ᠬᠦᠳᠡᠭᠡ ᠳᠤᠰᠭᠤᠨ᠎ᠤ ᠬᠦᠭ᠌ᠵᠢᠯᠳᠡ᠎ᠶ᠋ᠢᠨ ᠬᠦᠴᠦᠲᠦ ᠵᠢᠭᠦᠷ
2020-06-10 11:06:52
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

    ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ ᠴᠢᠳᠠᠪᠤᠷᠢᠳᠠᠨ᠎ᠢ ᠬᠦᠳᠡᠭᠡ ᠳᠤᠰᠭᠤᠨ᠎ᠳᠤ ᠪᠠᠭᠤᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠡ᠎ᠶ᠋ᠢ ᠡᠬᠦᠳᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠦᠷ᠎ᠠ ᠪᠦᠳᠦᠬᠡᠯ᠎ᠢ ᠬᠤᠪᠢᠷᠠᠭᠤᠯᠬᠤ᠎ᠳᠤ ᠬᠦᠴᠦᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠳᠠᠪᠱᠢᠯᠳᠠ ᠪᠠ ᠱᠢᠨ᠎ᠡ᠎ᠶ᠋ᠢ ᠡᠬᠦᠳᠬᠦ᠌᠎ᠨᠢ ᠮᠠᠯ ᠠᠵᠤ ᠠᠬᠤᠢ ᠳᠠᠷᠢᠶᠠᠯᠠᠩ᠎ᠤᠨ ᠤᠳᠤᠬᠢᠴᠢᠯᠠᠯᠳᠠ᠎ᠶ᠋ᠢ ᠪᠡᠶᠡᠯᠡᠬᠦᠯᠬᠦ᠂ ᠬᠦᠳᠡᠭᠡ ᠳᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠳᠤ ᠴᠢᠬᠤᠯᠠ ᠳᠤᠯᠭᠠᠭᠤᠷᠢ ᠬᠦᠴᠦᠨ ᠪᠤᠯᠳᠠᠭ᠃
    ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢ ᠬᠦᠳᠡᠭᠡ᠎ᠳᠤ ᠪᠠᠭᠤᠯᠭᠠᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠨᠴᠠ ᠲᠤᠮᠢᠯᠠᠬ᠍ᠳᠠᠬ᠍ᠴᠢ᠎ᠨᠢ ᠬᠦᠳᠡᠭᠡ ᠳᠤᠰᠭᠤᠨ᠎ᠳᠤ ᠦᠢᠯᠡᠴᠢᠯᠡᠬᠦ᠂ ᠬᠦᠳᠡᠭᠡ ᠳᠤᠰᠭᠤᠨ᠎ᠤ ᠬᠦᠭ᠌ᠵᠢᠯᠳᠡ᠎ᠶ᠋ᠢᠨ ᠳᠤᠳᠤᠭᠠᠳᠤ ᠠᠮᠢᠵᠢᠷᠠᠯ᠎ᠤᠨ ᠬᠦᠴᠦᠨ ᠪᠤᠯᠵᠤ ᠪᠤᠢ᠃ ᠳᠡᠳᠡ ᠮᠠᠯ ᠠᠵᠤ ᠠᠬᠤᠢ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠳᠡᠯᠬᠡᠷᠡᠬᠦᠯᠦᠭ᠌ᠴᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠦᠨ ᠦᠢᠯᠡᠰ ᠪᠤᠰᠭᠠᠬᠤ ᠬᠤᠱᠢᠭᠤᠴᠢ᠂ ᠬᠦᠳᠡᠭᠡ ᠲᠤᠰᠭᠤᠨ᠎ᠤ ᠶᠠᠳᠠᠭᠤ᠎ᠠᠴᠠ ᠠᠩᠬᠢᠵᠢᠷᠠᠨ ᠪᠠᠶᠠᠵᠢᠨ ᠴᠢᠨᠡᠭᠡᠯᠢᠭ᠌ᠵᠢᠬᠦ᠌᠎ᠶ᠋ᠢᠨ ᠳᠠᠭᠠᠭᠤᠯᠤᠬ᠍ᠴᠢ ᠪᠤᠯᠵᠤ᠂ ᠮᠠᠯᠴᠢᠨ ᠳᠠᠷᠢᠶᠠᠴᠢᠨ᠎ᠤ ᠠᠵᠤ ᠠᠬᠤᠢ᠎ᠶ᠋ᠢᠨ ᠤᠷᠤᠯᠭ᠎ᠠ᠎ᠶ᠋ᠢ ᠨᠡᠮᠡᠭ᠌ᠳᠡᠬᠦᠯᠬᠦ᠌᠎ᠶ᠋ᠢᠨ ᠬᠠᠮᠳᠤ ᠳᠡᠳᠡᠨ᠎ᠤ ᠪᠠᠶᠠᠵᠢᠨ ᠴᠢᠨᠡᠬᠡᠯᠢᠭ᠌ᠵᠢᠬᠦ᠌ ᠳᠤᠳᠤᠭᠠᠳᠤ᠎ᠶ᠋ᠢᠨ ᠠᠮᠢᠵᠢᠷᠠᠯ᠎ᠤᠨ ᠬᠦᠴᠦᠨ᠎ᠢ ᠬᠦᠭ᠌ᠵᠢᠬᠡᠵᠦ᠍ ᠪᠠᠢᠳᠠᠭ᠃ ᠮᠠᠨ᠎ᠤ ᠤᠷᠤᠨ᠎ᠢᠶᠠᠷ ᠵᠢᠱ᠌ᠢᠶᠡᠯᠡᠬᠦ᠌᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ᠎ᠶ᠋ᠢᠨ ᠬᠦᠳᠡᠭᠡ ᠳᠤᠰᠭᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠡ᠎ᠶ᠋ᠢ ᠡᠬᠦᠳᠬᠦ᠌᠎ᠶ᠋ᠢᠨ ᠳᠤᠳᠤᠭᠠᠳᠤ ᠠᠭᠤᠯᠬᠤᠨ᠎ᠢ ᠳᠠᠰᠤᠷᠠᠯᠳᠠ ᠦᠬᠡᠢ ᠪᠠᠶᠠᠯᠢᠭ᠍ᠵᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ》 + ᠲᠠᠭᠠᠭᠤᠯᠤᠭ᠍ᠴᠢ ᠠᠵᠤ ᠠᠬᠤᠢ᠍ᠢᠯᠠᠯ + ᠳᠠᠷᠢᠶᠠᠴᠢᠨ ᠡᠷᠦᠬᠡ᠎ᠶ᠋ᠢᠨ ᠦᠢᠯᠡᠰ ᠪᠤᠰᠭᠠᠬᠤ ᠵᠠᠭ᠍ᠪᠤᠷ᠎ᠢᠶᠠᠷ ᠮᠠᠯᠴᠢᠨ ᠳᠠᠷᠢᠶᠠᠴᠢᠨ ᠪᠠ ᠮᠠᠯ ᠠᠵᠤ ᠠᠬᠤᠢ ᠳᠠᠷᠢᠶᠠᠯᠠᠩ ᠦᠢᠯᠡᠳᠪᠦᠷᠢᠯᠡᠯ᠎ᠳᠤ ᠱᠢᠷᠢᠰ ᠦᠢᠯᠡᠴᠢᠯᠡᠭᠡ ᠬᠠᠩᠭᠠᠵᠤ᠂ ᠦᠪᠡᠷ᠎ᠤᠨ ᠠᠵᠤ ᠠᠬᠤᠢ᠎ᠶ᠋ᠢᠨ ᠠᠵᠢᠯᠯᠠᠭ᠎ᠠ᠎ᠪᠠᠷ᠎ᠢᠶᠠᠨ ᠳᠠᠷᠢᠶᠠᠯᠠᠩ ᠦᠢᠯᠡᠳᠪᠦᠷᠢᠯᠡᠯ᠎ᠢ ᠬᠦᠳᠦᠯᠦᠨ ᠵᠢᠯᠤᠭᠤᠳᠴᠤ᠌ ᠪᠠᠢᠳᠠᠭ᠃ ᠪᠠᠰᠠ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ + ᠬᠦᠷᠢᠶᠡᠯᠡᠩ ᠳᠤᠭᠤᠷᠢᠭ (ᠰᠠᠭᠤᠷᠢᠨ ᠭᠠᠵᠠᠷ) + ᠳᠠᠷᠢᠶᠠᠴᠢᠨ ᠡᠷᠦᠬᠡ᠎ᠶ᠋ᠢᠨ ᠦᠢᠯᠡᠰ ᠪᠤᠰᠭᠠᠬᠤ᠂ ᠱᠢᠨ᠎ᠡ ᠮᠠᠶᠢᠭ᠎ᠤᠨ ᠤᠷᠤᠨ ᠨᠤᠳᠤᠭ᠎ᠤᠨ ᠴᠢᠳᠠᠪᠤᠷᠢᠳᠠᠨ᠎ᠤ ᠦᠢᠯᠡᠰ ᠪᠤᠰᠭᠠᠬᠤ᠎ᠶ᠋ᠢ ᠳᠡᠳᠬᠦᠬᠦ᠌᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ᠎ᠨᠢ ᠱᠢᠨ᠎ᠠ ᠴᠠᠭ ᠦᠶ᠎ᠠ᠎ᠶ᠋ᠢᠨ ᠬᠦᠳᠡᠭᠡ ᠳᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢᠨ ᠬᠤᠱᠢᠭᠤᠴᠢ ᠴᠡᠷᠢᠭ ᠪᠤᠯᠵᠤ ᠬᠤᠱᠢᠭᠤᠷᠠᠨ᠎ᠠ᠃
    ᠤᠳᠤᠨ ᠡᠬᠦᠳᠦᠯᠳᠡ᠎ᠶ᠋ᠢᠨ ᠭᠠᠵᠠᠷ᠎ᠢ ᠬᠦᠳᠡᠭᠡ ᠳᠤᠰᠭᠤᠨ᠎ᠳᠤ ᠱᠢᠨ᠎ᠡ᠎ᠶ᠋ᠢ ᠡᠬᠦᠳᠬᠦ᠌ ᠱᠠᠭᠠᠷᠳᠠᠯᠭ᠎ᠠ᠎ᠪᠠᠷ ᠪᠠᠢᠭᠤᠯᠤᠭ᠍ᠰᠠᠨ ᠪᠤᠯ ᠦᠨᠦ᠍ ᠱᠢᠨ᠎ᠡ᠎ᠶ᠋ᠢ ᠡᠬᠦᠳᠬᠦ᠌ ᠡᠬᠢ ᠪᠠᠶᠠᠯᠢᠭ ᠪᠠ ᠦᠢᠯᠡᠰ ᠪᠤᠰᠭᠠᠬᠤ ᠡᠯᠧᠮᠧᠨ᠋ᠲ᠎ᠢ ᠲᠦᠪᠯᠡᠷᠡᠬᠦᠯᠬᠦ᠂ ᠳᠠᠷᠢᠶᠠᠯᠠᠩ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠂ ᠶᠠᠳᠠᠭᠤ᠎ᠠᠴᠠ ᠠᠩᠬᠢᠵᠢᠷᠠᠭᠤᠯᠤᠨ ᠪᠤᠭᠤᠮᠳᠠ ᠱᠢᠪᠳᠤᠯᠬᠤ᠎ᠳᠤ ᠬᠦᠴᠦᠨ ᠨᠡᠮᠡᠷᠢᠯᠡᠵᠦ᠍᠂ ᠬᠦᠳᠡᠭᠡ ᠳᠤᠰᠭᠤᠨ᠎ᠤ ᠱᠢᠨ᠎ᠡ᠎ᠶ᠋ᠢ ᠡᠬᠦᠳᠴᠦ᠍ ᠦᠢᠯᠡᠰ ᠪᠤᠰᠭᠠᠬᠤ ᠵᠢᠱ᠌ᠢᠶ᠎ᠠ ᠦᠵᠡᠬᠦᠯᠬᠦ᠌ ᠭᠠᠵᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠦᠷ᠎ᠠ ᠪᠦᠳᠦᠬᠡᠯ᠎ᠢ ᠬᠤᠪᠢᠷᠠᠭᠤᠯᠬᠤ ᠪᠦᠳᠦᠮᠵᠢᠳᠡᠢ ᠳᠠᠪᠴᠠᠩ ᠪᠤᠯᠵᠤ᠂ ᠳᠠᠷᠢᠶᠠᠯᠠᠩ᠎ᠤᠨ ᠳᠡᠬᠡᠳᠤ ᠱᠢᠨ᠎ᠡ ᠮᠡᠷᠬᠡᠵᠢᠯ᠎ᠤᠨ ᠠᠵᠤ ᠠᠬᠤᠢ᠍ᠢᠯᠠᠯ᠎ᠢ ᠨᠡᠪᠴᠢᠬᠦᠯᠬᠦ᠂ ᠴᠢᠳᠠᠪᠤᠷᠢᠳᠠᠨ᠎ᠢ ᠲᠦᠪᠯᠡᠷᠡᠬᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ ᠪᠤᠶᠤ ᠤᠶᠤᠳᠠᠳ᠎ᠢ ᠬᠦᠳᠡᠭᠡ ᠳᠤᠰᠭᠤᠨ᠎ᠳᠤ ᠳᠠᠳᠠᠨ ᠠᠪᠴᠢᠷᠠᠬᠤ᠂ ᠱᠢᠨ᠎ᠡ ᠬᠡᠯᠪᠡᠷᠢ᠎ᠶ᠋ᠢᠨ ᠳᠤᠰᠭᠠᠢ ᠳᠠᠷᠢᠶᠠᠴᠢᠨ᠎ᠢ ᠬᠦᠮᠦᠵᠢᠬᠦᠯᠬᠦ᠌᠎ᠳᠤ ᠴᠢᠬᠤᠯᠠ ᠦᠢᠯᠡᠳᠦᠯ᠎ᠢᠶᠠᠨ ᠪᠠᠳᠠᠷᠠᠭᠤᠯᠵᠤ ᠪᠠᠢᠨ᠎ᠠ᠃ ᠮᠠᠨ᠎ᠤ ᠤᠷᠤᠨ ᠤᠳᠤᠨ ᠡᠬᠦᠳᠦᠯᠳᠡ᠎ᠶ᠋ᠢᠨ ᠭᠠᠵᠠᠷ᠎ᠤᠨ ᠪᠠᠢᠭᠤᠯᠤᠯᠳᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠠ᠎ᠶ᠋ᠢᠨ ᠱᠢᠨ᠎ᠡ᠎ᠶ᠋ᠢ ᠡᠬᠦᠳᠬᠦ᠌᠎ᠪᠠᠷ ᠬᠦᠳᠡᠯᠬᠡᠬᠦᠷ ᠪᠤᠯᠭᠠᠨ ᠬᠦᠭ᠌ᠵᠢᠬᠦ᠌᠎ᠶ᠋ᠢᠨ ᠱᠢᠨ᠎ᠡ ᠠᠴᠢᠶᠠᠯᠠᠭ᠍ᠴᠢ᠂ ᠬᠦᠳᠡᠭᠡ ᠳᠤᠰᠭᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠡ᠎ᠶ᠋ᠢ ᠡᠬᠦᠳᠬᠦ᠌ ᠳᠠᠪᠴᠠᠩ᠂ ᠶᠠᠳᠠᠭᠤ᠎ᠠᠴᠠ ᠠᠩᠬᠢᠵᠢᠷᠠᠭᠤᠯᠤᠨ ᠪᠤᠭᠤᠮᠳᠠ ᠱᠢᠪᠳᠤᠯᠬᠤ ᠳᠠᠢᠯᠠᠯᠳᠤᠭᠠᠨ᠎ᠤ ᠱᠢᠨ᠎ᠡ ᠠᠷᠭ᠎ᠠ ᠪᠠᠷᠢᠯ ᠪᠤᠯᠭᠠᠵᠤ ᠪᠤᠢ᠃
    ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠤᠨᠴᠠ ᠳᠤᠮᠢᠯᠠᠭ᠍ᠳᠠᠭ᠍ᠴᠢ᠂ ᠤᠳᠤᠨ ᠡᠬᠦᠳᠦᠯᠳᠡ᠎ᠶ᠋ᠢᠨ ᠭᠠᠵᠠᠷ᠎ᠤᠨ ᠪᠠᠢᠭᠤᠯᠤᠯᠳᠠ᠂ 《ᠭᠤᠷᠪᠠᠨ ᠤᠷᠤᠨ》 ᠎ᠳᠤ ᠦᠢᠯᠡᠴᠢᠯᠡᠬᠦ᠌ ᠮᠡᠷᠬᠡᠵᠢᠯ᠎ᠤᠨ ᠴᠢᠳᠠᠪᠤᠷᠢᠳᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠴᠢᠳᠠᠪᠤᠷᠢᠳᠠᠨ᠎ᠤ ᠪᠤᠯᠪᠠᠰᠤᠷᠠᠯ᠎ᠢᠶᠠᠷ ᠤᠷᠤᠨ ᠨᠤᠳᠤᠭ᠎ᠤᠨ ᠭᠤᠤᠯᠯᠠᠭ᠍ᠴᠢ ᠴᠢᠳᠠᠪᠤᠷᠢᠳᠠᠨ᠎ᠢ ᠬᠦᠮᠦᠵᠢᠬᠦᠯᠬᠦ᠂ 《12396》 ᠦᠢᠯᠡᠴᠢᠯᠡᠭᠡ ᠮᠡᠳᠤ᠎ᠶ᠋ᠢᠨ ᠠᠯᠢ ᠤᠯᠠᠨ ᠬᠢᠳᠡᠯ ᠠᠷᠭ᠎ᠠ ᠪᠠᠷᠢᠯ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢ ᠮᠠᠯᠴᠢᠨ ᠳᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠳᠤ ᠬᠦᠷᠬᠡᠨ ᠦᠢᠯᠡᠴᠢᠯᠡᠬᠦᠯᠵᠦ᠍᠂ ᠱᠢᠨ᠎ᠡ ᠬᠦᠳᠡᠭᠡ᠎ᠶ᠋ᠢᠨ ᠬᠦᠭ᠌ᠵᠢᠯᠳᠡ᠎ᠳᠤ ᠳᠤᠯᠭᠠᠭᠤᠷᠢ ᠬᠦᠴᠦᠨ ᠪᠤᠯᠭᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号