6 ᠰᠠᠷ᠎ᠠ᠎ᠶ᠋ᠢᠨ 26 ᠤ ᠣᠷᠤᠢ᠎ᠶ᠋ᠢᠨ 20 ᠴᠠᠭ᠎ᠲᠤ ᠠᠩᠬᠠᠳᠤᠭᠠᠷ ᠬᠤᠭᠤᠴᠠᠭᠠᠨ᠎ᠤ 《ᠲᠠᠯ᠎ᠠ ᠨᠤᠲᠤᠭ᠎ᠤᠨ ᠳᠠᠭᠤᠤ ᠬᠦᠭ᠌ᠵᠢᠮ ᠠᠮᠲᠠᠲᠤ ᠢᠳᠡᠭᠡᠨ᠎ᠤ ᠨᠠᠢᠷ》 ᠤᠨ ᠡᠬᠢᠯᠡᠯᠲᠡ᠎ᠶ᠋ᠢᠨ ᠶᠣᠰᠤᠯᠠᠯ ᠬᠦᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠶᠡᠭᠡ ᠵᠤᠤ ᠰᠦᠮ᠎ᠡ᠎ᠶ᠋ᠢᠨ ᠠᠭᠤᠳᠠᠮ ᠲᠠᠯᠠᠪᠠᠢ᠎ᠳᠤ ᠨᠢᠵᠢᠭᠢᠷ ᠪᠣᠯᠵᠤ ᠦᠩᠭᠡᠷᠡᠯ᠎ᠡ᠃
ᠲᠣᠰ ᠤᠳᠠᠭᠠᠨ᠎ᠤ ᠨᠠᠢᠷ᠎ᠨᠢ ᠦᠪᠦᠷ ᠮᠣᠩᠭᠤᠯ᠎ᠤᠨ ᠳᠠᠭᠤᠤ ᠬᠦᠭ᠌ᠵᠢᠮ ᠂ ᠦᠪᠦᠷ ᠮᠣᠩᠭᠤᠯ᠎ᠤᠨ ᠦᠨᠦᠷ ᠠᠮᠲᠠ ᠂ ᠦᠪᠦᠷ ᠮᠣᠩᠭᠤᠯ᠎ᠤᠨ ᠰᠠᠢᠨ ᠪᠠᠷᠠᠭ᠎ᠠ ᠵᠡᠷᠭᠡ ᠭᠤᠷᠪᠠᠨ ᠭᠤᠣᠯ ᠰᠡᠳᠦᠪ᠎ᠤᠨ ᠲᠣᠭᠤᠷᠢᠨ᠎ᠳᠤ ᠶᠠᠪᠤᠭ᠍ᠳᠠᠬᠤ᠎ᠶ᠋ᠢᠨ ᠳᠠᠭᠠᠤ ᠦᠪᠦᠷ ᠮᠣᠩᠭᠤᠯ᠎ᠤᠨ ᠦᠵᠡᠮᠵᠢ᠎ᠶ᠋ᠢᠨ ᠣᠷᠤᠨ᠂ ᠦᠪᠦᠷ ᠮᠣᠩᠭᠤᠯ᠎ᠤᠨ ᠡᠷᠡᠭᠦᠯ ᠮᠡᠨᠳᠦ᠂ ᠦᠪᠦᠷ ᠮᠣᠩᠭᠤᠯ᠎ᠤᠨ ᠪᠣᠳᠠᠰ᠎ᠤᠨ ᠪᠣᠰᠤ ᠰᠣᠶᠤᠯ᠂ ᠦᠪᠦᠷ ᠮᠣᠩᠭᠤᠯ᠎ᠤᠨ ᠦᠯᠢᠭᠡᠷ ᠵᠡᠷᠭᠡ ᠠᠵᠢᠯᠯᠠᠭ᠎ᠠ᠎ᠶ᠋ᠢ ᠬᠠᠮᠲᠤᠷᠠᠭᠤᠯᠤᠨ᠂ ᠵᠢᠭᠤᠯᠴᠢᠯᠠᠯ᠎ᠤᠨ ᠲᠤᠭᠤᠷᠢᠭ ᠪᠣᠶᠤ ᠰᠦᠨᠢ᠎ᠶ᠋ᠢᠨ ᠰᠡᠯᠡᠭᠦᠴᠡᠯ᠎ᠤᠨ ᠲᠣᠭᠤᠷᠢᠭ᠎ᠤᠨ ᠣᠯᠠᠨ ᠴᠡᠭ᠎ᠲᠤ ᠲᠣᠭ᠍ᠯᠠᠯᠲᠠ ᠭᠠᠷᠭᠠᠭ᠍ᠰᠠᠨ᠎ᠢᠶᠠᠷ ᠤᠯᠠᠭᠠᠨᠮᠦᠴᠢᠷ᠎ᠤᠨ ᠠᠪᠢᠶᠠᠰᠲᠤ ᠤᠷᠠᠯᠢᠭ᠍ᠴᠢᠳ᠂ ᠡᠯ᠎ᠡ ᠭᠠᠵᠠᠷ᠎ᠤᠨ ᠠᠮᠲᠠᠲᠤ ᠬᠤᠭᠤᠯᠠ ᠪᠠ ᠲᠣᠭᠤᠭᠠᠴᠢᠳᠢ ᠣᠯᠠᠨ ᠲᠦᠮᠡᠨ᠎ᠤ ᠳᠤᠮᠳᠠ ᠠᠪᠴᠢᠷᠠᠨ᠂ ᠦᠪᠦᠷ ᠮᠣᠩᠭᠤᠯ᠎ᠤᠨ ᠴᠢᠨᠠᠷᠯᠢᠭ ᠪᠠᠷᠠᠭ᠎ᠠ᠎ᠪᠠᠨ ᠵᠢᠭᠤᠯᠴᠢᠯᠠᠭ᠍ᠴᠢᠳ᠎ᠲᠤ ᠱᠢᠭᠤᠳ ᠪᠣᠷᠤᠯᠠᠭᠤᠯᠵᠤ᠂ ᠰᠦᠨᠢ᠎ᠶ᠋ᠢᠨ ᠵᠠᠬ᠎ᠠ᠎ᠳᠤ ᠡᠷᠡᠭᠦᠯ ᠮᠡᠨᠳᠦ ᠪᠠ ᠪᠠᠴᠢᠮ ᠠᠪᠤᠷᠠᠯᠲᠠ᠎ᠶ᠋ᠢᠨ ᠮᠡᠳᠡᠯᠭᠡ᠎ᠶ᠋ᠢ ᠤᠯᠠᠮᠵᠢᠯᠠᠨ᠂ ᠪᠣᠳᠠᠰ᠎ᠤᠨ ᠪᠣᠰᠤ ᠰᠣᠶᠤᠯ᠎ᠤᠨ ᠥᠪ᠂ ᠰᠣᠶᠤᠯ ᠵᠢᠭᠤᠯᠴᠢᠯᠠᠯ᠎ᠤᠨ ᠪᠦᠲᠦᠭᠡᠭ᠌ᠲᠡᠬᠦᠨ ᠵᠡᠷᠭᠡ᠎ᠶ᠋ᠢ ᠰᠦᠨᠢ᠎ᠶ᠋ᠢᠨ ᠵᠠᠬ᠎ᠠ᠎ᠳᠤ ᠨᠡᠪᠲᠡᠷᠡᠭᠦᠯᠦᠭ᠌ᠰᠡᠨ᠎ᠨᠢ ᠣᠯᠠᠨ ᠲᠦᠮᠡᠨ᠎ᠤ ᠰᠣᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠪᠠᠷ ᠪᠠᠷᠠᠬᠤ ᠦᠭᠡᠢ ᠲᠣᠬᠠᠢ᠎ᠶ᠋ᠢᠨ ᠭᠠᠵᠠᠷ᠎ᠤᠨ ᠬᠡᠷᠡᠭ᠌ᠯᠡᠭᠡ᠎ᠶ᠋ᠢ ᠨᠡᠮᠡᠭ᠌ᠳᠡᠭᠦᠯᠦᠨ᠂ ᠠᠵᠤ ᠠᠬᠤᠢ ᠨᠡᠢᠭᠡᠮ᠎ᠤᠨ ᠬᠦᠭ᠌ᠵᠢᠯᠲᠡ᠎ᠳᠤ ᠬᠦᠴᠦᠨ ᠨᠡᠮᠡᠷᠢᠯᠡᠬᠦ᠌ ᠶᠤᠮ᠃



ᠲᠣᠭ᠍ᠯᠠᠯᠲᠠ᠎ᠳᠤ ᠵᠠᠯᠠᠠᠭᠤ ᠳᠠᠭᠤᠴᠢᠨ ᠬᠠᠯᠢᠨ᠂ ᠤᠯᠠᠭᠠᠨᠲᠤᠶᠠᠭ᠎ᠠ᠂ ᠠᠳᠤᠭᠤᠴᠢᠨ ᠬᠠᠮᠲᠤᠯᠢᠭ᠂ ᠨᠠᠢᠷ ᠬᠠᠮᠲᠤᠯᠢᠭ᠂ ᠦᠪᠦᠷ ᠮᠣᠩᠭᠤᠯ᠎ᠤᠨ ᠱᠢᠭᠤᠳ ᠬᠠᠷᠢᠶ᠎ᠠ ᠤᠯᠠᠭᠠᠨᠮᠦᠴᠢᠷ᠎ᠤᠨ ᠤᠷᠠᠯᠢᠭ᠍ᠴᠢᠳ ᠠᠶ᠎ᠠ ᠳᠠᠭᠤᠤ᠎ᠪᠠᠨ ᠡᠷᠭᠦᠭ᠌ᠰᠡᠨ᠎ᠢᠶᠠᠷ ᠪᠠᠷᠠᠬᠤ ᠦᠭᠡᠢ 12 ᠠᠢᠮᠠᠭ ᠬᠤᠲᠠ᠎ᠶ᠋ᠢᠨ ᠠᠮᠲᠠᠲᠤ ᠢᠳᠡᠭᠡᠨ ᠪᠠ ᠣᠷᠤᠨ ᠨᠤᠲᠤᠭ᠎ᠤᠨ ᠣᠨᠴᠠᠯᠢᠭ᠎ᠲᠠᠢ ᠪᠠᠷᠠᠭ᠎ᠠ ᠲᠠᠸᠠᠷ ᠳᠡᠯᠭᠡᠨ ᠪᠤᠷᠤᠯᠠᠭᠤᠯᠤᠭ᠍ᠳᠠᠵᠦ᠍᠂ ᠵᠠᠬ᠎ᠠ ᠳᠡᠯᠭᠡᠭᠦᠷ᠎ᠢᠶᠠᠷ ᠦᠢᠯᠡᠳᠦᠯᠭᠡᠵᠢᠭᠦᠯᠦᠨ᠂ ᠤᠷᠠᠯᠢᠭ᠍ᠴᠢᠳᠢ ᠣᠯᠠᠨ ᠲᠦᠮᠡᠨ᠎ᠲᠠᠢ ᠣᠢᠷᠠᠲᠤᠭᠤᠯᠤᠨ᠂ ᠣᠯᠠᠨ ᠲᠦᠮᠡᠨ᠎ᠲᠠᠢ ᠬᠠᠮᠲᠤ᠎ᠳᠠᠭᠠᠨ ᠳᠠᠭᠤᠯᠠᠬᠤ ᠲᠠᠪᠴᠠᠩ᠎ᠢ ᠪᠣᠢ ᠪᠣᠯᠭᠠᠭ᠍ᠰᠠᠨ᠎ᠨᠢ ᠭᠠᠵᠠᠷ ᠣᠷᠤᠨ᠎ᠤ ᠣᠨᠴᠠᠯᠢᠭ᠎ᠲᠠᠭᠠᠨ ᠲᠣᠬᠢᠷᠠᠵᠤ᠂ ᠠᠷᠠᠳ ᠣᠯᠠᠨ᠎ᠤ ᠲᠠᠭᠠᠱᠢᠶᠠᠯ᠎ᠢ ᠣᠯᠵᠠᠢ᠃



