ᠲᠣᠮᠳᠠᠳᠣ ᠣᠯᠣᠰ᠎ᠤᠨ ᠠᠷᠠᠳ᠎ᠤᠨ ᠣᠯᠣᠰ ᠲᠥᠷᠥ᠎ᠶ᠋ᠢᠨ ᠵᠥᠪᠯᠡᠯᠭᠡᠨ᠎ᠤ ᠪᠥᠬᠦ᠌ ᠣᠯᠣᠰ᠎ᠤᠨ ᠬᠤᠷᠢᠶᠠᠨ᠎ᠤ ᠪᠠᠢᠡᠭ᠌ᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ
2020-06-08 09:32:03
ᠵᠣᠬᠢᠶᠠᠭ᠍ᠴᠢ᠄
ᠸᠠᠩ ᠶᠠᠩ
ᠣᠩᠱᠢᠭ᠍ᠰᠠᠨ ᠣᠳᠠᠭ᠎ᠠ᠄
★★★☆☆

     — ᠣᠯᠣᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠣᠭᠠᠷ ᠬᠤᠭᠤᠴᠠᠭᠠᠨ᠎ᠤ ᠪᠥᠬᠦ᠌ ᠣᠯᠣᠰ᠎ᠤᠨ ᠬᠤᠷᠢᠶᠠᠨ᠎ᠤ ᠭᠤᠷᠪᠠᠳᠤᠭᠠᠷ ᠬᠤᠷᠠᠯᠳᠣᠭᠠᠨ ᠲᠡᠭᠡᠷ᠎ᠡ
                       (2020 ᠤᠨ᠎ᠤ 5 ᠰᠠᠷ᠎ᠠ᠎ᠶ᠋ᠢᠨ 21 ᠎ᠤ ᠡᠳᠦᠷ)

     ᠭᠡᠱᠢᠭᠦᠳ ᠡ᠄
     ᠪᠢ ᠲᠣᠮᠳᠠᠳᠣ ᠣᠯᠣᠰ᠎ᠤᠨ ᠠᠷᠠᠳ᠎ᠤᠨ ᠣᠯᠣᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠣᠯᠣᠰ᠎ᠤᠨ ᠬᠤᠷᠢᠶᠠᠨ᠎ᠤ ᠪᠠᠢᠡᠭ᠌ᠭᠤ᠎ᠶ᠋ᠢᠨ ᠬᠤᠷᠢᠶ᠎ᠠ᠎ᠶ᠋ᠢ ᠲᠦᠯᠤᠭᠡᠯᠡᠵᠤ᠂ ᠶᠡᠭᠡ ᠬᠤᠷᠡᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠶᠠᠳᠣᠭᠠᠷ ᠬᠤᠷᠠᠯᠳᠣᠭᠠᠨ᠎ᠠᠴᠠ ᠨᠠᠭᠠᠱᠢᠬᠢ ᠠᠵᠢᠯ᠎ᠢᠶᠠᠨ ᠮᠠᠳᠡᠭᠦᠯᠤᠶ᠎ᠠ᠂ ᠬᠢᠨᠠᠨ ᠶᠠᠷᠢᠯᠴᠠᠬᠤ ᠪᠣᠯᠪᠠ ᠤᠤ᠃
    ᠨᠢᠭᠡ᠂ 2019 ᠤᠨ᠎ᠳᠤ᠄ ᠳᠠᠯᠠᠨ ᠵᠢᠯ᠎ᠤᠨ ᠤᠢ᠎ᠪᠠᠨ ᠪᠡᠯᠭᠡᠯᠡᠵᠦ᠍ ᠲᠤᠯᠭᠤᠷ ᠵᠤᠷᠢᠯᠲᠠ᠎ᠪᠠᠨ ᠪᠠᠲᠤ ᠴᠡᠭᠡᠵᠢᠯᠡᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠡᠭᠦᠷᠭᠡ ᠬᠠᠷᠢᠭᠤᠴᠠᠯᠭ᠎ᠠ ᠡᠭᠦᠷᠭᠡᠯᠡᠪᠡ
     2019 ᠤᠨ ᠪᠤᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ ᠮᠦᠨ᠂ ᠪᠠᠰᠠ ᠴᠤ᠌ ᠠᠷᠠᠳ᠎ᠤᠨ ᠤᠯᠤᠰ ᠳᠦᠷᠦ᠎ᠶ᠋ᠢᠨ ᠵᠦᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠤᠨ ᠤᠢ ᠪᠤᠯᠤᠨ᠎ᠠ᠃ ᠰᠢ᠎ᠶ᠋ᠢᠨ ᠫᠢᠩ ᠨᠦᠬᠦᠷ᠎ᠢᠶᠠᠷ ᠭᠤᠤᠯᠯᠠᠭᠤᠯᠤᠭ᠍ᠰᠠᠨ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠦᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠦᠷᠦ᠎ᠶ᠋ᠢᠨ ᠵᠦᠪᠯᠡᠯᠭᠡᠨ᠎ᠤ ᠪᠦᠬᠦ᠌ ᠤᠯᠤᠰ᠎ᠤᠨ ᠬᠤᠷᠢᠶ᠎ᠠ ᠵᠢᠴᠢ ᠲᠡᠭᠦᠨ᠎ᠤ ᠪᠠᠢᠡᠭ᠌ᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠲᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠱᠢᠨ᠎ᠡ ᠳᠤᠮᠳᠠᠲᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ ᠪᠠ ᠠᠷᠠᠳ᠎ᠤᠨ ᠤᠯᠤᠰ ᠳᠦᠷᠦ᠎ᠶ᠋ᠢᠨ ᠵᠦᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌᠎ᠪᠠᠷ ᠭᠤᠤᠯᠳᠠᠯᠭ᠎ᠠ ᠪᠤᠯᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶ᠋ᠢ ᠨᠢᠭᠡᠳᠦᠯᠲᠡᠢ ᠲᠦᠯᠦᠪᠯᠡᠨ ᠠᠬᠢᠭᠤᠯᠬᠤ᠂ 《ᠳᠦᠷᠪᠡᠨ ᠪᠦᠬᠦ᠌ ᠲᠠᠯ᠎ᠠ》 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠤᠬᠢᠴᠠᠩᠭᠤᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠱᠢᠢᠳᠪᠦᠷᠢᠲᠦ ᠢᠯᠠᠯᠲᠠ᠎ᠶ᠋ᠢ ᠣᠯᠬᠤ᠂ ᠭᠤᠷᠪᠠᠨ ᠶᠡᠭᠡ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠎ᠢ ᠰᠠᠢᠳᠣᠷ ᠬᠢᠬᠦ᠌ ᠵᠡᠷᠭᠡ ᠡᠭᠦᠷᠭᠡ᠎ᠳᠤ ᠠᠩᠬᠠᠷᠤᠯ᠎ᠢᠶᠠᠨ ᠲᠦᠪᠯᠡᠷᠡᠭᠦᠯᠵᠦ᠍᠂ ᠲᠤᠰᠭᠠᠢ ᠵᠦᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠡᠯ᠎ᠡ ᠵᠦᠢᠯ᠎ᠤᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶᠠᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ ᠪᠠ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠵᠢᠯ᠎ᠳᠤ ᠲᠠᠯᠪᠢᠬ᠍ᠰᠠᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠲᠤᠲᠤᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠦᠪᠡᠭᠦᠳ ᠦᠬᠢᠳ᠎ᠤᠨ ᠤᠶᠤᠨ ᠤᠬᠠᠭᠠᠨ ᠪᠠ ᠬᠦᠴᠤᠨ ᠴᠢᠳᠠᠯ᠎ᠢ ᠨᠢᠬ᠍ᠳᠠᠷᠠᠭᠤᠯᠬᠤ ᠤᠯᠤᠰ ᠲᠦᠷᠦ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠬᠦᠷᠭᠡᠯᠡᠵᠤ᠂ ᠨᠠᠮ ᠪᠠ ᠤᠯᠤᠰ᠎ᠤᠨ ᠠᠵᠢᠯ ᠦᠢᠯᠡᠰ᠎ᠤᠨ ᠬᠦᠭ᠌ᠵᠢᠯᠲᠡ᠎ᠳᠤ ᠱᠢᠨ᠎ᠡ ᠬᠤᠪᠢ ᠨᠡᠮᠡᠷᠢ ᠦᠵᠡᠭᠦᠯᠪᠡ᠃
     ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠪᠠ᠂ ᠡᠨᠡ᠎ᠨᠢ ᠨᠠᠮ᠎ᠤᠨ ᠲᠡᠦᠬᠡᠨ ᠳᠡᠭᠡᠷ᠎ᠡ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠦᠬᠡᠨ ᠳᠡᠭᠡᠷ᠎ᠡ ᠴᠥᠮ ᠠᠩᠬᠠᠳᠠᠭ᠍ᠴᠢ ᠤᠳᠠᠭ᠎ᠠ ᠶᠤᠮ᠃ ᠶᠡᠷᠦᠩᠬᠡᠢ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ 70 ᠵᠢᠯ᠎ᠤᠨ ᠲᠡᠦᠬᠡᠨ ᠬᠤᠪᠢ ᠨᠡᠮᠡᠷᠢ᠎ᠶ᠋ᠢ ᠳᠡᠭᠡᠳᠦ ᠬᠡᠮᠵᠢᠶ᠎ᠡ᠎ᠪᠠᠷ ᠦᠨᠡᠯᠡᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ᠂ ᠦᠨᠳᠦᠰᠦᠨ ᠱᠠᠭᠠᠷᠳᠠᠯᠭ᠎ᠠ᠂ ᠬᠦᠴᠦᠯᠡᠬᠦ᠌ ᠭᠤᠣᠯᠳᠠᠯᠭ᠎ᠠ᠎ᠶ᠋ᠢ ᠨᠠᠷᠢᠨ ᠲᠣᠳᠣᠷᠬᠠᠢ ᠥᠭᠦᠯᠡᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠬᠢᠭᠡᠳ ᠲᠦᠷᠦ᠎ᠶ᠋ᠢ ᠵᠠᠰᠠᠬᠤ ᠱᠢᠰᠲ᠋ᠧᠮ᠎ᠤᠨ ᠳᠣᠲᠣᠭᠠᠳᠤ ᠬᠠᠷᠢᠯᠴᠠᠭ᠎ᠠ᠎ᠶ᠋ᠢ ᠭᠦᠨᠵᠡᠭᠡᠢ ᠢᠯᠡᠷᠡᠭᠦᠯᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠭᠡᠳᠡᠭ᠎ᠨᠢ 《ᠶᠠᠭᠤ ᠪᠣᠯᠬᠤ》᠂ 《ᠶᠠᠭᠤ ᠬᠢᠬᠦ᠌》᠂ 《ᠶᠠᠭᠠᠬᠢᠵᠤ ᠬᠢᠬᠦ᠌》 ᠵᠡᠷᠭᠡ ᠴᠢᠬᠤᠯᠠ ᠶᠡᠭᠡ ᠠᠰᠠᠭᠤᠳᠠᠯ᠎ᠳᠤ ᠤᠯᠠᠮ ᠨᠢᠭᠡ ᠠᠯᠬᠤᠮ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭ᠌ᠴᠦ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ ᠦᠢᠯᠡᠰ᠎ᠤᠨ ᠬᠥᠭ᠌ᠵᠢᠯᠲᠡ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠵᠤ ᠥᠭ᠌ᠪᠡ᠃
     ᠥᠩᠭᠡᠷᠡᠭ᠌ᠰᠡᠨ ᠨᠢᠭᠡ ᠵᠢᠯ᠎ᠤᠨ ᠠᠵᠢᠯ᠎ᠤᠨ ᠳᠤᠮᠳᠠ᠂ ᠤᠢ᠍ᠢᠷ᠎ᠠ᠎ᠶ᠋ᠢᠨ ᠬᠤᠭᠤᠴᠠᠭᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠲᠡᠮᠡᠴᠡᠯ᠎ᠤᠨ ᠳᠤᠮᠳᠠ᠂ ᠪᠠᠢᠩᠭᠤ᠎ᠶ᠋ᠢᠨ ᠬᠤᠷᠢᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠭᠤᠤᠯᠳᠠᠯᠭ᠎ᠠ᠎ᠶ᠋ᠢ ᠲᠤᠪᠤᠢᠯᠭᠠᠨ᠂ ᠣᠨᠴᠠᠯᠢᠭ᠎ᠢᠶᠠᠨ ᠢᠯᠡᠷᠡᠭᠦᠯᠵᠦ᠍᠂ ᠭᠤᠤᠯᠳᠠᠭᠤ ᠳᠦᠷᠪᠡᠨ ᠵᠦᠢᠯ᠎ᠤᠨ ᠠᠵᠢᠯ ᠬᠢᠪᠡ᠃
     ᠨᠢᠭᠡ᠎ᠳᠤ᠂ ᠲᠥᠪ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠲᠤᠭᠤᠱᠢᠯᠠᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠲᠥᠪ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠪᠡᠯᠡᠳᠭᠡᠯ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠠᠵᠢᠯ᠎ᠤᠨ ᠶᠠᠪᠤᠴᠠ᠎ᠶ᠋ᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠶᠠᠪᠤᠴᠠ ᠪᠣᠯᠭᠠᠨ ᠬᠤᠪᠢᠷᠠᠭᠤᠯᠪᠠ᠃ ᠲᠥᠪ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠲᠡᠷᠢᠭᠦᠯᠡᠭ᠌ᠴᠢᠳ᠎ᠤᠨ ᠬᠤᠷᠠᠯ᠎ᠢᠶᠠᠷ ᠲᠥᠪᠯᠡᠷᠡᠭᠦᠯᠦᠨ ᠰᠤᠷᠤᠯᠴᠠᠬᠤ᠂ ᠪᠠᠢᠩᠭᠤ᠎ᠶ᠋ᠢᠨ ᠬᠤᠷᠢᠶᠠᠨ᠎ᠤ ᠲᠤᠰᠭᠠᠢ ᠰᠡᠳᠦᠪ᠎ᠢᠶᠠᠷ ᠰᠤᠷᠤᠯᠴᠠᠬᠤ᠂ ᠲᠤᠰᠭᠠᠢ ᠵᠥᠪᠯᠡᠯ᠎ᠤᠨ ᠪᠦᠬᠦ᠌ ᠭᠡᠱᠢᠭᠦᠳ᠎ᠢᠶᠠᠷ᠎ᠢᠶᠠᠨ ᠰᠤᠷᠤᠯᠴᠠᠬᠤ᠎ᠶ᠋ᠢ ᠪᠠᠷᠢᠮᠲᠠᠯᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ ᠪᠠ ᠣᠷᠣᠨ ᠨᠤᠲᠤᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠡᠷᠬᠢᠯᠡᠵᠦ᠍᠂ ᠤᠨᠤᠯ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠱᠠᠲᠤᠨ᠎ᠤ ᠤᠯᠤᠰ ᠲᠦᠷᠦ᠎ᠶ᠋ᠢᠨ ᠵᠥᠪᠯᠡᠯᠭᠡᠨ᠎ᠳᠤ ᠬᠠᠨᠳᠤᠭᠤᠯᠤᠨ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠤᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠲᠦᠷᠦ᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠲᠠᠨᠢᠯᠲᠠ᠎ᠪᠠᠨ ᠬᠦᠴᠦᠯᠡᠨ ᠭᠦᠨᠵᠡᠭᠡᠢᠷᠡᠭᠦᠯᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠬᠤ ᠲᠤᠬᠠᠶ ᠲᠠᠨᠢᠯᠲᠠ᠎ᠪᠠᠨ ᠭᠦᠨᠵᠡᠭᠡᠢᠷᠡᠭᠦᠯᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠳᠠᠪᠠᠭᠤᠯᠢᠭ᠎ᠢ ᠤᠯᠤᠰ᠎ᠢ ᠵᠠᠰᠠᠬᠤ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠪᠠ᠃ ᠬᠤᠷᠠᠯ᠎ᠤᠨ ᠱᠠᠭᠠᠷᠳᠠᠯᠭ᠎ᠠ᠎ᠲᠠᠢ ᠬᠠᠷᠢᠴᠠᠭᠤᠯᠤᠨ᠂ ᠬᠤᠷᠠᠯ᠎ᠤᠨ ᠪᠢᠴᠢᠭ ᠮᠠᠲ᠋ᠧᠷᠢᠶᠠᠯ᠎ᠳᠠᠬᠢ ᠡᠭᠦᠷᠭᠡᠯᠡᠬᠦ᠌ ᠴᠢᠬᠤᠯᠠᠲᠠᠢ 65 ᠵᠦᠢᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠬᠤ ᠲᠤᠬᠠᠢ ᠰᠡᠳᠭᠢᠮᠵᠢ ᠠᠷᠭ᠎ᠠ ᠬᠡᠮᠵᠢᠶ᠎ᠡ᠎ᠶ᠋ᠢ ᠰᠤᠳᠤᠯᠤᠨ᠂ 10 ᠲᠠᠯ᠎ᠠ᠎ᠶ᠋ᠢᠨ ᠠᠵᠢᠯ᠎ᠤᠨ ᠲᠦᠷᠢᠮ᠎ᠤᠨ ᠪᠠᠢᠭᠤᠯᠤᠯᠲᠠ᠎ᠶ᠋ᠢ ᠡᠬᠢᠯᠡᠭᠦᠯᠵᠦ᠍᠂ ᠱᠢᠨ᠎ᠡ ᠴᠠᠭ ᠦᠶ᠎ᠡ᠎ᠳᠤ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠳᠤ ᠰᠠᠭᠤᠷᠢ᠎ᠶ᠋ᠢ ᠰᠠᠢᠨ ᠲᠠᠯᠪᠢᠵᠤ ᠥᠭ᠌ᠪᠡ᠃
