— ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ ᠠᠮᠵᠢᠯᠳᠠ᠎ᠲᠠᠢ ᠲᠡᠬᠦᠰᠦᠭ᠌ᠰᠡᠡᠳᠤ ᠬᠠᠯᠠᠭᠤᠨ ᠪᠠᠶᠠᠷ ᠬᠦᠷᠬᠡᠶ᠎ᠡ
ᠤᠯᠠᠨ᠎ᠤ ᠬᠦᠴᠦᠨ ᠨᠢᠬ᠍ᠳᠠᠷᠠᠪᠠᠰᠤ ᠲᠦᠮᠡᠨ ᠵᠢᠶᠦ᠋ᠨ᠎ᠢ ᠡᠷᠬᠦᠵᠥ᠍᠂ ᠤᠯᠠᠨ᠎ᠤ ᠰᠡᠳᠭᠢᠯ ᠨᠢᠬᠡᠳᠪᠡᠰᠤ ᠲᠠᠢᠱᠠᠨ ᠠᠭᠤᠯᠠ᠎ᠶ᠋ᠢ ᠨᠡᠬᠦᠯᠬᠡᠮᠤᠢ᠃ 5 ᠰᠠᠷ᠎ᠠ᠎ᠶ᠋ᠢᠨ 28 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ ᠡᠯ᠎ᠡ ᠵᠦᠪᠯᠡᠬᠦ᠌ ᠵᠦᠢᠯ᠎ᠢᠶᠠᠨ ᠳᠡᠬᠦᠰ ᠠᠮᠵᠢᠯᠳᠠ᠎ᠲᠠᠢ ᠪᠡᠶᠡᠯᠡᠬᠦᠯᠦᠬᠡᠳ ᠪᠡᠭᠡᠵᠢᠩ᠎ᠳᠤ ᠠᠮᠵᠢᠯᠳᠠ᠎ᠲᠠᠢ ᠲᠡᠬᠦᠰᠪᠡ᠃ ᠬᠤᠷᠡᠯ᠎ᠳᠤ ᠤᠷᠤᠯᠴᠠᠬ᠍ᠰᠠᠠ ᠲᠦᠯᠥᠬᠡᠯᠡᠭ᠌ᠴᠢᠳ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠨ᠂ ᠰᠡᠳᠭᠢᠯ ᠨᠢᠬᠡᠳᠤᠨ ᠬᠦᠴᠦ᠎ᠪᠠᠨ ᠬᠠᠮᠳᠤᠳᠭᠠᠵᠤ᠂ ᠠᠷᠠᠳᠴᠢᠯᠠᠯ᠎ᠲᠠᠢ᠂ ᠪᠦᠯᠬᠦᠮᠳᠡᠯ᠎ᠲᠠᠢ᠂ ᠦᠨᠡᠨ᠎ᠢ ᠪᠠᠷᠢᠮᠳᠠᠯᠠᠬ᠍ᠰᠠᠨ᠂ ᠤᠷᠤᠭ᠍ᠰᠢᠯᠠᠨ ᠲᠠᠪᠱᠢᠬ᠍ᠰᠠᠨ ᠱᠢᠨ᠎ᠡ ᠴᠠᠭ ᠦᠶ᠎ᠡ᠎ᠶ᠋ᠢᠨ ᠬᠠᠭᠤᠳᠠᠰᠤ᠎ᠶ᠋ᠢ ᠬᠠᠩᠬᠢᠨᠠᠭᠤᠯᠪᠠ᠃ ᠪᠢᠳᠡ ᠶᠡᠭᠡ ᠬᠤᠷᠡᠯ᠎ᠤᠨ ᠠᠮᠵᠢᠯᠳᠠ᠎ᠲᠠᠢ ᠬᠤᠷᠡᠯᠳᠤᠭ᠍ᠰᠠᠠᠳᠤ ᠬᠠᠯᠠᠭᠤᠨ ᠪᠠᠶᠠᠷ ᠬᠦᠷᠬᠡᠵᠥ᠍ ᠪᠠᠢᠨ᠎ᠠ!
ᠡᠨᠡ ᠤᠳᠠᠭ᠎ᠠ᠎ᠶ᠋ᠢᠨ ᠶᠡᠭᠡ ᠬᠤᠷᠡᠯ ᠪᠤᠯ ᠪᠦᠬᠦ᠌ ᠤᠯᠤᠰ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠲᠠᠢᠯᠠᠯᠳᠤᠭᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠷ᠎ᠡ ᠪᠦᠳᠦᠬᠡᠯ ᠤᠯᠤᠬ᠍ᠰᠠᠠ ᠦᠶ᠎ᠡ᠎ᠳᠤ ᠬᠤᠷᠡᠯᠳᠤᠭ᠍ᠰᠠᠠ ᠨᠢᠬᠡᠨ ᠤᠳᠠᠭ᠎ᠠ᠎ᠶ᠋ᠢᠨ ᠴᠢᠬᠤᠯᠠ ᠬᠤᠷᠡᠯ ᠪᠤᠯᠤᠨ᠎ᠠ᠃ ᠶᠡᠭᠡ ᠬᠤᠷᠡᠯ᠎ᠠᠴᠠ ᠨᠢᠳᠤᠨᠤᠨ᠎ᠠᠴᠠ ᠨᠠᠭᠠᠱᠢᠬᠢ ᠠᠵᠥ᠍ ᠠᠬᠤᠢ ᠨᠡᠢᠬᠡᠮ᠎ᠤᠨ ᠬᠦᠭ᠌ᠵᠢᠯᠳᠡ ᠪᠤᠯᠤᠨ ᠡᠨᠡ ᠵᠢᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠡᠳ ᠤᠯᠤᠬ᠍ᠰᠠᠠ ᠠᠮᠵᠢᠯᠳᠠ᠎ᠶ᠋ᠢ ᠲᠡᠬᠡᠳᠤ ᠬᠡᠮᠵᠢᠶ᠎ᠡ᠎ᠪᠠᠷ ᠦᠨᠡᠯᠡᠵᠥ᠍᠂ ᠡᠨᠡ ᠪᠤᠯ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶᠡᠨ᠎ᠤ ᠪᠠᠳᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭ᠌ᠰᠡᠡᠤ ᠦᠷ᠎ᠡ ᠳ᠋ᠦᠩ ᠪᠤᠯᠤᠨ᠎ᠠ ᠬᠡᠵᠥ᠍ ᠲᠦᠯᠥᠬᠡᠯᠡᠭ᠌ᠴᠢᠳ ᠰᠠᠨᠠᠯ ᠨᠢᠬᠡᠳᠡᠢ ᠦᠵᠡᠵᠡᠬᠡᠵᠠᠢ᠃ ᠶᠡᠭᠡ ᠬᠤᠷᠡᠯ᠎ᠠᠴᠠ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠪᠤᠯᠤᠨ ᠡᠯ᠎ᠡ ᠵᠦᠢᠯ᠎ᠤᠨ ᠴᠢᠬᠤᠯᠠ ᠮᠡᠳᠡᠬᠦᠯᠥᠯᠳᠡ᠎ᠶ᠋ᠢ ᠬᠢᠨᠡᠨ ᠵᠦᠪᠯᠡᠭ᠌ᠰᠡᠨ ᠪᠦᠬᠡᠳ ᠵᠦᠪᠱᠢᠶᠡᠷᠡᠵᠥ᠍᠂ ᠳᠦᠯᠦᠬᠡᠯᠡᠭ᠌ᠴᠢᠳ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠨᠢ ᠡᠬᠢᠨ᠎ᠠᠴᠠ᠎ᠪᠠᠨ ᠲᠠᠭᠤᠰᠳᠠᠯ᠎ᠠ ᠰᠢ᠎ᠶ᠋ᠢᠨ ᠫᠢᠩ᠎ᠤᠨ ᠱᠢᠨ᠎ᠡ ᠴᠠᠬ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠶ᠋ᠢ ᠳᠤᠭᠤᠱᠢᠯᠠᠭᠤᠯᠵᠥ᠍᠂ ᠨᠠᠮ᠎ᠤᠨ ᠳᠦᠪ ᠬᠤᠷᠢᠶᠠᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠥ᠍ ᠠᠬᠤᠢ ᠨᠡᠢᠬᠡᠮ᠎ᠤᠨ ᠬᠦᠭ᠌ᠵᠢᠯᠳᠡ᠎ᠶ᠋ᠢᠨ ᠠᠵᠢᠯ᠎ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠵᠡᠷᠬᠡ ᠱᠢᠷᠢᠰ ᠴᠢᠬᠤᠯᠠ ᠶᠡᠭᠡ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠪᠤᠳᠠᠳᠠᠢᠵᠢᠭᠤᠯᠵᠤ᠂ ᠳᠤᠭ ᠳᠡᠮᠳᠡᠭ ᠳᠤᠳᠤᠷᠬᠠᠢ᠂ ᠭᠤᠤᠯ ᠰᠡᠳᠦᠪ ᠳᠤᠪᠤᠢᠮ᠎ᠠ᠂ ᠳᠤᠪᠴᠢ ᠠᠪᠰᠠᠷᠬᠠᠨ ᠪᠤᠳᠠᠳᠠᠢ᠎ᠶ᠋ᠢ ᠡᠷᠬᠢᠮᠯᠡᠭ᠌ᠰᠡᠨ ᠰᠠᠢᠨ ᠢᠯᠡᠳᠭᠡᠯ ᠪᠤᠯᠵᠠᠢ ᠭᠡᠵᠦ᠍ ᠰᠠᠨᠠᠯ ᠨᠢᠬᠡᠳᠡᠢ ᠦᠵᠡᠵᠡᠬᠡᠪᠡ᠃ ᠶᠡᠭᠡ ᠬᠤᠷᠠᠯ᠎ᠠᠴᠠ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠰᠤᠨᠤᠰᠤᠬ᠍ᠰᠠᠨ ᠪᠦᠬᠡᠳ ᠬᠢᠨᠠᠨ ᠵᠦᠪᠯᠡᠵᠥ᠍᠂ ᠪᠦᠬᠦ᠌ ᠤᠯᠤᠰ᠎ᠤᠨ ᠠᠷᠠᠳ᠎ᠤᠨ ᠳᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠶᠤᠰᠤᠭᠠᠷ ᠳᠤᠱᠢᠶᠠᠯ᠎ᠢᠶᠠᠨ ᠬᠦᠢᠴᠡᠳᠭᠡᠵᠥ᠍ ᠡᠯ᠎ᠡ ᠵᠦᠢᠯ᠎ᠤᠨ ᠠᠵᠢᠯ᠎ᠳᠤ ᠤᠯᠤᠬ᠍ᠰᠠᠨ ᠱᠢᠨ᠎ᠡ ᠠᠬᠢᠴᠠ ᠱᠢᠨ᠎ᠡ ᠦᠷ᠎ᠠ ᠪᠦᠳᠦᠮᠵᠢ᠎ᠶ᠋ᠢ ᠬᠦᠴᠡᠳ ᠨᠤᠳᠠᠯᠠᠪᠠ᠃ ᠶᠡᠭᠡ ᠬᠤᠷᠠᠯ᠎ᠤᠨ ᠠᠮᠵᠢᠯᠳᠠ᠎ᠲᠠᠢ ᠬᠤᠷᠠᠯᠳᠤᠬ᠍ᠰᠠᠨᠨᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠵᠥ᠍ ᠱᠢᠢᠳᠪᠦᠷᠢᠳᠤ ᠢᠯᠠᠯᠳᠠ ᠤᠯᠬᠤ ᠬᠠᠷᠠᠯᠳᠠ ᠡᠬᠦᠷᠬᠡ᠎ᠶ᠋ᠢ ᠪᠡᠶᠡᠯᠡᠬᠦᠯᠬᠦ᠌᠎ᠶ᠋ᠢ ᠪᠠᠳᠤᠯᠠᠬᠤ᠂ ᠴᠢᠨᠡᠬᠡᠯᠢᠭ ᠨᠡᠢᠬᠡᠮ᠎ᠢ ᠪᠦᠬᠦ᠌ ᠳᠠᠯ᠎ᠠ᠎ᠪᠠᠷ ᠪᠡᠶᠡᠯᠡᠬᠦᠯᠬᠦ᠂ ᠨᠠᠮ ᠪᠠ ᠤᠯᠤᠰ᠎ᠤᠨ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ᠎ᠳᠤ ᠢᠳᠡᠬᠡᠯ ᠵᠤᠷᠢᠭ ᠤᠯᠭᠤᠵᠥ᠍᠂ ᠬᠦᠳᠡᠯᠬᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃
ᠤᠯᠤᠰ᠎ᠢ ᠵᠠᠰᠠᠬᠤ᠎ᠳᠤ ᠬᠠᠤᠯᠢ᠎ᠳᠤ ᠲᠦᠱᠢᠭ᠌ᠯᠡᠵᠦ᠍᠂ ᠲᠦᠷᠦ᠎ᠶ᠋ᠢ ᠲᠦᠪᠱᠢᠳᠭᠡᠬᠦ᠌ᠳᠤ ᠪᠠᠷᠢᠮᠵᠢᠶ᠎ᠠ᠎ᠳᠤ ᠲᠦᠱᠢᠭ᠌ᠯᠡᠨ᠎ᠡ᠃ ᠢᠷᠬᠡᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠳᠤᠭᠤᠷᠪᠢᠬᠤ ᠪᠤᠯ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠦᠪ ᠬᠤᠷᠢᠶᠠᠨ᠎ᠤ ᠳᠦᠷᠪᠡᠳᠦᠬᠡᠷ ᠪᠦᠬᠦᠳᠡ ᠬᠤᠷᠠᠯ᠎ᠠᠴᠠ ᠳᠤᠬ᠍ᠳᠠᠭᠠᠬ᠍ᠰᠠᠨ ᠨᠢᠬᠡᠨ ᠴᠢᠬᠤᠯᠠ ᠶᠡᠭᠡ ᠬᠠᠤᠯᠢ ᠳᠤᠬ᠍ᠳᠠᠭᠠᠬᠤ ᠡᠬᠦᠷᠬᠡ᠂ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠳᠦᠪ ᠬᠤᠷᠢᠶ᠎ᠠ᠎ᠠᠴᠠ ᠳᠤᠬ᠍ᠳᠠᠭᠠᠬ᠍ᠰᠠᠨ ᠴᠢᠬᠤᠯᠠ ᠶᠡᠭᠡ ᠬᠠᠤᠯᠢᠵᠢᠯ᠎ᠤᠨ ᠪᠠᠢᠭᠤᠯᠤᠯᠳᠠ᠎ᠶ᠋ᠢᠨ ᠪᠠᠢᠷᠢᠯᠠᠭᠤᠯᠤᠯᠳᠠ ᠪᠤᠯᠤᠨ᠎ᠠ᠃ ᠡᠨᠡ ᠤᠳᠠᠭ᠎ᠠ᠎ᠶ᠋ᠢᠨ ᠶᠡᠭᠡ ᠬᠤᠷᠠᠯ᠎ᠤᠨ ᠨᠢᠬᠡᠨ ᠴᠢᠬᠤᠯᠠ ᠦᠷ᠎ᠡ ᠪᠦᠳᠦᠬᠡᠯ ᠪᠤᠯ ᠢᠷᠬᠡᠨ᠎ᠤ ᠬᠠᠤᠯᠢ᠎ᠶ᠋ᠢᠨ ᠪᠢᠴᠢᠭ᠎ᠢ ᠬᠢᠨᠠᠨ ᠵᠦᠪᠯᠡᠵᠥ᠍ ᠪᠠᠳᠤᠯᠠᠬ᠍ᠰᠠᠨ ᠶᠠᠪᠤᠳᠠᠯ ᠪᠤᠯᠬᠤ ᠶᠤᠮ᠃ ᠳᠦᠯᠦᠬᠡᠯᠡᠭ᠌ᠴᠢᠳᠠᠴᠠ ᠡᠨᠡ ᠬᠦ᠌ ᠳᠤᠮᠳᠠᠳᠤ ᠤᠯᠤᠰ᠎ᠤᠨ ᠤᠨᠴᠠᠯᠢᠭ᠎ᠲᠠᠢ᠂ ᠴᠠᠬ ᠦᠶ᠎ᠡ᠎ᠶ᠋ᠢᠨ ᠤᠨᠴᠠᠯᠢᠭ᠎ᠢ ᠬᠠᠷᠠᠭᠤᠯᠤᠬ᠍ᠰᠠᠨ᠂ ᠠᠷᠠᠳ ᠳᠦᠮᠡᠨ᠎ᠤ ᠬᠦᠰᠡᠯ ᠡᠷᠡᠮᠡᠯᠵᠡᠯ᠎ᠢ ᠳᠤᠰᠭᠠᠬ᠍ᠰᠠᠨ ᠢᠷᠬᠡᠨ᠎ᠤ ᠬᠠᠤᠯᠢ᠎ᠶ᠋ᠢᠨ ᠪᠢᠴᠢᠭ᠎ᠨᠢ ᠮᠠᠨ᠎ᠤ ᠤᠯᠤᠰ᠎ᠤᠨ ᠱᠢᠨ᠎ᠡ ᠴᠠᠬ ᠦᠶ᠎ᠡ᠎ᠶ᠋ᠢᠨ ᠦᠬᠡᠷᠡᠴᠢᠯᠡᠯᠳᠡ ᠨᠡᠬᠡᠬᠡᠯᠳᠡ ᠪᠤᠯᠤᠨ ᠨᠡᠢᠬᠡᠮ ᠵᠢᠷᠤᠮ᠎ᠤᠨ ᠤᠳᠤᠬᠢᠴᠢᠯᠠᠬᠤ ᠪᠦᠳᠦᠬᠡᠨ ᠪᠠᠢᠭᠤᠯᠤᠯᠳᠠ᠎ᠳᠤ ᠨᠡᠩ ᠪᠦᠷᠢᠨ ᠳᠦᠬᠦᠷ ᠢᠷᠬᠡᠨ᠎ᠤ ᠬᠡᠷᠡᠭ᠎ᠤᠨ ᠬᠠᠤᠯᠢᠵᠢᠯ᠎ᠤᠨ ᠪᠠᠳᠤᠯᠠᠭ᠎ᠠ ᠬᠠᠩᠭᠠᠬᠤ᠎ᠨᠢ ᠯᠠᠪᠳᠠᠢ ᠬᠡᠵᠥ᠍ ᠰᠠᠨᠠᠯ ᠨᠢᠬᠡᠳᠡᠢ ᠦᠵᠡᠵᠡᠬᠡᠪᠡ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠳᠦᠷᠪᠡᠳᠦᠭᠡᠷ ᠪᠦᠭᠦᠳᠡ ᠬᠤᠷᠠᠯ᠎ᠠᠴᠠ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠳᠦᠷᠢᠮ ᠪᠠ ᠬᠡᠷᠡᠭ᠌ᠵᠢᠭᠦᠯᠬᠦ᠌ ᠲᠤᠭ᠍ᠳᠠᠴᠠ᠎ᠶ᠋ᠢ ᠪᠠᠢᠭᠤᠯᠤᠨ ᠪᠦᠷᠢᠨᠱᠢᠭᠦᠯᠵᠤ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠬᠤᠷᠢᠭ᠎ᠠ ᠱᠤᠭᠤᠮ᠎ᠲᠠᠢ ᠬᠠᠯᠳᠠᠬᠤ ᠠᠵᠢᠯᠯᠠᠭ᠎ᠠ᠎ᠶ᠋ᠢ ᠶᠠᠭᠠᠬᠢᠭ᠍ᠰᠠᠨ ᠴᠤ᠌ ᠠᠭᠤᠴᠢᠯᠠᠬᠤ ᠦᠭᠡᠢ᠂ ᠤᠯᠤᠰ᠎ᠢ ᠬᠠᠭᠠᠴᠠᠭᠤᠯᠬᠤ ᠶᠠᠮᠠᠷᠪᠠ ᠠᠵᠢᠯᠯᠠᠭ᠎ᠠ᠎ᠶ᠋ᠢ ᠶᠠᠭᠠᠬᠢᠭ᠍ᠰᠠᠨ ᠴᠤ᠌ ᠠᠭᠤᠴᠢᠯᠠᠬᠤ ᠦᠭᠡᠢ ᠭᠡᠵᠤ ᠳᠤᠳᠤᠷᠬᠠᠢ ᠳᠤᠷᠠᠳᠴᠠᠢ᠃ ᠲᠤᠰ ᠤᠳᠠᠭ᠎ᠠ᠎ᠶ᠋ᠢᠨ ᠶᠡᠭᠡ ᠬᠤᠷᠠᠯ᠎ᠳᠤ 《ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠳᠦᠷᠢᠮ ᠪᠠ ᠬᠡᠷᠡᠭ᠌ᠵᠢᠭᠦᠯᠬᠦ᠌ ᠲᠤᠭ᠍ᠳᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠬᠠᠢ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠤᠭ᠍ᠳᠠᠭᠠᠯ》 ᠢ ᠬᠢᠨᠠᠨ ᠵᠦᠪᠯᠡᠵᠤ ᠪᠠᠳᠤᠯᠠᠪᠠ᠃ ᠲᠦᠯᠦᠭᠡᠯᠡᠭ᠌ᠴᠢᠳ᠎ᠠᠴᠠ ᠡᠨᠡ ᠬᠦ᠌ ᠳᠦᠷᠢᠮ᠎ᠤᠨ ᠲᠤᠬᠢᠷᠠᠭᠤᠯᠤᠯᠳᠠ᠎ᠨᠢ ᠦᠨᠳᠦᠰᠦᠨ ᠬᠠᠤᠯᠢ ᠪᠠ ᠱᠢᠶᠠᠩᠭᠠᠩ᠎ᠤᠨ ᠦᠨᠳᠦᠰᠦ ᠪᠤᠯᠬᠤ ᠬᠠᠤᠯᠢ᠎ᠲᠠᠢ ᠨᠡᠢᠴᠡᠵᠤ᠂ ᠱᠢᠶᠠᠩᠭᠠᠩ᠎ᠤᠨ ᠠᠬ᠎ᠠ ᠳᠡᠭᠦᠦ ᠨᠠᠷ᠎ᠢ ᠪᠠᠭ᠍ᠳᠠᠭᠠᠭ᠍ᠰᠠᠨ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠤ ᠦᠨᠳᠦᠰᠦᠨ ᠠᠱᠢᠭ ᠲᠤᠰᠠᠲᠠᠢ ᠨᠡᠢᠴᠡᠵᠥ᠍᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠤᠯᠤᠰ᠎ᠤᠨ ᠠᠮᠤᠷ ᠲᠦᠪᠱᠢᠨ᠎ᠢ ᠪᠦᠲᠦᠮᠵᠢᠳᠠᠢ ᠬᠠᠮᠠᠭᠠᠯᠠᠨ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠬᠠᠤᠯᠢᠵᠢᠯ᠎ᠤᠨ ᠰᠠᠭᠤᠷᠢ᠂ ᠤᠯᠤᠰ ᠲᠦᠷᠦ᠎ᠶ᠋ᠢᠨ ᠰᠠᠭᠤᠷᠢ ᠪᠠ ᠨᠡᠢᠭᠡᠮ᠎ᠤᠨ ᠰᠠᠭᠤᠷᠢ᠎ᠶ᠋ᠢ ᠬᠦᠴᠦᠳᠠᠢ ᠪᠠᠬᠢᠵᠢᠭᠦᠯᠦᠨ ᠦᠷᠭᠡᠳᠭᠡᠬᠦ᠌᠎ᠨᠢ ᠯᠠᠪᠳᠠᠢ ᠭᠡᠵᠤ ᠰᠠᠨᠠᠯ ᠨᠢᠬᠡᠳᠡᠢ ᠦᠵᠡᠵᠡᠭᠡᠪᠡ᠃
