《ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ》 ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠬᠤ ᠡᠳ᠋ ᠪᠣᠳᠠᠰ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠴᠤᠭ᠍ᠴᠠᠯᠠᠨ᠋
2020-06-18 09:32:20
ᠵᠣᠬᠢᠶᠠᠭ᠍ᠴᠢ᠄
ᠠᠨ ᠪᠸᠢ
ᠣᠩᠱᠢᠭ᠍ᠰᠠᠨ ᠣᠳᠠᠭ᠎ᠠ᠄
★★★☆☆

     ᠲᠥᠪ᠎ᠤᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠥᠪᠯᠡᠯ᠎ᠤᠨ ᠠᠷᠪᠠᠨ ᠭᠤᠷᠪᠠᠳᠤᠭᠠᠷ ᠬᠤᠷᠠᠯ᠎ᠠᠴᠠ 《ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠲᠤᠬᠠᠶ ᠬᠡᠷᠡᠭ᠌ᠵᠢᠭᠦᠯᠬᠦ᠌ ᠲᠥᠰᠦᠯ》 ᠎ᠢ ᠬᠢᠨᠠᠨ ᠵᠥᠪᠯᠡᠵᠦ᠍ ᠪᠠᠲᠤᠯᠠᠪᠠ᠃ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭ᠌ᠴᠢ ᠮᠧᠩ ᠸᠧᠶ 16 ᠎ᠤ ᠡᠳᠦᠷ᠂ ᠡᠮᠴᠢᠯᠡᠭᠡᠨ᠎ᠤ ᠰᠡᠷᠭᠡᠢᠯᠡᠨ ᠵᠠᠰᠠᠬᠤ᠂ ᠡᠳ᠋ ᠪᠣᠳᠠᠰ ᠨᠥᠭᠡᠴᠡᠯᠡᠬᠦ᠂  ᠦᠢᠯᠡᠳᠪᠦᠷᠢᠯᠡᠬᠦ᠌ ᠴᠢᠳᠠᠪᠤᠷᠢ᠎ᠶ᠋ᠢᠨ ᠳᠠᠢᠴᠢᠯᠠᠯᠳᠠ ᠬᠢᠬᠦ᠌ 《ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ》 ᠪᠠᠲᠤᠯᠠᠭ᠎ᠠ᠎ᠶ᠋ᠢᠨ ᠱᠢᠰᠲ᠋ᠧᠮ᠎ᠢ ᠴᠣᠭ᠍ᠴᠠᠯᠠᠬᠤ᠎ᠶ᠋ᠢᠨ ᠲᠤᠭᠤᠷᠢᠨ᠎ᠳᠤ᠂ ᠬᠠᠮᠢᠶ᠎ᠠ ᠪᠥᠬᠦᠶ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠪᠥᠬᠦ᠌ ᠬᠦᠴᠦᠨ᠎ᠢᠶᠠᠷ ᠠᠬᠢᠭᠤᠯᠤᠨ᠎ᠠ ᠭᠡᠪᠡ᠃
     ᠮᠧᠩ ᠸᠧᠢ ᠲᠤᠰ ᠡᠳᠦᠷ ᠶᠠᠪᠤᠭ᠍ᠳᠠᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠲᠥᠰᠦᠯ᠎ᠨᠢ ᠮᠠᠨ᠎ᠤ ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠤᠨ ᠪᠠᠳᠤᠯᠠᠭ᠎ᠠ᠎ᠶ᠋ᠢᠨ ᠱᠢᠰᠲ᠋ᠧᠮ᠎ᠳᠤ ᠣᠷᠣᠱᠢᠵᠤ ᠪᠠᠢᠭ᠎ᠠ ᠠᠰᠠᠭᠤᠳᠠᠯ ᠪᠣᠯᠤᠨ ᠪᠠᠭᠤᠷᠠᠶ ᠲᠠᠯ᠎ᠠ᠎ᠳᠤ ᠴᠢᠭ᠌ᠯᠡᠭᠦᠯᠵᠦ᠍᠂ ᠳᠤᠲᠠᠭᠤᠳᠠᠯ᠎ᠢ ᠨᠥᠬᠦᠪᠥᠷᠢᠯᠡᠵᠦ᠍᠂ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠵᠦ᠍᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠦᠨᠳᠦ ᠶᠡᠭᠡ ᠬᠡᠷᠡᠭ᠎ᠢ ᠠᠷᠭᠠᠴᠠᠭᠠᠬᠤ ᠴᠢᠳᠠᠪᠤᠷᠢ᠎ᠶ᠋ᠢ ᠪᠦᠬᠦ᠌ ᠲᠠᠯ ᠎ᠠ᠎ᠪᠠᠷ ᠱᠢᠰᠲ᠋ᠧᠮ᠎ᠲᠠᠢ ᠳᠡᠭᠡᠭ᠌ᠰᠢᠯᠡᠭᠦᠯᠦᠨ᠎ᠡ ᠭᠡᠪᠡ᠃ ᠲᠦᠰᠦᠯ᠎ᠢ ᠦᠨᠳᠦᠰᠦᠯᠡᠪᠡᠯ᠄
     ᠨᠢᠭᠡᠳᠦᠭᠡᠷ᠎ᠲᠤ᠌᠂ ᠡᠮᠴᠢᠯᠡᠭᠡᠨ᠎ᠤ ᠰᠡᠷᠭᠡᠢᠯᠡᠨ ᠵᠠᠰᠠᠬᠤ ᠲᠠᠯ᠎ᠠ᠎ᠪᠠᠷ᠎ᠬᠢ ᠬᠠᠲᠠᠭᠤ ᠲᠤᠨᠤᠭ᠎ᠤᠨ ᠳᠤᠲᠠᠭᠤᠳᠠᠯ᠎ᠢ ᠲᠦᠷᠭᠡᠨ ᠨᠥᠬᠦᠪᠥᠷᠢᠯᠡᠵᠤ᠂ 《ᠰᠡᠷᠭᠡᠢᠯᠡᠬᠦ᠌》 ᠰᠠᠭᠤᠷᠢ᠎ᠶ᠋ᠢ ᠪᠠᠬᠢᠵᠢᠭᠦᠯᠦᠨ᠎ᠡ᠃ ᠭᠤᠤᠯᠳᠠᠭᠤ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠭᠦ᠌ ᠪᠠᠢᠭᠤᠯᠤᠮᠵᠢ ᠪᠣᠯᠤᠨ ᠬᠤᠯᠪᠣᠭ᠍ᠳᠠᠯ ᠪᠦᠬᠦᠢ ᠠᠮᠢᠳᠤ ᠪᠣᠳᠠᠰ᠎ᠤᠨ ᠠᠮᠤᠷ ᠲᠦᠪᠱᠢᠨ᠎ᠤ ᠲᠤᠷᠱᠢᠯᠲᠠ᠎ᠶ᠋ᠢᠨ ᠲᠠᠰᠤᠭ᠎ᠤᠨ ᠪᠦᠲᠦᠭᠡᠨ ᠪᠠᠢᠭᠤᠯᠤᠯᠲᠠ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠲᠥᠬᠦᠭᠡᠷᠦᠮᠵᠢ᠎ᠶ᠋ᠢᠨ ᠲᠦᠬᠦᠷᠵᠢᠬᠦᠯᠦᠯᠳᠠ᠎ᠶ᠋ᠢ ᠲᠡᠭᠦᠯᠳᠡᠷᠵᠢᠭᠦᠯᠵᠦ᠍᠂ ᠪᠠᠢᠴᠠᠭᠠᠨ ᠱᠢᠯᠭᠠᠬᠤ ᠡᠬᠢ ᠪᠠᠶᠠᠯᠢᠭ᠎ᠤᠨ ᠣᠷᠣᠨ ᠪᠦᠰᠡ᠎ᠶ᠋ᠢᠨ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠮᠤᠵᠢ ᠨᠢᠭᠡᠪᠦᠷᠢ᠎ᠳᠤ ᠠᠳᠠᠭ᠎ᠲᠠᠭᠠᠨ ᠠᠮᠢᠳᠤ ᠪᠣᠳᠠᠰ᠎ᠤᠨ ᠠᠮᠤᠷ ᠲᠦᠪᠱᠢᠨ᠎ᠤ ᠭᠤᠷᠪᠠᠳᠤᠭᠠᠷ ᠳᠡᠰ᠎ᠤᠨ ᠬᠢᠷᠢ ᠬᠡᠮᠵᠢᠶ᠎ᠡ᠎ᠲᠠᠢ 1 ᠲᠤᠷᠱᠢᠯᠲᠠ᠎ᠶ᠋ᠢᠨ ᠲᠠᠰᠤᠭ᠎ᠲᠠᠢ ᠪᠠᠢᠬᠤ᠎ᠶ᠋ᠢ ᠪᠡᠶᠡᠯᠡᠭᠦᠯᠵᠦ᠍᠂ ᠬᠦᠨᠳᠦ ᠶᠡᠭᠡ ᠬᠢᠵᠢᠭ᠎ᠤᠨ ᠪᠠᠢᠳᠠᠯ᠎ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠦᠨ᠎ᠠ᠃
