦᠢᠯᠡᠳᠴᠤ᠌ ᠭᠠᠷᠭᠠᠳᠠᠬ᠎ᠠᠴᠠ ᠪᠢᠰᠢ᠂ 《ᠬᠠᠭᠤᠷᠴᠤ᠌》 ᠭᠠᠷᠭᠠᠳᠠᠬ ᠦᠬᠡᠢ᠃ ᠤᠳᠤᠷᠢᠳᠭᠤ ᠺᠠᠳ᠋ᠷ ᠪᠤᠯᠤᠬ᠍ᠰᠠᠨ᠎ᠤ ᠬᠤᠪᠢ᠎ᠳᠤ᠂ ᠬᠤᠭᠤᠰᠤᠨ ᠨᠡᠷ᠎ᠠ᠎ᠶ᠋ᠢ ᠬᠦᠬᠡᠬᠡᠴᠡᠯᠳᠦᠬᠦ᠌ ᠦᠬᠡᠢ ᠪᠠᠢᠵᠦ᠍᠂ ᠰᠠᠭᠤᠷᠢ ᠴᠤᠬ᠍ᠴᠠᠯᠠᠬᠤ᠂ ᠠᠯᠤᠰ ᠬᠡᠳᠤ᠎ᠳᠤ ᠠᠱᠢᠬ᠍ᠳᠠᠢ ᠶᠠᠪᠤᠳᠠᠯ᠎ᠢ ᠢᠯᠡᠬᠦᠬᠡᠨ ᠬᠢᠬᠦ᠌ ᠬᠡᠷᠡᠭ᠌ᠳᠡᠢ᠂ ᠵᠦᠪᠬᠡᠨ ᠨᠢᠳᠦᠨ ᠡᠮᠦᠨᠡᠬᠢ ᠠᠱᠢᠬ᠎ᠢ ᠯᠡ ᠬᠠᠷᠠᠵᠦ᠍᠂ ᠬᠢᠷᠢ ᠪᠦᠲᠦᠮᠵᠢ ᠭᠠᠷᠭᠠᠬᠤ᠎ᠶ᠋ᠢ ᠯᠡ ᠬᠦᠬᠡᠬᠡᠴᠡᠯᠳᠦᠵᠦ᠍᠂ 《ᠢᠯᠡ᠎ᠲᠠᠢ ᠬᠢᠷᠢ ᠪᠦᠲᠦᠮᠵᠢ》 ᠭᠠᠷᠬᠤ ᠠᠮᠠᠷ ᠠᠵᠢᠯ᠎ᠢ ᠯᠡ ᠠᠳᠭᠤᠭᠠᠳ ᠪᠠᠢᠵᠦ᠍ ᠪᠤᠯᠬᠤ ᠦᠬᠡᠢ᠃ 《ᠤᠷᠢᠳᠤᠬᠢ ᠬᠦᠮᠦᠨ ᠮᠤᠳᠤ ᠵᠠᠢᠯᠠᠵᠦ᠍᠂ ᠬᠤᠢᠨᠠᠬᠢ ᠬᠦᠮᠦᠨ ᠵᠢᠮᠢᠰ᠎ᠢ᠎ᠨᠢ ᠢᠳᠡᠬᠦ᠌》 ᠠᠭᠤᠳᠠᠮᠴᠢ ᠪᠠᠭ᠍ᠳᠠᠭᠠᠮᠵᠢ ᠪᠠ 《ᠪᠦᠲᠦᠭᠡᠭ᠌ᠰᠡᠨ᠎ᠨᠢ ᠮᠢᠨᠤᠬᠢ ᠯᠡ ᠪᠢᠰᠢ᠂ ᠪᠦᠲᠦᠬᠡᠬᠦ᠌᠎ᠳᠤ ᠪᠢ ᠯᠠᠪᠳᠠᠢ ᠪᠠᠢᠬᠤ》 ᠦᠷᠦᠴᠡ ᠴᠡᠭᠡᠵᠢ᠎ᠪᠠᠷ ᠪᠤᠤᠬᠢᠶ᠎ᠠ ᠲᠠᠮᠵᠢᠭᠤᠯᠤᠨ ᠦᠢᠯᠡᠳᠦᠯᠬᠡᠵᠢᠬᠦᠯᠬᠦ᠌ ᠲᠤᠮᠳᠠ ᠠᠵᠢᠯ ᠦᠢᠯᠡᠰ ᠪᠦᠲᠦᠬᠡᠬᠦ᠌ ᠬᠡᠷᠡᠭ᠌ᠳᠡᠢ᠃
