ᠨᠠᠷᠠᠨ ᠭᠡᠷᠡᠯᠳᠤ ᠠᠯᠳᠠᠨ ᠬᠠᠷᠭᠤᠢ
2020-06-29 09:58:39
ᠵᠣᠬᠢᠶᠠᠭ᠍ᠴᠢ᠄
ᠳᠡᠯᠭᠡᠷ
ᠣᠩᠱᠢᠭ᠍ᠰᠠᠨ ᠣᠳᠠᠭ᠎ᠠ᠄
★★★☆☆

- ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠦᠭ᠌ᠵᠢᠯᠲᠡ᠎ᠶ᠋ᠢ ᠲᠡᠮᠲᠡᠭ᠌ᠯᠡᠪᠡ

ᠵᠤᠨ᠎ᠤ ᠡᠭᠢᠨ᠎ᠳᠤ᠂ ᠬᠤᠷᠴᠢᠨ ᠨᠤᠳᠤᠭ᠎ᠤᠨ ᠦᠷᠤᠴᠡ᠎ᠳᠤ ᠨᠠᠷᠠᠨ ᠤᠷᠤᠢ᠎ᠠᠴᠠ ᠲᠦᠭᠡᠨᠡᠵᠤ᠂ ᠡᠯᠡᠰᠤ ᠤᠯᠠ᠎ᠠᠴᠠ ᠱᠢᠷᠠᠵᠤ ᠠᠭᠠᠭᠢᠮ᠎ᠠ ᠬᠠᠯᠠᠭᠤᠨ᠎ᠤ ᠢᠳᠡ ᠤᠯᠠᠮ᠎ᠢᠶᠠᠷ ᠴᠢᠩᠭᠠᠷᠠᠵᠤ ᠪᠠᠢᠯ᠎ᠠ᠃

6 ᠰᠠᠷ᠎ᠠ᠎ᠶ᠋ᠢᠨ 18 ᠎ᠤ ᠤᠳᠠ᠎ᠶ᠋ᠢᠨ ᠡᠮᠤᠨ᠎ᠠ᠂ ᠲᠡᠯᠡᠭᠡᠢ᠎ᠶ᠋ᠢᠨ ᠬᠠᠷᠠᠭᠠᠨ᠎ᠳᠤ 《ᠭᠠᠵᠠᠷ ᠲᠤᠤᠷᠠᠭᠢ ᠪᠠᠯᠠᠷ ᠤᠢ᠎ᠶ᠋ᠢᠨ ᠦᠵᠡᠮᠵᠢ》 ᠭᠡᠮᠡᠭ᠌ᠳᠡᠭ᠌ᠰᠡᠨ ᠶᠡᠭᠡ ᠴᠦᠡᠭ᠌ᠬᠦᠯ᠎ᠤᠨ ᠵᠢᠭᠤᠯᠴᠢᠯᠠᠯ᠎ᠤᠨ ᠤᠷᠤᠨ᠎ᠳᠤ ᠬᠦᠮᠤᠨ ᠤᠯᠠᠨᠳᠠᠢ᠂ ᠬᠦᠭ᠌ᠵᠢᠶᠡᠨ ᠶᠡᠭᠡᠳᠡᠢ ᠪᠠᠢᠪᠠ᠃ ᠤᠢ᠍ᠢᠯᠠᠭᠠᠬ᠍ᠰᠠᠨ᠎ᠢᠶᠠᠷ᠂ ᠠᠳᠡ ᠶᠡᠭᠡ ᠴᠦᠡᠭ᠌ᠬᠦᠯ᠎ᠤᠨ ᠦᠵᠡᠮᠵᠢ᠎ᠶ᠋ᠢᠨ ᠤᠷᠤᠨ᠎ᠤ ᠵᠢᠭᠤᠯᠴᠢᠯᠠᠯ᠎ᠤᠨ ᠠᠵᠢᠯ ᠦᠢᠯᠡᠳᠪᠤᠷᠢᠯᠡᠯ᠎ᠢᠶᠠᠨ ᠰᠡᠷᠬᠦᠭᠡᠬᠦ᠌ ᠰᠦᠯᠵᠢᠶᠡᠨ᠎ᠤ ᠱᠢᠭᠤᠳ ᠨᠠᠪᠳᠡᠷᠡᠬᠦᠯᠭᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠶ᠋ᠢᠨ ᠡᠭᠢᠯᠡᠯᠳᠡ᠎ᠶ᠋ᠢᠨ ᠶᠤᠰᠤᠯᠠᠯ ᠦᠪᠡᠳᠡᠭ᠌ᠰᠢ ᠶᠡᠭᠡ᠎ᠪᠠᠷ ᠶᠠᠪᠤᠬ᠍ᠳᠠᠵᠤ ᠪᠠᠢᠭ᠎ᠠ ᠠᠬᠤᠢ ᠲᠠᠯᠠᠪᠠᠢ ᠪᠤᠯᠤᠨ᠎ᠠ᠃

ᠡᠨᠡ ᠵᠢᠯ ᠬᠤᠷᠴᠢᠨ ᠵᠡᠬᠦᠨ ᠭᠠᠷᠤᠨ ᠬᠤᠢᠳᠤ ᠬᠤᠱᠢᠭᠤ ᠰᠤᠶᠤᠯ ᠵᠢᠭᠤᠯᠴᠢᠯᠠᠯ᠎ᠤᠨ ᠡᠭᠢ ᠪᠠᠶᠠᠯᠢᠬ᠎ᠤᠨ ᠲᠠᠪᠠᠭᠤᠯᠢᠬ᠎ᠢᠶᠠᠨ ᠪᠠᠳᠠᠷᠠᠭᠤᠯᠵᠤ᠂ ᠬᠦᠳᠡᠭᠡ ᠲᠤᠰᠭᠤᠨ᠎ᠤ ᠵᠢᠭᠤᠯᠴᠢᠯᠠᠯ᠎ᠤᠨ ᠠᠵᠠ ᠲᠤᠭᠢᠶᠠᠯ᠎ᠢ ᠡᠵᠡᠮᠳᠡᠬᠦ᠌ ᠪᠤᠯᠤᠨ ᠦᠷᠢᠰᠦᠯᠳᠦᠭᠡᠨ᠎ᠢ ᠠᠷᠭᠠᠴᠠᠬᠤ ᠠᠷᠭ᠎ᠠ ᠪᠤᠳᠤᠯᠭ᠎ᠠ ᠲᠤᠬ᠍ᠳᠠᠭᠠᠵᠤ᠂ ᠬᠦᠭ᠌ᠵᠢᠯᠳᠡ᠎ᠶ᠋ᠢᠨ ᠬᠠᠨᠳᠤᠰᠢ᠎ᠳᠤ ᠨᠠᠷᠢᠨ ᠨᠢᠮᠪᠠᠢ ᠲᠤᠭᠢᠷᠠᠭᠤᠯᠤᠯᠳᠠ ᠭᠢᠭ᠌ᠰᠡᠨ ᠪᠠᠢᠨ᠎ᠠ᠃ ᠮᠦᠨ ᠴᠤ᠌ 《ᠪᠠᠭᠠᠳᠤᠷ ᠮᠤᠷᠳᠠᠬ᠍ᠰᠠᠨ ᠱᠢᠳᠢ᠎ᠶ᠋ᠢᠨ ᠤᠷᠤᠨ》 ᠭᠡᠮᠡᠬᠦ᠌ ᠵᠢᠭᠤᠯᠴᠢᠯᠠᠯ᠎ᠤᠨ ᠤᠷᠤᠨ ᠲᠤᠭᠤᠷᠢᠬ᠎ᠤᠨ ᠨᠡᠷᠡᠳᠤ ᠲᠠᠮᠳᠡᠭ ᠡᠬᠦᠳᠬᠦ᠌ ᠴᠢᠨᠠᠷ ᠰᠠᠢᠳᠠᠢ ᠭᠦᠭ᠌ᠵᠢᠯᠳᠠ᠎ᠶ᠋ᠢᠨ ᠲᠦᠰᠦᠪ ᠲᠤᠭᠤᠷᠪᠢᠵᠤ᠂ ᠤᠷᠤᠯᠭ᠎ᠠ᠎ᠶ᠋ᠢᠨ ᠨᠡᠮᠡᠭ᠌ᠳᠡᠯ᠎ᠤᠨ ᠤᠷᠭᠢᠯ ᠡᠬᠦᠳᠬᠦ᠌ ᠱᠢᠨ᠎ᠠ ᠰᠦᠪᠡᠭ᠌ᠴᠢᠯᠡᠯᠳᠡ᠎ᠶ᠋ᠢ ᠲᠤᠷᠠᠳᠴᠤ᠌᠂ ᠭᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠤᠯᠤᠨ ᠠᠵᠤ ᠠᠬᠤᠢ ᠨᠠᠢᠭᠡᠮ᠎ᠤᠨ ᠬᠦᠭ᠌ᠵᠢᠯᠳᠠ᠎ᠳᠤ ᠪᠡᠳᠤ ᠪᠠᠭᠢ ᠰᠠᠭᠤᠷᠢ ᠲᠠᠯᠪᠢᠬ᠍ᠰᠠᠨ ᠪᠠᠢᠪᠠ᠃ ᠬᠠᠮᠳᠤ᠎ᠳᠤᠨᠢ᠂ ᠪᠦᠬᠦ᠌ ᠬᠤᠱᠢᠭᠤᠨ᠎ᠤ ᠭᠠᠵᠠᠷ ᠱᠢᠷᠤᠢ᠂ ᠵᠠᠮ ᠬᠠᠷᠢᠯᠴᠠᠭ᠎ᠠ᠂ ᠠᠮᠢ ᠠᠬᠤᠢ᠂ ᠤᠰᠤᠨ ᠠᠱᠢᠬ᠍ᠯᠠᠯᠳᠠ ᠵᠡᠷᠭᠡ᠎ᠶ᠋ᠢᠨ ᠲᠦᠯᠦᠪᠵᠢᠯ ᠪᠤᠯᠤᠨ ᠬᠦᠭ᠌ᠵᠢᠯ᠎ᠢ ᠵᠢᠭᠤᠯᠴᠢᠯᠠᠯ᠎ᠤᠨ ᠤᠢ᠍ᠢᠯᠡᠰ᠎ᠤᠨ ᠬᠦᠭ᠌ᠵᠢᠯᠳᠡ᠎ᠲᠠᠢ ᠬᠠᠷᠢᠯᠴᠠᠨ ᠵᠤᠯᠭᠠᠯᠴᠠᠭᠤᠯᠵᠤ᠂ ᠠᠮᠢ ᠠᠬᠤᠢ᠎ᠪᠠᠷ ᠤᠷᠢᠳᠠᠯ ᠪᠤᠯᠭᠠᠬᠤ ᠠᠯᠤᠰ ᠬᠡᠳᠤ᠎ᠶ᠋ᠢᠨ ᠭᠦᠭ᠌ᠵᠢᠯᠳᠡ᠎ᠶ᠋ᠢᠨ ᠬᠠᠨᠳᠤᠰᠢ᠎ᠪᠠᠨ ᠲᠤᠳᠤᠷᠬᠠᠢᠯᠠᠬ᠍ᠰᠠᠨ ᠪᠠᠢᠨ᠎ᠠ᠃ ᠡᠬᠦᠨ᠎ᠳᠤ᠂ ᠤᠷᠤᠨ ᠲᠤᠭᠤᠷᠢᠬ᠎ᠤᠨ ᠨᠡᠷᠡᠳᠤ ᠲᠠᠮᠳᠡᠭ᠌ᠳᠤ ᠲᠦᠷᠪᠡᠨ ᠤᠯᠠᠷᠢᠯ᠎ᠤᠨ ᠰᠤᠶᠤᠯ ᠵᠢᠭᠤᠯᠴᠢᠯᠠᠯ᠎ᠤᠨ ᠬᠦᠷᠢᠶ᠎ᠠ ᠴᠠᠷᠠᠭ᠎ᠠ᠎ᠶ᠋ᠢ ᠲᠦᠯᠦᠪᠱᠢᠷᠠᠬᠦᠯᠤᠨ ᠲᠦᠪᠭᠢᠨᠠᠬᠦᠯᠵᠤ᠂ 10 ᠦᠵᠡᠮᠵᠢ᠎ᠶ᠋ᠢᠨ ᠤᠷᠤᠨ 100 ᠦᠵᠡᠮᠤᠷᠢ᠎ᠶ᠋ᠢᠨ ᠴᠡᠭ᠎ᠤᠨ ᠪᠦᠳᠦᠬᠡᠨ ᠪᠠᠢᠭᠤᠯᠤᠯᠳᠠ᠎ᠶ᠋ᠢᠨ ᠬᠤᠷᠳᠤᠴᠠ᠎ᠶ᠋ᠢ ᠲᠦᠷᠭᠡᠳᠭᠡᠵᠤ᠂ ᠡᠨᠡ ᠵᠢᠯ᠎ᠤᠨ 165 ᠲᠦᠮᠡᠨ ᠬᠦᠮᠤᠨ ᠬᠦᠯᠢᠶᠡᠨ ᠠᠪᠬᠤ ᠡᠬᠦᠷᠭᠡ ᠪᠤᠯᠤᠨ 14 ᠳ᠋ᠦᠡᠭ᠌ᠰᠢᠭᠤᠷ ᠲᠦᠬᠦᠷᠢᠭ᠎ᠤᠨ ᠵᠢᠭᠤᠯᠴᠢᠯᠠᠯ᠎ᠤᠨ ᠶᠡᠷᠤᠩᠭᠡᠢ ᠤᠷᠤᠯᠭ᠎ᠠ ᠡᠬᠦᠳᠬᠦ᠌ ᠬᠠᠷᠠᠯᠳᠠ᠎ᠪᠠᠨ ᠪᠠᠶᠡᠯᠡᠬᠦᠯᠬᠦ᠌᠎ᠪᠠᠷ ᠬᠦᠴᠤᠯᠠᠨ ᠴᠢᠷᠮᠠᠢᠵᠤ ᠪᠠᠢᠨ᠎ᠠ᠃ ᠴᠦᠡᠭ᠌ᠬᠦᠯ᠎ᠤᠨ ᠭᠤᠤ᠎ᠶ᠋ᠢᠨ ᠠᠯᠤᠰ᠎ᠢ ᠪᠠᠷᠠᠯᠠᠬᠤ ᠰᠤᠪᠤᠷᠭ᠎ᠠ᠎ᠠᠴᠠ ᠬᠤᠯᠠ ᠤᠢ᠍ᠢᠷ᠎ᠠ᠎ᠶ᠋ᠢᠨ ᠲᠦᠷᠪᠡᠨ ᠵᠦᠭ᠎ᠢ ᠠᠵᠢᠬ᠍ᠯᠠᠬᠤ᠎ᠳᠤ᠂ ᠬᠤᠷᠴᠢᠨ ᠨᠤᠳᠤᠭ ᠨᠤᠭᠤᠭᠠᠨ ᠦᠡᠭ᠌ᠭᠡ᠎ᠪᠠᠷ ᠦᠪᠴᠢ ᠪᠤᠳᠤᠬ᠍ᠯᠠᠵᠤ᠂ ᠨᠤᠮᠢᠨ ᠲᠤᠯᠭᠢᠶ᠎ᠠ ᠬᠠᠶᠠᠯᠠᠨ᠎ᠠ᠃ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ ᠡᠵᠡᠩᠨᠡᠭ᠌ᠴᠢ᠎ᠶ᠋ᠢᠨ ᠨᠢᠭᠡ ᠪᠤᠯᠬᠤ ᠴᠠᠩ ᠮᠢᠩ᠎ᠤᠨ ᠭᠡᠯᠡᠬᠦ᠌᠎ᠪᠠᠷ᠄ 《ᠦᠡᠭ᠌ᠭᠡᠷᠡᠭ᠌ᠰᠡᠨ᠎ᠳᠤ ᠬᠦᠯ ᠬᠦᠯ᠎ᠢᠶᠠᠨ ᠭᠢᠰᠭᠢᠬᠦ᠌ ᠬᠦᠮᠤᠨ ᠤᠯᠠᠨᠳᠠᠢ ᠤᠷᠤᠨ ᠪᠠᠢᠵᠠᠢ᠃ ᠡᠨᠡ ᠵᠢᠯ ᠭᠢᠵᠢᠭ᠎ᠤᠨ ᠪᠠᠢᠳᠠᠯ᠎ᠠᠴᠠ ᠪᠤᠯᠵᠤ ᠵᠢᠭᠤᠯᠴᠢᠯᠠᠭ᠍ᠰᠠᠳ ᠴᠦᠭᠡᠷᠠᠵᠤ᠂ ᠤᠷᠤᠯᠭ᠎ᠠ᠎ᠶ᠋ᠢᠨ ᠨᠡᠮᠡᠭ᠌ᠳᠡᠯ᠎ᠢ ᠨᠦᠯᠦᠭᠡᠯᠡᠬᠦ᠌ ᠪᠤᠯᠪᠠ᠃ ᠭᠡᠪᠡᠴᠤ᠌ ᠭᠢᠵᠢᠭ᠎ᠤᠨ ᠪᠠᠢᠳᠠᠯ ᠨᠠᠮᠳᠠᠵᠤ᠂ ᠰᠡᠷᠭᠡᠢᠯᠡᠨ ᠡᠵᠡᠮᠳᠡᠬᠦ᠌ ᠠᠵᠢᠯ ᠡᠷᠴᠢᠮᠳᠠᠢ ᠶᠠᠪᠤᠬ᠍ᠳᠠᠵᠤ ᠪᠠᠢᠨ᠎ᠠ᠂ ᠲᠠᠷᠠᠭ᠎ᠠ ᠭᠡᠳᠤᠨ ᠰᠠᠷ᠎ᠠ᠎ᠳᠤ ᠵᠢᠭᠤᠯᠴᠢᠯᠠᠭ᠍ᠰᠠᠳ ᠤᠯᠠᠱᠢᠷᠠᠬᠤ ᠪᠤᠯᠤᠮᠵᠢ᠎ᠲᠠᠢ ᠪᠠᠢᠨ᠎ᠠ》 ᠭᠡᠮᠡᠨ ᠶᠠᠷᠢᠵᠤ ᠪᠠᠢᠯ᠎ᠠ᠃

6 ᠰᠠᠷ᠎ᠠ᠎ᠶ᠋ᠢᠨ 19 ᠎ᠤ ᠡᠳᠤᠷ᠂ ᠬᠤᠷᠴᠢᠨ ᠵᠡᠬᠦᠨ ᠭᠠᠷᠤᠨ ᠬᠤᠢᠳᠤ ᠬᠤᠱᠢᠭᠤᠨ᠎ᠤ ᠲᠦᠪ ᠪᠠᠯᠭᠠᠰᠤ ᠭᠠᠨᠵᠤᠭ᠎ᠠ᠎ᠠᠴᠠ ᠬᠤᠢᠰᠢ ᠭᠡᠳᠤᠨ ᠠᠷᠪᠠᠨ ᠭᠠᠵᠠᠷ ᠠᠶᠠᠯᠠᠬᠤ᠎ᠪᠠᠷ᠂ ᠬᠤᠯᠠ᠎ᠶ᠋ᠢᠨ ᠪᠠᠷ᠎ᠠ᠎ᠳᠤ ᠴᠠᠢᠷᠠᠨ ᠬᠠᠷᠠᠬ᠍ᠳᠠᠬᠤ ᠴᠠᠭᠠᠨ ᠰᠤᠪᠤᠷᠭ᠎ᠠ ᠬᠤᠷᠴᠢᠨ ᠨᠤᠳᠤᠭ᠎ᠤᠨ ᠰᠦᠭ ᠰᠦᠯᠳᠠ ᠪᠤᠯᠤᠨ ᠰᠦᠨᠳᠡᠷᠯᠠᠵᠤ᠂ 《ᠲᠡᠭ᠌ᠷᠢ᠎ᠶ᠋ᠢᠨ ᠲᠤᠤᠷᠠᠭᠢ ᠬᠠᠮᠤᠭ᠎ᠤᠨ ᠲᠤᠮᠤ ᠤᠪᠤᠭ᠎ᠠ》 ᠭᠡᠬᠦ᠌ ᠠᠯᠳᠠᠷ ᠴᠤᠤᠳᠠᠢ ᠱᠤᠩᠬᠤᠷ ᠠᠭᠤᠯᠠ ᠬᠠᠨᠠᠭᠠᠷ ᠲᠠᠯ᠎ᠠ᠎ᠶ᠋ᠢᠨ ᠲᠡᠨᠢᠭᠡᠷ ᠡᠯᠢᠭᠡᠨ᠎ᠳᠤ ᠨᠤᠳᠤᠭ᠎ᠢᠶᠠᠨ ᠮᠠᠨᠠᠵᠤ ᠬᠦᠮᠤᠨ ᠠᠷᠠᠳ᠎ᠤᠨ᠎ᠢᠶᠠᠨ ᠦᠮᠦᠭ ᠲᠦᠱᠢᠭ ᠪᠤᠯᠤᠨ ᠲᠡᠨᠢᠬᠦᠨ ᠲᠦᠷᠢ᠎ᠪᠠᠷ ᠲᠤᠳᠤᠷᠠᠩᠬᠠᠨ ᠪᠠᠢᠯ᠎ᠠ᠃ ᠦᠵᠡᠮᠵᠢ᠎ᠶ᠋ᠢᠨ ᠤᠷᠤᠨ᠎ᠳᠤ ᠵᠢᠷᠭᠠᠯᠠᠩᠳᠤ ᠪᠠᠯᠭᠠᠰᠤᠨ᠎ᠤ ᠵᠡᠬᠦᠨ ᠰᠤᠭᠤ ᠭᠠᠴᠠᠭ᠎ᠠ᠎ᠶ᠋ᠢᠨ ᠲᠠᠷᠢᠶᠠᠴᠢᠨ ᠪᠦᠰᠡᠬᠦᠢ ᠴᠢᠩ ᠯᠠᠨ 90 ᠨᠠᠰᠤᠳᠠᠢ ᠡᠮᠡᠭᠡ ᠡᠵᠢ᠎ᠪᠠᠨ ᠲᠦᠱᠢᠵᠤ᠂ 70 ᠎ᠶ᠋ᠢ ᠲᠠᠪᠠᠭ᠍ᠰᠠᠨ ᠬᠠᠳᠠᠮ ᠡᠵᠢ᠎ᠪᠠᠨ ᠲᠠᠭᠠᠭᠤᠯᠵᠤ᠂ ᠱᠤᠩᠬᠤᠷ ᠠᠭᠤᠯᠠ᠎ᠶ᠋ᠢᠨ ᠵᠡᠬᠦᠨ ᠬᠤᠷᠮᠤᠢ᠎ᠪᠠᠷ ᠲᠡᠭᠡᠭ᠌ᠰᠢ ᠮᠠᠴᠤᠨ᠎ᠠ᠃ ᠲᠡᠬᠦᠨ᠎ᠤ ᠶᠠᠷᠢᠬᠤ᠎ᠪᠠᠷ᠄ 《ᠠᠭᠤᠯᠠ᠎ᠲᠠᠢ᠂ ᠨᠠᠭᠤᠷ᠎ᠲᠠᠢ᠂ ᠤᠯᠠᠮᠵᠢᠯᠠᠯᠳᠤ ᠰᠤᠶᠤᠯ᠎ᠤᠨ ᠦᠪ ᠬᠦᠷᠦᠩᠭᠡ᠎ᠲᠠᠢ ᠱᠤᠩᠬᠤᠷ ᠠᠭᠤᠯᠠ᠎ᠶ᠋ᠢᠨ ᠦᠵᠡᠮᠵᠢ᠎ᠶ᠋ᠢᠨ ᠤᠷᠤᠨ᠎ᠳᠤ ᠠᠭᠠᠷ᠎ᠨᠢ ᠴᠡᠪᠡᠷ᠂ ᠤᠰᠤ᠎ᠨᠢ ᠲᠤᠩᠭᠠᠯᠠᠬ᠂ ᠨᠠᠪᠴᠢ ᠴᠡᠴᠡᠭ ᠦᠡᠭ᠌ᠭᠡ ᠪᠤᠯᠢᠶᠠᠯᠳᠤᠨ ᠲᠡᠯᠭᠡᠷᠡᠬᠦ᠌᠎ᠨᠢ ᠬᠦᠮᠤᠰ᠎ᠤᠨ ᠰᠤᠨᠢᠷᠬᠠᠯ᠎ᠢ ᠤᠨᠴᠠ ᠲᠠᠳᠠᠵᠤ ᠪᠠᠢᠨ᠎ᠠ᠃ ᠨᠠᠰᠤᠳᠠᠨ᠎ᠢᠶᠠᠨ ᠡᠨᠡ ᠬᠦ᠌ ᠱᠢᠳᠢ᠎ᠶ᠋ᠢᠨ ᠤᠷᠤᠨ᠎ᠢᠶᠠᠷ ᠲᠤᠭᠤᠷᠢᠭᠤᠯᠵᠤ ᠰᠠᠨᠠᠭ᠎ᠠ ᠰᠠᠳᠭᠢᠯ᠎ᠢ᠎ᠨᠢ ᠪᠠᠶᠠᠷᠯᠠᠭᠤᠯᠵᠤ᠂ ᠦᠳᠡᠯᠦᠭᠡ ᠨᠠᠰᠤᠨ᠎ᠳᠤᠨᠢ ᠪᠤᠶᠠᠨ ᠵᠢᠷᠭᠠᠯ ᠡᠳ᠋ᠯᠡᠬᠦᠯᠬᠦ᠌᠎ᠪᠠᠷ ᠶᠠᠪᠤᠵᠤ ᠪᠠᠢᠨ᠎ᠠ》 ᠭᠡᠮᠡᠨ ᠠᠭᠤᠯᠠ᠎ᠶ᠋ᠢᠨ ᠤᠷᠤᠢ᠎ᠳᠤ ᠭᠠᠷᠬᠤ᠎ᠪᠠᠷ ᠦᠷᠬᠦᠯᠵᠢᠯᠡᠨ ᠲᠡᠭᠡᠭ᠌ᠰᠢ ᠮᠠᠴᠤᠨ᠎ᠠ᠃ ᠬᠤᠯᠪᠤᠬ᠍ᠳᠠᠯ ᠪᠦᠬᠦᠢ ᠰᠠᠯᠠᠭ᠎ᠠ ᠮᠦᠴᠢᠷ᠎ᠠᠴᠠ ᠤᠢ᠍ᠢᠯᠠᠭᠠᠬ᠍ᠰᠠᠨ᠎ᠢᠶᠠᠷ᠂ ᠲᠤᠰ ᠬᠤᠱᠢᠭᠤ ᠰᠤᠶᠤᠯ ᠵᠢᠭᠤᠯᠴᠢᠯᠠᠯ᠎ᠤᠨ ᠤᠢ᠍ᠢᠯᠡᠰ᠎ᠤᠨ ᠭᠦᠭ᠌ᠵᠢᠯᠳᠡ᠎ᠳᠤ ᠬᠦᠮᠤᠨ᠎ᠢᠶᠠᠷ ᠦᠨᠳᠤᠰᠤ ᠪᠤᠯᠭᠠᠬᠤ᠎ᠶ᠋ᠢ ᠪᠠᠷᠢᠮᠳᠠᠯᠠᠵᠤ᠂ ᠠᠷᠠᠳ᠎ᠢ ᠪᠠᠶᠠᠵᠢᠭᠤᠯᠬᠤ᠎ᠪᠠᠷ ᠵᠤᠷᠢᠯᠳᠠ ᠪᠤᠯᠭᠠᠨ ᠠᠯᠤᠰ ᠭᠡᠳᠤ᠎ᠶ᠋ᠢᠨ ᠨᠠᠷᠠᠨ ᠭᠡᠷᠡᠯᠳᠤ ᠠᠵᠤ ᠤᠢ᠍ᠢᠯᠡᠰ᠎ᠤᠨ ᠦᠨᠳᠤᠷᠴᠡ᠎ᠠᠴᠠ ᠴᠢᠬᠤᠯᠠᠴᠢᠯᠠᠨ ᠠᠳᠭᠤᠵᠤ ᠪᠠᠢᠨ᠎ᠠ᠃ ᠡᠬᠦᠨ᠎ᠳᠤ᠂ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ ᠪᠠᠢᠷᠢᠱᠢᠭᠤᠯᠤᠯᠳᠠ᠂ ᠪᠦᠳᠦᠬᠡᠨ ᠪᠠᠢᠭᠤᠯᠤᠯᠳᠠ ᠵᠢᠴᠢ ᠲᠦᠯᠤᠪᠵᠢᠬᠦᠯᠬᠡ᠂ ᠡᠵᠡᠩᠨᠡᠯᠳᠡ ᠵᠡᠷᠭᠡ ᠬᠠᠮᠢᠶᠠᠷᠤᠯᠳᠠ᠎ᠶ᠋ᠢᠨ ᠡᠯ᠎ᠠ ᠶᠠᠪᠤᠴᠠ᠎ᠳᠤ ᠬᠦᠳᠡᠭᠡ ᠲᠤᠰᠭᠤᠨ᠎ᠤ ᠮᠠᠯᠴᠢᠨ ᠲᠠᠷᠢᠶᠠᠴᠢᠳ᠎ᠤᠨ ᠤᠷᠤᠯᠴᠠᠬᠤ ᠪᠤᠯᠤᠨ ᠡᠵᠡᠩᠨᠡᠬᠦ᠌᠎ᠶ᠋ᠢ ᠬᠦᠢᠴᠡᠳ ᠲᠠᠢᠴᠢᠯᠠᠵᠤ᠂ ᠵᠢᠭᠤᠯᠴᠢᠯᠠᠯ᠎ᠤᠨ ᠠᠵᠤ ᠤᠢ᠍ᠢᠯᠡᠰ ᠪᠤᠯᠤᠨ ᠠᠵᠢᠯ ᠤᠯᠭᠤᠯᠳᠠ᠎ᠶ᠋ᠢᠨ ᠭᠡᠯᠭᠢᠶᠠᠵᠢᠯ ᠬᠤᠯᠪᠤᠭᠠᠯᠠᠯ᠎ᠢ ᠨᠢᠬ᠍ᠳᠠᠷᠠᠭᠤᠯᠵᠤ᠂ 《ᠲᠠᠷᠢᠶᠠᠴᠢᠨ ᠠᠢᠯ᠎ᠤᠨ ᠪᠠᠶᠠᠰᠤᠯ》 《ᠮᠠᠯᠴᠢᠨ ᠠᠢᠯ᠎ᠤᠨ ᠪᠠᠶᠠᠰᠤᠯ》 ᠵᠡᠷᠭᠡ ᠤᠭᠢ ᠰᠤᠳᠤᠨ ᠵᠢᠭᠤᠯᠴᠢᠯᠠᠯ᠎ᠤᠨ ᠵᠠᠮ ᠱᠤᠭᠤᠮ᠎ᠢ ᠪᠠᠢᠭᠤᠯᠵᠤ᠂ ᠮᠠᠯᠴᠢᠨ ᠲᠠᠷᠢᠶᠠᠴᠢᠳ᠎ᠤᠨ ᠤᠷᠤᠯᠭ᠎ᠠ᠎ᠪᠠᠨ ᠨᠡᠮᠡᠭ᠌ᠳᠡᠬᠦᠯᠬᠦ᠌᠎ᠳᠤ ᠲᠦᠬᠦᠮ ᠦᠵᠡᠬᠦᠯᠵᠤ ᠪᠠᠢᠨ᠎ᠠ᠃ ᠠᠭᠤᠯᠠ᠎ᠶ᠋ᠢᠨ ᠠᠷᠤ᠎ᠶ᠋ᠢᠨ ᠵᠢᠯᠳᠤ ᠭᠠᠴᠠᠭ᠎ᠠ᠎ᠶ᠋ᠢᠨ ᠲᠠᠷᠢᠶᠠᠴᠢᠨ ᠲᠡᠭ᠌ᠰᠢ ᠮᠤᠷᠢ ᠤᠨᠤᠭᠤᠯᠵᠤ ᠵᠤᠭᠤᠰ ᠤᠯᠬᠤ ᠤᠢ᠍ᠢᠯᠡᠰ ᠡᠷᠭᠢᠯᠡᠵᠤ ᠵᠤᠭᠠᠴᠠᠬ᠍ᠰᠠᠳ᠎ᠲᠤ ᠤᠢ᠍ᠢᠯᠡᠴᠢᠯᠡᠵᠤ᠂ ᠵᠢᠯ᠎ᠤᠨ ᠤᠷᠤᠯᠭ᠎ᠠ᠎ᠪᠠᠨ ᠨᠠᠮᠡᠭ᠌ᠳᠡᠬᠦᠯᠵᠤ ᠪᠠᠢᠨ᠎ᠠ᠃ ᠲᠡᠬᠦᠨ᠎ᠤ ᠶᠠᠷᠢᠬᠤ᠎ᠪᠠᠷ᠄ 《ᠲᠠᠷᠢᠶᠠᠨ ᠠᠵᠢᠯ᠎ᠤᠨ ᠴᠢᠯᠦᠭᠡ ᠵᠠᠪ᠎ᠢᠶᠠᠷ᠎ᠢᠶᠠᠨ ᠦᠵᠡᠮᠵᠢ᠎ᠶ᠋ᠢᠨ ᠤᠷᠤᠨ᠎ᠳᠤ ᠮᠤᠷᠢ ᠤᠨᠤᠭᠤᠯᠬᠤ ᠤᠷᠤᠨ ᠨᠤᠳᠤᠭ᠎ᠤᠨ ᠤᠨᠴᠠᠯᠢᠬ᠍ᠳᠤ ᠤᠢ᠍ᠢᠯᠡᠴᠢᠯᠡᠭᠡ ᠡᠷᠬᠢᠯᠡᠵᠤ᠂ ᠵᠢᠯ᠎ᠳᠤ ᠲᠦᠮᠡᠨ ᠲᠦᠬᠦᠷᠢᠭ᠎ᠤᠨ ᠤᠷᠤᠯᠭ᠎ᠠ ᠤᠯᠴᠢᠬᠠᠨ᠎ᠠ》 ᠭᠡᠵᠤ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号