ᠪᠤᠷᠤᠳᠣᠬᠤᠢ᠎ᠶ᠋ᠢᠨ ᠡᠯᠢᠭᠡᠨ᠎ᠳᠤ ᠬᠠᠩᠭᠢᠨᠠᠭ᠍ᠰᠠᠨ ᠲᠦᠭᠦᠭᠡᠷᠦᠮᠵᠢᠳᠦ ᠲᠠᠷᠢᠶᠠᠯᠠᠩ᠎ᠤᠨ ᠨᠣᠲ
2020-06-28 09:40:25
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠲᠤᠩᠭᠠᠯᠠᠭ ᠰᠠᠢᠬᠠᠨ ᠵᠤᠨ᠎ᠤ ᠦᠷᠯᠦᠭᠡ᠂ ᠯᠢᠨ ᠾᠧ ᠲᠤᠭᠤᠷᠢᠭ᠎ᠤᠨ ᠤᠯᠠᠭᠠᠨᠳᠤᠭ ᠪᠠᠯᠭᠠᠰᠤ᠎ᠶ᠋ᠢᠨ ᠱᠢᠶᠠᠨ ᠨᠦᠩ ᠤᠳᠤᠬᠢᠴᠢᠯᠠᠭ᠍ᠰᠠᠨ ᠲᠦᠭᠦᠭᠡᠷᠦᠮᠵᠢᠲᠦ ᠲᠠᠷᠢᠶᠠᠯᠠᠩ᠎ᠤᠨ ᠶᠡᠷᠦᠩᠬᠡᠢᠯᠡᠭ᠌ᠰᠡᠨ ᠬᠦᠷᠢᠶᠡᠯᠡᠩ᠎ᠳᠤ ᠬᠦᠷᠬᠦ᠌᠎ᠳᠤ᠂ ᠱᠢᠨ᠎ᠡ ᠰᠤᠷᠭᠤᠭ ᠵᠢᠮᠢᠰ ᠨᠤᠭᠤᠭ᠎ᠠ᠎ᠶ᠋ᠢᠨ ᠦᠨᠦᠷ ᠬᠠᠩᠬᠤᠯᠤᠨ ᠲᠠᠷᠢᠶᠠᠴᠢᠨ ᠵᠥ᠍ ᠶᠤᠤ ᠹᠸᠢ ᠲᠤᠯᠠᠭᠠᠨ ᠬᠦᠯᠡᠮᠵᠢ᠎ᠳᠡᠭᠡᠨ ᠦᠷᠭᠡᠰᠦᠲᠦ ᠬᠡᠮᠬᠡ᠎ᠪᠠᠨ ᠬᠤᠷᠢᠶᠠᠵᠤ ᠪᠠᠢᠯ᠎ᠠ᠃ ᠴᠡᠯ ᠨᠤᠭᠤᠭᠠᠨ ᠦᠷᠭᠡᠰᠦᠳᠦ ᠬᠡᠮᠭᠡ ᠦᠵᠡᠭ᠌ᠰᠡᠨ ᠪᠦᠭᠦᠨ᠎ᠢ ᠱᠢᠯᠤᠰᠤ ᠬᠤᠷᠠᠭᠤᠯᠤᠨ᠎ᠡ᠃

《ᠮᠢᠨᠤ ᠭᠦᠯᠡᠮᠵᠢ᠎ᠶ᠋ᠢᠨ ᠲᠠᠯᠠᠪᠠᠢ 1.5 ᠮᠦ᠍᠂ ᠨᠢᠭᠡ ᠡᠭᠡᠯᠵᠢ᠎ᠳᠤ 4 ᠲᠦᠮᠡᠨ ᠵᠢᠩ ᠦᠷᠭᠡᠰᠦᠲᠦ ᠬᠡᠮᠬᠡ ᠬᠤᠷᠢᠶᠠᠳᠠᠭ᠂ ᠵᠢᠩ ᠪᠦᠷᠢ᠎ᠳᠡᠭᠡᠨ 3.5 ᠲᠦᠭᠦᠷᠢᠭ᠎ᠢᠶᠠᠷ ᠬᠤᠳᠠᠯᠳᠤᠬᠤ᠎ᠳᠤ ᠨᠢᠬᠡ ᠯᠠ ᠡᠬᠡᠯᠵᠢ᠎ᠳᠤ 14 ᠲᠦᠮᠡᠨ ᠲᠦᠭᠦᠷᠢᠭ᠎ᠤᠨ ᠤᠷᠤᠯᠭ᠎ᠠ ᠤᠯᠤᠨ᠎ᠠ᠃ ᠡᠯ᠎ᠡ ᠵᠦᠢᠯ᠎ᠤᠨ ᠵᠠᠷᠤᠳᠠᠯ ᠰᠦᠢᠳᠭᠡᠯ᠎ᠢᠶᠠᠨ ᠭᠠᠷᠭᠠᠭᠠᠳ ᠴᠡᠪᠡᠷ ᠤᠷᠤᠯᠭ᠎ᠠ ᠡᠩ᠎ᠤᠨ ᠵᠠᠳᠠᠭᠠᠢ ᠲᠠᠷᠢᠶ᠎ᠠ ᠲᠠᠷᠢᠭ᠍ᠰᠠᠨ᠎ᠠᠴᠠ ᠬᠡᠳᠦᠨ ᠲᠠᠬᠢᠨ ᠢᠯᠡᠭᠦᠦ ᠱᠢᠦ》 ᠬᠡᠵᠦ᠍ ᠵᠦ᠍ ᠶᠤᠤ ᠹᠧᠢ ᠢᠨᠢᠶᠡᠮᠰᠦᠭ᠌ᠯᠡᠨ ᠶᠠᠷᠢᠨ᠎ᠠ᠃

