ᠮᠠᠨ᠎ᠤ ᠤᠷᠤᠨ᠎ᠤ 3 ᠬᠦᠮᠦᠨ 《2020 ᠤᠨ᠎ᠤ ᠬᠠᠮᠤᠭ᠎ᠤᠨ ᠭᠤᠶᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠵᠠᠭᠤᠨ ᠰᠠᠢᠨ ᠲᠤᠷᠠᠴᠤᠳ》 ᠎ᠤᠨ ᠨᠡᠷᠡᠰ᠎ᠲᠤ ᠲᠤᠲᠤᠷᠠᠪᠠ
2020-06-15 10:57:43
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

     ᠤᠢ᠍ᠢᠷ᠎ᠠ᠎ᠳᠤ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠠᠴᠠ 《2020 ᠤᠨ᠎ᠤ ᠬᠠᠮᠤᠭ᠎ᠤᠨ ᠭᠤᠶᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠵᠠᠭᠤᠨ ᠰᠠᠢᠨ ᠲᠤᠷᠠᠴᠤᠳ》 ᠎ᠤᠨ ᠨᠡᠷᠡᠰ᠎ᠢ ᠨᠡᠢᠲᠡᠯᠡᠵᠦ᠍᠂ ᠮᠠᠨ᠎ᠤ ᠤᠷᠤᠨ᠎ᠤ ᠭᠤᠷᠪᠠᠨ ᠬᠦᠮᠦᠨ ᠲᠤᠰ ᠨᠡᠷᠡᠰ᠎ᠲᠤ ᠲᠤᠲᠤᠷᠠᠪᠠ᠃
     ᠤᠢ᠍ᠢᠯᠠᠭᠠᠬ᠍ᠰᠠᠨ᠎ᠢᠶᠠᠷ᠂ 2020 ᠤᠨ᠎ᠤ 3 ᠰᠠᠷ᠎ᠠ᠎ᠳᠤ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠂ ᠲᠥᠪ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ ᠬᠠᠮᠲᠤᠷᠠᠨ 2020 ᠣᠨ᠎ᠤ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠂ ᠪᠢ ᠪᠣᠯ ᠦᠢᠯᠡᠲᠦᠯᠭᠡᠵᠢᠭᠦᠯᠦᠭ᠌ᠴᠢ》 ᠭᠡᠬᠦ᠌ ᠭᠤᠣᠯ ᠰᠡᠳᠦᠪᠲᠦ ᠱᠢᠷᠢᠰ ᠠᠵᠢᠯᠯᠠᠭ᠎ᠠ ᠥᠷᠨᠢᠭᠦᠯᠪᠡ᠃ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠂ ᠪᠢ ᠪᠣᠯ ᠦᠢᠯᠡᠲᠦᠯᠭᠡᠵᠢᠭᠦᠯᠦᠭ᠌ᠴᠢ》 ᠭᠤᠣᠯ ᠰᠡᠳᠦᠪᠲᠦ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠨᠡᠩ ᠭᠦᠨᠵᠡᠭᠡᠶ ᠦᠷᠨᠢᠭᠦᠯᠬᠦ᠌᠎ᠶ᠋ᠢᠨ ᠲᠦᠯᠦᠭᠡ᠂ ᠰᠦᠯᠵᠢᠶᠡᠨ ᠲᠡᠭᠡᠷ᠎ᠡ ᠪᠢᠯᠧᠲ ᠥᠭ᠌ᠭᠦ ᠪᠠ ᠲᠤᠰᠭᠠᠶ ᠮᠡᠷᠭᠡᠵᠢᠯᠲᠡᠨ᠎ᠤ ᠱᠢᠯᠭᠠᠷᠠᠭᠤᠯᠤᠯᠲᠠ᠎ᠪᠠᠷ ᠲᠠᠮᠵᠢᠨ 101 ᠬᠥᠮᠦᠨ᠎ᠢ 《2020 ᠣᠨ᠎ᠤ ᠬᠠᠮᠤᠭ᠎ᠤᠨ ᠭᠤᠶᠣ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠵᠠᠭᠤᠨ ᠰᠠᠢᠨ ᠲᠤᠷᠠᠴᠤᠳ》 ᠎ᠢᠶᠠᠷ ᠦᠨᠡᠯᠡᠪᠡ᠃ ᠡᠭᠦᠨ᠎ᠳᠤ᠂ ᠮᠠᠨ᠎ᠤ ᠤᠷᠤᠨ᠎ᠤ ᠠᠯᠠᠱᠠᠨ ᠵᠡᠭᠦᠨ ᠬᠤᠱᠢᠭᠤᠨ᠎ᠤ ᠵᠢᠭᠠᠨ ᠰᠤᠷᠭᠠᠯᠲᠠ᠎ᠶ᠋ᠢᠨ ᠰᠤᠳᠤᠯᠭᠠᠨ ᠪᠠ ᠪᠠᠭ᠍ᠰᠢ᠎ᠶ᠋ᠢᠨ ᠪᠣᠯᠪᠠᠰᠤᠷᠠᠯ᠎ᠤᠨ ᠲᠥᠪ᠎ᠤᠨ ᠾᠧ ᠷᠦᠨ ᠬᠤᠸᠠ᠂ ᠬᠥᠯᠥᠨ ᠪᠤᠢᠷ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠰᠠᠢᠨ ᠲᠤᠷᠠᠴᠤᠳ᠎ᠤᠨ ᠨᠡᠢᠭᠡᠮᠯᠢᠭ᠎ᠤᠨ ᠳ᠋ᠠᠢ ᠱᠸᠦ ᠶᠠᠩ᠂ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢᠭᠡᠮᠯᠢᠭ᠎ᠤᠨ ᠬᠠᠨ ᠢᠦᠶ ᠴᠤᠤ ᠵᠡᠷᠭᠡ 3 ᠬᠦᠮᠦᠨ 《2020 ᠤᠨ᠎ᠤ ᠬᠠᠮᠤᠭ᠎ᠤᠨ ᠭᠤᠶᠤ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠵᠠᠭᠤᠨ ᠰᠠᠢᠨ ᠲᠤᠷᠠᠴᠤᠳ》 ᠎ᠢᠶᠠᠷ ᠦᠨᠡᠯᠡᠭ᠌ᠲᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号