     ᠬᠤᠶᠠᠳᠤᠭᠠᠷ᠎ᠲᠤ᠌᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠤᠨ ᠨᠥᠭᠡᠴᠡᠯᠡᠯᠲᠡ᠎ᠶ᠋ᠢ ᠴᠢᠩᠭᠠᠳᠭᠠᠨ᠎ᠠ᠃ 《ᠨᠥᠭᠡᠴᠡᠯᠡᠭᠦ᠌》᠂ 《ᠬᠤᠳᠠᠯᠳᠤᠨ ᠠᠪᠬᠤ》᠂ 《ᠲᠣᠬᠢᠷᠠᠭᠤᠯᠬᠤ》 ᠳᠡᠭᠡᠷ᠎ᠡ ᠬᠦᠴᠦ᠍ ᠲᠠᠯᠪᠢᠨ᠎ᠠ᠃
     《ᠨᠥᠭᠡᠴᠡᠯᠡᠬᠦ᠌》 ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠭᠤᠤᠯᠳᠠᠭᠤ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠪᠣᠯᠤᠨ ᠡᠳ᠋ ᠪᠣᠳᠠᠰ᠎ᠤᠨ ᠲᠣᠬᠢᠷᠠᠭᠤᠯᠤᠯᠲᠠ᠎ᠶ᠋ᠢ ᠴᠢᠩᠭᠠᠳᠭᠠᠵᠦ᠍᠂ ᠲᠤᠰᠭᠠᠶ ᠬᠡᠷᠡᠭ᠌ᠯᠡᠭᠡᠨ᠎ᠤ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ᠌ ᠲᠥᠷᠥᠯ ᠵᠦᠢᠯ᠎ᠤᠨ ᠬᠡᠪᠴᠢᠶ᠎ᠡ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠵᠤ ᠠᠬᠤᠢᠯᠠᠯ᠂ ᠪᠠᠢᠭᠤᠯᠭ᠎ᠠ ᠨᠢᠭᠡᠴᠢ ᠪᠣᠯᠤᠨ ᠰᠠᠭᠤᠭᠠᠯᠢ ᠠᠷᠠᠳ᠎ᠤᠨ ᠨᠥᠭᠡᠴᠡᠯᠡᠬᠦ᠌᠎ᠳᠤ ᠣᠷᠣᠯᠴᠠᠬᠤ᠎ᠶ᠋ᠢ ᠳᠡᠮᠵᠢᠨ ᠵᠣᠷᠢᠭ᠍ᠵᠢᠭᠤᠯᠵᠤ᠂ ᠵᠠᠩᠭᠢᠯᠠᠭ᠎ᠠ᠎ᠶ᠋ᠢᠨ ᠦᠶ᠎ᠡ᠎ᠳᠤ ᠠᠪᠴᠤ᠌ ᠳᠡᠢᠯᠬᠦ᠂ ᠲᠦᠷᠭᠡᠨ ᠲᠣᠬᠢᠷᠠᠭᠤᠯᠵᠤ ᠳᠡᠢᠯᠬᠦ᠂ ᠬᠡᠷᠡᠭ᠌ᠯᠡᠵᠦ᠍ ᠳᠡᠢᠯᠬᠦ᠌᠎ᠶ᠋ᠢ ᠦᠨᠡᠨ ᠬᠦ᠌ ᠪᠠᠲᠤᠯᠠᠨ᠎ᠠ᠃
     《ᠬᠤᠳᠠᠯᠳᠤᠨ ᠠᠪᠬᠤ》 ᠵᠢᠷᠤᠮᠵᠢᠯ᠎ᠢ ᠪᠦᠷᠢᠨᠱᠢᠭᠦᠯᠦᠨ᠎ᠡ᠃ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ ᠬᠤᠳᠠᠯᠳᠤᠨ ᠠᠪᠬᠤ ᠳᠦᠷᠢᠮ᠎ᠢ ᠲᠡᠭᠦᠯᠳᠡᠷᠵᠢᠭᠦᠯᠵᠦ᠍᠂ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠢ ᠲᠠᠲᠠᠪᠤᠷᠢᠯᠠᠨ ᠬᠡᠷᠡᠭ᠌ᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠤᠨ ᠢᠷᠡᠯᠲᠡ ᠠᠷᠭ᠎ᠠ ᠵᠠᠮ᠎ᠢ ᠥᠷᠭᠡᠳᠭᠡᠵᠦ᠍᠂ ᠬᠠᠩᠭᠠᠯᠭ᠎ᠠ᠎ᠶ᠋ᠢᠨ ᠠᠮᠤᠷ ᠲᠦᠪᠱᠢᠨ ᠨᠠᠢᠳᠠᠪᠤᠷᠢᠲᠠᠶ ᠪᠠᠢᠬᠤ᠎ᠶ᠋ᠢ ᠪᠠᠲᠤᠯᠠᠨ᠎ᠠ᠃
     《ᠲᠤᠬᠢᠷᠠᠭᠤᠯᠬᠤ》 ᠎ᠶ᠋ᠢ ᠨᠢᠭᠡᠳᠦᠯᠲᠡᠶ ᠲᠥᠯᠥᠪᠵᠢᠭᠦᠯᠭᠦ᠎ᠶ᠋ᠢ ᠴᠢᠩᠭᠠᠳᠭᠠᠨ᠎ᠠ᠃ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠣᠳᠠᠰ᠎ᠢ ᠲᠤᠬᠢᠷᠠᠭᠤᠯᠤᠨ ᠵᠣᠬᠢᠴᠠᠭᠤᠯᠵᠤ ᠬᠠᠮᠵᠢᠯᠴᠡᠨ ᠬᠤᠷᠱᠢᠯᠴᠠᠬᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠤᠲᠠᠰ᠎ᠤᠨ ᠭᠦᠢᠯᠭᠡᠭᠡᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠡᠭᠦᠯᠳᠡᠷᠵᠢᠭᠦᠯᠵᠦ᠍᠂ ᠮᠡᠳᠡᠭᠡ ᠵᠠᠩᠬᠢ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠬᠡᠷᠡᠭ᠌ᠴᠡᠭᠡ᠎ᠲᠠᠢ ᠦᠶ᠎ᠠ᠎ᠳᠤ ᠡᠳ᠋ ᠪᠤᠲᠠᠰ᠎ᠢ ᠴᠠᠭ ᠲᠤᠬᠠᠶ᠎ᠳᠤᠨᠢ ᠬᠦᠷᠭᠡᠵᠦ᠍ ᠳᠡᠢᠯᠬᠦ᠌᠎ᠶ᠋ᠢ ᠦᠨᠡᠨ ᠬᠦ᠌ ᠪᠠᠲᠤᠯᠠᠨ᠎ᠠ᠃
     ᠭᠤᠷᠪᠠᠳᠤᠭᠠᠷ᠎ᠲᠤ᠌᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠲᠠᠯ᠎ᠢ ᠠᠷᠭᠠᠴᠠᠭᠠᠬᠤ ᠡᠳ᠋ ᠪᠤᠲᠠᠰ᠎ᠤᠨ ᠦᠢᠯᠡᠳᠪᠦᠷᠢᠯᠡᠯ᠎ᠤᠨ ᠳᠠᠢᠴᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠡᠷᠡᠭ᠌ᠴᠡᠭᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠶᠠᠪᠤᠴᠠ᠎ᠶ᠋ᠢ ᠱᠢᠯᠢᠳᠡᠭ᠌ᠵᠢᠭᠦᠯᠦᠨ᠂ ᠲᠣᠭ᠍ᠲᠠᠴᠠ᠎ᠶ᠋ᠢ ᠪᠠᠢᠭᠤᠯᠵᠤ᠂  ᠦᠢᠯᠡᠳᠪᠦᠷᠢᠯᠡᠬᠦ᠌ ᠴᠢᠳᠠᠪᠤᠷᠢ᠎ᠶ᠋ᠢ ᠬᠠᠮᠵᠢᠯᠴᠠᠭᠤᠯᠤᠨ ᠪᠠᠲᠤᠯᠠᠬᠤ ᠪᠣᠯᠤᠨ ᠣᠷᠣᠨ ᠪᠦᠰᠡ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠤ᠂ ᠪᠠᠴᠢᠮ ᠪᠠᠢᠲᠠᠯ᠎ᠢ ᠠᠷᠭᠠᠴᠠᠭᠠᠬᠤ᠎ᠳᠤ ᠵᠤᠬᠢᠴᠠᠭᠤᠯᠤᠨ ᠡᠮᠴᠢᠯᠡᠭᠡᠨ᠎ᠤ ᠡᠳ᠋ ᠪᠤᠳᠠᠰ ᠪᠣᠯᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ᠌ ᠪᠤᠯᠭᠠᠵᠤ ᠬᠤᠪᠢᠷᠠᠭᠤᠯᠬᠤ ᠴᠢᠳᠠᠪᠤᠷᠢ᠎ᠶ᠋ᠢ ᠴᠢᠩᠭᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号