ᠬᠦᠭ᠌ᠵᠢᠯᠲᠡ ᠲᠠᠪᠱᠢᠯᠲᠠ᠎ᠶ᠋ᠢᠨ ᠬᠦᠴᠦᠲᠦ ᠵᠢᠭᠦᠷ
2020-05-03 13:03:23
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

          — ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢᠭᠤᠯᠤᠬ᠍ᠳᠠᠭ᠍ᠰᠠᠨ ᠲᠤᠷᠠᠰᠭᠠᠯ᠎ᠤᠨ ᠡᠳᠦᠷ᠎ᠲᠤ ᠵᠤᠷᠢᠭᠤᠯᠪᠠ     (ᠲᠦᠷᠪᠡ)


    2014 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠳᠤ ᠴᠢᠩ ᠰᠡᠳᠭᠢᠯ᠎ᠤᠨ ᠬᠦᠰᠡᠯ ᠨᠠᠢᠳᠠᠯᠭ᠎ᠠ ᠳᠤᠷᠠᠳᠴᠤ᠌᠂ 《ᠠᠵᠢᠯ ᠬᠢᠵᠦ᠍ ᠦᠢᠯᠡᠰ ᠪᠤᠰᠭᠠᠬᠤ᠎ᠳᠤ ᠮᠣᠩᠭᠤᠯ ᠮᠣᠷᠢ ᠱᠢᠭ᠋᠎ᠢᠶᠠᠷ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠬᠤ ᠵᠣᠷᠢᠭ ᠰᠠᠨᠠᠭ᠎ᠠ᠎ᠲᠠᠢ ᠪᠠᠢᠬᠤ ᠬᠡᠷᠡᠭ᠌ᠲᠡᠢ》 ᠭᠡᠪᠡ᠃ 2019 ᠤᠨ᠎ᠤ 7 ᠰᠠᠷ᠎ᠠ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠵᠤ 《ᠣᠭ ᠰᠠᠨᠠᠭ᠎ᠠ᠎ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠎ᠤᠨ ᠠᠵᠢᠯ᠎ᠢ ᠵᠢᠭᠠᠨ ᠵᠢᠯᠤᠭᠤᠳᠭᠤ᠎ᠳᠠᠭᠠᠨ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠳᠠᠬᠢᠨᠲᠠ ᠳᠤᠷᠠᠳᠴᠤ᠌᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠠᠵᠢᠯ᠎ᠢᠶᠠᠨ ᠨᠠᠩ ᠰᠠᠢᠲᠤᠷ ᠬᠢᠬᠦ᠌᠎ᠪᠠᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
    ᠮᠠᠨ᠎ᠤ ᠤᠷᠤᠨ᠎ᠤ ᠡᠯ᠎ᠠ ᠬᠤᠯᠪᠤᠬ᠍ᠳᠠᠯ ᠪᠥᠬᠦᠢ ᠰᠠᠯᠠᠭ᠎ᠠ ᠮᠥᠴᠢᠷ ᠶᠡᠷᠥᠩᠭᠡᠢ ᠱᠥᠵᠢ ᠰᠢ᠎ᠶ᠋ᠢᠨ ᠫᠢᠩ᠎ᠤᠨ ᠵᠢᠭᠠᠪᠤᠷᠢ ᠴᠤᠬᠤᠯᠠᠪᠤᠷᠢ᠎ᠶ᠋ᠢᠨ ᠵᠤᠷᠢᠬ ᠰᠠᠨᠠᠭ᠎ᠠ᠎ᠶ᠋ᠢ ᠪᠠᠳᠤ ᠴᠡᠭᠡᠵᠢᠯᠠᠨ᠂ ᠠᠵᠢᠯ᠎ᠤᠨ ᠲᠤᠮᠳᠠ᠎ᠪᠠᠨ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠤᠨᠴᠠᠭᠠᠢᠯᠠᠨ᠂ ᠤᠳᠤᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠮᠳᠠ ᠮᠤᠩᠭᠤᠯ ᠮᠤᠷᠢᠨ᠎ᠤ ᠵᠤᠷᠢᠬ ᠰᠠᠨᠠᠭ᠎ᠠ᠎ᠪᠠᠷ ᠤᠷᠤᠬ᠍ᠰᠢᠯᠠᠯᠳᠠ᠎ᠶ᠋ᠢᠨ ᠪᠦᠷᠢᠶ᠎ᠠ ᠪᠤᠯᠭᠠᠨ ᠬᠥᠴᠥᠯᠠᠨ ᠴᠢᠷᠮᠠᠢᠵᠥ᠍᠂ ᠢᠯᠠᠭᠤᠬ᠍ᠰᠠᠨ ᠠᠮᠵᠢᠯᠳᠠ᠎ᠶ᠋ᠢ ᠪᠢᠴᠢᠭ᠌ᠯᠡᠵᠤ ᠪᠠᠢᠨ᠎ᠠ᠃ ᠥᠭᠡᠷᠡᠴᠢᠯᠡᠯᠲᠡ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠠᠢᠯᠠᠯᠳᠤᠭᠠᠨ ᠵᠡᠷᠭᠡ ᠡᠯ᠎ᠡ ᠠᠵᠢᠯ ᠲᠦᠷᠦᠯ᠎ᠢ ᠰᠠᠢᠳᠤᠷ ᠬᠢᠬᠦ᠌ ᠶᠠᠪᠤᠴᠠ᠎ᠳᠤ ᠴᠤ᠌ ᠮᠤᠩᠭᠤᠯ ᠮᠤᠷᠢᠨ᠎ᠤ ᠵᠤᠷᠢᠬ ᠰᠠᠨᠠᠭ᠎ᠠ᠎ᠪᠠᠷ ᠬᠦᠴᠦᠷᠬᠡᠭ ᠶᠡᠭᠡ ᠵᠣᠷᠢᠭ ᠰᠠᠨᠠᠭᠠᠨ᠎ᠤ ᠬᠥᠳᠡᠯᠭᠡᠬᠦ᠌ ᠬᠦᠴᠦᠨ ᠪᠤᠯᠭᠠᠵᠥ᠍᠂ ᠠᠵᠢᠯ᠎ᠤᠨ ᠪᠤᠳᠠᠳᠤ ᠥᠷ᠎ᠠ ᠪᠥᠳᠥᠮᠵᠢ᠎ᠶ᠋ᠢ ᠴᠢᠪᠠᠭ᠍ᠳᠠᠨ ᠪᠢᠴᠢᠭ᠌ᠯᠡᠵᠤ ᠪᠢᠯᠠ᠃
        ᠡᠯ᠎ᠠ ᠲᠠᠯ᠎ᠠ᠎ᠶ᠋ᠢᠨ ᠢᠳᠡᠪᠬᠢ ᠬᠥᠴᠥᠨ᠎ᠢ ᠨᠢᠬ᠍ᠳᠠᠷᠠᠭᠤᠯᠤᠨ ᠰᠦᠯᠵᠢᠪᠡ
    ᠪᠥᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤᠨᠢ ᠤᠯᠠᠮᠵᠢᠯᠠᠨ ᠰᠤᠷᠤᠯᠴᠠᠵᠤ᠂ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠵᠢᠷᠤᠮᠯᠠᠨ ᠳᠠᠭᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢᠨ ᠨᠠᠷᠢᠨ ᠪᠤᠳᠤᠯᠢᠶᠠᠨᠲᠠᠢ ᠴᠢᠨᠠᠷ᠂ ᠬᠦᠴᠢᠷ ᠲᠦᠪᠡᠭ᠌ᠳᠠᠢ ᠴᠢᠨᠠᠷ᠎ᠢ ᠭᠦᠶᠴᠡᠳ ᠲᠠᠨᠢᠵᠤ᠂ ᠬᠠᠷᠢᠭᠤᠴᠠᠯᠭ᠎ᠠ᠎ᠶ᠋ᠢ ᠴᠢᠩᠭᠠᠯᠠᠵᠤ᠂ ᠵᠢᠭ᠍ᠰᠠᠭᠠᠯ᠎ᠤᠨ ᠭᠠᠵᠠᠷ᠎ᠢᠶᠠᠨ ᠴᠢᠩᠭ᠎ᠠ ᠰᠠᠬᠢᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠶ᠋ᠢ ᠦᠨᠡᠨ ᠬᠦ᠌ ᠪᠠᠲᠤᠯᠠᠬᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠨᠭ᠌ᠭᠠᠪᠠ᠃
    ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠪᠥᠬᠦ᠌ ᠣᠷᠣᠨ᠎ᠤ 8.43 ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ 159.9 ᠲᠦᠮᠡᠨ ᠨᠠᠮ᠎ᠤᠨ ᠭᠡᠱᠢᠭᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠍᠂ ᠡᠮᠦᠨ᠎ᠡ ᠹᠷᠣᠨᠲ᠎ᠲᠤ ᠭᠠᠪᠱᠢᠭᠠᠢᠯᠠᠵᠦ᠍᠂ 2400 ᠭᠠᠷᠤᠶ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠦᠨᠳᠦᠰᠦᠨ ᠱᠠᠲᠤᠨ᠎ᠤ ᠺᠠᠳ᠋ᠷ᠂ ᠰᠠᠢᠨ ᠲᠤᠷᠠᠴᠤᠤᠯ᠂ ᠠᠳᠠᠯ ᠠᠬᠤᠶ᠎ᠶ᠋ᠢᠨ ᠠᠵᠢᠯᠲᠠᠨ᠎ᠢ ᠳᠠᠢᠴᠢᠯᠠᠵᠤ᠂ 11000 ᠭᠠᠷᠤᠶ ᠭᠠᠴᠠᠭ᠎ᠠ ᠲᠣᠰᠭᠤᠨ ᠨᠡᠢᠭᠡᠮ ᠲᠤᠭᠤᠷᠢᠭ᠎ᠲᠤ ᠪᠠᠭᠤᠯᠭᠠᠵᠦ᠍᠂ 81772 《ᠬᠢᠵᠢᠭ᠎ᠲᠠᠢ ᠲᠡᠮᠡᠴᠡᠬᠦ᠌》 ᠨᠠᠮ᠎ᠤᠨ ᠪᠠᠢᠭᠤᠯᠤᠯᠲᠠ᠎ᠶ᠋ᠢᠨ ᠲᠣᠤᠷ᠎ᠢᠶᠠᠷ ᠬᠢᠵᠢᠭ᠎ᠤᠨ ᠪᠠᠢᠳᠠᠯ᠎ᠢ ᠪᠦᠬᠦ᠌ ᠲᠠᠯ᠎ᠠ᠎ᠪᠠᠷ ᠡᠵᠡᠮᠳᠡᠵᠦ᠍᠂ 12 ᠪᠦᠯᠦᠭ ᠤᠳᠠᠭ᠎ᠠ 839 ᠡᠮᠴᠢ ᠰᠤᠪᠢᠯᠠᠭ᠍ᠴᠢ ᠡᠮᠴᠢᠯᠠᠭᠡᠨ᠎ᠤ ᠠᠵᠢᠯᠲᠠᠨ ᠬᠤᠪᠸᠢ᠎ᠶ᠋ᠢ ᠲᠤᠰᠠᠯᠠᠵᠦ᠍᠂ ᠡᠯ᠎ᠡ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠴᠥᠮ ᠠᠵᠢᠯ ᠲᠥᠷᠥᠯ᠎ᠤᠨ ᠬᠦᠷᠢᠶᠡᠨ᠎ᠳᠠᠬᠢ ᠣᠨᠴᠠᠯᠢᠭ᠎ᠲᠠᠭᠠᠨ ᠰᠠᠭᠤᠷᠢᠯᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠢᠳᠡᠪᠬᠢᠳᠡᠢ ᠥᠷᠨᠢᠭᠦᠯᠪᠡ᠃
    1 ᠰᠠᠷ᠎ᠠ᠎ᠶ᠋ᠢᠨ 23 ᠎ᠤ ᠡᠳᠦᠷ᠂ ᠮᠠᠨᠵᠤᠤᠷ ᠬᠤᠲᠠ ᠪᠥᠬᠦ᠌ ᠣᠷᠣᠨ᠎ᠤ ᠬᠠᠮᠤᠭ ᠠᠩᠬᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠡᠪᠡᠳᠴᠢᠨ᠎ᠤ ᠵᠢᠱ᠌ᠢᠶ᠎ᠡ᠎ᠶ᠋ᠢ ᠢᠯᠡᠷᠡᠭᠦᠯᠦᠭ᠌ᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠤᠳᠤᠷᠢᠳᠭᠤ ᠪᠠᠭ ᠪᠠᠴᠢᠮ ᠬᠤᠷᠠᠯ ᠬᠤᠷᠠᠯᠳᠤᠭᠤᠯᠵᠤ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠰᠡᠷᠭᠡᠢᠯᠡᠨ ᠡᠵᠡᠮᠳᠡᠬᠦ᠌ ᠠᠵᠢᠯ᠎ᠢ ᠰᠤᠳᠤᠯᠤᠨ ᠪᠠᠢᠷᠢᠯᠠᠭᠤᠯᠵᠤ᠂ ᠮᠠᠨ᠎ᠤ ᠣᠷᠣᠨ᠎ᠤ ᠭᠡᠨᠡᠳᠲᠡ ᠡᠭᠦᠰᠭᠦ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠳᠤ ᠵᠠᠰᠠᠪᠤᠷᠢ ᠣᠷᠣᠭᠤᠯᠤᠨ ᠳᠠᠬᠦᠯᠳᠡᠷᠵᠢᠬᠦᠯᠪᠡ᠃
    ᠬᠢᠵᠢᠭ᠎ᠤᠨ ᠪᠠᠢᠳᠠᠯ᠎ᠢ ᠡᠰᠡᠷᠭᠦᠴᠡᠬᠦ᠌ ᠵᠠᠩᠭᠢᠯᠠᠭ᠎ᠠ᠎ᠶ᠋ᠢᠨ ᠱᠠᠲᠤᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠠᠢᠮᠠᠭ ᠬᠤᠲᠠ᠎ᠳᠤ ᠨᠢᠭᠡᠳᠦᠯᠲᠡᠶ 20 ᠲᠦᠷᠭᠡᠨ ᠠᠪᠤᠷᠠᠬᠤ ᠲᠡᠷᠭᠡ ᠬᠤᠳᠠᠯᠳᠤᠨ ᠠᠪᠴᠤ᠌ ᠲᠤᠬᠢᠷᠠᠭᠤᠯᠤᠨ᠂ ᠪᠦᠬᠦ᠌ ᠣᠷᠣᠨ᠎ᠤ ᠨᠠᠮ᠎ᠤᠨ ᠭᠡᠱᠢᠭᠦᠳ ᠰᠠᠢᠨ ᠳᠤᠷ᠎ᠠ᠎ᠠᠴᠠ᠎ᠪᠠᠨ 2.46 ᠳ᠋ᠦᠩᠱᠢᠭᠤᠷ ᠲᠥᠭᠦᠷᠢᠭ ᠵᠣᠭᠤᠰ ᠬᠠᠨᠳᠢᠪᠯᠠᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ᠎ᠢ    ᠳᠡᠮᠵᠢᠪᠡ᠃ ᠣᠳᠣᠬᠠᠨ ᠪᠣᠯᠲᠠᠯ᠎ᠠ᠂ ᠪᠥᠬᠦ᠌ ᠣᠷᠣᠨ᠎ᠳᠤ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠢᠯᠡᠷᠡᠯ᠎ᠢᠶᠠᠷ ᠲᠣᠪᠤᠢᠮ᠎ᠠ 112 ᠺᠠᠳ᠋ᠷ᠎ᠢ ᠳᠡᠪᠱᠢᠭᠦᠯᠦᠨ᠂ ᠥᠷᠭᠡᠨ ᠣᠯᠠᠨ ᠺᠠᠳ᠋ᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠢᠳᠡᠪᠬᠢᠵᠢᠯ᠎ᠢ ᠬᠦᠴᠦᠲᠡᠶ ᠲᠠᠢᠴᠢᠯᠠᠪᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ ᠡᠯᠰᠡᠬᠦ᠌ ᠠᠵᠢᠯ᠎ᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠳᠠ᠎ᠶ᠋ᠢᠨ ᠲᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠬᠦᠴᠦᠨ ᠨᠡᠮᠡᠷᠢᠯᠡᠬᠦ᠌ ᠴᠢᠬᠤᠯᠠ ᠠᠷᠭ᠎ᠠ ᠪᠠᠷᠢᠯ᠎ᠤᠨ ᠨᠢᠬᠡ ᠪᠣᠯᠭᠠᠬᠤ᠎ᠶ᠋ᠢ ᠪᠠᠷᠢᠮᠲᠠᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠪᠥᠬᠦ᠌ ᠣᠷᠣᠨ᠎ᠳᠤ ᠨᠡᠢᠲᠡ 1353 ᠬᠥᠮᠦᠨ ᠨᠠᠮ᠎ᠳᠤ ᠣᠷᠣᠬᠤ ᠡᠷᠭᠦᠳᠡᠯ ᠪᠢᠴᠢᠵᠦ᠍᠂ ᠬᠢᠵᠢᠭ᠎ᠲᠠᠢ ᠲᠡᠮᠡᠴᠡᠬᠦ᠌ ᠨᠢᠭᠡᠳᠦᠭᠡᠷ ᠹᠷᠣᠨᠲ᠎ᠲᠤ ᠢᠯᠡᠷᠡᠯ᠎ᠢᠶᠠᠷ ᠰᠠᠢᠨ 172 ᠲᠡᠷᠢᠭᠦᠨ᠎ᠤ ᠬᠤᠪᠢ ᠬᠥᠮᠦᠨ ᠭᠠᠯ ᠹᠷᠣᠨᠲ᠎ᠲᠤ ᠨᠠᠮ᠎ᠳᠤ ᠣᠷᠣᠵᠤ᠂ ᠨᠢᠭᠡᠳᠦᠭᠡᠷ ᠹᠷᠣᠨᠲ᠎ᠤᠨ ᠬᠥᠮᠦᠰ᠎ᠤᠨ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠰ ᠬᠠᠲᠠᠭᠤ ᠲᠡᠮᠡᠴᠡᠯ ᠬᠢᠬᠦ᠌᠎ᠶ᠋ᠢ ᠬᠦᠴᠦᠲᠡᠶ ᠵᠣᠷᠢᠭ᠍ᠵᠢᠭᠤᠯᠤᠬ᠍ᠰᠠᠨ ᠪᠠᠢᠨ᠎ᠠ᠃
    ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ᠎ᠤᠨ ᠳᠤᠮᠳᠠ ᠣᠷᠴᠣᠨ᠎ᠤ ᠥᠪᠡᠷᠲᠡᠭᠡᠨ ᠵᠠᠰᠠᠬᠤ ᠬᠤᠱᠢᠭᠤᠨ᠎ᠤ ᠢ ᠾᠧ ᠪᠠᠯᠭᠠᠰᠤᠨ᠎ᠤ ᠨᠠᠮ᠎ᠤᠨ ᠬᠤᠷᠢᠶᠠᠨ᠎ᠤ ᠱᠦᠵᠢ ᠪᠠᠶ ᠯᠢ ᠵᠦ᠍᠂ ᠲᠦᠴᠢᠦᠸᠠᠨ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠢᠦᠶ ᠸᠧᠨ ᠲᠣᠮᠢᠯᠠᠭ᠍ᠰᠠᠨ ᠰᠠᠯᠪᠤᠷᠢ᠎ᠶ᠋ᠢᠨ ᠭᠤᠷᠪᠠᠳᠤᠭᠠᠷ ᠳᠡᠰ᠎ᠤᠨ ᠴᠠᠭ᠍ᠳᠠᠭᠠᠨ ᠳᠠᠷᠤᠭ᠎ᠠ ᠾᠧ ᠵᠢᠶᠠᠨ ᠬᠤᠸᠠ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠪᠦᠦ ᠯᠦᠩ ᠱᠠᠨ ᠪᠠᠯᠭᠠᠰᠤᠨ᠎ᠤ ᠪᠠᠷᠠᠭᠤᠨ ᠪᠦᠦ ᠯᠦᠩ ᠱᠠᠨ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠴᠢᠨ ᠬᠤᠩ ᠵᠡᠷᠭᠡ ᠨᠢᠭᠡ ᠪᠦᠯᠦᠭ ᠮᠠᠭ᠍ᠲᠠᠨ ᠳᠠᠭᠤᠯᠠᠭᠤᠱᠢᠲᠠᠶ ᠲᠡᠷᠢᠭᠦᠨ᠎ᠤ ᠬᠥᠮᠦᠰ ᠴᠣᠯᠭᠤᠷᠠᠨ ᠭᠠᠷᠴᠤ᠌᠂ ᠬᠢᠵᠢᠭ᠎ᠲᠠᠢ ᠲᠡᠮᠡᠴᠡᠬᠦ᠌ ᠡᠮᠦᠨ᠎ᠡ ᠹᠷᠣᠨᠲ᠎ᠲᠤ ᠪᠡᠶ᠎ᠡ ᠦᠷᠡᠭ᠌ᠳᠡᠭ᠌ᠰᠡᠨ ᠨᠠᠮ᠎ᠤᠨ ᠭᠡᠱᠢᠭᠦᠨ᠎ᠳᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠤ ᠢᠷᠠᠭᠤ ᠠᠯᠳᠠᠷ᠎ᠢ ᠨᠡᠬᠡᠮᠵᠢᠯᠡᠨ ᠣᠯᠭᠤᠬᠤ᠎ᠶ᠋ᠢᠨ ᠬᠠᠮᠲᠤ ᠪᠤᠰᠤᠳ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠬᠥᠬᠢᠭᠦᠯᠦᠨ ᠰᠠᠢᠱᠢᠶᠠᠵᠤ᠂ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠬᠤ ᠬᠦᠴᠦᠷᠬᠡᠭ ᠶᠡᠭᠡ ᠡᠨᠧᠷᠭᠢ᠎ᠶ᠋ᠢ ᠨᠢᠭ᠍ᠲᠠᠷᠠᠭᠤᠯᠤᠬ᠍ᠰᠠᠨ ᠪᠠᠢᠨ᠎ᠠ᠃
          ᠡᠷᠡᠮᠡᠬᠡᠢᠯᠡᠨ ᠲᠡᠮᠡᠴᠡᠵᠤ ᠢᠯᠠᠯᠳᠠ ᠤᠯᠬᠤ ᠰᠠᠭᠤᠷᠢ᠎ᠶ᠋ᠢ ᠪᠠᠬᠢᠵᠢᠬᠦᠯᠪᠡ
    ᠪᠥᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠠᠨᠠᠭᠠᠴᠢᠯᠠᠭ᠎ᠠ᠎ᠠᠴᠠ᠎ᠪᠠᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠱᠢᠶᠳᠪᠦᠷᠢᠲᠦ ᠢᠯᠠᠯᠲᠠ᠎ᠶ᠋ᠢ ᠤᠯᠬᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠵᠡᠷᠭᠡ ᠭᠤᠤᠯ ᠠᠵᠢᠯ᠎ᠲᠠᠢ ᠤᠶᠠᠯᠳᠤᠭᠤᠯᠤᠨ᠂ ᠪᠢᠲᠡᠭᠦᠮᠵᠢᠯᠡᠯᠳᠦ ᠴᠢᠨᠠᠷᠲᠠᠶ ᠬᠠᠮᠢᠶᠠᠷᠤᠨ ᠡᠵᠡᠮᠳᠡᠬᠦ᠌᠎ᠶ᠋ᠢ ᠨᠠᠷᠢᠯᠢᠭ ᠬᠡᠯᠪᠡᠷᠢ᠎ᠶ᠋ᠢᠨ ᠣᠶᠤᠨᠴᠢ ᠡᠵᠡᠮᠱᠢᠯ ᠳᠠᠰᠢ ᠬᠤᠪᠢᠷᠠᠭᠤᠯᠬᠤ᠎ᠶ᠋ᠢ ᠠᠬᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠲᠠ᠎ᠶ᠋ᠢᠨ ᠳᠠᠢᠯᠠᠯᠳᠤᠭᠠᠨ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠤᠤᠰ ᠢᠯᠠᠯᠲᠠ᠎ᠶ᠋ᠢ ᠤᠯᠬᠤ ᠰᠠᠭᠤᠷᠢ᠎ᠶ᠋ᠢ ᠦᠨᠡᠨᠬᠦ᠌ ᠪᠠᠬᠢᠵᠢᠬᠦᠯᠦᠭ᠌ᠰᠡᠨ ᠪᠠᠢᠨ᠎ᠠ᠃
    ᠤᠢ᠍ᠢᠷ᠎ᠠ᠎ᠶ᠋ᠢᠨ ᠵᠢᠯ᠎ᠳᠤ᠂ ᠮᠠᠨ᠎ᠤ ᠣᠷᠣᠨ ᠲᠥᠪ᠎ᠤᠨ ᠪᠠᠢᠷᠢᠯᠠᠭᠤᠯᠤᠯᠲᠠ ᠶᠣᠰᠣᠭᠠᠷ᠂ ᠠᠵᠦ᠍ ᠠᠬᠤᠢ᠎ᠶ᠋ᠢ ᠬᠦᠭ᠌ᠵᠢᠭᠦᠯᠵᠦ᠍ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ᠂ ᠡᠷᠡᠰ ᠱᠢᠭᠤᠷᠬᠠᠢ᠂ ᠰᠠᠨᠠᠭᠠᠴᠢᠯᠠᠭ᠎ᠠ᠎ᠲᠠᠢ᠂ ᠢᠳᠡᠪᠬᠢᠲᠡᠶ᠂ ᠡᠮᠬᠢ ᠵᠢᠷᠤᠮ᠎ᠲᠠᠢ ᠳᠥᠯᠭᠢᠨ ᠠᠬᠢᠭᠤᠯᠵᠤ᠂ ᠨᠢᠭᠡ ᠪᠦᠯᠦᠭ ᠵᠠᠩᠭᠢᠯᠠᠭ᠎ᠠ᠎ᠶ᠋ᠢᠨ ᠴᠢᠨᠠᠷᠲᠠᠶ ᠲᠥᠰᠦᠯ᠎ᠢ ᠨᠡᠢᠲᠡᠯᠡᠨ ᠬᠡᠷᠡᠭ᠌ᠵᠢᠭᠦᠯᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠬᠠᠨᠭ᠌ᠭᠠᠪᠠ᠃
    ᠮᠤᠩᠭᠤᠯ ᠮᠤᠷᠢᠨ᠎ᠤ ᠵᠤᠷᠢᠬ ᠰᠠᠨᠠᠭ᠎ᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠡᠯ᠎ᠡ ᠲᠠᠯ᠎ᠠ᠎ᠶ᠋ᠢᠨ ᠠᠵᠢᠯ᠎ᠤᠨ ᠲᠤᠮᠳᠠ ᠢᠯᠡᠷᠡᠨ᠎ᠡ᠃ ᠠᠮᠢ ᠠᠬᠤᠶ᠎ᠶ᠋ᠢᠨ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠲᠦᠷᠢᠮ᠎ᠢ ᠰᠦᠪᠡᠭ᠌ᠴᠢᠯᠡᠨ ᠪᠠᠢᠭᠤᠯᠬᠤ ᠲᠠᠯ᠎ᠠ᠎ᠪᠠᠷ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠲᠦᠷᠢᠮ᠎ᠢ ᠪᠠᠢᠭᠤᠯᠵᠤ᠂ ᠦᠨᠳᠦᠰᠦᠨ ᠨᠤᠲᠤᠭ ᠪᠡᠯᠴᠢᠭᠡᠷ᠎ᠤᠨ ᠤᠯᠠᠭᠠᠨ ᠱᠤᠭᠤᠮ᠎ᠢ ᠵᠠᠭᠠᠭ᠍ᠯᠠᠨ ᠲᠣᠭ᠍ᠲᠠᠭᠠᠬᠤ ᠲᠤᠷᠱᠢᠯᠲᠠ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠪᠡ᠃ ᠠᠮᠢ ᠠᠬᠤᠶ᠎ᠶ᠋ᠢᠨ ᠬᠠᠮᠠᠭᠠᠯᠠᠯᠲᠠ ᠬᠠᠮᠢᠶᠠᠷᠤᠯᠲᠠ᠎ᠶ᠋ᠢᠨ ᠲᠤᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠥᠮᠴᠢᠯᠡᠯᠲᠦ ᠣᠶ ᠱᠢᠭᠤᠶ᠎ᠶ᠋ᠢᠨ ᠲᠠᠯᠠᠪᠠᠶ ᠱᠢᠭᠤᠢᠲᠤ ᠣᠷᠣᠨ᠎ᠤ ᠥᠭᠡᠷᠡᠴᠢᠯᠡᠯᠲᠡ᠎ᠶ᠋ᠢ ᠢᠳᠡᠪᠬᠢᠲᠡᠶ ᠳᠥᠯᠭᠢᠨ ᠠᠬᠢᠭᠤᠯᠪᠠ᠃ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠵᠤ᠂ ᠡᠷᠬᠢᠨ ᠲᠣᠭᠤᠷᠢᠨ᠎ᠤ 5 ᠮᠤᠵᠢ ᠬᠤᠳᠠ᠎ᠯᠤᠭ᠎ᠠ᠎ᠶ᠋ᠢᠨ ᠣᠷᠣᠨ ᠪᠦᠰᠡ ᠠᠯᠤᠰᠯᠠᠭ᠍ᠰᠠᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠵᠢᠯᠴᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠪᠠ᠃
    ᠳᠤᠮᠳᠠᠳᠤ ᠤᠷᠤᠰ ᠮᠤᠩᠭᠤᠯ᠎ᠤᠨ ᠬᠠᠮᠲᠤᠷᠠᠨ ᠠᠵᠢᠯᠯᠠᠬᠤ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠳᠤᠮᠳᠠᠳᠤ ᠤᠷᠤᠰ ᠮᠤᠩᠭᠤᠯ᠎ᠤᠨ ᠰᠠᠭᠤᠷᠢ ᠲᠦᠬᠦᠬᠡᠷᠦᠮᠵᠢ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠮᠠᠯ ᠵᠠᠮ᠂ ᠲᠡᠮᠦᠷ ᠵᠠᠮ᠂ ᠪᠣᠭᠤᠮᠲᠠ ᠵᠡᠷᠭᠡ ᠨᠢᠭᠡ ᠪᠦᠯᠦᠭ ᠭᠤᠤᠯᠳᠠᠯᠭ᠎ᠠ᠎ᠲᠠᠢ ᠲᠥᠷᠥᠯ ᠵᠦᠶᠯ᠎ᠤᠨ ᠠᠵᠢᠯ᠎ᠢ ᠡᠬᠢᠯᠡᠭᠦᠯᠦᠨ ᠪᠦᠲᠦᠭᠡᠨ ᠪᠠᠢᠭᠤᠯᠪᠠ᠃ ᠳᠤᠮᠳᠠᠳᠤ ᠮᠣᠩᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠭᠢᠯᠡᠵᠦ᠍᠂ ᠳᠤᠮᠳᠠᠳᠤ ᠮᠣᠩᠭᠤᠯ᠎ᠤᠨ ᠬᠢᠯᠢ ᠠᠯᠤᠰᠯᠠᠭ᠍ᠰᠠᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠲᠦᠯᠬᠢᠨ ᠠᠬᠢᠭᠤᠯᠵᠠᠢ᠃
    ᠮᠠᠨ᠎ᠤ ᠤᠷᠤᠨ ᠪᠠᠰᠠ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠱᠢᠯᠤᠭᠤᠨ ᠪᠤᠰᠤ᠂ ᠡᠵᠡᠩᠨᠡᠯᠲᠡ᠎ᠶ᠋ᠢᠨ ᠲᠣᠭ᠍ᠲᠠᠴᠠ ᠠᠮᠢᠳᠤᠯᠢᠭ ᠪᠤᠰᠤ᠂ ᠨᠡᠢᠭᠡᠮ᠎ᠤᠨ ᠳᠠᠷᠤᠭᠠᠰᠤ ᠨᠡᠯᠢᠶᠡᠳ ᠬᠦᠨᠳᠦ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠨ ᠨᠡᠢᠳᠡᠯᠡᠪᠡ᠃ ᠬᠤᠷᠢᠨᠭᠡᠷ ᠱᠢᠶᠠᠨ᠎ᠤ ᠪᠥᠬᠦ᠌ ᠤᠯᠤᠰ᠎ᠤᠨ ᠭᠠᠵᠠᠷ ᠱᠢᠷᠣᠶ ᠲᠠᠲᠠᠪᠤᠷᠢᠯᠠᠬᠤ ᠲᠦᠷᠢᠮ᠎ᠤᠨ ᠲᠤᠷᠱᠢᠯᠲᠠ᠎ᠶ᠋ᠢ ᠳᠥᠯᠭᠢᠨ ᠠᠬᠢᠭᠤᠯᠵᠤ᠂ ᠭᠠᠵᠠᠷ ᠱᠢᠷᠣᠶ ᠲᠠᠲᠠᠪᠤᠷᠢᠯᠠᠬᠤ ᠳᠤᠮᠳᠠ ᠤᠯᠤᠰ᠂ ᠬᠠᠮᠲᠤ ᠨᠡᠢᠲᠡ᠂ ᠬᠤᠪᠢ ᠬᠥᠮᠦᠨ᠎ᠤ ᠭᠠᠵᠠᠷ ᠱᠢᠷᠣᠶ᠎ᠶ᠋ᠢᠨ ᠥᠷᠲᠡᠭ ᠨᠡᠮᠡᠭ᠌ᠳᠡᠯ᠎ᠤᠨ ᠠᠱᠢᠭ ᠣᠯᠵᠠᠪᠤᠷᠢ᠎ᠶ᠋ᠢ ᠬᠠᠮᠲᠤ᠎ᠳᠤᠨᠢ ᠬᠠᠷᠠᠭᠠᠯᠵᠠᠬᠤ ᠱᠢᠨ᠎ᠡ ᠲᠣᠭ᠍ᠲᠠᠴᠠ᠎ᠶ᠋ᠢ ᠪᠣᠶ ᠪᠣᠯᠭᠠᠪᠠ᠃
    ᠰᠤᠷᠭᠠᠨ ᠬᠥᠮᠦᠵᠢᠯ᠎ᠤᠨ ᠲᠠᠯ᠎ᠠ᠎ᠪᠠᠷ᠂ ᠴᠢᠨᠠᠷ ᠰᠠᠢᠲᠠᠶ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ 《ᠬᠤᠪᠢᠶᠠᠨ ᠡᠯᠰᠡᠬᠦ᠌》 ᠪᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠭᠡᠷ᠎ᠠᠴᠠ᠎ᠪᠠᠨ ᠣᠢᠷᠠᠯᠴᠠᠭ᠎ᠠ ᠰᠤᠷᠭᠠᠭᠤᠯᠢ᠎ᠳᠤ ᠣᠷᠣᠬᠤ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠪᠡ᠃ ᠬᠥᠯ ᠪᠥᠮᠪᠦᠭᠡ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠶᠡᠬᠡᠪᠡᠷ ᠲᠦᠯᠬᠢᠨ ᠠᠬᠢᠭᠤᠯᠵᠤ᠂ ᠤᠯᠤᠰ᠎ᠤᠨ ᠲᠡᠰ᠎ᠤᠨ ᠬᠥᠯ ᠪᠥᠮᠪᠦᠭᠡ᠎ᠶ᠋ᠢᠨ ᠣᠨᠴᠠᠯᠢᠭ᠍ᠲᠤ ᠰᠤᠷᠭᠠᠭᠤᠯᠢ᠎ᠶ᠋ᠢ 743 ᠪᠠᠢᠭᠤᠯᠵᠤ᠂ ᠰᠤᠷᠭᠠᠭ᠍ᠴᠢ ᠪᠠ ᠬᠢᠨᠠᠭ᠍ᠴᠢ᠎ᠶ᠋ᠢᠨ ᠬᠥᠮᠦᠨ᠎ᠤ ᠲᠤᠭ᠎ᠠ᠎ᠶ᠋ᠢ ᠲᠤᠷᠱᠢᠯᠲᠠ᠎ᠶ᠋ᠢᠨ ᠡᠬᠢᠨ᠎ᠤ ᠦᠶ᠎ᠡ᠎ᠶ᠋ᠢᠨ᠎ᠬᠢ᠎ᠠᠴᠠ ᠲᠣᠰ ᠲᠣᠰ 4.6 ᠳᠠᠬᠢᠨ ᠪᠠ 1.4 ᠳᠠᠬᠢᠨ ᠨᠡᠮᠡᠭ᠌ᠳᠡᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠬᠥᠯ ᠪᠥᠮᠪᠦᠭᠡ᠂ ᠡᠷᠬᠢᠯᠡᠭ᠌ᠰᠡᠨ ᠠᠵᠢᠯ᠎ᠤᠨ ᠬᠥᠯ ᠪᠥᠮᠪᠦᠭᠡ᠂ ᠨᠡᠢᠭᠡᠮ᠎ᠤᠨ ᠬᠥᠯ ᠪᠥᠮᠪᠦᠭᠡ ᠵᠡᠷᠭᠡ ᠬᠤᠯᠪᠣᠭᠠᠲᠤ ᠤᠷᠤᠯᠳᠤᠭᠠᠨ᠎ᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠲᠤᠬᠠᠢᠯᠠᠬ᠍ᠰᠠᠨ ᠠᠵᠢᠯ ᠮᠡᠷᠭᠡᠵᠢᠯ᠎ᠤᠨ ᠲᠠᠯ᠎ᠠ᠎ᠪᠠᠷ ᠱᠢᠨ᠎ᠠ ᠲᠦᠪᠱᠢᠨ᠎ᠳᠤ ᠭᠠᠷᠤᠬ᠍ᠰᠠᠨ ᠪᠠᠢᠨ᠎ᠠ᠃