2020 ᠤᠨ ᠪᠤᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ ᠵᠢᠯ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠠᠵᠢᠯ᠎ᠤᠨ ᠰᠡᠭᠦᠯ ᠬᠤᠷᠢᠶᠠᠬᠤ ᠵᠢᠯ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠦᠷᠢᠳᠤ ᠳᠠᠢᠯᠠᠯᠳᠤᠭᠠᠨ ᠬᠢᠬᠦ᠌ ᠵᠢᠯ ᠪᠤᠯᠤᠨ᠎ᠠ᠃ ᠬᠦᠨᠳᠦ ᠶᠡᠭᠡ ᠡᠭᠦᠷᠭᠡ᠎ᠶ᠋ᠢᠨ ᠡᠮᠦᠨ᠎ᠠ᠂ ᠤᠷᠢᠳ ᠡᠮᠦᠨ᠎ᠠ ᠪᠠᠢᠭ᠎ᠠ ᠦᠭᠡᠢ ᠦᠷᠢᠰᠦᠯᠳᠦᠭᠡᠨ᠎ᠤ ᠡᠮᠦᠨ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠡᠯ᠎ᠠ ᠲᠠᠯ᠎ᠠ᠎ᠶ᠋ᠢᠨ᠎ᠬᠢᠨ ᠤᠯᠤᠰ᠎ᠤᠨ ᠶᠡᠭᠡ ᠶᠠᠪᠤᠳᠠᠯ᠎ᠤᠨ ᠡᠮᠦᠨ᠎ᠠ ᠲᠠᠷᠢᠬᠢ ᠲᠤᠯᠤᠭᠠᠢ᠎ᠪᠠᠨ ᠰᠡᠷᠭᠡᠭ ᠪᠠᠢᠯᠭᠠᠨ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ᠂ ᠨᠠᠮ᠎ᠤᠨ ᠲᠦᠪ ᠬᠤᠷᠢᠶᠠᠨ᠎ᠤ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠤᠯᠤᠨ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠶ᠋ᠢ ᠲᠡᠷᠡ ᠬᠡᠪ᠎ᠢᠶᠠᠷ᠎ᠨᠢ ᠰᠠᠢᠳᠤᠷ ᠨᠠᠢᠳᠠᠪᠤᠷᠢᠵᠢᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠳᠠ ᠡᠭᠦᠷᠭᠡ᠎ᠶ᠋ᠢ ᠴᠢᠩᠭ᠎ᠠ ᠡᠵᠡᠮᠳᠡᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠬᠦ᠌᠎ᠶ᠋ᠢ ᠪᠠᠢᠩᠭᠤᠵᠢᠭᠤᠯᠬᠤ ᠤᠷᠢᠲᠠᠯ ᠲᠤᠤᠷ᠎ᠠ ᠲᠤᠭ᠍ᠲᠠᠭᠤᠨᠤ ᠲᠤᠮᠲᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠲᠠᠯᠠᠨ᠂ ᠱᠢᠨ᠎ᠠ ᠬᠦᠭ᠌ᠵᠢᠯᠲᠠ᠎ᠶ᠋ᠢᠨ ᠤᠢ᠍ᠢᠯᠠᠭᠠᠬ᠍ᠲᠠᠬᠤᠨᠢ ᠪᠠᠷᠢᠮᠲᠠᠯᠠᠵᠦ᠍᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠪᠠᠷ ᠭᠤᠤᠯ ᠱᠢᠵᠢᠮ᠎ᠢᠶᠠᠨ ᠪᠤᠯᠭᠠᠬᠤ᠎ᠶ᠋ᠢ ᠪᠠᠷᠢᠮᠲᠠᠯᠠᠵᠦ᠍᠂ ᠦᠭᠡᠷᠡᠴᠢᠯᠡᠯᠲᠡ ᠨᠡᠭᠡᠭᠡᠯᠲᠡ᠎ᠪᠠᠷ ᠬᠦᠲᠡᠯᠭᠡᠬᠦ᠌ ᠬᠦᠴᠦᠨ ᠪᠤᠯᠭᠠᠵᠤ ᠴᠢᠨᠠᠷ ᠰᠠᠢᠲᠠᠢ ᠬᠦᠭ᠌ᠵᠢᠯᠲᠠ᠎ᠶ᠋ᠢ ᠠᠬᠢᠭᠤᠯᠬᠤ᠎ᠶ᠋ᠢ ᠪᠠᠷᠢᠮᠲᠠᠯᠠᠨ᠂ ᠭᠤᠷᠪᠠᠠ ᠶᠡᠭᠡ ᠪᠤᠭᠤᠮᠲᠠ ᠱᠢᠪᠲᠤᠯᠬᠤ ᠲᠠᠢᠯᠠᠯᠲᠤᠭᠠᠠ᠎ᠢ ᠡᠷᠡᠰ ᠰᠠᠢᠳᠤᠷ ᠬᠢᠵᠦ᠍᠂ 《ᠵᠢᠷᠭᠤᠭ᠎ᠠ᠎ᠶ᠋ᠢ ᠲᠤᠭ᠍ᠲᠠᠪᠤᠷᠢᠵᠢᠭᠤᠯᠬᠤ》 ᠠᠵᠢᠯ᠎ᠢ ᠯᠠᠪᠲᠠᠭᠤᠨ ᠪᠠᠳᠤᠳᠠᠢ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠬᠦᠷᠭᠡ᠎ᠶ᠋ᠢ ᠪᠦᠬᠦ᠌ ᠲᠠᠯ᠎ᠠ᠎ᠪᠠᠷ ᠨᠠᠢᠲᠠᠪᠤᠷᠢᠵᠢᠭᠤᠯᠤᠠ᠂ ᠲᠤᠲᠤᠭᠠᠲᠤ ᠭᠡᠷᠡᠭ᠌ᠴᠡᠭᠡ᠎ᠪᠠᠨ ᠦᠷᠭᠡᠳᠭᠡᠬᠦ᠌ ᠪᠠᠢᠯᠲᠤᠬᠤ ᠪᠤᠲᠤᠯᠭ᠎ᠠ᠎ᠶ᠋ᠢ ᠡᠷᠡᠰ ᠭᠡᠷᠡᠭ᠌ᠵᠢᠭᠦᠯᠵᠦ᠍᠂ ᠠᠵᠦ᠍ ᠠᠬᠤᠢ᠎ᠶ᠋ᠢᠨ ᠬᠦᠭ᠌ᠵᠢᠯᠳᠡ ᠪᠠ ᠨᠡᠢᠭᠡᠮ᠎ᠤᠨ ᠲᠤᠭ᠍ᠲᠠᠭᠤᠨᠤ ᠶᠡᠭᠡ ᠲᠠᠯ᠎ᠠ᠎ᠶ᠋ᠢ ᠬᠠᠮᠠᠭᠠᠯᠠᠨ᠂ ᠶᠠᠲᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠱᠢᠢᠳᠪᠦᠷᠢᠲᠦ ᠲᠠᠢᠯᠠᠯᠲᠤᠭᠠᠠ ᠬᠢᠵᠥ᠍ ᠱᠢᠢᠳᠪᠦᠷᠢᠲᠦ ᠢᠯᠠᠯᠲᠠ ᠤᠯᠬᠤ ᠬᠠᠷᠠᠯᠳᠠ ᠡᠬᠦᠷᠭᠡ᠎ᠪᠠᠨ ᠪᠠᠶᠡᠯᠡᠬᠦᠯᠬᠦ᠌ᠶ᠋ᠢ ᠪᠠᠲᠤᠯᠠᠵᠥ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠤᠨ᠂ ᠲᠡᠤᠬᠡ ᠪᠠ ᠠᠷᠠᠳ ᠲᠦᠮᠠᠠ᠎ᠳᠤ ᠬᠢᠷᠢ ᠲᠡᠩᠴᠡᠭ᠌ᠰᠡᠡ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠭᠡᠷᠡᠭ᠌ᠲᠡᠢ᠃
ᠨᠠᠮ᠎ᠤᠨ ᠰᠠᠭᠤᠷᠢᠨ᠎ᠢ ᠠᠷᠠᠳ ᠲᠦᠮᠠᠠ᠎ᠳᠤ ᠪᠠᠢᠨ᠎ᠠ᠂ ᠠᠮᠢᠨ ᠰᠤᠳᠠᠰᠤ᠎ᠨᠢ ᠠᠷᠠᠳ ᠲᠦᠮᠠᠠ᠎ᠳᠤ ᠪᠠᠢᠨ᠎ᠠ᠂ ᠬᠦᠴᠤᠨ ᠴᠢᠲᠠᠯ᠎ᠨᠢ ᠠᠷᠠᠳ ᠲᠦᠮᠠᠠ᠎ᠳᠤ ᠪᠠᠢᠨ᠎ᠠ᠃ ᠨᠠᠮ᠎ᠠᠴᠠ ᠠᠷᠠᠳ ᠲᠦᠮᠠᠠ᠎ᠢ ᠪᠦᠯᠬᠦᠮᠲᠡᠬᠦᠯᠦᠨ ᠲᠠᠭᠠᠭᠤᠯᠵᠦ᠍ ᠬᠤᠪᠢᠰᠭᠠᠯ᠂ ᠪᠦᠲᠦᠭᠡᠡ ᠪᠠᠢᠭᠤᠯᠤᠯᠲᠠ᠂ ᠦᠭᠡᠷᠡᠴᠢᠯᠡᠯᠲᠡ ᠬᠢᠬᠦ᠌᠎ᠶ᠋ᠢᠨ ᠦᠨᠲᠦᠰᠦᠨ ᠵᠤᠷᠢᠯᠭ᠎ᠠ᠎ᠨᠢ ᠲᠠᠷᠤᠢ ᠠᠷᠠᠳ ᠲᠦᠮᠡᠡᠢ ᠵᠤᠯ ᠵᠢᠷᠭᠠᠯ᠎ᠲᠠᠢ ᠠᠮᠢᠲᠤᠷᠠᠭᠤᠯᠬᠤ᠎ᠶ᠋ᠢᠨ ᠲᠦᠯᠦᠭᠡ ᠶᠤᠮ᠂ ᠭᠡᠲᠦᠢ ᠶᠡᠭᠡ ᠦᠷᠢᠰᠦᠯᠲᠦᠭᠡᠡ ᠪᠠ ᠲᠠᠷᠤᠭᠠᠰᠤ᠎ᠳᠤ ᠲᠤᠯᠭᠠᠷᠠᠭ᠍ᠰᠠᠠ ᠴᠤ᠌᠂ ᠭᠡᠲᠦᠢ ᠶᠡᠭᠡ ᠦᠷᠡᠭ᠌ᠲᠡᠯ ᠪᠠ ᠦᠨ᠎ᠠ ᠦᠷᠳᠡᠭ ᠭᠠᠷᠭᠠᠭ᠍ᠰᠠᠠ ᠴᠤ᠌ ᠡᠨᠡ ᠬᠦ᠌ ᠵᠤᠷᠢᠯᠳᠠ᠎ᠨᠢ ᠢᠮᠠᠭ᠍ᠲᠠ ᠬᠤᠪᠢᠷᠠᠬᠤ ᠦᠬᠡᠢ ᠦᠴᠦᠭᠡᠡ ᠴᠦ᠍ ᠭᠤᠢᠪᠢᠯᠵᠠᠬᠤ ᠦᠭᠡᠢ ᠶᠤᠮ᠃ ᠡᠨᠡ ᠤᠲᠠᠭ᠎ᠠ᠎ᠶ᠋ᠢᠨ ᠬᠢᠵᠢᠭ᠎ᠤᠨ ᠪᠠᠢᠲᠠᠯ᠎ᠢ ᠰᠡᠷᠭᠡᠢᠯᠡᠡ ᠡᠵᠡᠮᠲᠡᠭ᠌ᠰᠡᠡ ᠦᠢᠯᠡᠲᠦᠯᠭᠡ᠎ᠨᠢ᠄ 《ᠠᠷᠠᠳ ᠲᠦᠮᠠᠠ ᠪᠤᠯ ᠰᠠᠢ ᠵᠢᠩᠭᠢᠨᠢ ᠪᠠᠭᠠᠲᠤᠷ ᠮᠦᠨ᠂ ᠠᠷᠠᠳ ᠲᠦᠮᠠᠠ᠎ᠳᠤ ᠨᠢᠭ᠍ᠲᠠ ᠲᠦᠱᠢᠭ᠌ᠯᠡᠲᠡᠭ ᠯᠡ ᠶᠤᠮ ᠪᠤᠯ ᠪᠢᠲᠠ ᠯᠠᠪᠲᠠᠢ ᠠᠯᠢᠪᠠ ᠬᠦᠴᠢᠷ ᠪᠡᠷᠭᠡᠱᠢᠶᠠᠯ ᠬᠠᠷᠰᠢ ᠰᠠᠭᠠᠳ᠎ᠢ ᠢᠯᠠᠠ ᠲᠠᠪᠠᠵᠦ᠍᠂ ᠲᠤᠮᠲᠠᠲᠤ᠎ᠶ᠋ᠢᠨ ᠦᠨᠲᠦᠰᠦᠲᠡᠡ᠎ᠤ ᠠᠭᠤᠤ ᠶᠡᠭᠡ ᠰᠡᠷᠭᠦᠨ ᠮᠠᠠᠲᠤᠯᠲᠠ᠎ᠶ᠋ᠢ ᠪᠡᠶᠡᠯᠡᠭᠦᠯᠵᠦ᠍ ᠴᠢᠲᠠᠨ᠎ᠠ》 ᠭᠡᠰᠡᠡᠢ ᠳᠠᠬᠢᠨᠳᠠ ᠬᠡᠷᠡᠴᠢᠯᠡᠵᠠᠢ᠃ ᠪᠢᠳᠠ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠨ᠂ ᠠᠷᠠᠳ ᠲᠦᠮᠡᠨ᠎ᠢ ᠲᠡᠭᠡᠳᠤᠯᠡᠬᠦ᠌ᠶ᠋ᠢ ᠪᠠᠷᠢᠮᠳᠠᠯᠠᠵᠤ᠂ ᠠᠷᠠᠳ ᠲᠦᠮᠡᠨ᠎ᠳᠤ ᠨᠢᠭ᠍ᠳᠠ ᠲᠦᠱᠢᠭ᠌ᠯᠡᠨ᠂ ᠠᠷᠠᠳ ᠲᠦᠮᠡᠨ᠎ᠳᠤ ᠲᠠᠰᠤᠷᠠᠯᠳᠠ ᠦᠬᠡᠢ ᠪᠤᠶᠠᠨ ᠤᠢ᠍ᠢᠯᠡᠳᠴᠤ᠌᠂ ᠠᠷᠠᠳ ᠲᠦᠮᠡᠨ᠎ᠤ ᠲᠤᠮᠳᠠ ᠪᠠᠳᠤ ᠦᠨᠳᠤᠰᠤᠯᠠᠨ᠂ 14 ᠳ᠋ᠦᠩᠱᠢᠭᠤᠷ ᠠᠷᠠᠳ ᠲᠦᠮᠡᠨ᠎ᠤ ᠤᠶᠤᠨ ᠤᠬᠠᠭᠠᠨ ᠪᠤᠯᠤᠨ ᠬᠦᠴᠤᠨ ᠴᠢᠳᠠᠯ᠎ᠢ ᠨᠢᠬ᠍ᠳᠠᠷᠠᠭᠤᠯᠵᠤ᠂ ᠨᠠᠮ ᠪᠤᠯᠤᠨ ᠠᠷᠠᠳ ᠲᠦᠮᠡᠨ᠎ᠤ ᠤᠢ᠍ᠢᠯᠡᠰ᠎ᠢ ᠤᠷᠤᠬ᠍ᠰᠢ ᠠᠬᠢᠭᠤᠯᠬᠤ ᠭᠡᠷᠡᠭ᠌ᠳᠠᠢ᠃ ᠨᠠᠮ᠎ᠤᠨ ᠤᠳᠤᠷᠢᠳᠤᠯᠭ᠎ᠠ᠎ᠶ᠋ᠢ ᠪᠠᠷᠢᠮᠳᠠᠯᠠᠬᠤ᠂ ᠠᠷᠠᠳ ᠲᠦᠮᠡᠨ ᠡᠷᠬᠡ ᠮᠡᠳᠡᠵᠥ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠤᠷᠭᠠᠨᠢᠬ᠎ᠢᠶᠠᠷ ᠤᠶᠠᠯᠳᠤᠭᠤᠯᠵᠤ᠂ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠬᠡᠬᠦ᠌ ᠡᠨᠡ ᠬᠦ᠌ ᠦᠨᠳᠤᠰᠤᠨ ᠤᠯᠤᠰ ᠲᠦᠷᠤ᠎ᠶ᠋ᠢᠨ ᠪᠠᠢᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠵᠤ᠂ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠢ᠍ᠢᠯᠡᠳᠤᠯᠬᠡᠶ᠋ᠢᠨ ᠤᠨᠴᠠᠯᠢᠬ᠂ ᠴᠠᠬ ᠦᠶ᠎ᠡ᠎ᠶ᠋ᠢᠨ ᠤᠨᠴᠠᠯᠢᠬ᠎ᠢ ᠪᠠᠶᠠᠯᠢᠬ᠍ᠵᠢᠭᠤᠯᠤᠨ᠂ ᠮᠠᠨ᠎ᠤ ᠤᠯᠤᠰ᠎ᠤᠨ ᠪᠠᠢᠭᠤᠯᠤᠯ᠎ᠤᠨ ᠲᠠᠪᠠᠭᠤᠯᠢᠬ᠎ᠢ ᠤᠯᠤᠰ᠎ᠤᠨ ᠵᠠᠰᠠᠯᠳᠠ᠎ᠶ᠋ᠢᠨ ᠴᠢᠳᠠᠪᠤᠷᠢ ᠪᠤᠯᠭᠠᠨ ᠬᠤᠪᠢᠷᠠᠭᠤᠯᠵᠤ᠂ ᠨᠠᠮ ᠪᠤᠯᠤᠨ ᠤᠯᠤᠰ᠎ᠤᠨ ᠠᠮᠢᠵᠢᠷᠠᠯ᠎ᠤᠨ ᠬᠦᠴᠤᠨ᠎ᠢ ᠲᠠᠰᠤᠷᠠᠯᠳᠠ ᠦᠬᠡᠢ ᠬᠦᠭ᠌ᠵᠢᠬᠡᠨ᠂ ᠠᠷᠠᠳ ᠲᠦᠮᠡᠨ᠎ᠤ ᠢᠳᠡᠪᠬᠢᠵᠢᠯ᠎ᠢ ᠲᠠᠢᠴᠢᠯᠠᠵᠤ᠂ ᠲᠦᠭ ᠲᠦᠮᠡᠨ ᠠᠷᠠᠳ ᠤᠯᠠᠨ᠎ᠤ ᠠᠭᠤᠤ ᠶᠡᠭᠡ ᠬᠦᠰᠡᠯ ᠵᠡᠬᠦᠳᠤ᠎ᠶ᠋ᠢ ᠰᠠᠢᠨ ᠰᠠᠢᠬᠠᠨ ᠪᠤᠳᠠᠳᠤ ᠠᠬᠤᠢ ᠪᠤᠯᠭᠠᠨ ᠪᠡᠶᠡᠯᠡᠬᠦᠯᠬᠦ᠌ ᠭᠡᠷᠡᠭ᠌ᠳᠠᠢ᠃
ᠴᠢᠨᠡᠭᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠢᠯᠠᠯᠳᠠ᠎ᠶ᠋ᠢ ᠤᠳᠠᠯ ᠦᠬᠡᠢ ᠤᠯᠵᠤ᠂ ᠦᠨᠳᠤᠰᠤᠳᠠᠨ᠎ᠤ ᠰᠡᠷᠬᠦᠨ ᠮᠡᠨᠳᠤᠯᠳᠠ᠎ᠶ᠋ᠢ ᠪᠡᠶᠡᠯᠡᠬᠦᠯᠬᠦ᠌ ᠰᠠᠷᠠᠭᠤᠯ ᠢᠷᠡᠬᠡᠳᠤᠢ ᠬᠦᠮᠤᠰ᠎ᠢ ᠵᠤᠷᠢᠬ᠍ᠵᠢᠭᠤᠯᠵᠤ ᠬᠦᠷᠬᠦ᠌ ᠢᠷᠡᠬᠡᠳᠤᠢ᠎ᠳᠤ ᠲᠡᠮᠡᠤᠯᠦᠬᠦᠯᠦᠨᠠ᠃ ᠴᠠᠬ ᠮᠦᠴᠠ ᠬᠦᠮᠤᠨ᠎ᠢ ᠬᠦᠯᠢᠶᠡᠬᠦ᠌ ᠦᠬᠡᠢ᠂ ᠲᠡᠤᠬᠡ ᠴᠦ᠍ ᠬᠦᠮᠤᠨ᠎ᠢ ᠬᠦᠯᠢᠶᠡᠬᠦ᠌ ᠦᠬᠡᠢ! ᠴᠠᠬ ᠮᠦᠴᠠ ᠪᠤᠯᠤᠨ ᠲᠡᠤᠬᠡ ᠪᠤᠯ ᠡᠷᠡᠯᠭᠡᠭ᠌ᠯᠡᠨ ᠲᠡᠮᠡᠴᠡᠭ᠌ᠰᠠᠳᠤᠨᠬᠢ ᠶᠤᠮ! ᠪᠢᠳᠠ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠬ᠍ᠰᠠᠨ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠡᠩ ᠨᠢᠬ᠍ᠳᠠᠷᠠᠨ ᠪᠦᠯᠬᠦᠮᠳᠡᠵᠤ᠂ ᠤᠬ ᠰᠠᠨᠠᠭ᠎ᠠ᠎ᠪᠠᠨ ᠦᠯᠤ ᠮᠠᠷᠳᠠᠵᠤ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠠᠨ᠂ ᠬᠦᠴᠢᠷ ᠪᠡᠷᠬᠡᠱᠢᠶᠠᠯ᠎ᠠᠴᠠ ᠰᠦᠷᠳᠡᠬᠦ᠌ ᠦᠬᠡᠢ᠎ᠪᠠᠷ ᠦᠷᠢᠰᠤᠯᠳᠤᠬᠡᠨ᠎ᠳᠤ ᠱᠢᠭᠤᠳ ᠬᠠᠨᠳᠤᠵᠤ᠂ ᠪᠦᠬᠦ᠌ ᠬᠦᠴᠤᠨ᠎ᠢᠶᠠᠷ ᠳᠡᠮᠡᠴᠡᠨ ᠱᠢᠷᠭᠠᠭᠤ ᠬᠠᠳᠠᠭᠤᠵᠢᠯᠳᠠᠢ ᠠᠵᠢᠯᠯᠠᠵᠥ᠍᠂ 《ᠬᠤᠤᠰ ᠵᠠᠭᠤᠨ ᠵᠢᠯ》 ᠤᠨ ᠲᠡᠮᠡᠴᠡᠬᠦ᠌ ᠬᠠᠷᠠᠯᠳᠠ᠎ᠶ᠋ᠢ ᠪᠡᠶᠡᠯᠡᠬᠦᠯᠬᠦ᠂ ᠳᠤᠮᠳᠠᠳᠤ᠎ᠶ᠋ᠢᠨ ᠦᠨᠳᠤᠰᠤᠳᠠᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢᠨ ᠳᠤᠮᠳᠠᠳᠤ᠎ᠶ᠋ᠢᠨ ᠵᠡᠬᠦᠳᠤ᠎ᠶ᠋ᠢ ᠲᠡᠷᠬᠡᠯᠱᠢᠬᠦᠯᠬᠦ᠌ᠶ᠋ᠢᠨ ᠲᠦᠯᠤᠬᠡ ᠴᠦᠬᠦᠷᠡᠰᠢ ᠦᠬᠡᠢ᠎ᠪᠠᠷ ᠡᠷᠡᠯᠬᠡᠭ᠌ᠯᠡᠨ ᠳᠡᠮᠡᠴᠡᠰᠦᠬᠡᠢ!
(ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 28 ᠤ ᠴᠠᠬᠢᠯᠭᠠᠨ ᠮᠡᠳᠡᠭᠡ)
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号