ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ 7 ᠵᠢᠯ ᠲᠠᠷᠠᠭᠠᠯᠠᠨ ᠵᠢᠯ ᠪᠦᠷᠢ 1000 ᠭᠠᠷᠤᠢ ᠲᠦᠮᠡᠨ ᠬᠦᠮᠦᠨ᠎ᠢ ᠶᠠᠳᠠᠭᠤ᠎ᠠᠴᠠ ᠠᠩᠬᠢᠵᠢᠷᠠᠭᠤᠯᠤᠭ᠍ᠰᠠᠨ᠂ ᠡᠨᠡ ᠵᠢᠯ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠢᠯᠠᠨ ᠲᠠᠪᠠᠭ᠍ᠰᠠᠨ ᠁ ᠡᠳᠡᠭᠡᠷ ᠪᠤᠯ ᠨᠡᠢᠭᠡᠮ ᠵᠢᠷᠤᠮᠳᠤ ᠪᠠᠢᠭᠤᠯᠤᠯ᠎ᠤᠨ ᠲᠠᠪᠠᠭᠤᠯᠢᠭ ᠴᠢᠨᠠᠷ᠎ᠤᠨ ᠭᠦᠨᠵᠡᠭᠡᠢ ᠢᠯᠡᠷᠡᠯ᠃
ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠨᠢ ᠴᠦᠬᠡᠨ ᠲᠤᠭᠠᠳᠤ ᠦᠨᠳᠦᠰᠦᠳᠡᠨ᠎ᠤ ᠡᠷᠭᠡ ᠮᠡᠳᠡᠵᠦ᠍ ᠡᠵᠡᠨ ᠰᠠᠭᠤᠬᠤ ᠡᠷᠭᠡ ᠠᠱᠢᠭ᠎ᠢ ᠭᠦᠢᠴᠡᠳ ᠪᠠᠳᠤᠯᠠᠵᠤ᠂ ᠶᠠᠳᠠᠭᠤ ᠬᠤᠴᠤᠷᠤᠩᠭᠤᠢ ᠪᠠᠢᠭ᠍ᠰᠠᠨ ᠦᠪᠦᠷ ᠮᠤᠩᠭᠤᠯ᠎ᠢ ᠪᠠᠶᠠᠨ ᠴᠢᠨᠡᠭᠡᠯᠢᠭ ᠲᠠᠪᠱᠢᠩᠭᠤᠢ ᠪᠤᠯᠭᠠᠵᠤ᠂ ᠯᠤᠳᠤ ᠶᠡᠭᠡ ᠲᠠᠪᠠᠭᠤᠯᠢᠭ ᠴᠢᠨᠠᠷ ᠪᠤᠯᠤᠨ ᠦᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠠᠨ ᠬᠠᠷᠠᠭᠤᠯᠵᠤ ᠪᠤᠢ᠃

ᠦᠪᠤᠷ ᠮᠤᠩᠭᠤᠯ᠎ᠤᠨ ᠦᠭᠡᠷᠡᠴᠢᠯᠡᠯᠳᠠ ᠨᠡᠭᠡᠭᠡᠯᠳᠠ ᠭᠢᠵᠤ
ᠦᠷᠭᠦᠯᠵᠢᠯᠡᠨ ᠲᠠᠪᠱᠢᠬᠤ᠎ᠳᠤ ᠦᠨᠳᠤᠰᠤᠨ ᠪᠠᠳᠤᠯᠠᠭ᠎ᠠ ᠬᠠᠨᠭ᠌ᠭᠠᠪᠠ
ᠱᠢᠨ᠎ᠠ ᠵᠠᠭᠤᠨ᠎ᠳᠤ ᠤᠷᠤᠭ᠍ᠰᠠᠨ᠎ᠠᠴᠠ ᠨᠠᠭᠠᠰᠢ᠂ ᠦᠪᠦᠷ ᠮᠤᠩᠭᠤᠯ ᠪᠠᠷᠠᠭᠤᠨ ᠤᠷᠤᠨ᠎ᠢ ᠶᠡᠭᠡ᠎ᠪᠠᠷ ᠨᠡᠭᠡᠭᠡᠨ ᠬᠦᠭ᠌ᠵᠢᠭᠦᠯᠬᠦ᠌ ᠵᠡᠷᠭᠡ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠠᠵᠠ ᠲᠤᠬᠢᠶᠠᠯ᠎ᠢ ᠠᠮᠵᠢᠵᠤ᠂ ᠤᠷᠢᠳ ᠬᠤᠵᠢᠳ 《ᠬᠤᠶᠠᠷ ᠤᠷᠤᠨ ᠨᠢᠭᠡ ᠪᠦᠰᠡ》 ᠶ᠋ᠢᠨ ᠶᠡᠷᠦᠩᠬᠡᠢ ᠪᠠᠢᠯᠳᠤᠬᠤ ᠪᠤᠳᠤᠯᠭ᠎ᠠ᠂ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ 《ᠲᠠᠪᠤᠨ ᠶᠡᠭᠡ ᠪᠠᠢᠯᠳᠤᠬᠤ ᠪᠤᠳᠤᠯᠭ᠎ᠠ》᠂ 《ᠬᠤᠤᠰ ᠬᠤᠪᠢᠷᠠᠭᠤᠯᠤᠯᠳᠠ ᠬᠤᠤᠰ ᠲᠡᠭᠡᠭ᠌ᠰᠢᠯᠡᠯᠳᠡ》᠂ 《ᠱᠢᠨᠵᠢᠯᠡᠬᠦ᠌ ᠤᠬᠠᠭᠠᠨᠴᠢ ᠬᠦᠭ᠌ᠵᠢᠯᠳᠡ᠂ ᠠᠷᠠᠳ᠎ᠢ ᠪᠠᠶᠠᠵᠢᠭᠤᠯᠵᠤ ᠤᠷᠤᠨ᠎ᠢᠶᠠᠨ ᠬᠦᠴᠦᠷᠭᠡᠭ᠌ᠵᠢᠭᠦᠯᠬᠦ᠌》 ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠳᠡ᠎ᠶ᠋ᠢ ᠲᠤᠷᠠᠳᠴᠤ᠌᠂ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠯᠳᠠ᠎ᠶ᠋ᠢᠨ ᠪᠦᠳᠦᠭᠡᠨ ᠪᠠᠢᠭᠤᠯᠤᠯᠳᠠ᠎ᠶ᠋ᠢ ᠲᠠᠰᠤᠷᠠᠯᠳᠠ ᠦᠭᠡᠢ ᠠᠬᠢᠭᠤᠯᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠦᠪᠦᠷ ᠮᠤᠩᠭᠤᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠱᠢᠷᠢᠰ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠳᠠ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠳᠠ᠎ᠶ᠋ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠡᠯ᠎ᠠ ᠲᠠᠯ᠎ᠠ᠎ᠶ᠋ᠢᠨ ᠠᠵᠢᠯ ᠱᠢᠨ᠎ᠠ ᠠᠬᠢᠯᠳᠠ ᠱᠢᠨ᠎ᠠ ᠦᠷ᠎ᠠ ᠪᠦᠳᠦᠮᠵᠢ᠎ᠲᠠᠢ ᠪᠤᠯᠵᠠᠢ᠃