          ᠡᠷᠴᠢᠮᠳᠡᠢ ᠨᠠᠢᠳᠠᠪᠤᠷᠢᠵᠢᠭᠤᠯᠵᠤ ᠠᠬᠢᠨ ᠲᠠᠪᠱᠢᠬᠤ ᠠᠯᠬᠤᠮ᠎ᠢᠶᠠᠨ ᠲᠦᠷᠬᠡᠳᠭᠡᠪᠡ
    2020 ᠣᠨ ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠰᠡᠭᠦᠯ ᠬᠤᠷᠢᠶᠠᠬᠤ ᠵᠢᠯ ᠪᠤᠯᠤᠨ᠎ᠠ᠃ ᠣᠢᠷ᠎ᠠ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ ᠶᠠᠳᠠᠭᠤ᠎ᠶ᠋ᠢ ᠲᠡᠳᠬᠦᠬᠦ᠌ ᠠᠵᠢᠯ᠎ᠤᠨ ᠲᠤᠮᠳᠠ ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠡᠷᠴᠢᠮᠳᠠᠢ ᠨᠠᠢᠳᠠᠪᠤᠷᠢᠵᠢᠭᠤᠯᠵᠥ᠍ ᠢᠯᠡᠳᠲᠡ ᠦᠷ᠎ᠡ ᠪᠦᠲᠦᠮᠵᠢ ᠤᠯᠪᠠ᠃ ᠤᠳᠤᠬᠠᠨ᠎ᠳᠤ ᠥᠪᠡᠷᠲᠡᠭᠡᠨ ᠵᠠᠰᠠᠬᠤ ᠣᠷᠣᠨ᠎ᠤ ᠣᠷᠴᠣᠨ᠎ᠤ ᠥᠪᠡᠷᠲᠡᠭᠡᠨ ᠵᠠᠰᠠᠬᠤ ᠬᠤᠱᠢᠭᠤ ᠵᠡᠷᠭᠡ 20 ᠶᠠᠳᠠᠭᠤ ᠬᠦᠴᠢᠷᠳᠡᠯᠲᠡᠢ ᠬᠤᠱᠢᠭᠤ ᠱᠢᠶᠠᠨ ᠪᠦᠬᠦᠨ᠎ᠢᠶᠠᠷ᠎ᠢᠶᠠᠨ 《ᠶᠠᠳᠠᠭᠤ ᠮᠠᠯᠠᠭᠠᠢ》 ᠎ᠪᠠᠨ ᠲᠠᠶᠠᠭ᠍ᠳᠠᠪᠠ᠃
    ᠥᠢᠯᠠᠭᠠᠬ᠍ᠰᠠᠨ᠎ᠢᠶᠠᠷ᠂ ᠣᠢᠷ᠎ᠠ᠎ᠶ᠋ᠢᠨ ᠵᠢᠯ᠎ᠳᠤ ᠥᠪᠡᠷᠲᠡᠭᠡᠨ ᠵᠠᠰᠠᠬᠤ ᠣᠷᠣᠨ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠂ ᠠᠵᠢᠯ ᠣᠯᠭᠤᠯᠲᠠ᠎ᠪᠠᠷ ᠶᠠᠳᠠᠭᠤ᠎ᠶ᠋ᠢ ᠲᠡᠳᠬᠦᠬᠦ᠂ ᠠᠮᠢ ᠠᠬᠤᠶ᠎ᠪᠠᠷ ᠶᠠᠳᠠᠭᠤ᠎ᠶ᠋ᠢ ᠲᠡᠳᠬᠦᠬᠦ᠂ ᠣᠨᠳᠣᠤ ᠭᠠᠵᠠᠷ᠎ᠲᠤ ᠱᠢᠯᠵᠢᠬᠦᠯᠦᠨ ᠶᠠᠳᠠᠭᠤ᠎ᠶ᠋ᠢ ᠲᠡᠳᠬᠦᠬᠦ᠂ ᠰᠤᠷᠭᠠᠨ ᠬᠥᠮᠦᠵᠢᠯ᠎ᠢᠶᠠᠷ ᠶᠠᠳᠠᠭᠤ᠎ᠶ᠋ᠢ ᠲᠡᠳᠬᠦᠬᠦ᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠵᠡᠷᠭᠡ ᠠᠵᠢᠯ᠎ᠤᠨ ᠲᠠᠯ᠎ᠠ᠎ᠪᠠᠷ ᠪᠦᠷ ᠲᠤᠪᠤᠢᠮ᠎ᠠ ᠠᠮᠵᠢᠯᠲᠠ ᠤᠯᠵᠦ᠍᠂ ᠨᠢᠭᠡᠨᠲᠡ ᠪᠥᠬᠦ᠌ ᠣᠷᠣᠨ᠎ᠤ 36.5 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠠᠵᠤ ᠦᠢᠯᠡᠰᠵᠢᠯᠲᠡ᠎ᠶ᠋ᠢᠨ ᠬᠡᠯᠬᠢᠶ᠎ᠡ᠎ᠳᠤ ᠣᠷᠣᠵᠤ᠂ ᠲᠠᠩᠰᠠᠯᠠᠵᠤ ᠺᠠᠷᠳ᠋ᠯᠠᠬ᠍ᠰᠠᠨ 8688 ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠲᠣᠭ᠍ᠲᠠᠪᠤᠷᠢᠲᠠᠶ ᠠᠵᠢᠯ ᠣᠯᠭᠤᠵᠤ᠂ 70% ᠎ᠠᠴᠠ ᠳᠡᠭᠡᠭ᠌ᠰᠢᠬᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ ᠵᠢᠴᠢ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ 57 ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠳᠤ ᠲᠣᠬᠢᠷᠠᠭᠤᠯᠵᠤ᠂ ᠲᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠬᠡᠷ ᠪᠦᠯᠢ᠎ᠶ᠋ᠢᠨ ᠨᠡᠢᠲᠡ 1.15 ᠲᠦᠮᠡᠨ ᠬᠥᠳᠡᠯᠮᠦᠷᠢ ᠬᠦᠴᠦᠨ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠬᠠᠩᠭᠠᠭ᠍ᠰᠠᠨ ᠪᠠᠢᠨ᠎ᠠ᠃ 2019 ᠣᠨ᠎ᠳᠤ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠤᠷᠢᠳ ᠬᠤᠵᠢᠳ 99.23 ᠳ᠋ᠦᠩᠱᠢᠭᠤᠷ ᠲᠥᠭᠦᠷᠢᠭ᠎ᠤᠨ ᠶᠠᠳᠠᠭᠤ᠎ᠶ᠋ᠢ ᠲᠡᠳᠬᠦᠬᠦ᠌ ᠲᠤᠰᠭᠠᠶ ᠪᠠᠯᠠ ᠮᠥᠩᠭᠦ᠌ ᠣᠷᠣᠭᠤᠯᠵᠤ᠂ ᠲᠥᠪ᠎ᠠᠴᠠ 24.58 ᠳ᠋ᠦᠩᠱᠢᠭᠤᠷ ᠲᠥᠭᠦᠷᠢᠭ ᠳᠣᠭᠢᠷᠠᠭᠤᠯᠵᠤ᠂ ᠠᠳᠠᠯᠢ ᠬᠤᠭᠤᠴᠠᠭᠠᠨ᠎ᠤ᠎ᠬᠢ᠎ᠠᠴᠠ 5% ᠎ᠪᠠᠷ ᠨᠡᠮᠡᠭ᠌ᠳᠡᠭ᠌ᠰᠡᠨ ᠪᠠᠢᠨ᠎ᠠ᠃
    ᠠᠯᠪᠠᠨ᠎ᠠᠴᠠ ᠡᠷᠬᠢᠯᠡᠭ᠌ᠰᠡᠨ ᠡᠮᠨᠡᠯᠭᠡ᠎ᠶ᠋ᠢᠨ ᠬᠤᠷᠢᠶᠠᠨ᠎ᠤ ᠬᠠᠮᠢᠶᠠᠷᠤᠯᠲᠠ᠎ᠶ᠋ᠢ ᠲᠦᠷᠢᠮᠵᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠡᠮ᠎ᠤᠨ ᠵᠦᠢᠯ᠎ᠤᠨ ᠨᠡᠮᠡᠯᠳᠠ ᠦᠨ᠎ᠠ᠎ᠶ᠋ᠢ ᠪᠦᠬᠦ᠌ ᠲᠠᠯ᠎ᠠ᠎ᠪᠠᠷ ᠬᠦᠴᠦᠨ ᠦᠭᠡᠢ ᠪᠣᠯᠭᠠᠵᠤ᠂ ᠡᠮ᠎ᠤᠨ ᠵᠦᠶᠯ᠎ᠢ ᠬᠤᠳᠠᠯᠳᠤᠨ ᠠᠪᠬᠤ ᠬᠢᠵᠠᠭᠠᠷᠯᠠᠭ᠍ᠰᠠᠨ ᠦᠨ᠎ᠡ᠎ᠶ᠋ᠢ 27.2% ᠎ᠢᠶᠠᠷ ᠪᠠᠭᠤᠷᠠᠭᠤᠯᠵᠤ᠂ ᠤᠯᠠᠨ ᠲᠦᠮᠡᠨ᠎ᠤ ᠡᠪᠡᠳᠴᠢᠨ ᠦᠵᠡᠭᠦᠯᠬᠦ᠌᠎ᠳᠤ ᠬᠦᠴᠢᠷᠲᠡᠶ᠂ ᠡᠪᠡᠳᠴᠢᠨ ᠦᠵᠡᠭᠦᠯᠬᠦ᠌᠎ᠳᠤ ᠦᠨᠡᠲᠡᠶ ᠪᠠᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠪᠠ᠃ ᠠᠵᠢᠯ ᠣᠯᠭᠤᠵᠤ ᠠᠳᠠᠯ ᠦᠢᠯᠡᠰ ᠴᠣᠭ᠍ᠴᠠᠯᠠᠬᠤ ᠪᠠᠢᠭᠤᠯᠤᠮᠵᠢ ᠲᠣᠭ᠍ᠲᠠᠴᠠ᠎ᠶ᠋ᠢ ᠠᠯᠬᠤᠮ ᠠᠯᠬᠤᠮ᠎ᠢᠶᠠᠷ ᠪᠦᠷᠢᠨᠱᠢᠬᠦᠯᠵᠦ᠍᠂ 《ᠠᠳᠠᠯ ᠦᠢᠯᠡᠰ ᠴᠣᠭ᠍ᠴᠠᠯᠠᠬᠤ ᠥᠪᠥᠷ ᠮᠣᠩᠭᠤᠯ》 ᠎ᠤᠨ ᠠᠵᠢᠯᠯᠠᠭ᠎ᠠ᠎ᠶ᠋ᠢ ᠥᠷᠨᠢᠭᠦᠯᠦᠨ᠂ ᠪᠥᠬᠦ᠌ ᠣᠷᠣᠨ᠎ᠤ ᠬᠤᠲᠠ ᠪᠠᠯᠭᠠᠰᠤᠨ᠎ᠤ ᠱᠢᠨ᠎ᠡ᠎ᠪᠠᠷ ᠠᠵᠢᠯ ᠣᠯᠤᠭ᠍ᠰᠠᠨ ᠬᠥᠮᠦᠨ ᠵᠢᠯ ᠪᠦᠷᠢ 26 ᠲᠦᠮᠡ᠎ᠶ᠋ᠢ ᠳᠠᠪᠠᠪᠠ᠃ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠠᠴᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠂ ᠶᠡᠭᠡ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠯ᠎ᠡ ᠬᠡᠯᠬᠢᠶᠡᠵᠢᠭ᠌ᠰᠡᠨ ᠡᠳ᠋ ᠮᠥᠩᠭᠦ᠎ᠪᠠᠷ ᠲᠤᠰᠠᠯᠠᠬᠤ ᠱᠢᠰᠲ᠋ᠧᠮ᠎ᠢ ᠪᠠᠢᠭᠤᠯᠵᠤ᠂ 2017 ᠣᠨ᠎ᠠᠴᠠ ᠡᠬᠢᠯᠡᠨ ᠲᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠬᠡᠷ ᠪᠦᠯᠢ᠎ᠶ᠋ᠢᠨ ᠤᠶᠤᠲᠠᠨ ᠨᠢᠭᠡᠪᠦᠷᠢ᠎ᠳᠤ ᠵᠢᠯ ᠪᠦᠷᠢ 1 ᠲᠦᠮᠡᠨ ᠲᠥᠭᠦᠷᠢᠭ᠎ᠤᠨ ᠡᠳ᠋ ᠮᠥᠩᠭᠦ᠎ᠪᠠᠷ ᠲᠤᠰᠠᠯᠠᠪᠠ᠃
    ᠥᠪᠡᠷᠲᠡᠭᠡᠨ ᠵᠠᠰᠠᠬᠤ ᠣᠷᠣᠨ ᠪᠠᠰᠠ ᠶᠠᠳᠠᠭᠤ ᠬᠦᠴᠢᠷᠳᠡᠯᠲᠡᠶ ᠡᠷᠦᠬᠡ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ ᠨᠢᠭᠡᠨᠲᠡ 4.5 ᠳ᠋ᠦᠩᠱᠢᠭᠤᠷ ᠲᠥᠭᠦᠷᠢᠭ᠎ᠤᠨ ᠨᠥᠬᠦᠪᠥᠷᠢ ᠪᠠᠯᠠ ᠮᠥᠩᠭᠦ᠌ ᠣᠷᠣᠭᠤᠯᠵᠤ᠂ 2.29 ᠲᠦᠮᠡᠨ ᠲᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠲᠡᠶ ᠡᠷᠦᠬᠡ᠎ᠶ᠋ᠢᠨ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠡᠭᠦᠷᠭᠡ᠎ᠶ᠋ᠢ ᠪᠡᠶᠡᠯᠡᠬᠦᠯᠵᠠᠢ᠃
    ᠬᠠᠮᠵᠢᠯᠴᠠᠭ᠎ᠠ᠎ᠪᠠᠷ ᠶᠠᠳᠠᠭᠤ᠎ᠶ᠋ᠢ ᠲᠡᠳᠭᠦᠭᠦ᠌ ᠲᠠᠯ᠎ᠠ᠎ᠪᠠᠷ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠶ᠋ᠢᠨ ᠡᠷᠴᠢᠮ ᠢᠯᠡᠳᠲᠡ ᠴᠢᠩᠭᠠᠷᠠᠵᠤ᠂ ᠪᠠᠯᠠ ᠮᠥᠩᠭᠦ᠎ᠶ᠋ᠢᠨ ᠣᠷᠣᠭᠤᠯᠤᠯᠲᠠ᠂ ᠠᠵᠤ ᠦᠶᠯᠡᠰ᠎ᠤᠨ ᠬᠠᠮᠲᠤᠷᠠᠯᠴᠠᠭ᠎ᠠ᠂ ᠬᠥᠳᠡᠯᠮᠦᠷᠢ ᠦᠶᠯᠡᠴᠢᠯᠡᠭᠡᠨ᠎ᠤ ᠬᠠᠮᠵᠢᠯᠴᠠᠭ᠎ᠠ᠂ ᠴᠢᠳᠠᠪᠤᠷᠢᠲᠠᠨ᠎ᠤ ᠰᠣᠯᠢᠯᠴᠠᠭ᠎ᠠ ᠵᠡᠷᠭᠡ ᠲᠠᠯ᠎ᠠ᠎ᠪᠠᠷ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠬᠠᠪᠰᠤᠷᠤᠨ ᠲᠡᠳᠬᠦᠬᠦ᠌ ᠪᠠᠯᠠ ᠮᠥᠩᠭᠦ᠎ᠶ᠋ᠢ ᠶᠡᠭᠡ᠎ᠪᠠᠷ ᠨᠡᠮᠡᠭ᠌ᠳᠡᠬᠦᠯᠪᠡ᠃ ᠪᠡᠭᠡᠵᠢᠩ ᠬᠤᠲᠠ᠎ᠶ᠋ᠢᠨ ᠡᠳ᠋᠎ᠤᠨ ᠵᠠᠰᠠᠭ᠎ᠤᠨ ᠲᠣᠬᠢᠷᠠᠭᠤᠯᠤᠭ᠍ᠰᠠᠨ ᠬᠠᠪᠰᠤᠷᠤᠨ ᠲᠡᠳᠬᠦᠬᠦ᠌ ᠪᠠᠯᠠ ᠮᠥᠩᠭᠦ᠎ᠶ᠋ᠢ 2.5 ᠳ᠋ᠦᠩᠱᠢᠭᠤᠷ ᠲᠥᠭᠦᠷᠢᠭ ᠪᠠᠢᠭ᠍ᠰᠠᠨ᠎ᠠᠴᠠ 9.3 ᠳ᠋ᠦᠩᠱᠢᠭᠤᠷ ᠲᠥᠭᠦᠷᠢᠭ ᠪᠣᠯᠭᠠᠨ ᠨᠡᠮᠡᠭ᠌ᠳᠡᠭᠦᠯᠵᠦ᠍᠂ 2020 ᠣᠨ ᠪᠣᠯᠬᠤ᠎ᠳᠤ ᠬᠠᠪᠰᠤᠷᠤᠨ ᠲᠡᠳᠬᠦᠬᠦ᠌ ᠪᠠᠯᠠ ᠮᠥᠩᠭᠦ᠎ᠶ᠋ᠢ ᠨᠡᠢᠲᠡ 29 ᠳ᠋ᠦᠩᠱᠢᠭᠤᠷ ᠭᠠᠷᠤᠢ ᠲᠥᠭᠦᠷᠢᠭ ᠣᠷᠣᠭᠤᠯᠵᠤ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠳᠤ ᠭᠡᠷᠡᠭ᠌ᠯᠡᠪᠡ᠃ ᠪᠡᠭᠡᠵᠢᠩ ᠬᠤᠲᠠ᠎ᠶ᠋ᠢᠨ 63 ᠠᠵᠤ ᠠᠬᠤᠢᠯᠠᠯ ᠥᠪᠥᠷ ᠮᠣᠩᠭᠤᠯ᠎ᠳᠤ ᠪᠠᠯᠠ ᠣᠷᠣᠭᠤᠯᠵᠤ᠂ 157 ᠠᠵᠤ ᠠᠬᠤᠢᠯᠠᠯ 3 ᠲᠦᠮᠡ ᠭᠠᠷᠤᠶ ᠠᠵᠢᠯ᠎ᠤᠨ ᠪᠠᠢᠷᠢ ᠬᠠᠩᠭᠠᠵᠤ᠂ 251 ᠠᠵᠤ ᠠᠬᠤᠢᠯᠠᠯ ᠠᠵᠤ ᠦᠶᠯᠡᠰ᠎ᠢᠶᠠᠷ ᠶᠠᠳᠠᠭᠤ᠎ᠶ᠋ᠢ ᠲᠡᠳᠬᠦᠬᠦ᠌ ᠪᠠ 《ᠲᠦᠮᠡᠨ ᠠᠵᠤ ᠠᠬᠤᠢᠯᠠᠯ ᠲᠦᠮᠡᠨ ᠲᠣᠰᠭᠤᠨ᠎ᠢ ᠬᠠᠪᠰᠤᠷᠬᠤ》 ᠠᠵᠢᠯᠯᠠᠭ᠎ᠠ ᠦᠷᠨᠢᠭᠦᠯᠪᠡ᠃
    ᠶᠠᠳᠠᠭᠤ᠎ᠠᠴᠠ ᠠᠩᠬᠢᠵᠢᠷᠠᠭᠤᠯᠵᠤ ᠪᠤᠭᠤᠮᠳᠠ ᠱᠢᠪᠳᠤᠯᠬᠤ ᠲᠠᠢᠯᠠᠯᠳᠤᠭᠠᠨ᠎ᠳᠤ ᠪᠦᠬᠦ᠌ ᠲᠠᠯ᠎ᠠ᠎ᠶ᠋ᠢᠨ ᠠᠮᠵᠢᠯᠳᠠ ᠤᠯᠬᠤ᠎ᠶ᠋ᠢᠨ ᠲᠦᠯᠥᠬᠡ ᠬᠢᠨᠭ᠌ᠭᠠᠨ ᠠᠢᠮᠠᠬ ᠶᠠᠳᠠᠭᠤ᠎ᠠᠴᠠ ᠠᠩᠬᠢᠵᠢᠷᠠᠭᠤᠯᠵᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠪᠦᠳᠦᠮᠵᠢᠳᠠᠢ ᠲᠤᠬ᠍ᠳᠠᠴᠡ᠎ᠶ᠋ᠢ ᠢᠳᠡᠪᠬᠢᠳᠡᠢ ᠰᠦᠪᠡᠭ᠌ᠴᠢᠯᠠᠨ ᠪᠠᠢᠭᠤᠯᠵᠠᠢ᠃ ᠤᠳᠤᠬᠠᠨ ᠪᠤᠯᠳᠠᠯ᠎ᠠ᠂ 6 ᠬᠤᠱᠢᠭᠤ ᠱᠢᠶᠠᠨ ᠬᠤᠳᠠ᠎ᠶ᠋ᠢᠨ 602 ᠶᠠᠳᠠᠭᠤ ᠬᠦᠴᠢᠷᠳᠡᠯᠳᠡᠢ ᠭᠠᠴᠠᠭ᠎ᠠ ᠲᠤᠰᠭᠤᠨ ᠪᠦᠬᠦᠨ᠎ᠢᠶᠠᠷ᠎ᠢᠶᠠᠨ ᠶᠠᠳᠠᠭᠤ᠎ᠠᠴᠠ᠎ᠪᠠᠨ ᠠᠩᠭᠢᠵᠢᠷᠠᠭ᠍ᠰᠠᠨ ᠪᠠᠢᠨ᠎ᠠ᠃ ᠬᠢᠨᠭ᠌ᠭᠠᠨ ᠠᠢᠮᠠᠭ ᠶᠠᠳᠠᠭᠤ᠎ᠶ᠋ᠢ ᠲᠡᠳᠬᠦᠬᠦ᠌ ᠠᠵᠦ᠍ ᠠᠬᠤᠢ᠍ᠢᠯᠠᠯ᠎ᠢᠶᠠᠷ ᠲᠠᠭᠠᠭᠤᠯᠤᠬ᠍ᠴᠢ ᠪᠤᠯᠭᠠᠵᠦ᠍᠂ ᠬᠤᠷᠱᠢᠶ᠎ᠠ᠎ᠪᠠᠷ ᠬᠡᠯᠬᠢᠶ᠎ᠠ ᠬᠤᠯᠪᠤᠭᠠᠰᠤ ᠪᠤᠯᠭᠠᠵᠦ᠍᠂ ᠮᠠᠯᠴᠢᠨ ᠲᠠᠷᠢᠶᠠᠴᠢᠨ᠎ᠢᠶᠠᠷ ᠰᠠᠭᠤᠷᠢ ᠪᠤᠯᠭᠠᠵᠦ᠍᠂ ᠶᠠᠳᠠᠭᠤ ᠬᠦᠴᠢᠷᠳᠡᠯᠳᠡᠢ ᠡᠷᠤᠬᠡ᠎ᠪᠠᠷ ᠭᠤᠤᠯᠳᠠᠯᠭ᠎ᠠ ᠪᠤᠯᠭᠠᠨ ᠲᠠᠷᠢᠶᠠᠯᠠᠩ᠎ᠤᠨ ᠬᠡᠷᠡᠭ᠌ᠰᠡᠯ᠎ᠤᠨ ᠬᠠᠨᠭ᠌ᠭᠠᠯᠭ᠎ᠠ᠎ᠶ᠋ᠢᠨ ᠬᠤᠯᠪᠤᠭ᠎ᠠ᠂ ᠶᠠᠳᠠᠭᠤ᠎ᠶ᠋ᠢ ᠲᠡᠳᠬᠦᠬᠦ᠌ ᠦᠢᠯᠡᠳᠪᠦᠷᠢ᠎ᠶ᠋ᠢᠨ ᠲᠠᠰᠤᠭ᠂ ᠠᠵᠦ᠍ ᠦᠢᠯᠡᠰ᠎ᠤᠨ ᠬᠤᠯᠪᠤᠭᠠᠳᠤ ᠴᠤᠬ᠍ᠴᠡ ᠵᠡᠷᠬᠡ ᠤᠯᠠᠨ ᠲᠦᠷᠦᠯ᠎ᠤᠨ ᠶᠠᠳᠠᠭᠤ᠎ᠶ᠋ᠢ ᠲᠡᠳᠬᠦᠬᠦ᠌ ᠵᠠᠬ᠍ᠪᠦᠷ᠎ᠢ ᠰᠦᠪᠡᠭ᠌ᠴᠢᠯᠠᠨ ᠲᠡᠯᠬᠡᠷᠡᠬᠦᠯᠵᠦ᠍᠂ ᠶᠠᠳᠠᠭᠤ᠎ᠶ᠋ᠢ ᠲᠡᠳᠬᠦᠬᠦ᠌ ᠲᠤᠬ᠍ᠳᠠᠴᠡ᠎ᠶ᠋ᠢ ᠪᠦᠬᠦᠨ᠎ᠢ ᠪᠦᠷᠬᠦᠭᠦᠯᠵᠠᠢ᠃ ᠪᠦᠬᠦ᠌ ᠠᠢᠮᠠᠭ᠎ᠤᠨ 63 ᠲᠠᠭᠠᠭᠤᠯᠤᠬ᠍ᠴᠢ ᠠᠵᠦ᠍ ᠠᠬᠤᠢ᠍ᠢᠯᠠᠯ᠂ 319 ᠬᠤᠷᠱᠢᠶ᠎ᠠ᠂ 72 ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠢ 2.2 ᠲᠦᠮᠡᠨ ᠶᠠᠳᠠᠭᠤ ᠬᠦᠴᠢᠷᠳᠡᠯᠳᠡᠢ ᠡᠷᠤᠬᠡ᠎ᠶ᠋ᠢ ᠲᠠᠢᠴᠢᠯᠠᠵᠠᠢ᠃ ᠪᠦᠬᠦ᠌ ᠭᠠᠴᠠᠭ᠎ᠠ ᠲᠤᠰᠭᠤᠨ᠎ᠤ ᠬᠠᠮᠲᠤ᠎ᠶ᠋ᠢᠨ ᠠᠵᠦ᠍ ᠠᠬᠤᠢ᠎ᠶ᠋ᠢᠨ ᠤᠷᠤᠯᠭ᠎ᠠ 3 ᠲᠦᠮᠡᠨ ᠲᠦᠭᠦᠷᠢᠭ᠎ᠠᠴᠠ ᠲᠡᠬᠡᠭ᠌ᠰᠢ ᠪᠤᠯᠵᠤ᠂ ᠡᠬᠦᠨ᠎ᠳᠤ 5 ᠲᠦᠮᠡᠨ ᠲᠦᠭᠦᠷᠢᠭ᠎ᠠᠴᠠ ᠲᠡᠬᠡᠭ᠌ᠰᠢ᠎ᠨᠢ 764 ᠎ᠳᠤ ᠬᠦᠷᠴᠦ᠍᠂ ᠶᠡᠷᠤᠩᠬᠡᠢ ᠲᠤᠭ᠎ᠠ᠎ᠶ᠋ᠢᠨ 89.88% ᠎ᠳᠤ ᠬᠦᠷᠪᠡ᠃
    ᠮᠠᠨ᠎ᠤ ᠤᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠮᠤᠩᠭᠤᠯ ᠮᠤᠷᠢᠨ᠎ᠤ ᠵᠤᠷᠢᠭ ᠰᠠᠨᠠᠭ᠎ᠠ᠎ᠪᠠᠷ ᠬᠦᠭ᠌ᠵᠢᠯᠳᠡ ᠲᠠᠪᠱᠢᠯᠳᠠ᠎ᠶ᠋ᠢᠨ ᠬᠦᠴᠦᠳᠦ ᠵᠢᠬᠦᠷ ᠪᠤᠯᠭᠠᠵᠤ᠂ ᠦᠨᠳᠦᠰᠦᠲᠡᠨ᠎ᠤ ᠰᠤᠶᠤᠯ᠎ᠤᠨ ᠬᠦᠴᠦᠷᠭᠡᠭ ᠤᠷᠤᠨ᠎ᠢ ᠪᠦᠲᠦᠭᠡᠨ ᠪᠠᠢᠭᠤᠯᠬᠤ᠂ ᠨᠡᠢᠭᠡᠮ ᠵᠢᠷᠤᠮ᠎ᠤᠨ ᠠᠮᠢ ᠠᠬᠤᠢ᠎ᠶ᠋ᠢᠨ ᠪᠤᠯᠪᠠᠰᠤᠨ᠎ᠤ ᠪᠦᠲᠦᠭᠡᠨ ᠪᠠᠢᠭᠤᠯᠤᠯᠲᠠ᠂ ᠲᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠂ ᠬᠦᠮᠦᠨ ᠲᠦᠷᠦᠯᠬᠢᠲᠡᠨ᠎ᠤ ᠬᠤᠪᠢ ᠵᠠᠶᠠᠭᠠᠨ᠎ᠤ ᠬᠠᠮᠳᠦ᠎ᠶ᠋ᠢᠨ ᠴᠤᠭ᠍ᠴᠠ᠎ᠶ᠋ᠢ ᠪᠦᠲᠦᠭᠡᠨ ᠪᠠᠢᠭᠤᠯᠬᠤ ᠵᠡᠷᠭᠡ ᠡᠯ᠎ᠡ ᠭᠤᠭ᠍ᠴᠤᠭ᠎ᠠ᠎ᠳᠤ ᠠᠭᠤᠰᠤᠯᠴᠠᠭᠤᠯᠵᠦ᠍᠂ ᠬᠦᠴᠦᠨ᠎ᠢᠶᠠᠨ ᠨᠢᠭ᠍ᠲᠠᠷᠠᠭᠤᠯᠵᠤ᠂ ᠡᠷᠡᠯᠬᠡᠭ᠌ᠯᠡᠨ ᠤᠷᠤᠭ᠍ᠰᠢᠯᠠᠵᠤ ᠰᠠᠬᠢᠨ ᠪᠠᠷᠠᠯᠠᠵᠦ᠍ ᠭᠡᠷ ᠤᠷᠤᠨ᠎ᠢᠶᠠᠨ ᠴᠤᠭ᠍ᠴᠠᠯᠠᠨᠠᠮ᠃



        ᠬᠦᠯᠦᠭ᠎ᠤᠨ ᠬᠤᠷᠳᠤᠴᠠ᠎ᠪᠠᠷ ᠬᠦᠰᠡᠯ᠎ᠢᠶᠠᠨ ᠵᠤᠷᠢᠨᠠᠮ
                     ᠦᠪᠦᠷ ᠮᠣᠩᠭᠤᠯ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ


    《ᠬᠦᠴᠢᠷ ᠪᠡᠷᠭᠡᠱᠢᠶᠡᠯ᠎ᠢ ᠢᠯᠠᠨ ᠲᠠᠪᠠᠵᠤ ᠴᠤᠴᠠᠯᠲᠠ ᠦᠭᠡᠢ ᠤᠷᠤᠭ᠍ᠰᠢᠯᠠᠨ ᠵᠤᠷᠢᠬ᠍ᠰᠠᠨ᠎ᠳᠠᠭᠠᠨ ᠵᠠᠪᠠᠯ ᠬᠦᠷᠬᠦ᠌》 ᠪᠤᠯ ᠮᠤᠩᠭᠤᠯ ᠮᠤᠷᠢᠨ᠎ᠤ ᠵᠤᠷᠢᠭ ᠰᠠᠨᠠᠭᠠᠨ᠎ᠤ ᠭᠤᠤᠯ ᠢᠯᠡᠷᠡᠯ᠃ ᠶᠡᠷᠦᠩᠭᠡᠢ ᠱᠦᠵᠢ ᠰᠢ᠎ᠶ᠋ᠢᠨ ᠫᠢᠡᠭ 《ᠮᠤᠩᠭᠤᠯ ᠮᠤᠷᠢᠨ᠎ᠤ ᠵᠤᠷᠢᠭ ᠰᠠᠨᠠᠭ᠎ᠠ》 ᠎ᠪᠠᠷ ᠪᠦᠬᠦ᠌ ᠤᠷᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠵᠤᠷᠢᠭ᠍ᠵᠢᠭᠤᠯᠤᠨ ᠶᠠᠷᠢᠭ᠍ᠰᠠᠨ᠎ᠨᠢ ᠲᠠᠯ᠎ᠠ ᠨᠤᠲᠤᠭ᠎ᠤᠨ ᠠᠷᠠᠳ ᠲᠦᠮᠡᠨ᠎ᠤ ᠤᠷᠤᠭ᠍ᠰᠢᠯᠠᠨ ᠲᠠᠪᠱᠢᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠤᠯᠪᠠ᠃
    ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠮᠠᠨ᠎ᠤ ᠤᠷᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠬ᠍ᠯᠠᠯᠲᠠ᠎ᠶ᠋ᠢᠨ ᠲᠡᠢᠯᠠᠯᠳᠤᠭᠠᠨ᠎ᠳᠤ ᠢᠯᠠᠯᠲᠠ ᠤᠯᠬᠤ᠎ᠶ᠋ᠢ ᠣᠳᠣᠬᠠᠨ᠎ᠤ ᠠᠯᠢᠪᠠ᠎ᠠᠴᠠ ᠴᠢᠬᠤᠯᠠ ᠪᠠᠴᠢᠮ ᠡᠭᠦᠷᠭᠡ ᠪᠣᠯᠭᠠᠵᠤ᠂ ᠲᠦᠮᠡᠨ ᠤᠯᠠᠨ᠎ᠢᠶᠠᠷ᠎ᠢᠶᠠᠨ 《ᠮᠣᠩᠭᠤᠯ ᠮᠣᠷᠢᠨ᠎ᠤ ᠵᠣᠷᠢᠭ ᠰᠠᠨᠠᠭ᠎ᠠ》 ᠎ᠶ᠋ᠢᠨ ᠲᠤᠭᠤᠷᠢᠨ᠎ᠳᠤ ᠰᠡᠳᠭᠢᠯ ᠨᠢᠬᠡᠳᠤᠨ ᠮᠤᠬᠤᠰᠢ ᠥᠬᠡᠢ ᠴᠢᠷᠮᠠᠢᠵᠥ᠍ ᠥᠯᠠᠮᠵᠢ ᠠᠮᠵᠢᠯᠳᠠ ᠤᠯᠪᠠ᠃ ᠡᠨᠡ ᠬᠦ᠌ ᠳᠠᠷᠢ᠎ᠶ᠋ᠢᠨ ᠤᠳᠤᠭ᠎ᠠ ᠦᠭᠡᠢ ᠳᠠᠢᠨ᠎ᠳᠤ ᠡᠮᠴᠢ ᠰᠤᠪᠢᠯᠠᠭ᠍ᠴᠢ᠂ ᠠᠷᠠᠳ᠎ᠤᠨ ᠴᠠᠭ᠍ᠳᠠᠭ᠎ᠠ᠂ ᠦᠨᠳᠦᠰᠦᠨ ᠱᠠᠳᠤᠨ᠎ᠤ ᠺᠠᠳ᠋ᠷ ᠠᠵᠢᠯᠲᠡᠠ᠂ ᠰᠤᠨᠢᠨ ᠮᠡᠳᠡᠭᠡ ᠵᠠᠭᠤᠴᠢᠯᠠᠭᠤᠷ᠎ᠤᠨ᠎ᠬᠢᠨ ᠵᠡᠷᠭᠡ ᠡᠯ᠎ᠡ ᠠᠵᠢᠯ ᠲᠦᠷᠦᠯ᠎ᠤᠨ ᠠᠵᠢᠯᠳᠡᠳ ᠮᠠᠨᠢ ᠬᠢᠵᠢᠭ᠎ᠲᠠᠢ ᠲᠡᠮᠡᠴᠡᠬᠦ᠌ ᠡᠮᠦᠨ᠎ᠠ ᠹᠷᠣᠨᠲ᠎ᠲᠤ ᠭᠠᠪᠱᠢᠭᠠᠢᠯᠠᠨ ᠠᠵᠢᠯᠯᠠᠵᠥ᠍᠂ ᠬᠥᠮᠥᠰ᠎ᠤᠨ ᠰᠡᠳᠭᠢᠯ᠎ᠢ ᠬᠥᠳᠡᠯᠭᠡᠮ᠎ᠠ ᠥᠯᠢᠭᠡᠷ ᠥᠢᠯᠡ ᠶᠠᠪᠤᠳᠠᠯ᠎ᠢ ᠪᠢᠴᠢᠭ᠌ᠯᠡᠨ᠂ ᠲᠡᠰᠪᠤᠷᠢ ᠬᠠᠳᠠᠭᠤᠵᠢᠯᠳᠠᠢ᠎ᠪᠠᠷ ᠦᠪᠡᠷ᠎ᠢ᠎ᠪᠠᠨ ᠬᠠᠷᠠᠮ ᠥᠬᠡᠢ ᠵᠤᠷᠢᠭᠤᠯᠤᠬ᠍ᠰᠠᠨ ᠪᠠᠭᠠᠳᠤᠷᠴᠤᠳ᠎ᠤᠨ ᠲᠥᠷᠢ᠎ᠶ᠋ᠢ ᠱᠤᠭᠤᠪᠠ᠃
    ᠥᠪᠥᠷ ᠮᠤᠩᠭᠤᠯᠴᠤᠳ ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢᠨ ᠲᠤᠭᠤᠱᠢᠯᠠᠭᠤᠯᠤᠯᠳᠠ᠎ᠶ᠋ᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠯᠠ ᠬᠥᠨᠵᠡᠬᠡᠢᠷᠡᠬᠦᠯᠥᠭ᠌ᠰᠡᠨ ᠪᠢᠰᠢ᠂ ᠬᠠᠷᠢᠨ ᠪᠠᠰᠠ ᠦᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ᠂ ᠵᠤᠷᠢᠭ᠍ᠲᠠᠢ᠎ᠪᠠᠷ ᠬᠦᠭ᠌ᠵᠢᠭᠦᠯᠬᠦ᠌ ᠴᠠᠭ ᠦᠶ᠎ᠡ᠎ᠶ᠋ᠢᠨ ᠵᠤᠷᠢᠭ ᠰᠠᠨᠠᠭ᠎ᠠ᠎ᠲᠠᠢ ᠨᠢᠭ᠍ᠲᠠ ᠤᠶᠠᠯᠳᠤᠭᠤᠯᠵᠦ᠍᠂ ᠬᠥᠭ᠌ᠵᠢᠯᠲᠡ᠎ᠶ᠋ᠢ ᠠᠬᠢᠭᠤᠯᠬᠤ᠎ᠳᠤ ᠬᠤᠷᠳᠤᠨ ᠮᠣᠷᠢᠨ᠎ᠳᠤ ᠲᠠᠱᠢᠭᠤᠷ ᠨᠡᠮᠡᠬᠦ᠌ ᠡᠷᠴᠢ ᠵᠣᠷᠢᠭ ᠤᠯᠭᠤᠪᠠ᠃ ᠲᠡᠷᠡᠴᠢᠯᠠᠨ ᠤᠢ᠍ᠢᠷ᠎ᠠ᠎ᠶ᠋ᠢᠨ ᠵᠢᠯ᠎ᠳᠤ ᠮᠠᠨ᠎ᠤ ᠤᠷᠤᠨ ᠠᠵᠤ ᠠᠬᠤᠶ᠎ᠶ᠋ᠢᠨ ᠬᠥᠭ᠌ᠵᠢᠯᠲᠡ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠳᠠᠪᠱᠢᠯᠲᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠂ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠠᠬᠢᠭᠤᠯᠵᠤ᠂ ᠡᠯ᠎ᠡ ᠵᠦᠢᠯ᠎ᠤᠨ ᠠᠵᠢᠯ ᠦᠢᠯᠡᠰ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠤᠯᠬᠤ᠎ᠳᠤ ᠯᠤᠳᠤ ᠶᠡᠭᠡ ᠵᠤᠷᠢᠬ ᠰᠠᠨᠠᠭᠠᠨ᠎ᠤ ᠲᠥᠯᠬᠢᠬᠦ᠌ ᠬᠥᠴᠤᠨ ᠪᠤᠯᠤᠬ᠍ᠰᠠᠨ ᠶᠤᠮ᠃
    ᠮᠤᠩᠭᠤᠯ ᠮᠤᠷᠢᠨ᠎ᠤ ᠵᠤᠷᠢᠭ ᠰᠠᠨᠠᠭ᠎ᠠ ᠪᠤᠯ ᠪᠢᠳᠠᠨ᠎ᠤ ᠬᠠᠷᠢᠭᠤᠴᠠᠯᠭ᠎ᠠ᠎ᠪᠠᠨ ᠬᠥᠢᠴᠡᠳᠭᠡᠬᠦ᠌᠎ᠶ᠋ᠢᠨ ᠴᠢᠬᠤᠯᠠ ᠨᠢᠬᠡᠨ ᠤᠷᠮᠠᠱᠢᠭᠤᠯᠬᠤ ᠬᠥᠴᠥᠨ ᠪᠤᠯᠬᠤ ᠶᠤᠮ᠃ ᠪᠢᠳᠠ ᠮᠤᠩᠭᠤᠯ ᠮᠤᠷᠢᠨ᠎ᠤ ᠵᠤᠷᠢᠬ ᠰᠠᠨᠠᠭ᠎ᠠ᠎ᠪᠠᠨ ᠨᠡᠢᠭᠡᠮ ᠵᠢᠷᠤᠮ᠎ᠤᠨ ᠭᠤᠤᠯᠯᠠᠭ᠍ᠴᠢ ᠦᠷᠳᠡᠭ᠎ᠤᠨ ᠦᠵᠡᠯᠲᠡ᠎ᠶ᠋ᠢ ᠪᠤᠢ ᠪᠤᠯᠭᠠᠬᠤ ᠪᠤᠯᠤᠨ ᠦᠢᠯᠡᠳᠦᠯᠭᠡᠵᠢᠭᠦᠯᠬᠦ᠌᠎ᠳᠤ ᠠᠭᠤᠰᠤᠯᠴᠠᠭᠤᠯᠵᠦ᠍᠂ ᠨᠡᠢᠭᠡᠮ ᠠᠵᠤ ᠠᠬᠤᠢ᠎ᠶ᠋ᠢ ᠬᠥᠭ᠌ᠵᠢᠭᠦᠯᠬᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠬᠢᠯᠢ ᠬᠢᠵᠠᠭᠠᠷ᠎ᠤᠨ ᠠᠮᠤᠷ ᠲᠤᠬ᠍ᠳᠠᠭᠤᠨ᠎ᠢ ᠪᠠᠲᠤᠯᠠᠬᠤ ᠵᠢᠴᠢ ᠥᠵᠡᠰᠭᠦᠯᠡᠩᠳᠤ ᠰᠠᠢᠬᠠᠨ ᠥᠪᠥᠷ ᠮᠤᠩᠭᠤᠯ᠎ᠤᠨ ᠪᠥᠳᠥᠭᠡᠨ ᠪᠠᠢᠭᠤᠯᠤᠯᠳᠠ᠎ᠳᠤ ᠮᠣᠩᠭᠤᠯ ᠮᠣᠷᠢᠨ᠎ᠤ ᠮᠤᠬᠤᠰᠢ ᠦᠭᠡᠢ ᠵᠣᠷᠢᠭ ᠰᠠᠨᠠᠭ᠎ᠠ᠎ᠪᠠᠷ ᠦᠪᠡᠷ᠎ᠢ᠎ᠪᠠᠨ ᠵᠡᠪᠰᠡᠭ᠌ᠯᠡᠵᠤ ᠬᠤᠷᠳᠤᠴᠠ ᠪᠠ ᠴᠢᠨᠠᠷ᠎ᠤᠨ ᠬᠤᠤᠰ ᠠᠮᠵᠢᠯᠳᠠ᠎ᠶ᠋ᠢ ᠤᠯᠬᠤ᠎ᠪᠠᠷ ᠴᠢᠷᠮᠠᠢᠨ ᠠᠵᠢᠯᠯᠠᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号