ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠥᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2020-06-10 10:32:56
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

     6 ᠰᠠᠷ᠎ᠠ᠎ᠶ᠋ᠢᠨ 1 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠨᠠᠮ᠎ᠤᠨ ᠤᠳᠤᠷᠢᠳᠭᠤ ᠭᠤᠤᠯ ᠳᠤᠭᠤᠢᠯᠠᠩ᠎ᠤᠨ (ᠥᠷᠭᠡᠳᠭᠡᠭ᠌ᠰᠡᠨ) ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
     ᠬᠤᠷᠠᠯ᠎ᠠᠴᠠ᠂ ᠪᠡᠶ᠎ᠠ᠎ᠶ᠋ᠢᠨ ᠲᠠᠮᠢᠷ᠎ᠤᠨ ᠡᠯ᠎ᠠ ᠬᠤᠯᠪᠤᠬ᠍ᠳᠠᠯ ᠪᠥᠬᠦᠢ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠠ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠢ ᠡᠵᠡᠮᠳᠡᠬᠦ᠌ ᠬᠡᠷᠡᠭ᠌ᠲᠡᠢ᠃ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶᠯᠡᠰ᠎ᠤᠨ ᠬᠥᠭ᠌ᠵᠢᠯᠲᠡ᠎ᠶ᠋ᠢᠨ ᠵᠥᠪ ᠰᠡᠳᠭᠢᠴᠡ ᠪᠣᠯᠤᠨ ᠪᠣᠳᠠᠲᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭ᠌ᠲᠡᠶ᠃ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠡᠯ᠎ᠠ ᠱᠠᠳᠤᠨ᠎ᠤ ᠪᠡᠶ᠎ᠠ᠎ᠶ᠋ᠢᠨ ᠲᠠᠮᠢᠷ᠎ᠤᠨ ᠲᠣᠪᠴᠢᠶᠠᠨ᠎ᠤ ᠱᠢᠰᠲ᠋ᠧᠮ᠎ᠳᠤ ᠲᠦᠷᠭᠡᠨ ᠪᠤᠢ ᠪᠤᠯᠭᠠᠬᠤ ᠬᠡᠷᠡᠭ᠌ᠲᠡᠢ᠃ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠤᠯᠭᠠᠨ ᠭᠦᠨᠵᠡᠭᠡᠶ ᠰᠤᠷᠤᠯᠴᠠᠨ ᠣᠢᠯᠠᠭᠠᠵᠤ᠂ ᠥᠷᠭᠡᠨ᠎ᠢᠶᠠᠷ ᠤᠬᠠᠭᠤᠯᠤᠨ ᠳᠠᠢᠴᠢᠯᠠᠵᠤ᠂ ᠰᠤᠷᠤᠭ᠍ᠰᠠᠨ᠎ᠢᠶᠠᠨ ᠬᠡᠷᠡᠭ᠌ᠯᠡᠬᠦ᠌᠎ᠶ᠋ᠢ ᠳᠣᠪᠤᠢᠯᠭᠠᠵᠤ᠂ ᠴᠢᠭ᠌ᠯᠡᠭᠦᠯᠬᠦ᠌ ᠴᠢᠨᠠᠷᠲᠠᠶ᠎ᠪᠠᠷ ᠰᠤᠷᠤᠯᠴᠠᠨ ᠤᠬᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠲᠥᠪ᠎ᠤᠨ ᠵᠣᠷᠢᠭ ᠰᠠᠨᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠱᠢᠰᠲ᠋ᠧᠮ᠎ᠳᠤ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠹᠷᠣᠨᠲ ᠳᠡᠭᠡᠷ᠎ᠡ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠵᠥ᠍᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠢᠯ᠎ᠢ ᠠᠮᠢᠵᠢᠷᠠᠯ᠎ᠤᠨ ᠬᠦᠴᠦᠨ᠎ᠢᠶᠠᠷ ᠨᠠᠩ ᠪᠢᠯᠬᠠᠮ᠎ᠠ ᠪᠣᠯᠭᠠᠬᠤ ᠭᠡᠷᠡᠭ᠌ᠳᠠᠢ ᠬᠡᠵᠦ᠍ ᠱᠠᠭᠠᠷᠳᠠᠵᠡᠢ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号