2019 ᠤᠨ᠎ᠳᠤ᠂ ᠪᠦᠬᠦ᠌ ᠤᠷᠤᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠳᠡᠭ 17212.5 ᠳ᠋ᠦᠩᠱᠢᠭᠤᠷ ᠲᠦᠭᠦᠷᠢᠭ᠎ᠲᠤ ᠬᠦᠷᠴᠦ᠍᠂ ᠪᠦᠬᠦ᠌ ᠵᠢᠯ᠎ᠤᠨ ᠪᠦᠬᠦ᠌ ᠰᠠᠭᠤᠭᠠᠯᠢ ᠠᠷᠠᠳ᠎ᠤᠨ ᠬᠦᠮᠦᠨ ᠲᠤᠮᠳᠠᠴᠢ᠎ᠶ᠋ᠢᠨ ᠡᠵᠡᠮᠳᠡᠵᠦ᠍ ᠪᠤᠯᠬᠤ ᠤᠷᠤᠯᠭ᠎ᠠ 30555 ᠲᠦᠭᠦᠷᠢᠭ᠎ᠲᠤ ᠬᠦᠷᠴᠡᠢ᠃

ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠬᠠᠮᠤᠭ᠎ᠤᠨ ᠰᠡᠳᠭᠢᠯ
ᠭᠦᠳᠡᠯᠭᠡᠮᠠ ᠨᠤᠭᠤᠭᠠᠨ ᠦᠩᠭᠡ᠎ᠶ᠋ᠢ ᠪᠦᠷᠢᠯᠳᠤᠭᠦᠯᠪᠡ
ᠶᠡᠷᠦᠩᠬᠡᠢ ᠱᠦᠵᠢ ᠰᠢ᠎ᠶ᠋ᠢᠨ ᠫᠢᠩ ᠦᠪᠦᠷ ᠮᠤᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠦᠪᠦᠷ ᠮᠤᠩᠭᠤᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ᠎ᠨᠢ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠤᠷᠤᠱᠢᠨ ᠲᠤᠭ᠍ᠳᠠᠨᠢᠬᠤ ᠪᠠ ᠬᠦᠭ᠌ᠵᠢᠬᠦ᠌᠎ᠳᠤ ᠬᠤᠯᠪᠤᠭ᠍ᠳᠠᠬᠤ᠎ᠪᠠᠷ ᠪᠠᠷᠠᠬᠤ ᠦᠭᠡᠢ᠂ ᠪᠠᠰᠠ ᠵᠡᠭᠦᠨ ᠬᠤᠢᠳᠤ ᠤᠷᠤᠨ᠂ ᠤᠮᠠᠷᠠᠳᠤ ᠤᠷᠤᠨ᠂ ᠪᠠᠷᠠᠭᠤᠨ ᠬᠤᠢᠳᠤ ᠤᠷᠤᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠳᠤ ᠬᠤᠯᠪᠤᠭ᠍ᠳᠠᠨ᠎ᠠ》 ᠭᠡᠵᠡᠢ᠃
ᠦᠪᠦᠷ ᠮᠤᠩᠭᠤᠯ ᠤᠯᠤᠰ᠎ᠤᠨ ᠪᠠᠷᠠᠭᠤᠨ ᠤᠷᠤᠨ᠎ᠢ ᠶᠡᠬᠡᠪᠡᠷ ᠨᠡᠭᠡᠭᠡᠨ ᠬᠦᠭ᠌ᠵᠢᠭᠦᠯᠬᠦ᠌ ᠠᠯᠬᠤᠭ᠎ᠠ᠎ᠶ᠋ᠢ ᠠᠯᠳᠠᠯ ᠦᠭᠡᠢ ᠲᠠᠭᠠᠵᠤ᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠤ ᠲᠠᠯᠪᠢᠬᠤ᠂ ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠬᠤ᠂ ᠠᠶᠠᠨ᠎ᠳᠠᠭᠠᠨ ᠰᠡᠷᠭᠦᠭᠡᠬᠦ᠌᠎ᠪᠠᠷ ᠭᠤᠤᠯ ᠪᠤᠯᠭᠠᠬᠤ ᠴᠢᠭ᠌ᠯᠡᠯᠳᠡ᠎ᠶ᠋ᠢ ᠪᠠᠷᠢᠮᠳᠠᠯᠠᠵᠤ᠂ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠬᠠᠮᠤᠭ᠎ᠤᠨ ᠶᠡᠭᠡ ᠰᠠᠭᠤᠷᠢ ᠪᠦᠳᠦᠭᠡᠨ ᠪᠠᠢᠭᠤᠯᠤᠯᠳᠠ ᠪᠤᠯᠭᠠᠨ ᠠᠳᠭᠤᠵᠤ᠂ ᠡᠷᠬᠢᠯᠳᠡᠳᠦ ᠠᠵᠤ ᠠᠬᠤᠢ᠎ᠶ᠋ᠢ ᠶᠡᠬᠡᠪᠡᠷ ᠬᠦᠭ᠌ᠵᠢᠭᠦᠯᠵᠦ᠍᠂ ᠪᠡᠭᠡᠵᠢᠩ ᠲᠢᠶᠠᠨᠵᠢᠨ ᠾᠧᠪᠸᠢ᠎ᠶ᠋ᠢᠨ ᠡᠯᠡᠰᠤ ᠰᠠᠯᠭᠢᠨ᠎ᠤ ᠡᠬᠢ᠎ᠶ᠋ᠢ ᠵᠠᠰᠠᠬᠤ᠂ ᠤᠮᠠᠷᠠᠳᠤ᠎ᠶ᠋ᠢᠨ ᠭᠤᠷᠪᠠᠨ ᠤᠷᠤᠨ᠎ᠤ ᠬᠠᠯᠬᠠᠪᠴᠢ ᠤᠢ᠂ ᠪᠠᠢᠭᠠᠯᠢ᠎ᠶ᠋ᠢᠨ ᠤᠢ᠎ᠶ᠋ᠢᠨ ᠡᠬᠢ ᠪᠠᠶᠠᠯᠢᠭ᠎ᠢ ᠬᠠᠮᠠᠭᠠᠯᠠᠬᠤ᠂ ᠪᠡᠯᠴᠢᠭᠡᠷᠯᠡᠭᠦᠯᠭᠦ᠎ᠶ᠋ᠢ ᠵᠤᠭ᠍ᠰᠤᠭᠠᠵᠤ ᠡᠪᠡᠰᠤ ᠪᠡᠯᠴᠢᠭᠡᠷ᠎ᠢ ᠰᠡᠷᠭᠦᠭᠡᠬᠦ᠂ ᠱᠢᠨ᠎ᠠ ᠨᠢᠭᠡᠨ ᠡᠭᠡᠯᠵᠢ᠎ᠶ᠋ᠢᠨ ᠲᠠᠷᠢᠶᠠᠯᠠᠬᠤ᠎ᠶ᠋ᠢ ᠵᠤᠭ᠍ᠰᠤᠭᠠᠵᠤ ᠤᠢ ᠱᠢᠭᠤᠢ ᠡᠪᠡᠰᠤ ᠪᠡᠯᠴᠢᠭᠡᠷ᠎ᠢ ᠰᠡᠷᠭᠦᠭᠡᠬᠦ᠌ ᠵᠡᠷᠭᠡ ᠤᠯᠤᠰ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢ ᠰᠡᠷᠭᠦᠭᠡᠬᠦ᠌ ᠢᠨᠵᠧᠨᠧᠷᠢᠩ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠪᠡ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠤᠷᠤᠨ ᠤᠢ ᠱᠢᠭᠤᠢ᠎ᠶ᠋ᠢᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠲᠠᠯ᠎ᠠ᠎ᠪᠠᠷ ᠨᠡᠢᠳᠡ 7083.3 ᠲᠦᠮᠡᠨ ᠮᠦ᠍᠎ᠶ᠋ᠢᠨ ᠤᠢ᠍ᠢᠵᠢᠭᠤᠯᠤᠯᠳᠠ᠎ᠶ᠋ᠢᠨ ᠡᠭᠦᠷᠭᠡ᠎ᠶ᠋ᠢ ᠪᠡᠶᠡᠯᠡᠭᠦᠯᠵᠡᠢ; 2012 ᠤᠨ᠎ᠠᠴᠠ ᠦᠪᠦᠷ ᠮᠤᠩᠭᠤᠯ ᠡᠩ ᠲᠡᠷᠢᠬᠦᠨ᠎ᠳᠤ ᠷᠠᠱᠢᠶᠠᠨ ᠤᠷᠤᠨ᠎ᠳᠤ ᠬᠤᠳᠠᠯᠳᠤᠭᠠᠨ᠎ᠤ ᠴᠢᠨᠠᠷᠳᠠᠢ ᠮᠤᠳᠤ ᠤᠭ᠍ᠳᠤᠯᠬᠤ᠎ᠶ᠋ᠢ ᠵᠤᠭ᠍ᠰᠤᠭᠠᠪᠠ; ᠪᠦᠬᠦ᠌ ᠤᠷᠤᠨ᠎ᠤ ᠴᠦᠯᠯᠡᠷᠭᠡᠭ᠌ᠵᠢᠭ᠌ᠰᠡᠨ ᠪᠠ ᠡᠯᠡᠰᠦᠷᠭᠡᠭ᠌ᠵᠢᠭ᠌ᠰᠡᠨ ᠭᠠᠵᠠᠷ᠎ᠤᠨ ᠠᠮᠢ ᠠᠬᠤᠢ᠎ᠶ᠋ᠢᠨ ᠪᠠᠢᠳᠠᠯ ᠦᠷᠭᠦᠯᠵᠢᠯᠡᠨ ᠰᠠᠢᠵᠢᠷᠠᠵᠤ᠂ 15 ᠵᠢᠯ ᠲᠠᠷᠠᠭᠠᠯᠠᠨ 《ᠬᠤᠤᠰ ᠬᠠᠰᠤᠭ᠍ᠳᠠᠯ》 ᠢ ᠪᠡᠶᠡᠯᠡᠭᠦᠯᠦᠭ᠌ᠰᠡᠨ ᠪᠠᠢᠨ᠎ᠠ᠃

ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠨ᠎ᠠ
ᠠᠮᠵᠢᠯᠳᠠ᠎ᠶ᠋ᠢᠨ ᠱᠢᠷᠬᠢᠰᠢ ᠦᠭᠡᠢ ᠡᠬᠢ ᠪᠤᠯᠠᠭ ᠪᠤᠯᠭᠠᠪᠡ
《ᠠᠷᠠᠳ ᠲᠦᠮᠡᠨ᠎ᠢ ᠰᠡᠳᠭᠢᠯ ᠵᠢᠷᠦᠭᠡᠨ᠎ᠤ᠎ᠪᠠᠨ ᠬᠠᠮᠤᠭ ᠲᠡᠭᠡᠳᠦ ᠪᠠᠢᠷᠢᠨ᠎ᠳᠤ ᠲᠠᠯᠪᠢᠵᠤ᠂ ᠪᠦᠬᠦ᠌ ᠬᠦᠴᠦᠨ᠎ᠢᠶᠠᠷ ᠤᠯᠠᠨ ᠲᠦᠮᠡᠨ᠎ᠤ ᠬᠦᠴᠢᠷ ᠵᠤᠪᠠᠭᠤᠷᠢ᠎ᠶ᠋ᠢ ᠱᠢᠢᠳᠪᠦᠷᠢᠯᠡᠵᠦ᠍ ᠦᠭ᠌ᠬᠦ ᠬᠡᠷᠡᠭ᠌ᠳᠡᠢ》᠃
ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠨᠢ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠵᠠᠮ ᠲᠡᠭᠡᠷ᠎ᠠ ᠡᠷᠡᠯᠭᠡᠭ᠌ᠯᠡᠨ ᠤᠷᠤᠭ᠍ᠰᠢᠯᠠᠵᠤ ᠪᠠᠢᠭ᠎ᠠ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢ ᠴᠠᠭ ᠢᠮᠠᠭ᠍ᠳᠠ ᠤᠷᠮᠠᠱᠢᠭᠤᠯᠤᠨ ᠵᠤᠷᠢᠠᠠᠵᠢᠭᠤᠯᠤᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠦᠪᠦᠷ ᠮᠤᠩᠭᠤᠯ ᠲᠦᠷᠦ᠎ᠶ᠋ᠢᠨ ᠪᠤᠳᠤᠯᠭ᠎ᠠ᠎ᠪᠠᠷ ᠬᠦᠳᠦᠯᠦᠨ ᠵᠢᠯᠤᠭᠤᠳᠭᠤ᠂ ᠪᠡᠯᠡ ᠮᠦᠩᠭᠦ᠎ᠪᠠᠷ ᠲᠠᠮᠵᠢᠬᠦ᠂ ᠲᠦᠷᠦᠯ ᠵᠦᠢᠯ᠎ᠢᠶᠠᠷ ᠲᠠᠢᠴᠢᠯᠠᠬᠤ᠎ᠪᠠᠷ ᠲᠠᠮᠵᠢᠨ ᠦᠨᠳᠦᠰᠦᠳᠡᠨ᠎ᠤ ᠠᠵᠤ ᠠᠬᠤᠢ᠎ᠶ᠋ᠢ ᠲᠦᠷᠭᠡᠨ ᠬᠦᠭ᠌ᠵᠢᠯᠳᠡ᠎ᠶ᠋ᠢᠨ ᠵᠠᠮ᠎ᠳᠤ ᠤᠷᠤᠭᠤᠯᠵᠤ᠂ ᠶᠠᠳᠠᠭᠤ᠎ᠶ᠋ᠢ ᠲᠡᠳᠭᠦᠵᠦ᠍ ᠨᠡᠭᠡᠭᠡᠨ ᠬᠦᠭ᠌ᠵᠢᠭᠦᠯᠬᠦ᠌ ᠢᠨᠵᠧᠨᠧᠷᠢᠩ᠂ ᠠᠷᠠᠳ ᠢᠷᠭᠡᠳ᠎ᠤᠨ ᠠᠮᠤᠭᠤᠯᠠᠩ ᠤᠷᠤᠨ ᠰᠠᠭᠤᠴᠠ ᠪᠠ ᠦᠢᠯᠡᠰ ᠪᠤᠰᠭᠠᠬᠤ ᠠᠵᠢᠯ ᠤᠯᠭᠤᠬᠤ ᠢᠨᠵᠧᠨᠧᠷᠢᠩ᠂ ᠮᠠᠯᠵᠢᠬᠤ ᠲᠠᠷᠢᠶᠠᠯᠠᠬᠤ ᠤᠷᠤᠨ᠎ᠤ ᠤᠯᠠᠨ ᠨᠡᠢᠳᠡ᠎ᠶ᠋ᠢᠨ ᠦᠢᠯᠡᠴᠢᠯᠡᠭᠡᠨᠢ ᠪᠦᠬᠦᠨ᠎ᠢ ᠪᠦᠷᠬᠦᠬᠦᠯᠬᠦ᠌ ᠢᠨᠵᠧᠨᠧᠷᠢᠩ ᠵᠡᠷᠭᠡ᠎ᠶ᠋ᠢ ᠬᠦᠴᠦᠯᠡᠨ ᠬᠦᠭ᠌ᠵᠢᠭᠦᠯᠵᠦ᠍᠂ ᠮᠠᠯᠵᠢᠬᠤ ᠲᠠᠷᠢᠶᠠᠯᠠᠬᠤ ᠤᠷᠤᠨ᠎ᠤ ᠲᠦᠷᠰᠦ ᠪᠠᠢᠳᠠᠯ᠎ᠢ ᠰᠠᠢᠵᠢᠷᠠᠭᠤᠯᠵᠤ᠂ ᠮᠠᠯᠴᠢᠨ ᠲᠠᠷᠢᠶᠠᠴᠢᠳ᠎ᠤᠨ ᠬᠦᠷᠳᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠳᠤ ᠲᠦᠷᠦᠭ᠌ᠳᠡᠯ᠎ᠢ ᠨᠡᠮᠡᠭ᠌ᠳᠡᠭᠦᠯᠵᠡᠢ᠃
2019 ᠤᠨ᠎ᠳᠤ ᠪᠦᠬᠦ᠌ ᠤᠷᠤᠨ᠎ᠢᠶᠠᠷ᠎ᠢᠶᠠᠨ 14.1 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠶᠠᠳᠠᠭᠤ᠎ᠠᠴᠠ ᠠᠩᠬᠢᠵᠢᠷᠠᠭᠤᠯᠵᠤ᠂ ᠶᠠᠳᠠᠭᠤᠷᠠᠯ᠎ᠤᠨ ᠨᠤᠷᠮ᠎ᠠ 11.7% ᠠᠴᠠ᠎ᠪᠠᠨ ᠪᠠᠭᠤᠷᠠᠭᠠᠳ 0.11% ᠪᠤᠯᠵᠠᠢ᠃
2020 ᠤᠨ᠎ᠤ ᠡᠰᠡᠨᠢᠯᠳᠤ ᠬᠠᠪᠤᠷ᠎ᠲᠠᠢ ᠡᠩ ᠵᠡᠷᠭᠡᠴᠡᠨ ᠦᠪᠦᠷ ᠮᠤᠩᠭᠤᠯ᠎ᠤᠨ ᠶᠠᠳᠠᠭᠤ ᠬᠦᠴᠢᠷᠳᠡᠯᠳᠡᠢ ᠬᠤᠱᠢᠭᠤ ᠱᠢᠶᠠᠨ ᠪᠦᠬᠦᠨ᠎ᠢᠶᠠᠷ ᠶᠠᠳᠠᠭᠤ᠎ᠠᠴᠠ ᠠᠩᠬᠢᠵᠢᠷᠠᠭ᠍ᠰᠠᠨ ᠪᠠᠶᠠᠷ᠎ᠤᠨ ᠴᠢᠮᠡᠭᠡ ᠲᠠᠯ᠎ᠠ ᠬᠦᠳᠡᠭᠡ᠎ᠶ᠋ᠢ ᠪᠠᠶᠠᠰᠭᠠᠨ ᠲᠠᠭᠤᠷᠢᠰᠤᠨ᠎ᠠ᠃

