《ᠬᠦᠳᠡᠭᠡ ᠨᠣᠳᠤᠭ》 ᠲᠦᠷᠦᠯ ᠵᠦᠢᠯ ᠡᠭᠦᠳᠴᠤ᠌ ᠬᠦᠭ᠌ᠵᠢᠶᠡᠨᠳᠦ ᠠᠮᠢᠳᠤᠷᠠᠯ᠎ᠢᠶᠠᠨ ᠴᠤᠭ᠍ᠴᠠᠯᠠᠨ᠎ᠠ
2020-05-06 09:18:56
ᠵᠣᠬᠢᠶᠠᠭ᠍ᠴᠢ᠄
ᠬᠡᠱᠢᠭ᠌ᠪᠦᠶᠡᠨ
ᠣᠩᠱᠢᠭ᠍ᠰᠠᠨ ᠣᠳᠠᠭ᠎ᠠ᠄
★★★☆☆

      ᠤᠢ᠍ᠢᠷ᠎ᠠ᠎ᠶ᠋ᠢᠨ ᠡᠳᠦᠷ᠂ ᠬᠢᠨᠭ᠌ᠭᠠᠨ ᠠᠢᠮᠠᠭ᠎ᠤᠨ ᠲᠦᠴᠢᠤᠧᠠᠨ ᠱᠢᠶᠠᠨ᠎ᠤ ᠰᠠᠢᠬᠠᠨᠬᠤᠧᠨ ᠤᠳᠤ ᠦᠶ᠎ᠠ᠎ᠶ᠋ᠢᠨ ᠲᠠᠷᠢᠶᠠᠯᠠᠩ᠎ᠤᠨ ᠠᠮᠢ ᠠᠬᠤᠢ᠎ᠶ᠋ᠢᠨ ᠬᠦᠷᠢᠶᠠᠯᠠᠩ᠎ᠤᠨ ᠲᠤᠳᠤᠷ᠎ᠠ᠂ ᠢᠡᠭ᠌ᠳᠤᠤᠷ ᠲᠡᠬᠦᠬᠦ᠌᠎ᠪᠠᠷ ᠢᠷᠡᠭ᠌ᠰᠡᠳ ᠬᠤᠢᠨ᠎ᠠ ᠬᠤᠢᠨ᠎ᠠ᠎ᠠᠴᠠ᠎ᠪᠠᠨ ᠴᠤᠪᠤᠵᠤ᠂ ᠤᠯᠠᠭᠠᠨ ᠢᠡᠭ᠌ᠳᠤᠤᠷ ᠪᠡ ᠪᠤᠷᠤ ᠦᠵᠦᠮ ᠲᠡᠬᠦᠭᠡᠳ ᠶᠠᠭᠠᠷᠠᠯᠳᠤᠨ᠎ᠡ᠂ ᠡᠨᠡ᠎ᠨᠢ ᠲᠦᠴᠢᠤᠧᠨᠨ ᠱᠢᠶᠠᠨ᠎ᠤ 《ᠤᠳᠤ ᠦᠶ᠎ᠠ᠎ᠶ᠋ᠢᠨ ᠲᠠᠷᠢᠶᠠᠯᠠᠩ + ᠬᠦᠳᠡᠭᠡ ᠲᠤᠰᠭᠤᠨ᠎ᠤ ᠵᠢᠭᠤᠯᠴᠢᠯᠠᠯ》 ᠎ᠢᠶᠠᠷ ᠠᠷᠠᠳ᠎ᠢᠶᠠᠨ ᠪᠠᠶᠠᠵᠢᠭᠤᠯᠬᠤ ᠲᠦᠷᠦᠯ ᠵᠦᠢᠯ᠎ᠤᠨ ᠠᠴᠢ ᠲᠤᠰᠨ ᠪᠤᠯᠤᠨ᠎ᠡ᠃