    ᠬᠦᠰᠡᠯ ᠵᠡᠬᠦᠳᠤ᠎ᠶ᠋ᠢ ᠪᠡᠶᠡᠯᠡᠬᠦᠯᠬᠦ᠌᠎ᠳᠤ ᠴᠢᠷᠮᠠᠢᠨ ᠠᠵᠢᠯᠯᠠᠬᠤ ᠪᠤᠯ ᠴᠤᠷ᠎ᠤᠨ ᠭᠠᠭ᠍ᠴᠠ ᠵᠠᠮ᠂ ᠡᠨᠡ ᠴᠠᠭ᠎ᠨᠢ ᠴᠢᠪ ᠬᠡᠮᠡᠨ ᠴᠢᠷᠮᠠᠢᠨ ᠤᠷᠤᠬ᠍ᠰᠢᠯᠠᠬᠤ ᠦᠶ᠎ᠠ᠃ ᠪᠦᠬᠦ᠌ ᠤᠯᠤᠰ᠎ᠤᠨ ᠬᠤᠶᠠᠷ ᠬᠤᠷᠠᠯ ᠨᠢᠬᠡᠨᠳᠡ ᠬᠦᠱᠢᠬᠡ᠎ᠪᠠᠨ ᠬᠠᠭᠠᠵᠦ᠍᠂ ᠪᠢᠳᠡ ᠪᠠᠰᠠ ᠴᠢᠷᠮᠠᠢᠨ ᠲᠡᠮᠡᠴᠡᠬᠦ᠌ ᠱᠢᠨ᠎ᠠ ᠠᠶᠠᠨ᠎ᠳᠤ ᠮᠤᠷᠳᠠᠯ᠎ᠠ᠂ ᠵᠦᠪᠬᠡᠨ ᠬᠤᠭᠤᠰᠤᠨ ᠠᠯᠳᠠᠷ᠎ᠢ ᠬᠦᠬᠡᠬᠡᠴᠡᠯᠳᠦᠬᠦ᠌ ᠦᠬᠡᠢ᠂ ᠬᠠᠭᠤᠷᠮᠠᠬ ᠭᠠᠪᠢᠶ᠎ᠠ᠎ᠶ᠋ᠢ ᠰᠠᠨᠠᠭᠠᠱᠢᠷᠠᠬᠤ ᠦᠬᠡᠢ᠂ ᠬᠤᠭᠤᠰᠤᠨ ᠨᠡᠷ᠎ᠠ᠎ᠶ᠋ᠢ ᠪᠤᠳᠤᠬᠤ ᠦᠬᠡᠢ᠎ᠪᠠᠷ ᠠᠯᠬᠤᠮ ᠠᠯᠬᠤᠮ᠎ᠢᠶᠠᠷ ᠦᠨᠡᠨ ᠪᠤᠳᠠᠳᠠᠢ ᠴᠢᠷᠮᠠᠢᠨ ᠲᠡᠮᠡᠴᠡᠪᠡᠯ ᠰᠠᠶᠢ ᠬᠤᠶᠠᠷ ᠬᠤᠷᠠᠯ᠎ᠤᠨ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ᠎ᠶ᠋ᠢᠨ ᠪᠠᠢᠷᠢᠯᠠᠭᠤᠯᠤᠯᠳᠠ᠎ᠶ᠋ᠢ ᠪᠤᠳᠠᠳᠠᠢ᠎ᠳᠤ ᠨᠠᠢᠳᠠᠪᠤᠷᠢᠵᠢᠭᠤᠯᠤᠨ᠂ ᠠᠷᠠᠳ ᠲᠦᠮᠡᠨ᠎ᠳᠤ ᠠᠵᠠ ᠵᠢᠷᠭᠠᠯ ᠬᠦᠷᠳᠡᠭᠡᠨ᠂ ᠦᠵᠡᠰᠭᠦᠯᠡᠩᠳᠤ ᠰᠠᠢᠬᠠᠨ ᠦᠪᠦᠷ ᠮᠤᠩᠭᠤᠯ᠎ᠢ ᠪᠦᠲᠦᠬᠡᠨ ᠪᠠᠢᠭᠤᠯᠬᠤ᠂ ᠠᠭᠤᠤ ᠶᠡᠭᠡ ᠲᠤᠮᠳᠠᠳᠤ᠎ᠶ᠋ᠢᠨ ᠵᠡᠬᠦᠳᠤ᠎ᠪᠠᠨ ᠬᠠᠮᠳᠤ᠎ᠪᠠᠷ ᠲᠡᠷᠭᠡᠯᠱᠢᠬᠦᠯᠬᠦ᠌᠎ᠳᠤ ᠨᠡᠩ ᠶᠡᠭᠡ ᠱᠢᠨ᠎ᠠ ᠬᠤᠪᠢ ᠨᠡᠮᠡᠷᠢ ᠦᠵᠡᠬᠦᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号