ᠵᠦᠪ ᠵᠠᠮ᠎ᠢᠶᠠᠷ ᠵᠤᠷᠢᠭ᠍ᠳᠠᠢ ᠤᠷᠤᠭ᠍ᠰᠢᠯᠠᠶ᠎ᠠ
73 ᠵᠢᠯ᠎ᠤᠨ ᠲᠤᠷᠰᠢ᠂ ᠨᠠᠮ᠎ᠤᠨ ᠲᠦᠪ ᠬᠤᠷᠢᠶᠠᠨ᠎ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ ᠬᠤᠪᠢ ᠵᠠᠶᠠᠭ᠎ᠠ᠎ᠪᠠᠨ ᠬᠠᠮᠳᠤᠳᠭᠠᠵᠤ᠂ ᠰᠡᠳᠭᠢᠯ ᠵᠢᠷᠦᠭᠡ᠎ᠪᠠᠨ ᠬᠤᠯᠪᠤᠵᠤ᠂ ᠬᠦᠴᠦᠷᠭᠡᠭ ᠶᠡᠭᠡ ᠨᠢᠭ᠍ᠳᠠᠷᠠᠯᠤᠨ ᠬᠦᠴᠦᠨ ᠪᠠ ᠡᠭᠦᠳᠦᠨ ᠪᠦᠳᠦᠭᠡᠬᠦ᠌ ᠬᠦᠴᠦᠨ᠎ᠢ ᠢᠯᠡᠷᠡᠭᠦᠯᠵᠦ᠍᠂ ᠰᠦᠷ ᠲᠠᠯᠠᠢᠴᠠᠳᠠᠢ ᠲᠡᠦᠭᠡᠨ ᠶᠠᠪᠤᠴᠠ᠎ᠶ᠋ᠢ ᠦᠩᠭᠡᠷᠡᠭᠦᠯᠵᠦ᠍᠂ ᠬᠡᠷᠡᠯ ᠰᠠᠴᠤᠷᠠᠩᠭᠤᠢ ᠠᠮᠵᠢᠯᠳᠠ ᠤᠯᠵᠠᠢ᠃
ᠦᠨᠦᠳᠦᠷ᠎ᠤᠨ ᠦᠪᠦᠷ ᠮᠤᠩᠭᠤᠯ ᠮᠠᠨᠢ ᠠᠵᠤ ᠠᠬᠤᠢ ᠬᠦᠭ᠌ᠵᠢᠵᠦ᠍᠂ ᠨᠡᠢᠭᠡᠮ ᠡᠶ᠎ᠡ ᠵᠤᠬᠢᠴᠠᠩᠭᠤᠢ᠂ ᠦᠨᠳᠦᠰᠦᠳᠡᠨ ᠪᠦᠯᠬᠦᠮᠳᠡᠯ᠎ᠲᠠᠢ᠂ ᠬᠢᠯᠢ ᠬᠢᠵᠠᠭᠠᠷ ᠠᠮᠤᠭᠤᠯᠠᠩ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ ᠠᠮᠤᠷ ᠵᠢᠮᠤᠷ ᠠᠵᠤ ᠲᠦᠷᠦᠵᠦ᠍᠂ ᠡᠯ᠎ᠠ ᠲᠠᠯ᠎ᠠ᠎ᠶ᠋ᠢᠨ ᠠᠵᠢᠯ ᠦᠢᠯᠡᠰ ᠴᠡᠴᠡᠭ᠌ᠯᠡᠨ ᠬᠦᠭ᠌ᠵᠢᠵᠦ᠍᠂ ᠲᠡᠦᠭᠡᠨ ᠲᠡᠭᠡᠷᠡᠬᠢ ᠬᠠᠮᠤᠭ᠎ᠤᠨ ᠰᠠᠢᠨ ᠴᠠᠭ ᠦᠶ᠎ᠠ᠎ᠳᠡᠭᠡᠨ ᠤᠷᠤᠵᠠᠢ᠃
ᠭᠠᠭ᠍ᠴᠠ ᠭᠦ᠌ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠲᠤᠤᠷ᠎ᠠ᠂ ᠡᠭᠡ ᠤᠯᠤᠰ᠎ᠤᠨ ᠶᠡᠭᠡ ᠭᠡᠷ ᠪᠦᠯᠢ᠎ᠶ᠋ᠢᠨ ᠲᠤᠮᠳᠠ᠂ ᠲᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠭᠠᠤ ᠪᠠᠢᠭᠤᠯᠤᠯ᠎ᠢ ᠪᠠᠷᠢᠮᠳᠠᠯᠠᠨ ᠲᠡᠭᠦᠯᠳᠡᠷᠵᠢᠭᠦᠯᠪᠡᠯ ᠰᠠᠶᠢ ᠦᠪᠦᠷ ᠮᠤᠩᠭᠤᠯ᠎ᠤᠨ ᠴᠡᠴᠡᠭ᠌ᠯᠡᠯ ᠬᠦᠭ᠌ᠵᠢᠯ ᠪᠠ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠵᠤᠯ ᠵᠢᠷᠭᠠᠯ ᠠᠮᠤᠷ ᠠᠮᠤᠭᠤᠯᠠᠩ᠎ᠢ ᠪᠠᠳᠤᠯᠠᠵᠤ ᠴᠢᠳᠠᠨ᠎ᠠ ᠭᠡᠳᠡᠭ᠎ᠢ ᠨᠠᠮ᠎ᠤᠨ ᠦᠪᠦᠷ ᠮᠤᠩᠭᠤᠯ᠎ᠳᠠᠬᠢ ᠲᠦᠷᠦ᠍ ᠪᠠᠷᠢᠬᠤ ᠦᠢᠯᠡᠳᠦᠯᠭᠡ ᠮᠠᠷᠭᠤᠰᠢ ᠦᠭᠡᠢ ᠭᠡᠷᠡᠴᠢᠯᠡᠪᠠ᠃ ᠡᠨᠡ ᠪᠤᠯ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠷᠳᠤ ᠬᠤᠭᠤᠴᠠᠭᠠᠨ᠎ᠤ ᠬᠤᠪᠢᠰᠭᠠᠯ᠂ ᠪᠦᠳᠦᠭᠡᠨ ᠪᠠᠢᠭᠤᠯᠤᠯᠳᠠ᠂ ᠦᠭᠡᠷᠡᠴᠢᠯᠡᠯᠳᠡ᠎ᠶ᠋ᠢᠨ ᠦᠢᠯᠡᠳᠦᠯᠭᠡ᠎ᠶ᠋ᠢᠨ ᠲᠤᠮᠳᠠ ᠪᠤᠢ ᠪᠤᠯᠤᠭ᠍ᠰᠠᠨ ᠬᠠᠮᠤᠭ᠎ᠤᠨ ᠴᠢᠬᠤᠯᠠ ᠬᠠᠮᠳᠤ᠎ᠶ᠋ᠢᠨ ᠲᠠᠨᠢᠯᠳᠠ ᠪᠤᠯᠤᠨ᠎ᠠ᠃
ᠪᠢᠳᠡ ᠤᠯᠤᠰ ᠲᠦᠷᠦ᠎ᠶ᠋ᠢᠨ ᠤᠬᠠᠮᠰᠠᠷ᠂ ᠶᠡᠭᠡ ᠲᠠᠯ᠎ᠠ᠎ᠶ᠋ᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠢᠬᠤ ᠤᠬᠠᠮᠰᠠᠷ᠎ᠢᠶᠠᠨ ᠦᠨᠡᠨ ᠭᠦ᠌ ᠴᠢᠩᠭᠠᠳᠭᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶ᠎ᠠ᠎ᠲᠠᠢ ᠲᠡᠭᠡᠳᠦ ᠬᠡᠮᠵᠢᠶ᠎ᠠ᠎ᠪᠠᠷ ᠨᠢᠭᠡᠳᠦᠯᠳᠡᠢ ᠪᠠᠢᠯᠭᠠᠵᠤ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠳᠠᠷᠠᠭᠤᠯᠵᠤ᠂ ᠤᠳᠤᠬᠢᠴᠢᠯᠠᠭ᠍ᠰᠠᠨ ᠦᠪᠦᠷ ᠮᠤᠩᠭᠤᠯ᠎ᠢ ᠪᠦᠳᠦᠭᠡᠨ ᠪᠠᠢᠭᠤᠯᠬᠤ᠂ ᠡᠭᠡ ᠤᠯᠤᠰ᠎ᠤᠨ ᠤᠮᠠᠷᠠᠳᠤ᠎ᠶ᠋ᠢᠨ ᠦᠵᠡᠰᠭᠦᠯᠡᠩᠳᠤ ᠰᠠᠢᠬᠠᠨ ᠦᠵᠡᠮᠵᠢ᠎ᠶ᠋ᠢᠨ ᠤᠷᠤᠨ᠎ᠢ ᠪᠦᠳᠦᠭᠡᠨ ᠪᠠᠢᠭᠤᠯᠬᠤ᠎ᠶ᠋ᠢᠨ ᠲᠦᠯᠦᠭᠡ ᠴᠦᠭᠦᠷᠡᠰᠢ ᠦᠭᠡᠢ ᠲᠡᠮᠡᠴᠡᠵᠡᠭᠡᠶ᠎ᠠ!
