ᠪᠦᠬᠦ᠌ ᠣᠷᠣᠨ᠎ᠤ ᠠᠬᠠᠮᠠᠳ ᠺᠠᠳ᠋ᠷᠴᠤᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢᠨ ᠵᠤᠷᠢᠭ ᠰᠠᠨᠠᠭᠠᠨ᠎ᠤ ᠲᠤᠭᠤᠷᠢᠨ᠎ᠳᠤ ᠶᠠᠷᠢᠯᠴᠠᠭ᠎ᠠ ᠦᠷᠨᠢᠬᠦᠯᠪᠠ
2020-06-10 10:32:48
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

     ᠰᠤᠷᠪᠤᠯᠵᠢᠯᠠᠬ᠍ᠴᠢ ᠦᠪᠡᠷᠲᠡᠭᠡᠨ ᠵᠠᠰᠭᠠᠤ ᠤᠷᠤᠨ᠎ᠤ ᠨᠠᠮ᠎ᠤᠨ ᠬᠤᠷᠢᠶᠠᠨ᠎ᠤ ᠠᠬᠠᠮᠠᠳ ᠺᠠᠳ᠋ᠷ᠎ᠤᠨ ᠲᠤᠪᠴᠢᠶ᠎ᠠ᠎ᠠᠴᠠ ᠤᠢ᠍ᠢᠯᠠᠭᠠᠬ᠍ᠰᠠᠨ᠎ᠢᠶᠠᠷ᠂ ᠬᠡᠳᠦᠨ ᠡᠳᠦᠷ᠎ᠤᠨ ᠲᠤᠷᠰᠢ᠂ ᠪᠦᠬᠦ᠌ ᠣᠷᠣᠨ᠎ᠤ ᠡᠯ᠎ᠡ ᠱᠠᠲᠤᠨ᠎ᠤ ᠠᠬᠠᠮᠠᠳ ᠺᠠᠳ᠋ᠷ᠎ᠤᠨ ᠠᠵᠢᠯ᠎ᠤᠨ ᠰᠠᠯᠠᠭ᠎ᠠ ᠮᠥᠴᠢᠷ᠎ᠤᠨ᠎ᠬᠢᠨ ᠠᠵᠢᠯ᠎ᠠᠴᠠ᠎ᠪᠠᠨ ᠲᠠᠷᠬᠠᠯᠠᠬ᠍ᠲᠠᠭ᠍ᠰᠠᠨ ᠪᠠ ᠠᠵᠢᠯ᠎ᠠᠴᠠ᠎ᠪᠠᠨ ᠠᠮᠠᠷᠠᠬ᠍ᠰᠠᠨ ᠺᠠᠳ᠋ᠷᠴᠤᠳ᠎ᠢ ᠵᠣᠬᠢᠶᠠᠨ ᠪᠠᠢᠭᠤᠯᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠰᠣᠨᠢᠨ ᠮᠡᠳᠡᠭᠡ᠎ᠶ᠋ᠢ ᠬᠦᠯᠢᠶᠡᠨ ᠠᠪᠴᠤ᠌ ᠰᠤᠨᠤᠰᠤᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠤᠷᠢᠨ᠎ᠳᠤ ᠬᠠᠯᠠᠭᠤᠨ ᠶᠠᠷᠢᠯᠴᠠᠭ᠎ᠠ ᠥᠷᠨᠢᠭᠦᠯᠪᠡ᠃
     ᠠᠬᠠᠮᠠᠳ ᠺᠠᠳ᠋ᠷᠴᠤᠳ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠤᠷᠢᠳ ᠬᠤᠵᠢᠳ 3 ᠤᠳᠠᠭ᠎ᠠ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ᠂ ᠨᠢᠳᠤᠨᠤᠨ ᠪᠠᠰᠠ ᠲᠤᠰᠭᠠᠢᠯᠠᠨ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬ᠍ᠰᠠᠨ᠎ᠨᠢ ᠨᠠᠮ᠎ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ᠎ᠶ᠋ᠢᠨ ᠦᠨᠳᠦᠰᠦᠲᠡᠨ᠎ᠤ ᠬᠢᠯᠢ ᠬᠢᠵᠠᠭᠠᠷ ᠣᠷᠣᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠣᠨᠴᠠᠭᠠᠶ ᠬᠠᠯᠠᠮᠵᠢᠯᠠᠵᠤ ᠪᠠᠢᠬᠤ᠎ᠶ᠋ᠢ ᠭᠦᠶᠴᠡᠳ ᠢᠯᠡᠷᠡᠭᠦᠯᠵᠦ᠍᠂ ᠮᠠᠰᠢ ᠳᠤᠯᠠᠭᠠᠬᠠᠨ ᠰᠠᠨᠠᠭ᠍ᠳᠠᠵᠤ᠂ ᠮᠠᠰᠢ ᠶᠡᠭᠡ ᠵᠣᠷᠢᠭ᠍ᠵᠢᠭᠤᠯᠤᠯ ᠪᠣᠯᠪᠠ ᠬᠡᠵᠡᠭᠡᠪᠠ᠃ ᠣᠯᠠᠨ᠎ᠢᠶᠠᠷ᠎ᠢᠶᠠᠨ᠂ ᠶᠡᠷᠦᠩᠬᠡᠶ ᠱᠦᠵᠢ᠎ᠶ᠋ᠢᠨ ᠴᠢᠬᠤᠯᠠ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠵᠢᠯ᠎ᠤᠨ ᠪᠠᠢᠷᠢ᠎ᠠᠴᠠ᠎ᠪᠠᠨ ᠰᠠᠯᠪᠠᠴᠤ᠌ ᠨᠠᠮ᠎ᠠᠴᠠ ᠰᠠᠯᠬᠤ ᠦᠭᠡᠶ᠂ ᠠᠵᠢᠯ᠎ᠠᠴᠠ᠎ᠪᠠᠨ ᠪᠠᠭᠤᠪᠠᠴᠤ᠌ ᠬᠤᠪᠢ ᠨᠡᠮᠡᠷᠢ᠎ᠪᠠᠨ ᠦᠵᠡᠭᠦᠯᠵᠦ᠍᠂ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠵᠤᠪᠠᠨᠢᠯ᠎ᠢ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠬᠤᠪᠢᠶᠠᠨ ᠡᠭᠦᠷᠭᠡᠯᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠬᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠦᠷᠭᠦᠯᠵᠢᠯᠡᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠬᠡᠵᠦ᠍ ᠢᠯᠡᠷᠬᠡᠢᠯᠡᠵᠡᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号