     ᠬᠤᠶᠠᠷ᠎ᠲᠤ᠌᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠭᠡᠱᠢᠭᠦᠳ᠎ᠢ ᠵᠣᠬᠢᠶᠠᠨ ᠪᠠᠢᠭᠤᠯᠤᠨ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠬᠦ᠌ ᠬᠠᠮᠢᠶ᠎ᠠ ᠪᠥᠬᠦᠶ ᠠᠵᠢᠯ᠎ᠢ ᠰᠠᠢᠲᠤᠷ ᠬᠢᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ 《ᠪᠢ ᠤᠯᠤᠰ ᠲᠥᠷᠥ᠎ᠶ᠋ᠢᠨ ᠵᠥᠪᠯᠡᠯᠭᠡᠨ᠎ᠲᠠᠢ᠎ᠪᠠᠨ》 ᠭᠡᠳᠡᠭ ᠭᠤᠤᠯ ᠰᠡᠳᠦᠪᠲᠦ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ ᠥᠷᠨᠢᠭᠦᠯᠵᠦ᠍᠂ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠭᠤᠤᠯ ᠳᠦᠷᠢ ᠪᠣᠯᠵᠥ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠭᠡᠳᠡᠭ ᠡᠨᠡ ᠬᠦ᠌ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠬᠤ ᠦᠶ᠎ᠡ᠎ᠶ᠋ᠢᠨ ᠲᠤᠯᠭᠤᠷ ᠵᠤᠷᠢᠯᠲᠠ᠎ᠶ᠋ᠢᠨ ᠲᠠᠯ᠎ᠠ᠎ᠪᠠᠷ ᠤᠯᠠᠮ ᠨᠢᠭᠡ ᠠᠯᠬᠤᠮ ᠪᠠᠲᠤ ᠬᠦᠴᠦᠨ᠎ᠢᠶᠠᠨ ᠴᠢᠩᠭᠠᠷᠠᠭᠤᠯᠵᠤ᠂ ᠬᠠᠮᠲᠤ᠎ᠶ᠋ᠢᠨ ᠲᠠᠨᠢᠯᠲᠠ᠎ᠪᠠᠨ ᠪᠠᠲᠤᠳᠭᠠᠪᠠ᠃ ᠭᠡᠱᠢᠭᠦᠳ᠎ᠤᠨ ᠬᠢᠴᠢᠶᠡᠯ᠎ᠤᠨ ᠲᠠᠩᠬᠢᠮ᠎ᠤᠨ ᠲᠣᠰᠭᠠᠢ ᠫᠷᠤᠭ᠌ᠷᠠᠮ᠎ᠢ 10 ᠬᠤᠭᠤᠴᠠᠭ᠎ᠠ ᠲᠤᠬᠢᠷᠠᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠣᠯᠠᠨ ᠨᠠᠮ᠎ᠤᠨ ᠬᠠᠮᠲᠤᠷᠠᠨ ᠠᠵᠢᠯᠯᠠᠭ᠍ᠰᠠᠨ ᠦᠯᠢᠭᠡᠷ᠎ᠢ ᠶᠠᠷᠢᠵᠤ᠂ 2149 ᠭᠡᠱᠢᠭᠦᠨ ᠣᠷᠣᠯᠴᠠᠭ᠍ᠰᠠᠨ ᠲᠤᠯᠭᠤᠷ ᠵᠤᠷᠢᠯᠲᠠ ᠡᠭᠦᠷᠭᠡ ᠬᠠᠷᠢᠭᠤᠴᠠᠯᠭ᠎ᠠ᠎ᠪᠠᠨ ᠣᠬᠠᠭᠠᠵᠥ᠍ ᠤᠢᠯᠠᠭᠠᠬᠤ ᠲᠤᠰᠭᠠᠶ ᠰᠡᠳᠦᠪᠲᠦ ᠲᠣᠭᠤᠷᠢᠨ ᠦᠵᠡᠵᠦ᠍ ᠱᠢᠨᠵᠢᠯᠡᠨ ᠪᠠᠢᠴᠠᠭᠠᠬᠤ ᠠᠵᠢᠯᠯᠠᠭ᠎ᠠ᠎ᠶ᠋ᠢ 132 ᠤᠳᠠᠭ᠎ᠠ ᠥᠷᠨᠢᠭᠦᠯᠵᠦ᠍᠂ ᠪᠥᠬᠦ᠌ ᠣᠯᠣᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ 70 ᠵᠢᠯ᠎ᠤᠨ ᠲᠤᠷᠱᠢᠬᠢ ᠨᠥᠯᠥᠭᠡ ᠪᠦᠬᠦᠢ 100 ᠴᠢᠬᠤᠯᠠ ᠰᠠᠨᠠᠯ ᠳᠤᠷᠠᠳᠤᠯᠭ᠎ᠠ᠎ᠶ᠋ᠢ ᠱᠢᠯᠭᠠᠷᠠᠭᠤᠯᠤᠨ ᠰᠠᠢᠱᠢᠶᠠᠵᠤ᠂ ᠭᠤᠤᠯ ᠰᠡᠳᠦᠪᠲᠦ ᠳᠠᠭᠤᠨ᠎ᠤ ᠠᠶ᠎ᠠ ᠳᠠᠭᠤᠨ᠎ᠤ ᠦᠭᠡ᠎ᠶ᠋ᠢᠨ ᠪᠦᠲᠦᠭᠡᠯ᠎ᠢ ᠮᠢᠩᠭ᠎ᠠ ᠭᠠᠷᠤᠶ ᠴᠤᠭ᠍ᠯᠠᠭᠤᠯᠤᠨ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠢ ᠵᠣᠬᠢᠶᠠᠨ ᠪᠠᠢᠭᠤᠯᠵᠤ ᠲᠤᠰ ᠲᠤᠰ 1 ᠮᠢᠨᠦ᠋ᠲ᠎ᠤᠨ ᠣᠬᠤᠷ ᠸᠢᠳᠢᠣ᠋ ᠪᠢᠴᠢᠯᠭᠡ᠎ᠶ᠋ᠢ ᠱᠢᠩᠭᠡᠭᠡᠨ ᠦᠢᠯᠡᠳᠴᠦ᠍᠂ ᠨᠠᠮ᠎ᠢᠶᠠᠨ ᠳᠠᠭᠠᠵᠤ ᠠᠵᠢᠯ ᠦᠢᠯᠡᠰ ᠪᠥᠳᠥᠭᠡᠬᠦ᠌ ᠰᠡᠳᠭᠢᠯᠭᠡ ᠪᠠ ᠵᠣᠷᠢᠭ᠎ᠢᠶᠠᠨ ᠢᠯᠡᠷᠭᠡᠢᠯᠡᠨ᠂ 《ᠲᠤᠯᠭᠤᠷ ᠵᠤᠷᠢᠯᠲᠠ ᠪᠠ ᠡᠭᠦᠷᠭᠡ ᠬᠠᠷᠢᠭᠤᠴᠠᠯᠭ᠎ᠠ》 ᠵᠡᠷᠭᠡ ᠲᠤᠰᠭᠠᠶ ᠰᠡᠳᠦᠪᠲᠦ ᠹᠢᠯᠢᠮ ᠦᠢᠯᠡᠳᠴᠦ᠍᠂ ᠲᠡᠦᠬᠡᠨ ᠮᠠᠲ᠋ᠧᠷᠢᠶᠠᠯ ᠴᠤᠭ᠍ᠯᠠᠭᠤᠯᠤᠨ 《ᠭᠠᠯᠪᠠ ᠳᠡᠯᠡᠬᠡᠢ ᠲᠤᠭ᠍ᠲᠠᠭ᠍ᠰᠠᠨ᠎ᠨᠢ — ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠤᠭ ᠤᠯᠤᠰ᠎ᠤᠨ ᠳᠠᠭᠤᠤ ᠤᠯᠤᠰ᠎ᠤᠨ ᠰᠦᠯᠳᠡ ᠪᠤᠢ ᠪᠣᠯᠤᠭ᠍ᠰᠠᠨ ᠲᠡᠮᠳᠡᠭ᠌ᠯᠡᠯ》᠂ 《ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢᠨ ᠲᠡᠮᠳᠡᠭ᠌ᠯᠡᠯ》 ᠵᠡᠷᠭᠡ ᠨᠣᠮ ᠪᠢᠴᠢᠭ᠎ᠢ ᠬᠡᠪᠯᠡᠭᠦᠯᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ᠎ᠶ᠋ᠢᠨ ᠦᠵᠡᠰᠭᠦᠯᠡᠩ ᠵᠡᠷᠭᠡ᠎ᠶ᠋ᠢ ᠡᠷᠬᠢᠯᠡᠵᠦ᠍᠂ ᠲᠡᠦᠬᠡᠨ ᠠᠮᠵᠢᠯᠲᠠ ᠪᠦᠲᠦᠮᠵᠢ᠎ᠪᠠᠨ ᠡᠷᠭᠢᠴᠡᠭᠦᠯᠦᠨ᠂ ᠪᠠᠢᠭᠤᠯᠤᠯ᠎ᠤᠨ ᠢᠲᠡᠭᠡᠯ᠎ᠢᠶᠠᠨ ᠴᠢᠩᠭᠠᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃
     ᠭᠤᠷᠪᠠ᠎ᠳᠤ᠂ ᠬᠤᠶᠠᠷ ᠲᠠᠯ᠎ᠠ᠎ᠪᠠᠷ ᠬᠦᠴᠦᠯᠡᠬᠦ᠌᠎ᠶ᠋ᠢ ᠠᠬᠢᠭᠤᠯᠵᠤ ᠨᠡᠩ ᠢᠯᠡᠭᠦᠦ ᠦᠷ᠎ᠡ ᠪᠦᠲᠦᠮᠵᠢ᠎ᠲᠠᠢ ᠪᠣᠯᠭᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠠᠨᠠᠯ ᠵᠥᠪᠯᠡᠯᠭᠡ ᠳᠤᠷᠠᠳᠴᠤ᠌ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠶᠠᠷ ᠲᠠᠯ᠎ᠠ᠎ᠪᠠᠷ ᠬᠦᠴᠦᠯᠡᠬᠦ᠌᠎ᠳᠤ ᠲᠠᠪᠴᠠᠩ ᠭᠠᠷᠭᠠᠨ᠂ ᠲᠣᠭ᠍ᠲᠠᠴᠠ ᠪᠠᠢᠭᠤᠯᠵᠤ᠂ ᠣᠷᠭᠠᠨᠢᠭ᠎ᠢᠶᠠᠷ ᠠᠭᠤᠰᠤᠯᠴᠠᠬᠤ᠂ ᠬᠠᠷᠢᠯᠴᠠᠨ ᠡᠨᠧᠷᠭᠢ ᠣᠯᠭᠤᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢᠯᠭᠠᠬᠤ᠎ᠶ᠋ᠢ ᠠᠬᠢᠭᠤᠯᠪᠠ᠃ ᠦᠵᠡᠯ ᠰᠠᠨᠠᠭ᠎ᠠ ᠤᠯᠤᠰ ᠲᠦᠷᠦ᠎ᠶ᠋ᠢᠨ ᠬᠦᠳᠤᠯᠤᠨ ᠲᠠᠭᠠᠭᠤᠯᠭ᠎ᠠ᠎ᠶ᠋ᠢ ᠪᠦᠯᠬᠦᠮᠳᠡᠯ ᠠᠷᠠᠳᠴᠢᠯᠠᠯ᠎ᠤᠨ ᠳᠤᠮᠳᠠ ᠠᠭᠤᠯᠤᠭ᠍ᠰᠠᠨ ᠰᠡᠳᠭᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ ᠵᠡᠷᠭᠡ ᠲᠦᠷᠢᠮ᠎ᠢ ᠪᠠᠷᠢᠮᠲᠠᠯᠠᠵᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠤᠰ ᠲᠤᠰ ᠨᠠᠮ᠎ᠤᠨ ᠭᠠᠳᠠᠨᠠᠬᠢ ᠭᠡᠱᠢᠭᠦᠳ᠎ᠤᠨ ᠰᠠᠨᠠᠯ᠎ᠢ 316 ᠬᠥᠮᠦᠨ ᠤᠳᠠᠭ᠎ᠠ ᠰᠣᠨᠣᠰᠪᠠ᠃ ᠰᠠᠢᠬᠠᠨᠳᠠᠪᠠᠭ᠎ᠠ᠎ᠶ᠋ᠢᠨ ᠵᠣᠷᠢᠭ ᠰᠠᠨᠠᠭ᠎ᠠ᠎ᠠᠴᠠ ᠰᠤᠷᠤᠯᠴᠠᠬᠤ᠂ ᠭᠤᠷᠪᠠᠨ ᠬᠠᠪᠴᠢᠯ᠎ᠤᠨ ᠢᠨᠵᠧᠨᠧᠷᠢᠩ᠎ᠤᠨ ᠪᠦᠳᠦᠭᠡᠨ ᠪᠠᠢᠭᠤᠯᠤᠯᠲᠠ᠎ᠶ᠋ᠢᠨ ᠠᠮᠵᠢᠯᠲᠠ ᠪᠦᠲᠦᠮᠵᠢ ᠵᠡᠷᠭᠡ ᠨᠠᠮ᠎ᠤᠨ ᠭᠠᠳᠠᠨᠠᠬᠢ ᠭᠡᠱᠢᠭᠦᠳ᠎ᠤᠨ ᠲᠤᠰᠭᠠᠶ ᠰᠡᠳᠦᠪᠲᠦ ᠲᠤᠭᠤᠷᠢᠨ ᠪᠠᠢᠴᠠᠭᠠᠯᠲᠠ᠎ᠶ᠋ᠢ 11 ᠤᠳᠠᠭ᠎ᠠ ᠥᠷᠨᠢᠭᠦᠯᠵᠦ᠍᠂ ᠭᠤᠤᠯᠳᠠᠯᠭ᠎ᠠ᠎ᠲᠠᠢ ᠠᠩᠬᠠᠷᠣᠯ᠎ᠤᠨ ᠠᠰᠠᠭᠤᠳᠠᠯ᠎ᠤᠨ ᠲᠣᠬᠠᠢ ᠪᠠᠢᠳᠠᠯ᠎ᠢ ᠮᠡᠳᠡᠭ᠌ᠳᠡᠬᠦ᠌ ᠬᠤᠷᠠᠯ᠎ᠢ 10 ᠤᠳᠠᠭ᠎ᠠ ᠬᠤᠷᠠᠯᠳᠤᠭᠤᠯᠵᠤ᠂ ᠭᠡᠱᠢᠭᠦᠳ᠎ᠤᠨ ᠬᠢᠴᠢᠶᠡᠯ᠎ᠤᠨ ᠲᠠᠩᠬᠢᠮ᠎ᠢ 16 ᠬᠤᠭᠤᠴᠠᠭ᠎ᠠ ᠡᠷᠬᠢᠯᠡᠨ᠂ ᠴᠢᠬᠤᠯᠠ ᠶᠡᠭᠡ ᠲᠤᠰᠭᠠᠶ ᠠᠵᠢᠯ᠎ᠤᠨ ᠲᠤᠬᠠᠢ ᠭᠡᠱᠢᠭᠦᠳ᠎ᠤᠨ ᠤᠬᠠᠭᠤᠯᠤᠨ ᠲᠠᠢᠯᠪᠤᠷᠢᠯᠠᠯᠲᠠ᠎ᠶ᠋ᠢ 26 ᠲᠠᠯᠠᠪᠤᠷ ᠵᠣᠬᠢᠶᠠᠨ ᠪᠠᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠭ᠎ᠠ᠎ᠶ᠋ᠢᠨ ᠤᠯᠠᠨ ᠨᠡᠢᠲᠡ᠎ᠳᠤ ᠨᠡᠭᠡᠭᠡᠯᠳᠡ ᠬᠢᠬᠦ᠌ ᠡᠳᠦᠷ᠎ᠤᠨ ᠠᠵᠢᠯᠯᠠᠭ᠎ᠠ᠎ᠶ᠋ᠢ 2 ᠤᠳᠠᠭ᠎ᠠ ᠡᠷᠬᠢᠯᠡᠵᠤ᠂ ᠤᠯᠤᠰ ᠲᠦᠷᠦ᠎ᠶ᠋ᠢᠨ ᠵᠥᠪᠯᠡᠯᠭᠡᠨ᠎ᠨᠢ ᠭᠡᠱᠢᠭᠦᠳ᠎ᠢ ᠬᠦᠲᠦᠯᠦᠨ ᠳᠠᠭᠠᠭᠤᠯᠬᠤ᠂ ᠭᠡᠱᠢᠭᠦᠳ᠎ᠨᠢ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠪᠦᠲᠦᠮᠵᠢᠲᠡᠶ ᠠᠷᠭ᠎ᠠ ᠮᠠᠶᠢᠭ᠎ᠢ ᠬᠠᠢᠨ ᠰᠦᠪᠡᠭ᠌ᠴᠢᠯᠡᠪᠡ᠃ ᠤᠯᠤᠰ ᠲᠦᠷᠦ᠎ᠶ᠋ᠢᠨ ᠵᠥᠪᠯᠡᠯᠭᠡᠨ᠎ᠤ ᠰᠠᠨᠠᠯ ᠳᠤᠷᠠᠳᠤᠯᠭ᠎ᠠ᠂ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ᠂ ᠬᠤᠷᠠᠯ᠎ᠢᠶᠠᠷ ᠵᠥᠪᠳᠡᠯᠴᠡᠬᠦ᠌ ᠵᠡᠷᠭᠡ ᠰᠠᠨᠠᠯ ᠵᠦᠪᠯᠡᠯᠭᠡ ᠳᠤᠷᠠᠳᠭᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠤᠯᠤᠰ ᠲᠦᠷᠦ᠎ᠶ᠋ᠢᠨ ᠵᠥᠪᠯᠡᠯᠭᠡᠨ᠎ᠤ ᠲᠤᠰᠭᠠᠶ ᠮᠡᠳᠡᠭᠦᠯᠦᠯᠲᠡ᠂ ᠡᠳᠦᠷ ᠪᠦᠷᠢ᠎ᠶ᠋ᠢᠨ ᠨᠡᠢᠭᠡᠮ᠎ᠤᠨ ᠪᠠᠢᠳᠠᠯ᠂ ᠲᠤᠰᠭᠠᠶ ᠰᠡᠳᠦᠪ᠎ᠤᠨ ᠴᠢᠬᠤᠯᠠ ᠪᠠᠢᠳᠠᠯ᠎ᠤᠨ ᠱᠢᠭᠤᠷᠬᠠᠢ ᠮᠡᠳᠡᠭᠦᠯᠦᠯᠲᠡ᠂ ᠵᠠᠬᠢᠳᠠᠯ ᠰᠤᠷᠪᠤᠯᠵᠢᠯᠠᠭ᠎ᠠ᠎ᠶ᠋ᠢᠨ ᠮᠡᠳᠡᠭᠡ ᠵᠠᠩᠭᠢ ᠵᠡᠷᠭᠡ ᠠᠴᠢᠶᠠᠯᠠᠪᠤᠷᠢ᠎ᠶ᠋ᠢ ᠡᠭᠦᠳᠦᠨ ᠪᠠᠢᠭᠤᠯᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠪᠠ ᠡᠯ᠎ᠡ ᠡᠲᠡᠭᠡᠳ᠎ᠤᠨ ᠬᠥᠮᠦᠰ᠎ᠤᠨ ᠲᠤᠰᠭᠠᠭ᠍ᠰᠠᠨ ᠪᠠᠢᠳᠠᠯ ᠪᠠ ᠰᠠᠨᠠᠯ ᠰᠠᠨᠠᠭᠤᠯᠭ᠎ᠠ᠎ᠶ᠋ᠢ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ᠍᠂ ᠰᠠᠨᠠᠯ ᠵᠥᠪᠯᠡᠯᠭᠡ ᠳᠤᠷᠠᠳᠤᠨ ᠵᠠᠰᠠᠭ᠎ᠲᠤ ᠲᠤᠰᠠᠯᠠᠬᠤ ᠶᠠᠪᠤᠳᠠᠯ᠎ᠨᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠳᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠲᠠᠯ᠎ᠠ᠎ᠪᠠᠷ ᠢᠳᠡᠪᠬᠢᠲᠡᠶ ᠦᠷ᠎ᠡ ᠪᠦᠲᠦᠭᠡᠯ ᠤᠯᠪᠠ᠃
     ᠳᠥᠷᠪᠡ᠎ᠳᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠲᠡᠮᠡᠴᠡᠯ᠎ᠳᠤ ᠢᠳᠡᠪᠬᠢᠲᠡᠢ ᠣᠷᠣᠯᠴᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠱᠢᠯᠠᠭᠤᠯᠤᠨ᠂ ᠤᠯᠤᠰ ᠲᠥᠷᠥ᠎ᠶ᠋ᠢᠨ ᠵᠥᠪᠯᠡᠯᠭᠡᠨ᠎ᠤ ᠡᠯ᠎ᠡ ᠱᠠᠳᠣᠨ᠎ᠤ ᠵᠣᠬᠢᠶᠠᠨ ᠪᠠᠢᠭᠤᠯᠣᠯᠳᠠ᠂ ᠡᠯ᠎ᠠ ᠣᠷᠣᠯᠴᠠᠬᠤ ᠨᠢᠭᠡᠴᠢ ᠪᠣᠯᠤᠨ ᠥᠷᠭᠡᠨ ᠣᠯᠠᠨ ᠭᠡᠱᠢᠭᠦᠳ᠎ᠢ ᠳᠠᠢᠴᠢᠯᠠᠵᠤ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠲᠡᠮᠡᠴᠡᠯ᠎ᠳᠤ ᠣᠷᠣᠯᠴᠠᠭᠤᠯᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠯᠵᠢᠮᠡᠯ ᠲᠠᠪᠴᠠᠩ᠂ ᠪᠠᠭ᠎ᠠ ᠬᠡᠪᠴᠢᠶᠡᠨ᠎ᠤ ᠵᠥᠪᠳᠡᠯᠴᠡᠨ ᠶᠠᠷᠢᠯᠴᠠᠬᠤ ᠬᠤᠷᠠᠯ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠂ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠬᠤ ᠵᠡᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ᠂ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠂ ᠨᠡᠢᠭᠡᠮ᠎ᠤᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠬᠤ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠢᠳᠡᠪᠬᠢᠲᠡᠶ ᠰᠠᠨᠠᠯ ᠵᠥᠪᠯᠡᠯᠭᠡ ᠳᠤᠷᠠᠳᠴᠤ᠌᠂ 1300 ᠭᠠᠷᠤᠶ ᠵᠤᠷᠪᠤᠰ ᠪᠠᠢᠳᠠᠯ᠎ᠤᠨ ᠲᠤᠰᠭᠠᠯ᠂ ᠰᠠᠨᠠᠯ ᠰᠠᠨᠠᠭᠤᠯᠭ᠎ᠠ᠎ᠶ᠋ᠢ ᠮᠡᠳᠡᠭᠦᠯᠦᠨ ᠬᠦᠷᠭᠡᠪᠡ; ᠬᠡᠭᠡᠷ᠎ᠡ᠎ᠶ᠋ᠢᠨ ᠠᠮᠢᠲᠠᠨ᠎ᠢ ᠳᠤᠷ᠎ᠠ᠎ᠪᠠᠷ᠎ᠢᠶᠠᠨ ᠢᠳᠡᠬᠦ᠌ ᠪᠤᠯᠬᠢ ᠳᠠᠳᠭᠠᠯ᠎ᠢ ᠠᠷᠢᠯᠭᠠᠬᠤ ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠵᠤ᠂ 《ᠲᠦᠮᠡᠨ ᠤᠯᠠᠨ᠎ᠢᠶᠠᠷ᠎ᠢᠶᠠᠨ ᠬᠦᠴᠦ᠎ᠪᠠᠨ ᠬᠠᠮᠲᠤᠳᠭᠠᠨ᠂ ᠰᠡᠳᠭᠢᠯ ᠨᠢᠭᠡᠳᠦᠨ ᠬᠢᠵᠢᠭ᠎ᠲᠠᠢ ᠲᠡᠮᠡᠴᠡᠬᠦ᠌》 ᠭᠡᠳᠡᠭ ᠰᠡᠳᠥᠪ᠎ᠢᠶᠠᠷ ᠭᠡᠱᠢᠭᠦᠨ᠎ᠤ ᠬᠢᠴᠢᠶᠡᠯ᠎ᠤᠨ ᠲᠠᠩᠬᠢᠮ᠎ᠢ 3 ᠬᠤᠭᠤᠴᠠᠭ᠎ᠠ ᠡᠷᠬᠢᠯᠡᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠬᠢᠵᠢᠭ᠎ᠢ ᠡᠰᠡᠷᠭᠦᠴᠡᠬᠦ᠌ ᠲᠡᠮᠡᠴᠡᠯ᠎ᠳᠤ ᠣᠷᠣᠯᠴᠠᠭ᠍ᠰᠠᠨ ᠪᠠᠢᠳᠠᠯ᠎ᠢ ᠤᠬᠠᠭᠤᠯᠤᠨ ᠮᠡᠳᠡᠭᠡᠯᠡᠬᠦ᠌᠎ᠪᠠᠨ ᠴᠢᠩᠭᠠᠳᠭᠠᠪᠠ; ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠬᠤᠤᠰ ᠢᠯᠠᠯᠲᠠ᠎ᠶ᠋ᠢ ᠤᠯᠬᠤ᠂ ᠬᠤᠯᠪᠣᠭ᠍ᠳᠠᠯ ᠪᠦᠬᠦᠢ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠂ ᠵᠠᠰᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠵᠡᠷᠭᠡ᠎ᠲᠠᠢ ᠤᠶᠠᠯᠳᠤᠭᠤᠯᠤᠨ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠯᠵᠢᠮᠡᠯ ᠲᠠᠪᠴᠠᠩ᠎ᠳᠤ ᠲᠦᠱᠢᠭ᠌ᠯᠡᠨ ᠲᠤᠰᠭᠠᠶ ᠵᠦᠢᠯ᠎ᠤᠨ ᠠᠰᠠᠭᠤᠯᠲᠠ᠎ᠶ᠋ᠢᠨ ᠬᠠᠭᠤᠳᠠᠰᠤᠨ᠎ᠤ ᠪᠠᠢᠴᠠᠭᠠᠯᠲᠠ ᠥᠷᠨᠢᠭᠦᠯᠵᠦ᠍᠂ ᠤᠯᠠᠨ᠎ᠤ ᠤᠶᠤᠨ ᠤᠬᠠᠭᠠᠨ᠎ᠢ ᠲᠦᠪᠯᠡᠷᠡᠭᠦᠯᠦᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠣᠨ᠂ ᠤᠯᠠᠨ᠎ᠤ ᠬᠦᠴᠦᠨ᠎ᠢ ᠬᠠᠮᠲᠤᠳᠭᠠᠵᠤ᠂ ᠭᠡᠱᠢᠭᠦᠳ᠎ᠤᠨ ᠣᠷᠣᠯᠴᠠᠭ᠍ᠰᠠᠨ ᠨᠤᠷᠮ᠎ᠠ 85.6% ᠎ᠳᠤ ᠬᠦᠷᠴᠡᠶ᠃ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍ ᠪᠠᠢᠭ᠎ᠠ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠤᠨ ᠭᠡᠱᠢᠭᠦᠳ ᠵᠡᠷᠭᠡ ᠰᠠᠨᠠᠭᠠᠴᠢᠯᠠᠭ᠎ᠠ᠎ᠶ᠋ᠢᠨ ᠪᠢᠴᠢᠭ ᠭᠠᠷᠭᠠᠵᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠠᠴᠠ ᠬᠢᠵᠢᠭ᠎ᠢ ᠡᠰᠡᠷᠭᠦᠴᠡᠬᠦ᠌ ᠲᠡᠮᠡᠴᠡᠯ᠎ᠳᠤ ᠣᠷᠣᠯᠴᠠᠭ᠍ᠰᠠᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠲᠤ ᠲᠣᠬᠤᠨᠢᠭᠤᠯᠬᠤ ᠴᠠᠬᠢᠯᠭᠠᠨ ᠮᠡᠳᠡᠭᠡ ᠶᠠᠪᠤᠭᠤᠯᠵᠤ᠂ ᠥᠷᠭᠡᠨ ᠤᠯᠠᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠲᠣᠰ ᠲᠣᠰ᠎ᠤᠨ ᠠᠵᠢᠯ᠎ᠤᠨ ᠪᠠᠢᠷᠢ ᠲᠡᠭᠡᠷ᠎ᠠ᠎ᠪᠠᠨ ᠡᠪᠡᠳᠴᠢᠳᠡᠨ᠎ᠢ ᠠᠪᠣᠷᠠᠨ ᠡᠮᠨᠡᠬᠦ᠂ ᠱᠢᠨᠵᠢᠯᠡᠬᠦ᠌ ᠣᠬᠠᠭᠠᠨ᠎ᠤ ᠰᠣᠳᠣᠯᠣᠯ᠎ᠤᠨ ᠪᠡᠷᠬᠡ ᠰᠡᠳᠥᠪ᠎ᠢ ᠱᠢᠪᠳᠣᠯᠬᠤ᠂ ᠵᠣᠭᠤᠰ ᠮᠥᠡᠭ᠌ᠭᠦ ᠡᠳ᠋ ᠪᠣᠳᠠᠰ ᠬᠠᠨᠳᠢᠪᠯᠡᠬᠤ᠂ ᠥᠢᠯᠡᠳᠪᠣᠷᠢᠯᠡᠯ᠎ᠢ ᠲᠣᠭ᠍ᠳᠠᠪᠣᠷᠢᠵᠢᠭᠤᠯᠣᠨ ᠠᠵᠢᠯ᠎ᠤᠨ ᠪᠠᠢᠷᠢ᠎ᠶ᠋ᠢ ᠲᠣᠭ᠍ᠳᠠᠪᠣᠷᠢᠵᠢᠭᠤᠯᠬᠤ᠂ ᠬᠠᠨᠭ᠌ᠭᠠᠯᠭ᠎ᠠ᠎ᠶ᠋ᠢ ᠪᠠᠳᠣᠯᠠᠬᠤ᠂ ᠣᠷᠮ᠎ᠠ ᠰᠡᠳᠭᠢᠯᠭᠡ᠎ᠶ᠋ᠢ ᠱᠢᠯᠣᠭᠤᠳᠭᠠᠬᠤ ᠵᠡᠷᠭᠡ ᠠᠵᠢᠯ᠎ᠳᠤ ᠢᠳᠡᠪᠬᠢᠳᠡᠢ ᠣᠷᠣᠯᠴᠠᠵᠥ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠯ᠎ᠢᠶᠠᠨ ᠢᠯᠡᠷᠡᠭᠦᠯᠪᠡ᠃
     ᠨᠢᠭᠡ ᠵᠢᠯ ᠭᠠᠷᠣᠢ᠎ᠶ᠋ᠢᠨ ᠲᠤᠷᠰᠢ᠂ ᠪᠠᠢᠩᠭᠤ᠎ᠶ᠋ᠢᠨ ᠬᠤᠷᠢᠶ᠎ᠠ ᠭᠤᠤᠯ ᠠᠵᠢᠯ᠎ᠲᠠᠢ ᠤᠶᠠᠯᠳᠤᠭᠤᠯᠤᠨ᠂ ᠶᠡᠭᠡ ᠲᠠᠯ᠎ᠠ᠎ᠳᠤ ᠦᠢᠯᠡᠴᠢᠯᠡᠵᠦ᠍᠂ ᠡᠭᠦᠷᠭᠡ ᠴᠢᠳᠠᠪᠤᠷᠢ᠎ᠪᠠᠨ ᠬᠢᠨᠠᠮᠠᠭᠠᠶ ᠭᠦᠢᠴᠡᠳᠭᠡᠵᠦ᠍᠂ ᠡᠯ᠎ᠡ ᠵᠦᠢᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠪᠠ᠃
     (ᠨᠢᠭᠡ) ᠱᠢᠨ᠎ᠠ᠎ᠶ᠋ᠢ ᠡᠭᠦᠳᠬᠦ᠌ ᠣᠨᠣᠯ᠎ᠤᠨ ᠰᠣᠷᠣᠯᠴᠠᠯᠭ᠎ᠠ᠎ᠶ᠋ᠢ ᠴᠢᠩᠭᠠᠳᠭᠠᠵᠥ᠍᠂ ᠤᠯᠤᠰ ᠲᠦᠷᠦ᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠪᠡ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠢ ᠬᠥᠮᠦᠵᠢᠭᠦᠯᠵᠦ᠍ ᠬᠥᠲᠥᠯᠥᠨ ᠵᠢᠯᠣᠭᠤᠳᠭᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠶᠠᠷᠢᠯᠴᠠᠬᠤ ᠬᠤᠷᠠᠯ᠎ᠤᠨ ᠳᠦᠷᠢᠮ᠎ᠢ ᠨᠠᠢᠳᠠᠪᠤᠷᠢᠵᠢᠭᠤᠯᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠪᠦᠬᠦ᠌ ᠤᠯᠤᠰ᠎ᠤᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠢᠶᠠᠷ ᠲᠦᠷᠦᠭᠦᠯᠡᠭᠦᠯᠦᠭ᠌ᠰᠡᠨ 11 ᠰᠤᠷᠤᠯᠴᠠᠬᠤ ᠳᠤᠭᠤᠢᠯᠠᠩ᠎ᠢ ᠪᠠᠢᠭᠤᠯᠵᠤ᠂ ᠲᠥᠯᠥᠪᠯᠡᠭᠡ ᠶᠣᠰᠣᠭᠠᠷ ᠲᠤᠰᠭᠠᠶ ᠰᠡᠳᠦᠪ ᠬᠤᠪᠢᠶᠠᠨ 45 ᠤᠳᠠᠭᠠᠨ᠎ᠤ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯᠯᠠᠭ᠎ᠠ᠎ᠶ᠋ᠢ ᠦᠷᠨᠢᠭᠦᠯᠪᠡ᠃ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠭᠤᠤᠯ ᠲᠤᠭᠤᠢ᠍ᠢᠯᠠᠩ᠎ᠤᠨ ᠰᠤᠷᠤᠯᠴᠠᠯᠭ᠎ᠠ᠎ᠪᠠᠷ ᠬᠦᠳᠤᠯᠤᠨ ᠲᠠᠭᠠᠭᠤᠯᠤᠬ᠍ᠰᠠᠨ ᠰᠤᠷᠤᠯᠴᠠᠯᠭ᠎ᠠ᠎ᠶ᠋ᠢᠨ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠨᠤᠯ᠎ᠤᠨ ᠰᠤᠷᠤᠯᠴᠠᠯᠭ᠎ᠠ᠎ᠶ᠋ᠢ ᠪᠠᠢᠩᠭᠤᠵᠢᠭᠤᠯᠤᠨ ᠲᠤᠭ᠍ᠳᠠᠴᠠᠵᠢᠭᠤᠯᠬᠤ᠎ᠶ᠋ᠢ ᠠᠬᠢᠭᠤᠯᠵᠤ᠂ ᠪᠦᠬᠦ᠌ ᠵᠢᠯ᠎ᠳᠤ ᠡᠯ᠎ᠡ ᠲᠦᠷᠦᠯ᠎ᠤᠨ ᠰᠤᠷᠤᠯᠴᠠᠯᠭ᠎ᠠ᠎ᠶ᠋ᠢᠨ ᠠᠵᠢᠯᠯᠠᠭ᠎ᠠ᠎ᠶ᠋ᠢ 79 ᠲᠠᠯᠠᠪᠤᠷ ᠤᠳᠠᠭ᠎ᠠ ᠡᠷᠬᠢᠯᠡᠵᠦ᠍᠂ 1.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ ᠪᠠ ᠨᠢᠭᠡᠳᠦᠮᠡᠯ ᠹᠷᠣᠨᠲ᠎ᠤᠨ ᠲᠡᠦᠬᠡ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠦᠬᠡ᠎ᠶ᠋ᠢ ᠰᠤᠷᠤᠯᠴᠠᠬᠤ᠎ᠲᠠᠢ ᠤᠶᠠᠯᠳᠤᠭᠤᠯᠵᠤ᠂ ᠲᠤᠭᠤᠷᠢᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ᠍ ᠲᠦᠷᠦ᠎ᠶ᠋ᠢᠨ ᠬᠡᠷᠡᠭ᠎ᠢ ᠵᠥᠪᠯᠡᠬᠦ᠌ ᠵᠡᠷᠭᠡ ᠠᠵᠢᠯᠯᠠᠭ᠎ᠠ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢᠨ ᠤᠯᠤᠰ ᠲᠦᠷᠦ᠎ᠶ᠋ᠢᠨ ᠳᠠᠪᠠᠭᠤᠯᠢᠭ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠤᠢᠯᠠᠭᠠᠵᠤ ᠡᠵᠡᠮᠱᠢᠬᠦ᠌᠎ᠪᠠᠨ ᠦᠨᠡᠨ ᠬᠦ᠌ ᠨᠡᠮᠡᠭ᠌ᠳᠡᠭᠦᠯᠵᠦ᠍᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠶ᠋ᠢ ᠪᠠᠬᠢᠵᠢᠭᠦᠯᠪᠡ᠃
     (ᠬᠤᠶᠠᠷ) ᠵᠥᠪᠯᠡᠬᠦ᠌ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠪᠠ᠃ ᠪᠦᠬᠦ᠌ ᠵᠢᠯ᠎ᠳᠤ ᠵᠥᠪᠯᠡᠬᠦ᠌ ᠬᠤᠷᠠᠯ᠎ᠢ 71 ᠤᠳᠠᠭ᠎ᠠ ᠬᠤᠷᠠᠯᠳᠤᠭᠤᠯᠵᠤ᠂ 97 ᠵᠦᠢᠯ᠎ᠤᠨ ᠪᠠᠢᠴᠠᠭᠠᠨ ᠥᠵᠡᠬᠦ᠌ ᠱᠢᠨᠵᠢᠯᠡᠨ ᠪᠠᠢᠴᠠᠭᠠᠬᠤ ᠪᠠᠢᠴᠠᠭᠠᠨ ᠰᠣᠳᠣᠯᠬᠤ ᠠᠵᠢᠯᠯᠠᠭ᠎ᠠ ᠥᠷᠨᠢᠭᠦᠯᠪᠡ᠃ ᠠᠩᠬ᠎ᠠ ᠤᠳᠠᠭ᠎ᠠ ᠪᠥᠬᠦᠳᠡ ᠬᠤᠷᠠᠯ᠎ᠤᠨ ᠬᠤᠭᠤᠴᠠᠭᠠᠨ᠎ᠳᠤ ᠡᠲᠡᠭᠡᠳ᠎ᠤᠨ ᠢᠯᠭᠠᠯ᠎ᠤᠨ ᠵᠥᠪᠯᠡᠬᠦ᠌ ᠬᠤᠷᠠᠯ ᠬᠤᠷᠠᠯᠳᠤᠭᠤᠯᠵᠤ᠂ ᠠᠯᠤᠰ᠎ᠠᠴᠠ ᠵᠥᠪᠯᠡᠬᠦ᠌ ᠬᠤᠷᠠᠯ᠎ᠳᠤ ᠲᠣᠭ᠍ᠲᠠᠴᠠ᠎ᠶ᠋ᠢᠨ ᠴᠢᠨᠠᠷᠲᠠᠶ ᠲᠤᠬᠢᠷᠠᠭᠤᠯᠤᠯᠳᠠ ᠬᠢᠵᠦ᠍᠂ ᠬᠥᠮᠦᠨ ᠠᠮᠠ ᠡᠬᠢ ᠪᠠᠶᠠᠯᠢᠭ ᠣᠷᠴᠢᠨ ᠠᠬᠤᠶ᠎ᠶ᠋ᠢᠨ ᠬᠥᠭ᠌ᠵᠢᠯᠲᠡ᠎ᠶ᠋ᠢᠨ ᠪᠠᠢᠳᠠᠯ᠎ᠢ ᠵᠠᠳᠠᠯᠬᠤ ᠬᠤᠷᠠᠯ᠂ ᠲᠠᠷᠢᠶᠠᠯᠠᠩ ᠬᠥᠳᠡᠭᠡ ᠲᠣᠰᠭᠤᠨ ᠲᠠᠷᠢᠶᠠᠴᠢᠨ᠎ᠤ ᠠᠵᠢᠯ᠎ᠤᠨ ᠵᠥᠪᠳᠡᠯᠴᠡᠨ ᠶᠠᠷᠢᠯᠴᠠᠬᠤ ᠬᠤᠷᠠᠯ᠂ ᠳᠡᠯᠡᠬᠡᠶ᠎ᠶ᠋ᠢᠨ ᠪᠠᠢᠳᠠᠯ᠎ᠤᠨ ᠵᠠᠳᠠᠯᠤᠯᠲᠠ᠎ᠶ᠋ᠢᠨ ᠬᠤᠷᠠᠯ ᠵᠡᠷᠭᠡ ᠠᠵᠢᠯ ᠲᠦᠷᠦᠯ᠎ᠤᠨ ᠱᠢᠰᠲ᠋ᠧᠮ᠎ᠢᠶᠠᠷ᠎ᠢᠶᠠᠨ ᠵᠥᠪᠯᠡᠬᠦ᠌ ᠨᠡᠷᠡᠳᠥ ᠲᠡᠮᠳᠡᠭ᠎ᠢ ᠪᠤᠢ ᠪᠣᠯᠭᠠᠪᠠ᠃ ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ ᠵᠡᠷᠭᠡ ᠵᠥᠪᠯᠡᠬᠦ᠌ ᠠᠵᠢᠯᠯᠠᠭ᠎ᠠ᠎ᠨᠢ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ᠎ᠶ᠋ᠢ ᠬᠠᠮᠲᠤ᠎ᠪᠠᠷ ᠵᠥᠪᠳᠡᠯᠴᠡᠬᠦ᠌᠎ᠶ᠋ᠢ ᠠᠩᠬᠠᠷᠴᠤ᠌᠂ ᠭᠡᠱᠢᠭᠦᠳ ᠰᠠᠨᠠᠯ ᠰᠠᠨᠠᠭᠤᠯᠭ᠎ᠠ ᠲᠤᠰᠭᠠᠬᠤ ᠪᠠ ᠨᠠᠮ ᠵᠠᠰᠠᠭ᠎ᠤᠨ ᠰᠠᠯᠠᠭ᠎ᠠ ᠮᠥᠴᠢᠷ ᠡᠭᠡᠳᠡᠷᠡᠭᠡ ᠲᠦᠭᠡᠷᠢᠭ᠌ᠳᠡᠯ᠎ᠢ ᠲᠠᠢᠯᠬᠤ᠎ᠶ᠋ᠢᠨ ᠰᠠᠢᠨ ᠨᠥᠬᠦᠴᠡᠯᠳᠦᠯ᠂ ᠠᠷᠠᠳᠴᠢᠯᠠᠯ᠎ᠤᠨ ᠠᠭᠤᠷ ᠠᠮᠢᠰᠭᠤᠯ ᠪᠠ ᠵᠥᠪᠯᠡᠬᠦ᠌ ᠦᠷ᠎ᠡ ᠪᠦᠲᠦᠮᠵᠢ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠪᠡ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠯᠵᠢᠮᠡᠯ ᠲᠠᠪᠴᠠᠩ᠎ᠳᠤ ᠭᠤᠤᠯ ᠰᠡᠳᠦᠪᠲᠦ ᠲᠥᠷᠥ᠎ᠶ᠋ᠢᠨ ᠶᠠᠪᠤᠳᠠᠯ᠎ᠢ ᠵᠥᠪᠯᠡᠬᠦ᠌ ᠬᠤᠯᠪᠤᠭ᠎ᠠ᠎ᠶ᠋ᠢ 48 ᠪᠠᠢᠭᠤᠯᠵᠤ᠂ ᠵᠥᠪᠯᠡᠯᠭᠡ᠎ᠶ᠋ᠢ ᠬᠤᠷᠠᠯ᠎ᠤᠨ ᠲᠠᠯᠠᠪᠠᠢ᠎ᠠᠴᠠ ᠰᠦᠯᠵᠢᠶᠡᠨ ᠳᠡᠭᠡᠷ᠎ᠡ ᠬᠦᠷᠲᠡᠯ᠎ᠡ ᠥᠷᠭᠡᠳᠭᠡᠵᠦ᠍᠂ ᠭᠡᠱᠢᠭᠦᠳ᠎ᠤᠨ ᠣᠷᠣᠯᠴᠠᠬᠤ ᠬᠡᠪᠴᠢᠶ᠎ᠡ᠎ᠶ᠋ᠢ ᠥᠷᠭᠡᠳᠭᠡᠨ᠂ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠲᠦᠬᠦᠮ ᠦᠵᠡᠭᠦᠯᠬᠦ᠌ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠴᠠᠭ ᠣᠷᠣᠨ ᠵᠠᠶ᠎ᠳᠤ ᠬᠢᠵᠠᠭᠠᠷᠯᠠᠭ᠍ᠳᠠᠬᠤ ᠦᠭᠡᠢ ᠵᠥᠪᠯᠡᠬᠦ᠌ ᠲᠠᠪᠴᠠᠩ᠎ᠢ ᠪᠤᠢ ᠪᠤᠯᠭᠠᠨ᠂ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃ ᠨᠠᠮ ᠵᠠᠰᠠᠭ᠎ᠤᠨ ᠰᠠᠯᠠᠭ᠎ᠠ ᠮᠥᠴᠢᠷ᠎ᠯᠦᠭᠡ᠎ᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠵᠤ᠂ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ ᠤᠯᠤᠰ ᠲᠦᠷᠦ᠎ᠶ᠋ᠢᠨ ᠵᠥᠪᠯᠡᠯᠭᠡᠨ᠎ᠤ ᠵᠥᠪᠯᠡᠬᠦ᠌ ᠲᠠᠪᠴᠠᠩ᠎ᠤᠨ ᠦᠢᠯᠡᠳᠦᠯ᠎ᠢ ᠨᠡᠩ ᠴᠢᠬᠤᠯᠠᠴᠢᠯᠠᠵᠤ᠂ ᠭᠡᠱᠢᠭᠦᠳ᠎ᠤᠨ ᠰᠠᠨᠠᠯ᠂ ᠱᠢᠭᠦᠮᠵᠢᠯᠡᠯ ᠪᠠ ᠰᠠᠨᠠᠭᠤᠯᠭ᠎ᠠ᠎ᠶ᠋ᠢ ᠬᠢᠨᠠᠮᠠᠭᠠᠶ ᠰᠤᠳᠤᠯᠵᠤ᠂ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠂ ᠵᠥᠪᠯᠡᠭ᠌ᠰᠡᠨ ᠦᠷ᠎ᠡ ᠪᠦᠲᠦᠭᠡᠯ᠎ᠢ ᠪᠦᠲᠦᠮᠵᠢᠲᠡᠶ ᠬᠤᠪᠢᠷᠠᠭᠤᠯᠤᠨ ᠬᠡᠷᠡᠭ᠌ᠯᠡᠪᠡ᠃
     (ᠭᠤᠷᠪᠠ) ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ ᠲᠥᠷᠥ᠎ᠶ᠋ᠢᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠪᠠ᠃ ᠦᠢᠯᠡᠳᠬᠦ᠌ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠰᠭᠠᠢ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠢ ᠪᠠᠢᠩᠭᠤ᠎ᠶ᠋ᠢᠨ ᠬᠤᠷᠢᠶᠠᠨ᠎ᠤ ᠬᠤᠷᠠᠯ ᠬᠤᠷᠠᠯᠳᠤᠭᠤᠯᠵᠤ᠂ ᠪᠦᠲᠦᠴᠡ᠎ᠶ᠋ᠢᠨ ᠲᠤᠬᠢᠷᠠᠭᠤᠯᠤᠯᠲᠠ᠎ᠶ᠋ᠢ ᠲᠦᠷᠭᠡᠳᠭᠡᠬᠦ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠵᠡᠷᠭᠡ ᠰᠠᠨᠠᠭᠤᠯᠭ᠎ᠠ ᠳᠤᠷᠠᠳᠴᠤ᠌᠂ ᠦᠢᠯᠡᠳᠬᠦ᠌ ᠦᠢᠯᠡᠰ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠯᠠᠪᠯᠠᠯᠲᠠ ᠬᠠᠩᠭᠠᠪᠠ᠃ ᠤᠯᠤᠰ ᠲᠦᠷᠦ᠎ᠶ᠋ᠢᠨ ᠵᠥᠪᠯᠡᠯᠭᠡᠨ᠎ᠤ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠵᠤ᠂ ᠲᠤᠰᠭᠠᠶ ᠰᠡᠳᠦᠪᠲᠦ ᠵᠥᠪᠯᠡᠬᠦ᠌ ᠬᠤᠷᠠᠯ᠎ᠢ ᠬᠤᠷᠠᠯᠳᠤᠭᠤᠯᠵᠤ᠂ ᠵᠠᠭᠤ ᠱᠢᠬᠠᠮ ᠠᠺᠠᠳᠧᠮᠢᠴᠢ ᠭᠡᠱᠢᠭᠦᠨ᠎ᠢ ᠵᠣᠬᠢᠶᠠᠨ ᠪᠠᠢᠭᠤᠯᠤᠨ ᠱᠢᠨ᠎ᠡ᠎ᠶ᠋ᠢ ᠡᠭᠦᠳᠬᠦ᠌᠎ᠶ᠋ᠢ ᠵᠥᠪᠳᠡᠯᠴᠡᠵᠦ᠍᠂ ᠰᠠᠭᠤᠷᠢ ᠰᠤᠳᠤᠯᠭᠠᠨ ᠬᠢᠭᠡᠳ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠲᠤᠬᠠᠶ ᠡᠲᠡᠭᠡᠳ᠎ᠤᠨ ᠢᠯᠭᠠᠯ᠎ᠤᠨ ᠵᠥᠪᠳᠡᠯᠴᠡᠭᠡ᠎ᠶ᠋ᠢ ᠦᠷᠭᠦᠯᠵᠢᠯᠡᠨ ᠥᠷᠨᠢᠭᠦᠯᠵᠦ᠍᠂ ᠤᠯᠤᠰ᠎ᠤᠨ ᠤᠷᠲᠤᠪᠲᠤᠷ ᠬᠤᠭᠤᠴᠠᠭᠠᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠰᠤᠳᠤᠯᠤᠨ ᠨᠠᠢᠷᠠᠭᠤᠯᠬᠤ᠎ᠳᠤ ᠬᠦᠴᠦᠨ ᠨᠡᠮᠡᠷᠢᠯᠡᠪᠡ᠃ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠮᠠᠱᠢᠨ ᠲᠡᠷᠭᠡᠨ᠎ᠤ ᠠᠵᠤ ᠦᠢᠯᠡᠰ᠂ ᠲᠤᠮᠤ ᠳ᠋ᠠᠢᠲ᠋ᠠ᠎ᠶ᠋ᠢᠨ ᠠᠵᠤ ᠦᠢᠯᠡᠰ᠂ ᠲᠠᠯᠠᠢ ᠲᠠᠩᠭᠢᠰ᠎ᠤᠨ ᠠᠵᠤ ᠠᠬᠤᠶ᠎ᠶ᠋ᠢᠨ ᠬᠥᠭ᠌ᠵᠢᠯᠲᠡ ᠪᠠ ᠬᠠᠮᠲᠤ᠎ᠪᠠᠷ ᠡᠳ᠋ᠯᠡᠬᠦ᠌ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌ ᠵᠡᠷᠭᠡ᠎ᠶ᠋ᠢ ᠵᠥᠪᠳᠡᠯᠴᠡᠵᠥ᠍ ᠰᠤᠳᠤᠯᠤᠨ ᠶᠠᠷᠢᠯᠴᠠᠬᠤ᠎ᠶ᠋ᠢ ᠵᠣᠬᠢᠶᠠᠨ ᠪᠠᠢᠭᠤᠯᠵᠤ᠂ ᠱᠢᠨ᠎ᠡ ᠬᠠᠭᠤᠴᠢᠨ ᠬᠥᠳᠡᠯᠭᠡᠭ᠌ᠴᠢ ᠡᠨᠧᠷᠭᠢ᠎ᠶ᠋ᠢᠨ ᠰᠡᠯᠭᠦᠯᠲᠡ᠎ᠶ᠋ᠢ ᠠᠬᠢᠭᠤᠯᠪᠠ᠃ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠲᠣᠬᠠᠢ ᠶᠠᠷᠢᠯᠴᠠᠭᠠᠨ᠂ ᠬᠤᠷᠸ᠎ᠠ ᠠᠵᠤ ᠠᠬᠤᠶ᠎ᠶ᠋ᠢᠨ ᠪᠠᠢᠳᠠᠯ᠎ᠢ ᠵᠠᠳᠠᠯᠤᠨ ᠶᠠᠷᠢᠯᠴᠠᠬᠤ ᠬᠤᠷᠠᠯ ᠵᠡᠷᠭᠡ᠎ᠶ᠋ᠢ ᠡᠷᠬᠢᠯᠡᠵᠤ᠂ ᠬᠤᠷᠸ᠎ᠠ ᠲᠤᠬᠢᠷᠠᠭᠤᠯᠤᠯ ᠡᠵᠡᠮᠳᠡᠯ᠎ᠢ ᠴᠢᠩᠭᠠᠳᠭᠠᠨ ᠰᠠᠢᠵᠢᠷᠠᠭᠤᠯᠬᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠠᠷᠠᠳ᠎ᠤᠨ ᠡᠵᠡᠩᠨᠡᠭ᠌ᠰᠡᠨ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠵᠢᠴᠢ ᠳᠤᠮᠳᠠᠳᠤ ᠠᠮᠧᠷᠢᠺᠠ᠎ᠶ᠋ᠢᠨ ᠠᠵᠤ ᠠᠬᠤᠶ ᠠᠷᠠᠯᠵᠢᠶᠠᠨ᠎ᠤ ᠦᠷᠢᠰᠦᠯᠳᠦᠭᠡᠨ᠎ᠢ ᠠᠷᠭᠠᠴᠠᠭᠠᠬᠤ᠂ ᠮᠥᠩᠭᠦᠨ ᠭᠦᠢᠯᠭᠡᠭᠡᠨ᠎ᠤ ᠠᠮᠢ ᠠᠬᠤᠶ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠪᠠ᠃ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠣᠭᠤᠷᠢᠨ᠎ᠳᠤ᠂ ᠡᠮᠦᠨᠡᠲᠦ᠎ᠶ᠋ᠢᠨ ᠤᠰᠤ᠎ᠶ᠋ᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠶᠡᠷᠦᠩᠬᠡᠢᠯᠡᠭ᠌ᠰᠡᠨ ᠦᠷ᠎ᠡ ᠠᠱᠢᠭ᠎ᠢ ᠪᠠᠳᠠᠷᠠᠭᠤᠯᠬᠤ᠂ ᠬᠠᠳᠤᠨ ᠭᠤᠤᠯ᠎ᠤᠨ ᠠᠮᠢ ᠠᠬᠤᠶ᠎ᠶ᠋ᠢᠨ ᠪᠦᠰᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠳᠤ ᠣᠷᠣᠭᠤᠯᠬᠤ ᠵᠡᠷᠭᠡ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠌ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠤᠢ ᠱᠢᠭᠤᠶ᠎ᠳᠤ ᠠᠩᠬᠠᠷᠤᠯ ᠲᠠᠯᠪᠢᠬᠤ ᠠᠵᠢᠯᠯᠠᠭ᠎ᠠ᠎ᠳᠤ ᠦᠷᠭᠦᠯᠵᠢᠯᠡᠨ ᠣᠷᠣᠯᠴᠠᠵᠤ᠂ ᠤᠮᠠᠷᠠᠲᠤ ᠣᠷᠣᠨ᠎ᠤ ᠭᠠᠵᠠᠷ ᠳᠣᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ᠎ᠢ ᠵᠠᠰᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠮᠠᠨ᠎ᠤ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠳᠤ ᠦᠵᠡᠭᠦᠯᠬᠦ᠌ ᠨᠥᠯᠥᠭᠡ᠎ᠶ᠋ᠢ ᠮᠥᠷᠳᠡᠨ ᠰᠤᠳᠤᠯᠵᠤ᠂ ᠠᠮᠢ ᠠᠬᠤᠶ᠎ᠶ᠋ᠢ ᠨᠥᠬᠦᠪᠥᠷᠢᠯᠡᠬᠦ᠌ ᠲᠣᠭ᠍ᠲᠠᠴᠠ ᠪᠠᠢᠭᠤᠯᠬᠤ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠂ ᠴᠠᠭᠠᠨ ᠪᠣᠬᠢᠷᠲᠤᠯ᠎ᠢ ᠰᠡᠷᠭᠡᠢᠯᠡᠨ ᠵᠠᠰᠠᠬᠤ᠂ ᠰᠧᠴᠤᠸᠠᠨ᠎ᠠᠴᠠ ᠲᠥᠪᠡᠳ ᠬᠦᠷᠬᠦ᠌ ᠲᠡᠮᠦᠷ ᠵᠠᠮ᠎ᠤᠨ ᠪᠦᠳᠦᠭᠡᠨ ᠪᠠᠢᠭᠤᠯᠤᠯᠲᠠ ᠪᠠ ᠲᠠᠯ᠎ᠠ ᠨᠤᠲᠤᠭ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ ᠵᠡᠷᠭᠡ᠎ᠳᠤ ᠪᠠᠢᠴᠠᠭᠠᠨ ᠰᠤᠳᠤᠯᠣᠯᠳᠠ ᠬᠢᠵᠥ᠍ ᠵᠦᠪᠳᠡᠯᠴᠡᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ ᠴᠢᠬᠤᠯᠠ ᠰᠠᠨᠠᠭᠤᠯᠭ᠎ᠠ᠎ᠶ᠋ᠢ᠎ᠨᠢ ᠬᠦᠯᠢᠶᠡᠨ ᠠᠪᠤᠪᠠ᠃
     (ᠲᠦᠷᠪᠡ) ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠨᠢ ᠠᠷᠠᠳ ᠲᠦᠮᠡᠨ᠎ᠤ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠤᠯᠠᠨ ᠲᠦᠮᠡᠨ᠎ᠤ ᠠᠵᠠ ᠵᠢᠷᠭᠠᠯ᠎ᠢ ᠨᠡᠮᠡᠭ᠌ᠳᠡᠭᠦᠯᠬᠦ᠌ ᠪᠠ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠪᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠎ᠳᠤ ᠡᠷᠡᠰ ᠢᠯᠡᠯᠳᠡ ᠣᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠤ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠠᠬᠢᠭᠤᠯᠬᠤ ᠵᠡᠷᠭᠡ ᠲᠠᠯ᠎ᠠ᠎ᠪᠠᠷ ᠵᠥᠪᠳᠡᠯᠴᠡᠭᠡ ᠪᠠᠢᠴᠠᠭᠠᠨ ᠰᠤᠳᠤᠯᠤᠯᠲᠠ ᠥᠷᠨᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠂ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠲᠠᠬᠢᠨ ᠶᠠᠳᠠᠭᠤᠷᠠᠬᠤ᠎ᠶ᠋ᠢ ᠪᠠᠭᠠᠰᠭᠠᠬᠤ ᠪᠠ ᠰᠡᠷᠭᠡᠢᠯᠡᠬᠦ᠌ ᠵᠡᠷᠭᠡ᠎ᠳᠤ ᠲᠦᠪᠯᠡᠷᠡᠭᠦᠯᠦᠨ ᠰᠠᠨᠠᠭᠤᠯᠭ᠎ᠠ ᠳᠤᠷᠠᠳᠴᠤ᠌᠂ ᠲᠠᠬᠢᠨ ᠶᠠᠳᠠᠭᠤᠷᠠᠬᠤ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠲᠣᠭ᠍ᠲᠠᠴᠠ᠎ᠶ᠋ᠢ ᠪᠠᠢᠭᠤᠯᠬᠤ ᠲᠤᠬᠠᠢ ᠰᠠᠨᠠᠭᠤᠯᠭ᠎ᠠ᠎ᠨᠢ ᠴᠢᠬᠤᠯᠠᠴᠢᠯᠠᠭ᠍ᠳᠠᠪᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠮᠥᠷᠳᠡᠨ ᠨᠡᠬᠡᠮᠵᠢᠯᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠰᠠᠨᠠᠭᠤᠯᠭ᠎ᠠ ᠳᠤᠷᠠᠳᠴᠤ᠌᠂ ᠬᠦᠳᠡᠭᠡ ᠲᠤᠰᠭᠤᠨ᠎ᠤ ᠵᠠᠮ᠎ᠢ ᠰᠠᠢᠳᠦᠷ ᠪᠠᠢᠭᠤᠯᠬᠤ᠂ ᠰᠠᠢᠳᠦᠷ ᠬᠠᠮᠢᠶᠠᠷᠬᠤ᠂ ᠰᠠᠢᠳᠤᠷ ᠬᠠᠮᠠᠭᠠᠯᠠᠬᠤ᠂ ᠰᠠᠢᠳᠦᠷ ᠡᠵᠨᠩᠨᠡᠭᠦ᠌ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠲᠣᠬᠠᠢ ᠠᠯᠤᠰ᠎ᠤᠨ ᠵᠦᠪᠳᠡᠯᠴᠡᠭᠡ ᠥᠷᠨᠢᠭᠦᠯᠵᠦ᠍᠂ ᠬᠤᠯᠪᠣᠭ᠍ᠳᠠᠯ ᠪᠦᠬᠦᠢ ᠪᠢᠴᠢᠭ ᠮᠠᠲ᠋ᠧᠷᠢᠶᠠᠯ ᠨᠡᠢᠲᠡᠯᠡᠬᠦ᠌᠎ᠶ᠋ᠢ ᠠᠬᠢᠭᠤᠯᠪᠠ᠃ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌ ᠲᠤᠰᠭᠠᠶ ᠰᠡᠳᠦᠪᠲᠦ ᠲᠦᠷᠦ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ ᠬᠤᠷᠠᠯ ᠬᠤᠷᠠᠯᠳᠤᠭᠤᠯᠵᠤ᠂ ᠬᠥᠳᠡᠭᠡ ᠲᠣᠰᠭᠤᠨ᠎ᠤ ᠤᠯᠠᠨ ᠨᠡᠢᠲᠡ᠎ᠶ᠋ᠢᠨ ᠰᠣᠶᠣᠯ᠎ᠤᠨ ᠦᠨᠳᠦᠰᠦᠨ ᠦᠢᠯᠡᠴᠢᠯᠡᠭᠡᠨ᠎ᠤ ᠪᠠᠢᠭᠤᠯᠤᠯᠲᠠ᠎ᠶ᠋ᠢᠨ ᠲᠤᠰᠭᠠᠶ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠵᠤ᠂ ᠲᠦᠷᠦ᠎ᠶ᠋ᠢᠨ ᠬᠡᠷᠡᠭ᠎ᠢ ᠵᠥᠪᠯᠡᠭ᠌ᠰᠡᠨ ᠦᠷ᠎ᠡ ᠪᠦᠲᠦᠭᠡᠯ᠎ᠢ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ ᠲᠤᠰᠭᠠᠶ ᠰᠡᠳᠦᠪ᠎ᠢᠶᠠᠷ ᠰᠤᠳᠤᠯᠵᠤ ᠬᠦᠯᠢᠶᠡᠨ ᠠᠪᠤᠪᠠ᠃ ᠭᠡᠷ ᠪᠦᠯᠢ ᠭᠡᠷ᠎ᠤᠨ ᠰᠤᠷᠭᠠᠯ ᠭᠡᠷ᠎ᠤᠨ ᠰᠤᠷᠲᠠᠯ᠎ᠤᠨ ᠪᠠᠢᠭᠤᠯᠤᠯᠲᠠ᠂ ᠬᠡᠦᠬᠡᠳ᠎ᠤᠨ ᠴᠡᠴᠡᠷᠯᠢᠭ᠎ᠤᠨ ᠪᠠᠭ᠍ᠰᠢ ᠬᠥᠮᠦᠵᠢᠭᠦᠯᠬᠦ᠂ ᠠᠷᠠᠳ᠎ᠤᠨ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠂ ᠤᠷᠠᠨ ᠪᠢᠴᠢᠯᠭᠡ᠎ᠶ᠋ᠢᠨ ᠱᠢᠨᠵᠢᠯᠡᠭᠡᠨ᠎ᠤ ᠰᠠᠯᠠᠭᠠᠨ᠎ᠤ ᠪᠦᠲᠦᠭᠡᠨ ᠪᠠᠢᠭᠤᠯᠤᠯᠲᠠ ᠪᠠ ᠶᠡᠭᠡ ᠲᠠᠲᠠᠮᠠᠯ ᠭᠤᠣᠯ᠎ᠤᠨ ᠰᠣᠶᠣᠯ᠎ᠤᠨ ᠪᠦᠰᠡ᠎ᠶ᠋ᠢᠨ ᠪᠦᠲᠦᠭᠡᠨ ᠪᠠᠢᠭᠤᠯᠤᠯᠲᠠ᠂ ᠰᠢ ᠵᠦᠴᠦᠭᠡ᠎ᠶ᠋ᠢ ᠴᠡᠴᠡᠭ᠌ᠯᠡᠭᠦᠯᠦᠨ ᠬᠥᠭ᠌ᠵᠢᠭᠦᠯᠬᠦ᠂ ᠺᠢᠨᠣ᠋᠎ᠶ᠋ᠢᠨ ᠠᠵᠤ ᠦᠢᠯᠡᠰ᠎ᠢ ᠴᠢᠨᠠᠷ ᠰᠠᠢᠲᠠᠢ ᠬᠥᠭ᠌ᠵᠢᠭᠦᠯᠬᠦ᠌ ᠵᠡᠷᠭᠡ ᠠᠰᠠᠭᠤᠳᠠᠯ᠎ᠢ ᠪᠠᠢᠴᠠᠭᠠᠨ ᠰᠤᠳᠤᠯᠬᠤ᠎ᠶ᠋ᠢᠨ ᠬᠠᠮᠲᠤ ᠵᠥᠪᠳᠡᠯᠴᠡᠵᠦ᠍᠂ ᠣᠨᠴᠠᠭᠠᠢ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠬᠥᠳᠡᠭᠡ ᠲᠣᠰᠭᠤᠨ᠎ᠤ ᠪᠠᠭ᠍ᠰᠢ᠎ᠶ᠋ᠢᠨ ᠡᠩᠨᠡᠭᠡᠨ᠎ᠤ ᠪᠠᠢᠭᠤᠯᠤᠯᠲᠠ᠂ ᠤᠷᠲᠤ ᠵᠠᠮ᠎ᠤᠨ ᠠᠶᠠᠨ ᠳᠠᠢᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠪᠠ ᠬᠤᠪᠢᠰᠭᠠᠯ᠎ᠤᠨ ᠵᠢᠭᠤᠯᠴᠢᠯᠠᠯ᠎ᠤᠨ ᠵᠠᠮ ᠱᠤᠭᠤᠮ᠎ᠤᠨ ᠪᠦᠲᠦᠭᠡᠨ ᠪᠠᠢᠭᠤᠯᠤᠯᠲᠠ᠂ ᠶᠦᠩ ᠳ᠋ᠢᠩ ᠾᠧ ᠭᠤᠣᠯ᠎ᠤᠨ ᠰᠠᠪᠠ ᠭᠠᠵᠠᠷ᠎ᠤᠨ ᠰᠣᠶᠣᠯ᠎ᠤᠨ ᠪᠦᠲᠦᠭᠡᠨ ᠪᠠᠢᠭᠤᠯᠤᠯᠲᠠ ᠵᠡᠷᠭᠡ᠎ᠶ᠋ᠢ ᠲᠤᠰᠭᠠᠢ ᠰᠡᠳᠦᠪ᠎ᠢᠶᠠᠷ ᠪᠠᠢᠴᠠᠭᠠᠨ ᠦᠵᠡᠪᠡ᠃ ᠠᠵᠢᠯ ᠣᠯᠭᠤᠯᠲᠠ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠠ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠂ ᠬᠢᠲᠠᠳ ᠡᠮ ᠡᠮᠨᠡᠯᠭᠡ᠎ᠶ᠋ᠢᠨ ᠦᠢᠯᠡᠰ᠎ᠢ ᠬᠥᠭ᠌ᠵᠢᠭᠦᠯᠬᠦ᠂ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠠᠬᠢᠵᠢᠭᠦᠯᠦᠨ ᠲᠡᠭᠦᠯᠳᠡᠷᠵᠢᠭᠦᠯᠬᠦ᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠠᠵᠢᠯ᠎ᠢ ᠴᠢᠩᠭᠠᠳᠭᠠᠬᠤ ᠵᠡᠷᠭᠡ᠎ᠲᠠᠢ ᠤᠶᠠᠯᠳᠤᠭᠤᠯᠤᠨ ᠵᠥᠪᠳᠡᠯᠴᠡᠵᠦ᠍᠂ ᠪᠠᠭ᠍ᠰᠢ᠎ᠶ᠋ᠢᠨ ᠪᠠᠶᠠᠷ᠎ᠤᠨ ᠲᠣᠬᠤᠨᠢᠭᠤᠯᠬᠤ ᠠᠵᠢᠯᠯᠠᠭ᠎ᠠ ᠪᠠ ᠱᠢᠨᠵᠢᠯᠡᠬᠦ᠌ ᠣᠬᠠᠭᠠᠨ ᠮᠡᠷᠭᠡᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ᠂ ᠪᠡᠶ᠎ᠠ᠎ᠶ᠋ᠢᠨ ᠲᠠᠮᠢᠷ᠎ᠢ ᠥᠨᠳᠥᠰᠥᠨ ᠱᠠᠳᠣᠨ᠎ᠳᠤ ᠪᠠᠭᠤᠯᠭᠠᠬᠤ ᠠᠵᠢᠯᠯᠠᠭ᠎ᠠ᠎ᠶ᠋ᠢ ᠥᠷᠨᠢᠬᠦᠯᠪᠡ᠃ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠬᠦᠴᠦ᠍ ᠨᠡᠮᠡᠷᠢᠯᠡᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ᠂ ᠵᠣᠬᠢᠶᠠᠯ ᠪᠦᠲᠦᠭᠡᠯ᠎ᠤᠨ ᠡᠷᠬᠡ᠎ᠶ᠋ᠢᠨ ᠬᠠᠤᠯᠢ᠎ᠶ᠋ᠢ ᠵᠠᠰᠠᠵᠤ ᠲᠤᠭ᠍ᠲᠠᠭᠠᠬᠤ᠂ ᠰᠦᠯᠵᠢᠶᠡᠨ᠎ᠤ ᠣᠷᠴᠢᠨ ᠨᠥᠬᠦᠴᠡᠯ ᠳᠣᠤᠷ᠎ᠠ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠮᠠᠭᠠᠯᠠᠬᠤ᠂ ᠲᠤᠮᠤ ᠳ᠋ᠠᠢᠲ᠋ᠠ᠎ᠶ᠋ᠢᠨ ᠴᠠᠭ ᠦᠶ᠎ᠡ᠎ᠶ᠋ᠢᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠵᠡᠷᠭᠡ ᠲᠠᠯ᠎ᠠ᠎ᠪᠠᠷ ᠵᠦᠪᠳᠡᠯᠴᠡᠨ ᠰᠠᠨᠠᠯ ᠵᠥᠪᠯᠡᠯᠭᠡ ᠳᠤᠷᠠᠳᠴᠤ᠌᠂ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠤᠯᠢ᠎ᠳᠤ ᠬᠢᠨᠠᠯᠲᠠ ᠲᠠᠯᠪᠢᠬᠤ ᠴᠢᠨᠠᠷᠲᠠᠶ ᠪᠠᠢᠴᠠᠭᠠᠨ ᠰᠤᠳᠤᠯᠤᠯᠲᠠ ᠬᠢᠪᠡ᠃
     (ᠲᠠᠪᠤ) ᠪᠦᠯᠬᠦᠮᠳᠡᠯ ᠨᠥᠬᠦᠷᠯᠡᠯ᠎ᠢᠶᠠᠨ ᠴᠢᠩᠭᠠᠳᠭᠠᠵᠤ᠂ ᠥᠷᠭᠡᠨ ᠲᠡᠯᠭᠡᠷᠡᠩᠭᠦᠢ᠎ᠪᠠᠷ ᠰᠡᠳᠭᠢᠯ᠎ᠢ ᠨᠢᠭ᠍ᠳᠠᠷᠠᠭᠤᠯᠣᠨ ᠬᠥᠴᠥᠨ᠎ᠢᠶᠠᠨ ᠲᠥᠪᠯᠡᠷᠡᠬᠦᠯᠪᠡ᠃ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠨᠢ ᠱᠢᠨ᠎ᠡ ᠮᠠᠶᠢᠭ᠎ᠤᠨ ᠲᠦᠷᠦ᠎ᠶ᠋ᠢᠨ ᠨᠠᠮ᠎ᠤᠨ ