ᠯᠢ ᠭᠦᠸᠧ ᠴᠢᠨ᠄ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠦᠨᠳᠦᠰᠤᠨ ᠱᠠᠲᠤᠨ᠎ᠳᠤ ᠲᠠᠮᠵᠢᠭᠤᠯᠵᠤ ᠨᠤᠲᠤᠭ ᠤᠰᠤᠨ᠎ᠤ᠎ᠪᠠᠨ ᠬᠦᠭ᠌ᠵᠢᠯᠳᠡ᠎ᠳᠤ ᠬᠦᠴᠦᠨ ᠨᠡᠮᠡᠷᠢᠯᠡᠶ᠎ᠠ
2020-06-10 10:33:19
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

     6 ᠰᠠᠷ᠎ᠠ᠎ᠶ᠋ᠢᠨ 1 ᠎ᠤ ᠦᠳᠡ᠎ᠶ᠋ᠢᠨ ᠡᠮᠦᠨᠡᠬᠢ 9 ᠴᠠᠭ ᠬᠠᠭᠠᠰ᠎ᠲᠤ᠌᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠂ ᠲᠤᠯᠤᠨ ᠨᠤᠤᠷ ᠱᠢᠶᠠᠨ᠎ᠤ ᠼᠠᠢ ᠮᠦ᠍ ᠱᠠᠨ ᠱᠢᠶᠠᠩ᠎ᠤᠨ ᠲᠢᠶᠧ ᠭᠦᠡᠭ ᠫᠤᠤ ᠽᠢ ᠲᠤᠰᠭᠤᠨ᠎ᠤ ᠨᠠᠮ᠎ᠤᠨ ᠡᠭᠦᠷ᠎ᠤᠨ ᠱᠦᠵᠢ ᠯᠢ ᠭᠦᠸᠧ ᠴᠢᠨ ᠲᠤᠯᠤᠨ ᠨᠤᠤᠷ ᠪᠠᠯᠭᠠᠰᠤᠨ᠎ᠤ ᠯᠦᠡᠭ ᠽᠧ ᠬᠤ᠌ ᠨᠡᠢᠭᠡᠮ ᠲᠤᠭᠤᠷᠢᠭ᠎ᠤᠨ ᠠᠵᠢᠯᠯᠠᠭ᠎ᠠ᠎ᠶ᠋ᠢᠨ ᠲᠦᠪ᠎ᠲᠤ ᠢᠷᠡᠭᠡᠳ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠤᠯᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠦᠨᠳᠦᠰᠤᠨ ᠱᠠᠲᠤᠨ᠎ᠤ ᠤᠯᠠᠨ ᠲᠦᠮᠡᠨ᠎ᠳᠤ ᠲᠠᠮᠵᠢᠭᠤᠯᠵᠤ᠂ ᠬᠦᠮᠦᠰ᠎ᠤᠨ ᠵᠤᠷᠢᠭ᠎ᠢ ᠡᠷᠴᠢᠯᠡᠵᠦ᠍ ᠤᠷᠮ᠎ᠠ᠎ᠶ᠋ᠢ ᠬᠦᠭ᠌ᠵᠢᠭᠡᠭ᠌ᠰᠡᠨ ᠲᠦᠷᠦ᠎ᠶ᠋ᠢᠨ ᠪᠤᠳᠤᠯᠭ᠎ᠠ᠎ᠶ᠋ᠢ ᠦᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠲᠠᠭᠠᠨ ᠤᠬᠠᠭᠤᠯᠤᠨ ᠲᠠᠢᠯᠪᠤᠷᠢᠯᠠᠵᠤ ᠦᠭ᠌ᠭᠦᠯ᠎ᠡ᠃
     ᠯᠢ ᠭᠦᠸᠧ ᠴᠢᠡ᠄ 《ᠶᠡᠷᠦᠩᠬᠡᠢ ᠱᠦᠵᠢ ᠰᠢ᠎ᠶ᠋ᠢᠨ ᠫᠢᠡᠭ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ 〈ᠡᠷᠬᠡᠪᠰᠢ ᠠᠷᠠᠳ ᠲᠦᠮᠡᠨ᠎ᠢ ᠲᠡᠭᠡᠳᠦᠯᠡᠬᠦ᠂ ᠠᠷᠠᠳ ᠲᠦᠮᠡᠨ᠎ᠳᠤ ᠨᠢᠭ᠍ᠲᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ᠎ᠤ ᠲᠤᠮᠳᠠ ᠪᠠᠲᠤ ᠦᠨᠳᠦᠰᠤᠯᠡᠬᠦ᠌᠎ᠶ᠋ᠢ ᠡᠷᠬᠡᠪᠰᠢ ᠪᠠᠷᠢᠮᠳᠠᠯᠠᠬᠤ᠎ᠶ᠋ᠢᠨ ᠬᠠᠮᠳᠤ ᠡᠯ᠎ᠠ ᠵᠦᠢᠯ᠎ᠤᠨ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠳᠠ ᠪᠠ ᠪᠤᠳᠠᠳᠠᠢ ᠠᠵᠢᠯ ᠲᠤᠮᠳᠠ᠎ᠪᠠᠨ ᠨᠠᠢᠳᠠᠪᠤᠷᠢᠵᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠨᠢᠭᠡᠳᠦᠯᠲᠡᠢ ᠲᠦᠯᠦᠪᠵᠢᠭᠦᠯᠬᠦ᠌ ᠠᠵᠢᠯ᠎ᠢ ᠰᠠᠢᠲᠤᠷ ᠬᠢᠬᠦ᠌ ᠳᠤᠮᠳᠠ ᠨᠠᠢᠳᠠᠪᠤᠷᠢᠵᠢᠭᠤᠯᠬᠤ ᠬᠡᠷᠡᠭ᠌ᠲᠡᠢ〉 ᠬᠡᠵᠥ᠍ ᠴᠢᠬᠤᠯᠠᠴᠢᠯᠠᠪᠠ᠃ ᠪᠢ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠂ ᠦᠨᠳᠦᠰᠤᠨ ᠱᠠᠲᠤᠨ᠎ᠤ ᠠᠵᠢᠯᠳᠠᠨ ᠪᠤᠯᠤᠭ᠍ᠰᠠᠨ᠎ᠤ ᠬᠤᠪᠢ᠎ᠳᠤ ᠲᠠ ᠤᠯᠠᠨ᠎ᠳᠠᠭᠠᠨ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠤᠯᠠᠮᠵᠢᠯᠠᠨ ᠲᠠᠮᠵᠢᠭᠤᠯᠵᠤ ᠪᠠᠢᠬᠤ᠎ᠳᠠᠭᠠᠨ ᠲᠦᠢᠯ᠎ᠤᠨ ᠤᠮᠤᠭ᠍ᠰᠢᠯᠲᠠᠢ ᠪᠠᠢᠨ᠎ᠠ᠂ ᠢᠷᠡᠭᠡᠳᠦᠢ᠎ᠳᠤ ᠪᠢᠳᠡ ᠪᠦᠬᠦᠳᠡᠭᠡᠷ ᠡᠷᠴᠢ ᠵᠤᠷᠢᠭ᠎ᠢᠶᠠᠨ ᠬᠦᠪᠴᠢᠯᠡᠨ᠂ ᠬᠦᠴᠦᠨ ᠴᠢᠳᠠᠯ᠎ᠢᠶᠠᠨ ᠨᠢᠭᠡᠳᠭᠡᠵᠤ᠂ ᠴᠢᠨᠡᠭᠡᠯᠢᠭ ᠨᠡᠢᠭᠡᠮ᠎ᠳᠤ ᠤᠷᠤᠭ᠍ᠰᠢᠯᠠᠨ ᠲᠠᠪᠱᠢᠵᠠᠭᠠᠶ᠎ᠠ》 ᠬᠡᠵᠥ᠍ ᠤᠬᠠᠭᠤᠯᠤᠨ ᠲᠠᠢᠯᠪᠤᠷᠢᠯᠠᠪᠠ᠃
     ᠲᠤᠬᠠᠢ᠎ᠶ᠋ᠢᠨ ᠲᠠᠯᠠᠪᠠᠢ᠎ᠳᠠᠬᠢ ᠺᠠᠳ᠋ᠷ ᠤᠯᠠᠨ ᠲᠦᠮᠡᠨ ᠯᠢ ᠭᠦᠸᠧ ᠴᠢᠨ ᠲᠦᠯᠦᠭᠡᠯᠡᠭ᠌ᠴᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠭᠠᠳ ᠮᠠᠰᠢ ᠤᠷᠮᠠᠱᠢᠨ ᠵᠤᠷᠢᠭ᠍ᠵᠢᠨ᠎ᠠ᠃ ᠨᠡᠢᠭᠡᠮ ᠲᠤᠭᠤᠷᠢᠭ᠎ᠤᠨ ᠨᠠᠮ᠎ᠤᠨ ᠭᠡᠱᠢᠭᠦᠳ᠂ ᠬᠤᠢᠱᠢᠳᠠ ᠪᠦᠬᠦ᠌ ᠬᠦᠴᠦ᠎ᠪᠠᠷ᠎ᠢᠶᠠᠨ ᠴᠢᠷᠮᠠᠢᠨ ᠠᠵᠢᠯᠯᠠᠵᠤ᠂ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠠᠵᠢᠯ ᠠᠮᠢᠳᠤᠷᠠᠯ᠎ᠳᠠᠭᠠᠨ ᠦᠢᠯᠡᠳᠦᠯᠭᠡᠵᠢᠭᠦᠯᠤᠠ ᠦᠪᠡᠷᠰᠡᠳ᠎ᠤᠨ ᠲᠤᠬᠠᠢᠯᠠᠭ᠍ᠰᠠᠨ ᠠᠵᠢᠯ᠎ᠤᠨ ᠪᠠᠢᠷᠢᠨ ᠲᠡᠭᠡᠷ᠎ᠡ᠎ᠪᠠᠨ ᠱᠢᠨ᠎ᠡ ᠠᠮᠵᠢᠯᠳᠠ ᠭᠠᠷᠭᠠᠨ᠎ᠠ ᠭᠡᠵᠦ᠍ ᠵᠤᠷᠢᠭ᠎ᠢᠶᠠᠨ ᠢᠯᠡᠷᠬᠡᠢᠯᠡᠵᠡᠭᠡᠨ᠎ᠡ᠃
     ᠲᠤᠯᠤᠨ ᠨᠤᠤᠷ ᠪᠠᠯᠭᠠᠰᠤᠨ᠎ᠤ ᠯᠦᠡᠭ ᠽᠧ ᠬᠤ᠌ ᠨᠡᠢᠭᠡᠮ ᠲᠤᠭᠤᠷᠢᠭ᠎ᠤᠨ ᠠᠬᠠᠮᠠᠳ ᠨᠠᠮ᠎ᠤᠨ ᠭᠡᠱᠢᠭᠦᠨ ᠵᠠᠩ ᠵᠢᠩ ᠬᠤᠢ᠄ 《ᠶᠡᠷᠦᠩᠬᠡᠢ ᠱᠦᠵᠢ ᠰᠢ᠎ᠶ᠋ᠢᠨ ᠫᠢᠡᠭ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠢ ᠲᠠᠭᠠᠭᠤᠯᠤᠨ ᠲᠠᠢᠴᠢᠯᠠᠵᠤ᠂ ᠱᠢᠨ᠎ᠡ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍᠂ ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠤ ᠡᠷᠡᠭᠦᠯ ᠮᠡᠨᠳᠤ᠎ᠶ᠋ᠢ ᠳᠡᠭᠡᠳᠦᠯᠡᠬᠦ᠌ ᠦᠵᠡᠯ ᠰᠠᠨᠠᠭ᠎ᠠ᠎ᠶ᠋ᠢ ᠢᠯᠡᠷᠡᠭᠦᠯᠦᠯ᠎ᠡ᠃ ᠦᠨᠦᠳᠦᠷ ᠪᠢ ᠯᠢ ᠭᠦᠸᠧ ᠴᠢᠨ ᠲᠦᠯᠦᠭᠡᠯᠡᠭ᠌ᠴᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠭᠠᠳ ᠦᠪᠡᠷ᠎ᠤᠨ ᠪᠡᠶ᠎ᠡ᠎ᠪᠠᠷ᠎ᠢᠶᠠᠨ ᠬᠤᠶᠠᠷ ᠬᠤᠷᠠᠯ᠎ᠤᠨ ᠲᠤᠬᠠᠢ᠎ᠶ᠋ᠢᠨ ᠲᠠᠯᠠᠪᠠᠢ᠎ᠳᠤ ᠬᠦᠷᠦᠭ᠌ᠰᠡᠨ ᠱᠢᠭ ᠰᠠᠨᠠᠭ᠍ᠳᠠᠵᠤ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠡᠳᠭᠢᠯ ᠵᠢᠷᠦᠭᠡᠨ᠎ᠳᠡᠭᠡᠨ ᠪᠠᠳᠤ ᠴᠡᠭᠡᠵᠢᠯᠡᠨ ᠲᠤᠭ᠍ᠳᠠᠭᠠᠵᠤ ᠠᠪᠤᠯ᠎ᠠ᠃ ᠬᠤᠢᠱᠢᠳᠠ ᠠᠷᠠᠳ ᠲᠦᠮᠡᠨ᠎ᠤ ᠠᠮᠢᠳᠤᠷᠠᠯ ᠡᠳᠦᠷ᠎ᠠᠴᠠ ᠡᠳᠦᠷ ᠦᠭᠡᠳᠡᠯᠡᠨ ᠲᠠᠪᠱᠢᠵᠤ᠂ ᠨᠡᠩ ᠵᠤᠯ ᠵᠢᠷᠭᠠᠯᠳᠠᠢ ᠪᠤᠯᠤᠨ᠎ᠠ ᠭᠡᠳᠡᠭ᠎ᠲᠤ ᠪᠠᠳᠤ ᠢᠳᠡᠭᠡᠵᠦ᠍ ᠪᠠᠢᠨ᠎ᠠ》 ᠬᠡᠵᠥ᠍ ᠰᠡᠳᠭᠢᠯ ᠲᠤᠭ᠍ᠳᠤᠯᠤᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号