《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ ᠮᠠᠨ᠎ᠤ ᠤᠷᠤᠨ᠎ᠤ ᠵᠢᠭᠤᠯᠴᠢᠯᠠᠯ᠎ᠤᠨ ᠦᠢᠯᠡᠰ᠎ᠤᠨ ᠶᠡᠷᠦᠩᠬᠡᠢ
2020-05-09 10:50:07
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

    ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠰᠤᠶᠤᠯ ᠪᠡ ᠵᠢᠭᠤᠯᠴᠢᠯᠠᠯ᠎ᠤᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ ᠮᠠᠨ᠎ᠤ ᠤᠷᠤᠨ 《5 · 1》 ᠎ᠤ ᠠᠮᠠᠷᠠᠯᠳᠠ᠎ᠶ᠋ᠢᠨ ᠬᠤᠭᠤᠴᠠᠭᠠᠨ᠎ᠳᠤ ᠨᠡᠢᠳᠡ 227.34 ᠬᠦᠮᠦᠨ ᠤᠳᠠᠭ᠎ᠠ᠎ᠶ᠋ᠢᠨ ᠵᠢᠭᠤᠯᠴᠢᠯᠠᠭ᠍ᠰᠠᠳ᠎ᠢ ᠬᠦᠯᠢᠶᠡᠨ ᠠᠪᠴᠤ᠌᠂ ᠡᠭᠦᠨ᠎ᠳᠤ ᠤᠷᠤᠨ᠎ᠤ ᠳᠤᠳᠤᠭᠠᠳᠤ᠎ᠶ᠋ᠢᠨ ᠵᠢᠭᠤᠯᠴᠢᠯᠠᠭ᠍ᠰᠠᠳ᠎ᠤᠨ ᠲᠤᠭ᠎ᠠ᠎ᠨᠢ 91.8% ᠎ᠶ᠋ᠢ ᠡᠵᠡᠯᠡᠵᠤ᠂ ᠤᠷᠤᠨ ᠠᠯᠤᠰᠯᠠᠭ᠍ᠰᠠᠨ ᠵᠢᠭᠤᠯᠴᠢᠯᠠᠭ᠍ᠰᠠᠳ᠎ᠤᠨ ᠲᠤᠭ᠎ᠠ᠎ᠨᠢ 8.2% ᠎ᠢ ᠡᠵᠡᠯᠡᠵᠤ᠂ ᠶᠡᠷᠦᠩᠬᠡᠢ ᠤᠷᠤᠯᠭ᠎ᠠ᠎ᠨᠢ 6.5 ᠳ᠋ᠦᠩᠱᠢᠭᠤᠷ ᠲᠦᠭᠦᠷᠢᠭ᠎ᠲᠤ ᠬᠦᠷᠪᠡ᠃
    ᠲᠤᠰ ᠠᠮᠠᠷᠠᠯᠳᠠ᠎ᠶ᠋ᠢᠨ ᠬᠤᠭᠤᠴᠠᠭᠠᠨ᠎ᠳᠤ ᠭᠤᠤᠯᠳᠠᠭᠤ ᠠᠮᠤᠷ ᠲᠦᠪᠱᠢᠨ ᠵᠢᠭᠤᠯᠴᠢᠯᠠᠨ ᠳᠤᠭᠤᠷᠢᠬᠤ᠎ᠶ᠋ᠢ ᠪᠠᠷᠢᠮᠳᠠᠯᠠᠵᠤ᠂ ᠪᠦᠬᠦ᠌ ᠤᠷᠤᠨ᠎ᠤ ᠡᠯ᠎ᠡ ᠦᠵᠡᠮᠵᠢ᠎ᠶ᠋ᠢᠨ ᠤᠷᠤᠨ᠎ᠨᠢ ᠰᠦᠯᠵᠢᠶᠡᠨ ᠳᠡᠭᠡᠷ᠎ᠡ ᠪᠤᠯᠵᠤᠬᠤ᠂ ᠬᠦᠮᠦᠨ᠎ᠤ ᠳᠤᠭ᠎ᠠ᠎ᠶ᠋ᠢ ᠬᠢᠵᠠᠭᠠᠷᠯᠠᠬᠤ᠂ ᠡᠷᠡᠭᠦᠯ ᠮᠡᠨᠳᠦ᠎ᠶ᠋ᠢᠨ ᠪᠠᠳᠤᠯᠠᠪᠤᠷᠢ᠎ᠶ᠋ᠢ ᠪᠠᠢᠴᠠᠭᠠᠬᠤ᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌ ᠵᠡᠷᠭᠡ ᠠᠷᠭ᠎ᠠ ᠬᠡᠮᠵᠢᠶ᠎ᠡ ᠠᠪᠴᠤ᠌᠂ ᠬᠦᠮᠦᠨ᠎ᠤ ᠳᠤᠭ᠎ᠠ᠎ᠶ᠋ᠢ ᠦᠵᠡᠮᠵᠢ᠎ᠶ᠋ᠢᠨ ᠤᠷᠤᠨ ᠬᠦᠯᠢᠶᠡᠨ ᠠᠪᠴᠤ᠌ ᠴᠢᠳᠠᠬᠤ ᠬᠠᠮᠤᠭ᠎ᠤᠨ ᠶᠡᠭᠡ ᠪᠠᠭ᠍ᠳᠠᠭᠠᠮᠵᠢ᠎ᠶ᠋ᠢᠨ 30% ᠎ᠶ᠋ᠢᠨ ᠳᠤᠳᠤᠷ᠎ᠠ ᠬᠢᠵᠠᠭᠠᠷᠯᠠᠭ᠍ᠰᠠᠨ ᠪᠠᠢᠨ᠎ᠠ᠃
    ᠨᠢᠭᠡ ᠡᠳᠤᠷ᠎ᠤᠨ ᠵᠢᠭᠤᠯᠴᠢᠯᠠᠯ᠂ ᠤᠢ᠍ᠢᠷ᠎ᠠ ᠬᠠᠪᠢ᠎ᠶ᠋ᠢᠨ ᠵᠢᠭᠤᠯᠴᠢᠯᠠᠯ᠂ ᠦᠪᠡᠷ᠎ᠢᠶᠠᠨ ᠮᠠᠱᠢᠨ ᠪᠠᠷᠢᠵᠤ ᠵᠢᠭᠤᠯᠴᠢᠯᠠᠬᠤ᠂ ᠪᠡᠶ᠎ᠡ᠎ᠪᠠᠨ ᠳᠠᠭᠠᠭᠠᠵᠤ ᠵᠢᠭᠤᠯᠴᠢᠯᠠᠬᠤ ᠵᠡᠷᠭᠡ᠎ᠨᠢ ᠲᠤᠰ ᠠᠮᠠᠷᠠᠯᠳᠠ᠎ᠶ᠋ᠢᠨ ᠬᠤᠭᠤᠴᠠᠭᠠᠨ᠎ᠤ ᠭᠤᠤᠯ ᠵᠢᠭᠤᠯᠴᠢᠯᠠᠬᠤ ᠬᠡᠯᠪᠡᠷᠢ ᠪᠤᠯᠵᠤ᠂ ᠦᠪᠡᠷ᠎ᠢᠶᠠᠨ ᠮᠠᠱᠢᠨ ᠪᠠᠷᠢᠵᠤ ᠵᠢᠭᠤᠯᠴᠢᠯᠠᠬᠤ᠎ᠨᠢ ᠪᠦᠬᠦ᠋ᠢᠯᠡ ᠵᠢᠭᠤᠯᠴᠢᠯᠠᠯ ᠬᠡᠯᠪᠡᠷᠢ᠎ᠶ᠋ᠢᠨ 47.8% ᠎ᠶ᠋ᠢ ᠡᠵᠡᠯᠡᠭ᠌ᠰᠡᠨ ᠪᠠᠢᠨ᠎ᠠ᠃ ᠡᠭᠦᠨ᠎ᠳᠤ ᠤᠷᠳᠤᠰ᠎ᠤᠨ ᠬᠡᠭᠡᠷ᠎ᠡ᠎ᠶ᠋ᠢᠨ ᠠᠮᠢᠳᠠᠨ᠎ᠤ ᠬᠦᠷᠢᠶᠡᠯᠡᠩ᠎ᠨᠢ ᠡᠳᠤᠷ᠎ᠲᠤ ᠳᠤᠮᠳᠠᠴᠢ᠎ᠪᠠᠷ 15000 ᠬᠦᠮᠦᠨ ᠤᠳᠠᠭ᠎ᠠ᠎ᠶ᠋ᠢ ᠬᠦᠯᠢᠶᠡᠨ ᠠᠪᠴᠤ᠌᠂ ᠬᠦᠬᠡᠬᠤᠳᠠ᠎ᠶ᠋ᠢᠨ ᠨᠠᠨ ᠬᠤ᠌ ᠴᠡᠴᠡᠷᠯᠢᠭ᠂ ᠦᠬᠠᠢ ᠨᠠᠭᠤᠷ᠂ ᠪᠤᠭᠤᠳᠦ᠎ᠶ᠋ᠢᠨ ᠨᠠᠨ ᠬᠠᠢ ᠴᠡᠴᠡᠷᠯᠢᠭ᠂ ᠳᠠᠯ᠎ᠠ ᠨᠤᠳᠤᠭ   ᠎ᠤᠨ ᠳᠤᠷᠭᠠᠨ ᠵᠠᠮ ᠦᠵᠡᠮᠵᠢ᠎ᠶ᠋ᠢᠨ ᠤᠷᠤᠨ᠂ ᠤᠷᠳᠤᠰ᠎ᠤᠨ ᠳᠠᠯ᠎ᠠ ᠨᠤᠳᠤᠭ ᠵᠡᠷᠭᠡ ᠦᠵᠡᠮᠵᠢ᠎ᠶ᠋ᠢᠨ ᠤᠷᠤᠨ᠎ᠤ ᠡᠳᠤᠷ᠎ᠲᠤ ᠲᠤᠮᠳᠠᠴᠢ᠎ᠪᠠᠷ ᠬᠦᠯᠢᠶᠡᠨ ᠠᠪᠬᠤ ᠵᠢᠭᠤᠯᠴᠢᠯᠠᠭ᠍ᠰᠠᠳ᠎ᠤᠨ ᠳᠤᠭ᠎ᠠ᠎ᠨᠢ 5000 ᠎ᠶ᠋ᠢ ᠳᠠᠪᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号