      ᠲᠠᠷᠢᠶᠠᠴᠢᠨ ᠸᠠᠩ ᠶᠦᠨ ᠹᠧᠢ᠄ 《ᠤᠢ᠍ᠢᠷ᠎ᠠ᠎ᠳᠤ ᠵᠢᠮᠢᠰ ᠨᠤᠭᠤᠭ᠎ᠠ ᠲᠡᠬᠦᠬᠦ᠌ ᠬᠦᠮᠦᠰ ᠠᠭᠠᠵᠢᠮ᠎ᠢᠶᠠᠷ ᠤᠯᠠᠱᠢᠷᠠᠭ᠍ᠰᠠᠨ᠂ ᠵᠥᠪᠬᠡᠨ ᠬᠠᠨᠭ᠌ᠰᠢ᠎ᠶ᠋ᠢᠨ ᠠᠮᠠᠷᠠᠯᠳᠠ᠎ᠶ᠋ᠢᠨ ᠬᠤᠭᠤᠴᠠᠭᠠᠨ᠎ᠳᠤ 1000 ᠭᠠᠷᠤᠢ ᠬᠦ᠍ᠮᠥᠨ ᠢᠷᠡᠵᠥ᠍᠂ 3 ᠲᠦᠮᠡᠨ ᠲᠦᠭᠦᠷᠢᠭ᠎ᠤᠨ ᠤᠷᠤᠯᠭ᠎ᠠ ᠤᠯᠵᠠᠢ》 ᠬᠡᠵᠦ᠍ ᠲᠠᠨᠢᠯᠴᠠᠭᠤᠯᠤᠨ᠋ ᠎ᠠ᠃
      ᠤᠳᠤᠬᠠᠨ᠎ᠳᠤ᠂ ᠲᠦᠴᠢᠤᠧᠠᠨ ᠱᠢᠶᠠᠨ᠎ᠳᠤ 《ᠰᠠᠢᠬᠠᠨᠬᠤᠧᠨ ᠤᠳᠤ ᠦᠶ᠎ᠠ᠎ᠶ᠋ᠢᠨ ᠲᠠᠷᠢᠶᠠᠯᠠᠩ᠎ᠤᠨ ᠠᠮᠢ ᠠᠬᠤᠢ᠎ᠶ᠋ᠢᠨ ᠬᠦᠷᠢᠶᠡᠯᠡᠩ》᠂ 《ᠱᠦ᠍ ᠭᠤᠧᠠᠩ ᠤᠳᠤ ᠦᠶ ᠎ᠠ᠎ᠶ᠋ᠢᠨ ᠲᠠᠷᠢᠶᠠᠯᠠᠩ᠎ᠤᠨ ᠡᠷᠬᠢᠯᠳᠡᠳᠤ ᠠᠵᠦ᠍ ᠠᠬᠤᠢ᠎ᠶ᠋ᠢᠨ ᠬᠦᠷᠢᠶᠡᠯᠡᠩ》᠂ 《ᠲᠦᠴᠢᠤᠧᠠᠨ ᠱᠢᠶᠠᠨ᠎ᠤ ᠬᠤᠳᠠ᠎ᠶ᠋ᠢᠨ ᠲᠡᠬᠦᠷᠬᠡ᠎ᠶ᠋ᠢᠨ ᠨᠤᠭᠤᠭ᠎ᠠ ᠵᠢᠮᠢᠰ ᠲᠡᠬᠦᠬᠦ᠌ ᠬᠦᠷᠢᠶᠡᠯᠡᠩ》᠂ 《ᠲᠠᠢᠫᠢᠩ ᠱᠢᠶᠠᠩ᠎ᠤᠨ ᠡᠦ ᠱᠢᠩ ᠲᠤᠰᠭᠤᠨ》᠂ 《ᠲᠦᠷᠦᠯᠵᠢ ᠪᠠᠯᠭᠠᠰᠤᠨ ᠪ᠊ ᠳ᠋ᠦᠩ ᠴᠢᠤᠧᠠᠨ ᠲᠤᠰᠭᠤᠨ》᠂ 《ᠯᠢᠦ ᠬᠤ᠌ ᠪᠠᠯᠭᠠᠰᠤᠨ᠎ᠤ ᠾᠧ ᠱᠧᠩ ᠲᠤᠰᠭᠤᠨ》 ᠵᠡᠷᠬᠡ ᠵᠢᠭᠤᠯᠴᠢᠯᠠᠨ ᠲᠤᠭᠤᠷᠢᠵᠦ᠍ ᠵᠢᠮᠢᠰ ᠨᠤᠭᠤᠭ᠎ᠠ ᠲᠡᠬᠦᠬᠦ᠌ ᠤᠯᠠᠨ ᠬᠦᠷᠢᠶᠡᠯᠡᠩ᠎ᠲᠠᠢ ᠪᠤᠯᠵᠠᠢ᠂ ᠡᠭᠦᠨ᠎ᠤ ᠲᠤᠲᠤᠷ᠎ᠠ ᠨᠢᠬᠡᠨᠳᠡ ᠠᠱᠢᠭ ᠬᠦᠷᠳᠡᠵᠥ᠍ ᠪᠠᠢᠭ᠎ᠠ ᠲᠤᠮᠤ ᠬᠦᠯᠡᠮᠵᠢ 1000 ᠭᠠᠷᠤᠢ ᠪᠠᠢᠵᠤ᠂ ᠵᠢᠯ᠎ᠤᠨ ᠠᠱᠢᠭ ᠤᠷᠤᠯᠭ᠎ᠠ᠎ᠨᠢ 3000 ᠭᠠᠷᠤᠢ ᠲᠦᠮᠡᠨ ᠲᠦᠭᠦᠷᠢᠭ᠎ᠲᠤ ᠬᠦᠷᠤᠨ᠂ 1100 ᠭᠠᠷᠤᠢ ᠬᠦᠮᠦᠨ᠎ᠤ ᠠᠵᠢᠯ ᠤᠯᠭᠤᠯᠳᠠ᠎ᠶ᠋ᠢ ᠲᠠᠢᠴᠢᠯᠠᠵᠤ ᠪᠠᠢᠨ᠎ᠠ᠃
      ᠤᠢ᠍ᠢᠷ᠎ᠠ᠎ᠶ᠋ᠢᠨ ᠵᠢᠯ᠎ᠤᠨ ᠲᠤᠷᠰᠢ᠂ ᠲᠦᠴᠢᠤᠧᠠᠨ ᠱᠢᠶᠠᠨ 《ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠠᠭᠤᠯᠠ ᠤᠰᠤ ᠮᠦᠨ》 ᠬᠡᠬᠦ᠌ ᠬᠦᠭ᠌ᠵᠢᠯᠳᠠ᠎ᠶ᠋ᠢᠨ ᠦᠢᠯᠠᠭᠠᠬ᠍ᠳᠠᠬᠤᠨ᠎ᠢᠶᠠᠷ᠂ ᠰᠠᠭᠤᠷᠢ᠎ᠪᠠᠨ ᠪᠠᠬᠢᠵᠢᠬᠦᠯᠦᠨ᠂ ᠲᠦᠷᠦᠯ ᠲᠡᠮᠳᠡᠭ ᠴᠤᠬ᠍ᠴᠠᠯᠠᠵᠦ᠍᠂ ᠤᠬᠠᠭᠤᠯᠭ᠎ᠠ ᠲᠠᠨᠢᠯᠴᠠᠭᠤᠯᠭ᠎ᠠ ᠦᠷᠬᠡᠨ᠎ᠢᠶᠠᠷ ᠬᠢᠵᠤ᠂ ᠱᠢᠶᠠᠨ᠎ᠤ ᠬᠠᠷᠢᠶᠠᠨ᠎ᠳᠠᠬᠢ ᠵᠢᠭᠤᠯᠴᠢᠯᠠᠯ᠎ᠢᠶᠠᠨ ᠬᠦᠭ᠌ᠵᠢᠬᠦᠯᠪᠡ᠃ ᠠᠭᠤᠯᠠ ᠤᠰᠤ᠎ᠶ᠋ᠢ ᠲᠤᠭᠤᠷᠢᠵᠦ᠍ ᠰᠡᠯᠡᠬᠦᠴᠡᠬᠦ᠌ ᠵᠢᠭᠤᠯᠴᠢᠯᠠᠯ᠂ ᠲᠦᠷᠪᠡᠨ ᠤᠯᠠᠷᠢᠯ᠎ᠢᠶᠠᠷ ᠲᠡᠬᠦᠬᠦ᠌ ᠪᠡᠶᠡᠴᠢᠯᠡᠨ ᠤᠷᠤᠯᠴᠠᠬᠤ ᠵᠢᠭᠤᠯᠴᠢᠯᠠᠯ᠂ ᠬᠦᠳᠡᠭᠡ ᠠᠢᠯ᠎ᠤᠨ ᠵᠠᠩ ᠦᠢᠯᠡ᠎ᠶ᠋ᠢᠨ ᠵᠢᠭᠤᠯᠴᠢᠯᠠᠯ ᠵᠡᠷᠬᠡ᠎ᠪᠠᠷ ᠭᠤᠤᠯ ᠪᠤᠯᠭᠠᠵᠦ᠍᠂ ᠢᠳᠡᠵᠦ᠍ ᠤᠤᠭᠤᠬᠤ᠂ ᠬᠤᠨᠤᠵᠦ᠍ ᠬᠡᠪᠳᠡᠬᠦ᠂ ᠶᠠᠪᠤᠵᠦ᠍ ᠰᠠᠭᠤᠬᠤ᠂ ᠵᠢᠭᠤᠯᠴᠢᠯᠠᠨ ᠲᠤᠭᠤᠷᠢᠬᠤ᠂ ᠬᠤᠳᠠᠯᠳᠤᠨ ᠠᠪᠬᠤ᠂ ᠴᠡᠩᠬᠡᠯᠳᠤᠨ ᠨᠠᠭᠠᠤᠡᠬᠤ ᠵᠢᠷᠭᠤᠭ᠎ᠠ᠎ᠶ᠋ᠢ ᠨᠢᠬᠡ ᠴᠤᠬ᠍ᠴᠠᠵᠢᠭᠤᠯᠤᠬ᠍ᠰᠠᠨ ᠵᠢᠭᠤᠯᠴᠢᠯᠠᠯ᠎ᠤᠨ ᠱᠢᠨ᠎ᠠ ᠪᠠᠢᠷᠢᠱᠢᠯ᠎ᠢ ᠪᠦᠷᠢᠯᠳᠦᠬᠦᠯᠦᠭ᠌ᠰᠡᠨ᠎ᠢᠶᠠᠷ ᠷᠠᠱᠢᠶᠠᠨ᠂ ᠬᠠᠢᠯᠠᠷ ᠬᠢᠬᠡᠳ ᠮᠠᠨᠵᠤᠤᠷ᠎ᠤᠨ ᠵᠢᠭᠤᠯᠴᠢᠯᠠᠯ᠎ᠤᠨ ᠱᠤᠭᠤᠮ᠎ᠳᠠᠬᠢ ᠴᠢᠬᠤᠯᠠ ᠵᠠᠩᠬᠢᠯᠠᠭ᠎ᠠ᠎ᠶ᠋ᠢᠨ ᠴᠡᠭ ᠪᠤᠯᠵᠦ᠍᠂ ᠵᠢᠯ᠎ᠳᠤ ᠵᠢᠭᠤᠯᠴᠢᠯᠠᠭ᠍ᠰᠡᠳ᠎ᠤᠨ ᠲᠤᠭ᠎ᠠ 50 ᠲᠦᠮᠡᠨ ᠬᠦᠮᠦᠨ ᠤᠳᠠᠭ᠎ᠠ᠎ᠳᠤ ᠬᠦᠷᠴᠦ᠍᠂ ᠵᠢᠭᠤᠯᠴᠢᠯᠠᠯ᠎ᠤᠨ ᠤᠷᠤᠯᠭ᠎ᠠ᠎ᠨᠢ 5.3 ᠳ᠋ᠦ᠍ᠩᠱᠢᠭᠤᠷ ᠲᠦᠭᠦᠷᠢᠭ᠎ᠠᠴᠠ ᠲᠠᠬᠡᠭ᠌ᠰᠢ᠎ᠳᠤ ᠬᠦᠷᠴᠠᠢ᠃
      《ᠬᠦᠳᠡᠭᠡ ᠨᠤᠳᠤᠭ》 ᠲᠦᠷᠦᠯ ᠲᠡᠮᠳᠡᠭ᠎ᠢ ᠴᠤᠬ᠍ᠴᠠᠯᠠᠬᠤ᠎ᠪᠠᠷ ᠲᠠᠮᠵᠢᠵᠦ᠍᠂ ᠲᠦᠴᠢᠤᠧᠨᠨ ᠱᠢᠶᠠᠨ ᠬᠦᠳᠡᠭᠡ ᠨᠤᠳᠤᠭ᠎ᠤᠨ ᠦᠡᠭ᠌ᠬᠡ ᠦᠵᠡᠮᠵᠢ᠂ ᠲᠠᠷᠢᠶᠠᠯᠠᠬᠤ ᠪᠤᠯᠪᠠᠰᠤᠨ᠂ ᠲᠡᠤᠬᠡ ᠰᠤᠶᠤᠯ ᠵᠡᠷᠬᠡ ᠡᠬᠢ ᠪᠠᠶᠠᠯᠢᠭ᠎ᠤᠨ ᠲᠠᠪᠠᠭᠤᠯᠢᠭ᠎ᠢᠶᠠᠨ ᠬᠦᠢᠴᠡᠳ ᠠᠱᠢᠬ᠍ᠯᠠᠨ᠂ ᠬᠦᠳᠡᠭᠡ ᠠᠢᠯ᠎ᠤᠨ ᠵᠢᠭᠤᠯᠴᠢᠯᠠᠯ᠂ ᠰᠡᠯᠡᠬᠦᠴᠡᠨ ᠲᠤᠭᠤᠷᠢᠵᠤ ᠵᠢᠮᠢᠰ ᠨᠤᠭᠤᠭ᠎ᠠ ᠲᠡᠬᠦᠬᠦ᠌ ᠬᠢᠬᠡᠳ ᠲᠦᠬᠦᠬᠡᠷᠤᠮᠵᠢᠳᠤ ᠲᠠᠷᠢᠶᠠᠯᠠᠩ᠎ᠤᠨ ᠲᠦᠷᠬᠡᠨ ᠬᠦᠭ᠌ᠵᠢᠯᠳᠠ᠎ᠶ᠋ᠢ ᠠᠬᠢᠭᠤᠯᠵᠦ᠍᠂ ᠠᠵᠦ᠍ ᠠᠬᠤᠢ᠎ᠶ᠋ᠢᠨ ᠨᠡᠩ ᠰᠠᠢᠨ ᠨᠡᠩ ᠲᠦᠷᠬᠡᠨ ᠬᠦᠭ᠌ᠵᠢᠯᠳᠡ᠎ᠶ᠋ᠢ ᠪᠡᠶᠡᠯᠡᠭᠦᠯᠵᠦ᠍ ᠪᠠᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号