ᠤᠯᠠᠭᠠᠨᠳᠤᠭ ᠪᠠᠯᠭᠠᠰᠤ᠎ᠶ᠋ᠢᠨ ᠤᠯᠠᠨ ᠡᠷᠦᠬᠡ ᠵᠥ᠍ ᠶᠤᠤ ᠹᠸᠢ ᠱᠢᠭ ᠱᠢᠶᠠᠨ ᠨᠦᠩ ᠺᠤᠮᠫᠠᠨᠢ᠎ᠶ᠋ᠢᠨ ᠬᠦᠯᠡᠮᠵᠢ᠎ᠶ᠋ᠢ ᠲᠦᠷᠢᠶᠡᠰᠦᠯᠡᠵᠥ᠍᠂ ᠢᠳᠡᠱᠢᠨ ᠨᠤᠭᠤᠭ᠎ᠠ ᠵᠢᠮᠢᠰ ᠲᠠᠷᠢᠵᠤ ᠪᠠᠢᠳᠠᠭ᠃ ᠱᠢᠶᠠᠨ ᠨᠦᠩ ᠺᠤᠮᠫᠠᠨᠢ᠎ᠶ᠋ᠢᠨ ᠳᠡᠳ᠋ ᠶᠡᠷᠦᠩᠬᠡᠢ ᠲᠠᠭᠠᠭᠠᠮᠠᠯ ᠼᠦᠢ ᠮᠢᠨ᠎ᠤ ᠲᠠᠨᠢᠯᠴᠠᠭᠤᠯᠬᠤ᠎ᠪᠠᠷ᠂ ᠺᠤᠮᠫᠠᠨᠢ᠎ᠨᠢ 《ᠠᠵᠤ ᠠᠬᠤᠢ᠍ᠢᠯᠠᠯ ᠬᠠᠷᠢᠭᠤᠴᠠᠨ ᠪᠠᠢᠭᠤᠯᠵᠤ᠂ ᠲᠠᠷᠢᠶᠠᠴᠢᠨ ᠲᠦᠷᠢᠶᠡᠰᠦᠯᠡᠨ ᠬᠡᠷᠡᠭ᠌ᠯᠡᠬᠦ᠌》 ᠬᠡᠯᠪᠡᠷᠢ᠎ᠶ᠋ᠢ ᠬᠡᠷᠡᠭ᠌ᠵᠢᠭᠦᠯᠵᠦ᠍᠂ ᠵᠢᠯ ᠪᠦᠷᠢ ᠮᠦ᠍ ᠪᠦᠷᠢ᠎ᠶ᠋ᠢᠨ 800 ᠲᠦᠭᠦᠷᠢᠭ᠎ᠤᠨ ᠦᠨ᠎ᠡ᠎ᠪᠠᠷ ᠲᠠᠷᠢᠶᠠᠴᠢᠳ᠎ᠤᠨ ᠲᠠᠷᠢᠶᠠᠨ ᠭᠠᠵᠠᠷ᠎ᠤᠨ ᠡᠵᠡᠩᠨᠡᠯᠲᠡ᠎ᠶ᠋ᠢᠨ ᠡᠷᠭᠡ᠎ᠶ᠋ᠢ ᠱᠢᠯᠵᠢᠭᠦᠯᠦᠨ ᠠᠪᠴᠠᠢ᠃ ᠲᠤᠯᠠᠭᠠᠨ ᠬᠦᠯᠡᠮᠵᠢ᠎ᠶ᠋ᠢ ᠪᠠᠢᠭᠤᠯᠤᠭ᠍ᠰᠠᠨ᠎ᠤ ᠲᠠᠷᠠᠭ᠎ᠠ᠂ ᠺᠤᠮᠫᠠᠨᠢ᠎ᠠᠴᠠ ᠨᠢᠭᠡ ᠬᠡᠰᠡᠭ᠎ᠢ ᠡᠵᠡᠩᠨᠡᠬᠦ᠌᠎ᠠᠴᠠ ᠭᠠᠳᠠᠨ᠎ᠠ᠂ ᠤᠯᠠᠩᠬᠢ ᠬᠦᠯᠡᠮᠵᠢ᠎ᠪᠠᠨ ᠲᠠᠷᠢᠶᠠᠴᠢᠳ᠎ᠲᠤ ᠪᠤᠴᠠᠭᠠᠨ ᠲᠦᠷᠢᠶᠡᠰᠦᠯᠡᠭᠦᠯᠵᠦ᠍᠂ ᠺᠤᠮᠫᠠᠨᠢ᠎ᠠᠴᠠ ᠲᠦᠬᠦᠬᠡᠷᠦᠮᠵᠢᠳᠦ ᠲᠠᠷᠢᠶᠠᠯᠠᠩ᠎ᠤᠨ ᠪᠠᠷᠢᠮᠵᠢᠶ᠎ᠠ᠎ᠪᠠᠷ ᠲᠤᠯᠠᠭᠠᠨ ᠬᠦᠯᠡᠮᠵᠢ᠎ᠶ᠋ᠢᠨ ᠢᠳᠡᠱᠢᠨ ᠨᠤᠭᠤᠭ᠎ᠠ᠎ᠶ᠋ᠢᠨ ᠲᠠᠷᠢᠵᠦ᠍ ᠠᠷᠠᠴᠢᠯᠠᠬᠤ ᠪᠦᠬᠦ᠌ ᠶᠠᠪᠤᠴᠠ᠎ᠶ᠋ᠢᠨ ᠮᠡᠷᠭᠡᠵᠢᠯ᠎ᠤᠨ ᠵᠢᠯᠤᠭᠤᠳᠤᠮᠵᠢ᠎ᠶ᠋ᠢᠨ ᠦᠢᠯᠡᠴᠢᠯᠡᠭᠡ᠎ᠶ᠋ᠢ ᠬᠠᠷᠢᠭᠤᠴᠠᠵᠤ᠂ ᠪᠠᠰᠠ ᠺᠤᠮᠫᠠᠨᠢ᠎ᠶ᠋ᠢᠨ᠎ᠢᠶᠠᠨ ᠪᠡᠯᠡᠨ ᠪᠠᠢᠭ᠎ᠠ ᠪᠤᠷᠤᠯᠠᠭᠤᠯᠭ᠎ᠠ᠎ᠶ᠋ᠢᠨ ᠰᠦᠯᠵᠢᠶ᠎ᠡ᠎ᠪᠠᠨ ᠠᠱᠢᠭ᠍ᠯᠠᠨ᠂ ᠲᠠᠷᠢᠵᠤ ᠪᠤᠯᠪᠠᠰᠤᠷᠠᠭ᠍ᠰᠠᠨ ᠵᠢᠮᠢᠰ ᠨᠤᠭᠤᠭ᠎ᠠ᠎ᠶ᠋ᠢ ᠬᠤᠷᠢᠶᠠᠨ ᠠᠪᠴᠤ᠌ ᠪᠤᠷᠤᠯᠠᠭᠤᠯᠳᠠᠭ ᠪᠠᠢᠨ᠎ᠠ᠃

ᠬᠡᠬᠦ᠌᠎ᠳᠡᠭᠡᠨ ᠬᠤᠳᠠᠯᠳᠤᠨ ᠠᠪᠬᠤ ᠦᠨ᠎ᠡ᠎ᠨᠢ ᠲᠤᠬᠠᠢ᠎ᠶ᠋ᠢᠨ ᠭᠠᠵᠠᠷ᠎ᠤᠨ ᠵᠠᠬ᠎ᠠ ᠲᠡᠯᠭᠡᠭᠦᠷ᠎ᠤᠨ ᠪᠦᠬᠡᠮ᠎ᠢᠶᠠᠷ ᠪᠤᠷᠤᠯᠠᠭᠤᠯᠬᠤ ᠦᠨ᠎ᠡ᠎ᠠᠴᠠ ᠦᠨᠳᠦᠷ ᠪᠠᠢᠵᠤ᠂ ᠪᠦᠭᠦᠨ᠎ᠢ ᠪᠡᠭᠡᠵᠢᠩ ᠲᠢᠶᠠᠨᠵᠢᠨ ᠵᠡᠷᠭᠡ ᠲᠤᠮᠤ ᠬᠤᠲᠠ ᠤᠷᠤᠭᠤ ᠪᠤᠷᠤᠯᠠᠭᠤᠯᠳᠠᠭ ᠪᠠᠢᠨ᠎ᠠ᠃

ᠯᠢᠨ ᠾᠧ ᠲᠤᠭᠤᠷᠢᠭ᠎ᠤᠨ᠎ᠶ᠋ᠢᠨ ᠪᠦᠸᠧ ᠯᠢ ᠲᠠᠷᠢᠶᠠᠯᠠᠩ᠎ᠤᠨ ᠲᠠᠯᠠᠪᠠᠢ᠎ᠨᠢ ᠭᠧᠷᠮᠠᠨ᠎ᠤ ᠡᠬᠢ ᠪᠠᠶᠠᠯᠢᠭ᠎ᠤᠨ ᠱᠢᠰᠲ᠋ᠧᠮ᠎ᠢ ᠠᠱᠢᠭ᠍ᠯᠠᠨ ᠡᠨᠧᠷᠬᠢ᠎ᠶ᠋ᠢᠨ ᠬᠤᠷᠤᠭ᠍ᠳᠠᠯ᠎ᠢ ᠪᠠᠭᠠᠰᠭᠠᠵᠤ᠂ ᠢᠰᠷᠧᠯ᠎ᠤᠨ ᠤᠶᠤᠨᠲᠤ ᠤᠰᠤ ᠪᠤᠷᠳᠤᠭᠤᠷ᠎ᠢ ᠨᠢᠭᠡ ᠴᠤᠭ᠍ᠴᠠᠵᠢᠭᠤᠯᠬᠤ ᠮᠡᠷᠭᠡᠵᠢᠯ᠎ᠢ ᠤᠷᠤᠭᠤᠯᠵᠤ ᠠᠪᠴᠢᠷᠠᠨ 70% ᠎ᠶ᠋ᠢᠨ ᠤᠰᠤ᠂ ᠪᠤᠷᠳᠤᠭᠤᠷ᠎ᠢ ᠠᠷᠪᠢᠯᠠᠵᠤ᠂ 50% ᠎ᠠᠴᠠ ᠲᠡᠭᠡᠭ᠌ᠰᠢᠬᠢ ᠲᠠᠷᠢᠶᠠᠨ᠎ᠤ ᠡᠮ᠎ᠢ ᠪᠠᠭᠠᠰᠭᠠᠵᠤ᠂ 0.01 ᠮᠢᠯᠢᠮᠧᠲᠷ᠎ᠤᠨ ᠱᠢᠨ᠎ᠡ ᠤᠯᠠᠨ ᠤᠯᠤᠰ᠎ᠤᠨ ᠪᠠᠷᠢᠮᠵᠢᠶᠠᠲᠤ ᠲᠠᠷᠢᠶᠠᠨ᠎ᠤ ᠪᠦᠷᠬᠦᠪᠴᠢ᠎ᠶ᠋ᠢ ᠬᠡᠷᠡᠭ᠌ᠯᠡᠵᠦ᠍᠂ ᠪᠤᠷᠳᠤᠭᠤᠷ᠎ᠢ ᠬᠢᠵᠠᠭᠠᠷᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠂ ᠤᠰᠤ᠎ᠶ᠋ᠢ ᠬᠢᠵᠠᠭᠠᠷᠯᠠᠨ ᠬᠤᠷᠤᠭ᠍ᠳᠠᠯ᠎ᠢ ᠪᠠᠭᠠᠰᠭᠠᠬᠤ᠂ ᠡᠮ᠎ᠢ ᠬᠢᠵᠠᠭᠠᠷᠯᠠᠨ ᠬᠤᠤᠷ ᠬᠦᠨᠦᠭᠡᠯ᠎ᠢ ᠪᠠᠭᠠᠰᠭᠠᠬᠤ ᠵᠤᠷᠢᠯᠭ᠎ᠠ᠎ᠳᠠᠭᠠᠨ ᠬᠦᠷᠪᠡ᠃ ᠲᠦᠬᠦᠭᠡᠷᠦᠮᠵᠢᠲᠦ ᠲᠠᠷᠢᠶᠠᠯᠠᠩ᠎ᠤᠨ ᠦᠢᠯᠡᠳᠪᠦᠷᠢᠯᠡᠯ᠎ᠤᠨ ᠱᠠᠭᠠᠷᠳᠠᠯᠭ᠎ᠠ᠎ᠲᠠᠢ ᠤᠶᠠᠯᠳᠤᠭᠤᠯᠤᠨ᠂ ᠯᠢᠨ ᠾᠧ ᠲᠤᠭᠤᠷᠢᠭ 2 ᠰᠠᠭᠤᠷᠢ ᠦᠨᠳᠦᠷ ᠪᠠᠷᠢᠮᠵᠢᠶᠠᠲᠤ ᠤᠳᠤᠬᠢᠴᠢᠯᠠᠭ᠍ᠰᠠᠨ ᠲᠦᠭᠦᠭᠡᠷᠦᠮᠵᠢᠲᠦ ᠲᠠᠷᠢᠶᠠᠯᠠᠩ᠎ᠤᠨ ᠱᠢᠨ᠎ᠡ ᠡᠭᠦᠯᠳᠡᠷ ᠱᠢᠨ᠎ᠡ ᠮᠡᠷᠭᠡᠵᠢᠯ᠎ᠤᠨ ᠦᠵᠡᠰᠭᠦᠯᠡᠩ᠎ᠤᠨ ᠲᠢᠩᠬᠢᠮ᠂ 6 ᠰᠠᠭᠤᠷᠢ ᠴᠢᠬᠢ ᠪᠤᠢᠵᠢᠭᠤᠯᠬᠤ ᠲᠦᠪ᠎ᠢ ᠪᠠᠢᠭᠤᠯᠪᠠ᠃ ᠢᠩᠬᠢᠵᠤ ᠤᠳᠤᠬᠢᠴᠢᠯᠠᠭ᠍ᠰᠠᠨ ᠲᠡᠭᠡᠳᠦ ᠱᠢᠨ᠎ᠡ ᠮᠡᠷᠭᠡᠵᠢᠯ᠎ᠤᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠢᠶᠠᠷ ᠠᠴᠢᠶᠠᠯᠠᠭ᠍ᠴᠢ ᠪᠤᠯᠭᠠᠭ᠍ᠰᠠᠨ᠎ᠢᠶᠠᠷ ᠡᠨᠡ ᠵᠢᠯ ᠯᠢᠨ ᠾᠧ ᠲᠤᠭᠤᠷᠢᠭ᠎ᠤᠨ ᠲᠦᠬᠦᠭᠡᠷᠦᠮᠵᠢᠲᠦ ᠲᠠᠷᠢᠶᠠᠯᠠᠩ᠎ᠤᠨ ᠲᠠᠯᠠᠪᠠᠢ ᠱᠢᠨ᠎ᠡ᠎ᠪᠠᠷ 6000 ᠭᠠᠷᠤᠢ ᠮᠦ᠍ ᠨᠡᠮᠡᠭ᠌ᠳᠡᠬᠦ᠌ ᠪᠤᠯᠤᠨ᠎ᠠ᠃

ᠯᠢᠨ ᠾᠧ ᠲᠤᠭᠤᠷᠢᠭ᠎ᠤᠨ ᠲᠦᠭᠦᠭᠡᠷᠦᠮᠵᠢᠲᠦ ᠲᠠᠷᠢᠶᠠᠯᠠᠩ᠎ᠤᠨ ᠬᠦᠭ᠌ᠵᠢᠯᠲᠡ᠎ᠶ᠋ᠢᠨ ᠪᠠᠢᠳᠠᠯ᠎ᠨᠢ ᠪᠠᠶᠠᠨᠨᠠᠭᠤᠷ ᠬᠤᠲᠠ᠎ᠶ᠋ᠢᠨ ᠲᠦᠭᠦᠭᠡᠷᠦᠮᠵᠢᠲᠦ ᠲᠠᠷᠢᠶᠠᠯᠠᠩ᠎ᠤᠨ ᠬᠦᠭ᠌ᠵᠢᠯᠲᠡ᠎ᠶ᠋ᠢᠨ ᠨᠢᠭᠡᠨ ᠬᠤᠷᠢᠶᠠᠩᠭᠤᠢ ᠲᠦᠷᠰᠦ ᠪᠤᠯᠤᠨ᠎ᠠ᠃

ᠤᠢ᠍ᠢᠷ᠎ᠠ᠎ᠶ᠋ᠢᠨ ᠵᠢᠯ᠎ᠠᠴᠠ᠂ ᠪᠠᠶᠠᠨᠨᠠᠭᠤᠷ ᠬᠤᠲᠠ ᠲᠦᠭᠦᠭᠡᠷᠦᠮᠵᠢᠲᠦ ᠲᠠᠷᠢᠶᠠᠯᠠᠩ᠎ᠢ ᠤᠳᠤ ᠦᠶ᠎ᠡ᠎ᠶ᠋ᠢᠨ ᠲᠠᠷᠢᠶᠠᠯᠠᠩ᠎ᠢ ᠬᠦᠭ᠌ᠵᠢᠭᠦᠯᠬᠦ᠂ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠶ᠋ᠢ ᠠᠬᠢᠭᠤᠯᠬᠤ ᠪᠤᠯᠤᠨ ᠮᠦ᠍ ᠪᠦᠷᠢ᠎ᠶ᠋ᠢᠨ ᠲᠤᠮᠳᠠᠴᠢ ᠦᠢᠯᠡᠳᠪᠦᠷᠢᠯᠡᠯ᠎ᠤᠨ ᠦᠷᠳᠡᠭ᠎ᠢ 2 ᠲᠦᠮᠡᠨ ᠲᠦᠭᠦᠷᠢᠭ᠎ᠲᠤ ᠬᠦᠷᠭᠡᠬᠦ᠌ ᠬᠠᠷᠠᠯᠳᠠ᠎ᠶ᠋ᠢ ᠪᠡᠶᠡᠯᠡᠬᠦᠯᠬᠦ᠌ ᠭᠤᠤᠯ ᠠᠷᠭ᠎ᠠ ᠵᠠᠮ ᠪᠤᠯᠭᠠᠵᠤ ᠪᠠᠢᠨ᠎ᠠ᠃ ᠤᠳᠤᠬᠠᠨ ᠪᠤᠯᠲᠠᠯ᠎ᠠ᠂ ᠪᠦᠬᠦ᠌ ᠬᠤᠲᠠ᠎ᠶ᠋ᠢᠨ ᠲᠦᠭᠦᠭᠡᠷᠦᠮᠵᠢᠲᠦ ᠲᠠᠷᠢᠶᠠᠯᠠᠩ᠎ᠤᠨ ᠡᠵᠡᠯᠡᠭ᠌ᠰᠡᠨ ᠲᠠᠯᠠᠪᠠᠢ 15.02 ᠲᠦᠮᠡᠨ ᠮᠦ᠍᠂ ᠦᠢᠯᠡᠳᠪᠦᠷᠢᠯᠡᠯ᠎ᠤᠨ ᠲᠠᠯᠠᠪᠠᠢ᠎ᠨᠢ 9.5 ᠲᠦᠮᠡᠨ ᠮᠦ᠍᠎ᠳᠤ ᠬᠦᠷᠴᠦ᠍᠂ ᠲᠦᠬᠦᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠳᠤ ᠤᠷᠤᠯᠴᠠᠭ᠍ᠰᠠᠨ ᠠᠵᠤ ᠠᠬᠤᠢ᠍ᠢᠯᠠᠯ 30᠂ ᠲᠤᠰᠭᠠᠢ ᠬᠤᠷᠱᠢᠶ᠎ᠠ 37 ᠪᠤᠯᠵᠤ᠂ ᠲᠦᠬᠦᠭᠡᠷᠦᠮᠵᠢᠲᠦ ᠲᠠᠷᠢᠶᠠᠯᠠᠩ ᠡᠷᠬᠢᠯᠡᠭ᠌ᠰᠡᠨ ᠲᠠᠷᠢᠶᠠᠴᠢᠨ 1.2 ᠲᠦᠮᠡᠨ ᠬᠦᠮᠦᠨ ᠪᠤᠯᠪᠠ᠃ ᠪᠦᠬᠦ᠌ ᠬᠤᠲᠠ᠎ᠪᠠᠷ᠎ᠢᠶᠠᠨ ᠨᠡᠢᠲᠡ 10 ᠰᠠᠭᠤᠷᠢ ᠲᠦᠮᠡᠨ ᠮᠦ᠍᠎ᠶ᠋ᠢᠨ ᠲᠦᠭᠦᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ᠎ᠢ ᠪᠦᠲᠦᠭᠡᠨ ᠪᠠᠢᠭᠤᠯᠵᠤ᠂ ᠤᠳᠤ ᠯᠢᠨ ᠾᠧ ᠲᠤᠭᠤᠷᠢᠭ᠎ᠤᠨ ᠤᠯᠠᠭᠠᠨᠳᠤᠭ ᠪᠠᠯᠭᠠᠰᠤ᠂ ᠳ᠋ᠧᠩᠺᠧᠦ ᠱᠢᠶᠠᠨ᠎ᠤ ᠯᠦᠩ ᠱᠧᠩ ᠾᠧ ᠪᠠᠯᠭᠠᠰᠤ᠂ ᠦᠶᠦᠸᠠᠨ ᠱᠢᠶᠠᠨ᠎ᠤ ᠯᠦᠩ ᠱᠢᠩ ᠴᠠᠩ ᠪᠠᠯᠭᠠᠰᠤ᠎ᠶ᠋ᠢᠨ 3 ᠰᠠᠭᠤᠷᠢ ᠲᠦᠮᠡᠨ ᠮᠦ᠍᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ᠎ᠢ ᠨᠢᠭᠡᠨᠲᠡ ᠪᠠᠢᠭᠤᠯᠵᠤ ᠲᠠᠭᠤᠰᠪᠠ᠃ ᠡᠭᠦᠨ᠎ᠠᠴᠠ ᠭᠠᠳᠠᠨ᠎ᠠ᠂ ᠪᠦᠬᠦ᠌ ᠬᠤᠲᠠ᠎ᠶ᠋ᠢᠨ ᠲᠦᠬᠦᠬᠡᠷᠦᠮᠵᠢᠳᠦ ᠲᠠᠷᠢᠶᠠᠯᠠᠩ᠎ᠤᠨ ᠬᠦᠷᠢᠶᠡᠯᠡᠩ 400 ᠭᠠᠷᠤᠢ ᠪᠤᠯᠵᠤ᠂ 1000 ᠮᠦ᠍᠎ᠠᠴᠠ ᠲᠡᠭᠡᠭ᠌ᠰᠢᠬᠢ ᠲᠦᠭᠦᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ 16 ᠪᠤᠯᠵᠤ᠂ ᠶᠡᠷᠦᠩᠬᠡᠢ ᠲᠠᠯᠠᠪᠠᠢ᠎ᠶ᠋ᠢᠨ 36% ᠎ᠶ᠋ᠢ ᠡᠵᠡᠯᠡᠪᠡ᠃

ᠬᠠᠩᠭᠢᠨ ᠬᠤᠢᠲᠤ ᠬᠤᠱᠢᠭᠤᠨ᠎ᠤ ᠱᠠᠮᠪᠠ ᠪᠠᠯᠭᠠᠰᠤ᠎ᠶ᠋ᠢᠨ ᠵᠦᠩ ᠨᠠᠨ ᠴᠢᠦᠢ ᠲᠤᠰᠭᠤᠨ᠎ᠤ ᠶᠢᠰᠦᠳᠦᠭᠡᠷ ᠲᠤᠭᠤᠢ᠍ᠢᠯᠠᠩ᠎ᠤᠨ 200 ᠭᠠᠷᠤᠢ ᠰᠠᠭᠤᠷᠢ ᠲᠤᠯᠠᠭᠠᠨ ᠬᠦᠯᠡᠮᠵᠢ᠎ᠳᠤ ᠡᠯ᠎ᠡ ᠵᠦᠢᠯ᠎ᠤᠨ ᠭᠤᠸᠠ ᠨᠤᠭᠤᠭ᠎ᠠ᠎ᠶ᠋ᠢᠨ ᠨᠢᠯᠬ᠎ᠠ ᠴᠢᠬᠢ ᠤᠷᠭᠤᠵᠤ᠂ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃

《ᠮᠠᠨ᠎ᠤ ᠲᠤᠰᠭᠤᠨ ᠠᠳᠡ ᠵᠠᠬᠢᠶᠠᠯᠠᠭ᠎ᠠ᠎ᠶ᠋ᠢᠨ ᠴᠢᠬᠢ ᠪᠤᠢᠵᠢᠭᠤᠯᠳᠠᠭ᠂ ᠠᠮᠲᠠᠲᠤ ᠬᠡᠮᠬᠡ᠂ ᠲᠠᠷᠪᠤᠰ᠂ ᠲᠦᠪᠡᠳ ᠬᠠᠰᠢ᠂ ᠦᠷᠭᠡᠰᠦᠲᠦ ᠬᠡᠮᠬᠡ᠂ ᠭᠤᠱᠤᠭᠤᠨ ᠨᠤᠭᠤᠭ᠎ᠠ᠂ ᠬᠠᠰᠢ᠂ ᠨᠠᠷᠠᠨ ᠬᠤᠸᠠᠷ ᠬᠦᠷᠲᠡᠯ᠎ᠡ ᠪᠦᠷ ᠪᠤᠢ᠃ ᠶᠡᠷᠦ᠎ᠳᠡᠭᠡᠨ ᠴᠢᠬᠢ ᠪᠤᠢᠵᠢᠭᠤᠯᠬᠤ ᠬᠤᠭᠤᠴᠠᠭ᠎ᠠ᠎ᠨᠢ 2 ᠰᠠᠷ᠎ᠠ ᠤᠷᠴᠢᠮ᠂ ᠤᠳᠤ ᠮᠠᠨ᠎ᠤ ᠲᠤᠰᠭᠤᠨ᠎ᠤ 90% ᠎ᠠᠴᠠ ᠲᠡᠭᠡᠭ᠌ᠰᠢᠬᠢ ᠲᠤᠰᠭᠤᠨ᠎ᠤ ᠠᠷᠠᠳ ᠡᠨᠡ ᠬᠦ᠌ ᠪᠠᠶᠠᠵᠢᠨ ᠴᠢᠨᠡᠭᠡᠯᠢᠭ᠌ᠵᠢᠭᠦᠯᠬᠦ᠌ ᠠᠵᠤ ᠦᠢᠯᠡᠰ᠎ᠤᠨ ᠬᠡᠯᠬᠢᠶ᠎ᠡ᠎ᠳᠤ ᠤᠷᠤᠯᠴᠠᠵᠤ᠂ ᠨᠢᠭᠡ ᠪᠦᠯᠦᠭ ᠲᠤᠮᠤ ᠡᠷᠦᠬᠡ᠎ᠶ᠋ᠢᠨ ᠵᠢᠯ᠎ᠤᠨ ᠤᠷᠤᠯᠭ᠎ᠠ᠎ᠨᠢ ᠪᠦᠷ 30 — 40 ᠲᠦᠮᠡᠨ ᠲᠦᠭᠦᠷᠢᠭ ᠬᠦᠷᠳᠡᠭ》 ᠬᠡᠵᠦ᠍ ᠵᠦᠡᠭ ᠨᠠᠨ ᠴᠢᠤᠢ ᠲᠤᠰᠭᠤᠨ᠎ᠤ ᠶᠢᠰᠦᠳᠦᠬᠡᠷ ᠲᠤᠭᠤᠢ᠍ᠢᠯᠠᠩ᠎ᠤᠨ ᠲᠠᠷᠤᠭ᠎ᠠ ᠸᠠᠩ ᠬᠤᠩ ᠶᠠᠷᠢᠨ᠎ᠡ᠃

ᠲᠦᠬᠦᠭᠡᠷᠦᠮᠵᠢᠲᠦ ᠲᠠᠷᠢᠶᠠᠯᠠᠩ᠎ᠨᠢ ᠨᠢᠭᠡ ᠵᠦᠢᠯ᠎ᠤᠨ ᠤᠷᠤᠭᠤᠯᠤᠯᠲᠠ ᠶᠡᠭᠡ᠎ᠲᠠᠢ ᠪᠦᠭᠡᠳ ᠭᠠᠷᠤᠯᠲᠠ ᠶᠡᠭᠡ᠎ᠲᠠᠢ ᠠᠵᠤ ᠦᠢᠯᠡᠰ ᠪᠤᠯᠤᠨ᠎ᠠ᠃ ᠨᠠᠷᠠᠨ᠎ᠤ ᠭᠡᠷᠡᠯ᠎ᠤᠨ ᠲᠤᠯᠠᠭᠠᠨ ᠬᠦᠯᠡᠮᠵᠢ᠎ᠳᠤ ᠨᠢᠭᠡ ᠵᠢᠯ ᠬᠤᠶᠠᠷ ᠡᠭᠡᠯᠵᠢ ᠲᠠᠷᠢᠮᠠᠯ ᠲᠠᠷᠢᠬᠤ᠎ᠳᠤ᠂ ᠮᠦ᠍ ᠪᠦᠷᠢ᠎ᠶ᠋ᠢᠨ ᠲᠤᠮᠳᠠᠴᠢ ᠦᠷ᠎ᠡ ᠠᠱᠢᠭ᠎ᠨᠢ 4 — 6 ᠲᠦᠮᠡᠨ ᠲᠦᠭᠦᠷᠢᠭ ᠪᠠᠢᠵᠤ᠂ ᠡᠩ᠎ᠤᠨ ᠲᠠᠷᠢᠶᠠᠨ᠎ᠤ ᠦᠷ᠎ᠡ ᠠᠱᠢᠭ᠎ᠤᠨ 25 — 30 ᠲᠠᠬᠢᠨ᠎ᠲᠠᠢ ᠲᠡᠩᠴᠡᠨ᠎ᠡ᠃ ᠰᠦᠯᠢᠶᠤᠤ ᠪᠦᠬᠦᠭᠡᠭ᠎ᠲᠤ ᠨᠢᠭᠡ ᠵᠢᠯ ᠬᠤᠶᠠᠷ ᠡᠭᠡᠯᠵᠢ ᠲᠠᠷᠢᠬᠤ᠎ᠳᠤ ᠮᠦ᠍ ᠪᠦᠷᠢ᠎ᠶ᠋ᠢᠨ ᠦᠷ᠎ᠡ ᠠᠱᠢᠭ᠎ᠨᠢ 2 ᠲᠦᠮᠡᠨ ᠲᠦᠭᠦᠷᠢᠭ ᠤᠷᠴᠢᠮ ᠪᠠᠢᠵᠤ᠂ ᠡᠩ᠎ᠤᠨ ᠲᠠᠷᠢᠶᠠᠨ᠎ᠤ ᠦᠷ᠎ᠡ ᠠᠱᠢᠭ᠎ᠤᠨ 10 ᠲᠠᠬᠢᠨ᠎ᠲᠠᠢ ᠲᠡᠩᠴᠡᠨ᠎ᠡ᠃ ᠪᠠᠶᠠᠨᠨᠠᠭᠤᠷ ᠬᠤᠲᠠ᠎ᠶ᠋ᠢᠨ ᠲᠦᠬᠦᠭᠡᠷᠦᠮᠵᠢᠲᠤ ᠲᠠᠷᠢᠶᠠᠯᠠᠩ᠎ᠤᠨ ᠬᠦᠭ᠌ᠵᠢᠯᠲᠡ᠎ᠨᠢ ᠲᠠᠷᠢᠶᠠᠯᠠᠩ᠎ᠤᠨ ᠪᠦᠳᠦᠴᠡ᠎ᠶ᠋ᠢᠨ ᠲᠤᠬᠢᠷᠠᠭᠤᠯᠤᠯᠲᠠ᠎ᠶ᠋ᠢᠨ ᠠᠷᠭ᠎ᠠ ᠵᠠᠮ᠎ᠢ ᠦᠷᠭᠡᠳᠭᠡᠵᠦ᠍᠂ ᠤᠯᠠᠮᠵᠢᠯᠠᠯᠲᠤ ᠲᠠᠷᠢᠶᠠᠯᠠᠩ᠎ᠠᠴᠠ ᠤᠳᠤ ᠦᠶ᠎ᠡ᠎ᠶ᠋ᠢᠨ ᠪᠤᠬᠢᠷᠳᠤᠯ ᠦᠭᠡᠢ ᠦᠷ᠎ᠡ ᠠᠱᠢᠭ ᠰᠠᠢᠲᠠᠢ ᠲᠠᠷᠢᠶᠠᠯᠠᠩ ᠦᠭᠡᠳᠡ ᠬᠤᠪᠢᠷᠠᠬᠤ᠎ᠶ᠋ᠢ ᠠᠬᠢᠭᠤᠯᠵᠤ᠂ ᠦᠢᠯᠡᠳᠪᠦᠷᠢᠯᠡᠯ᠎ᠤᠨ ᠬᠡᠯᠪᠡᠷᠢ᠎ᠶ᠋ᠢᠨ ᠬᠤᠪᠢᠷᠠᠯᠲᠠ ᠪᠠ ᠲᠠᠷᠢᠶᠠᠴᠢᠨ᠎ᠤ ᠦᠵᠡᠯ ᠰᠠᠨᠠᠭ᠎ᠠ ᠤᠢ᠍ᠢᠯᠠᠭᠠᠭ᠍ᠳᠠᠬᠤᠨ᠎ᠢ ᠱᠢᠨᠡᠴᠢᠯᠡᠬᠦ᠌᠎ᠶ᠋ᠢ ᠲᠠᠢᠴᠢᠯᠠᠵᠤ᠂ ᠲᠠᠷᠢᠶᠠᠴᠢᠳ᠎ᠤᠨ ᠤᠷᠤᠯᠭ᠎ᠠ᠎ᠶ᠋ᠢ ᠢᠯᠡᠷᠬᠡᠢ ᠨᠡᠮᠡᠭ᠌ᠳᠡᠭᠦᠯᠦᠬᠡᠳ ᠪᠤᠷᠤᠳᠤᠬᠤᠢ᠎ᠶ᠋ᠢᠨ ᠡᠯᠢᠬᠡᠨ᠎ᠳᠤ ᠪᠠᠶᠠᠵᠢᠯ ᠴᠢᠨᠡᠬᠡᠯᠢᠭ᠌ᠵᠢᠯ᠎ᠤᠨ ᠤᠶᠠᠩᠭ᠎ᠠ᠎ᠶ᠋ᠢ ᠬᠠᠩᠬᠢᠨᠠᠭᠤᠯᠤᠭ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号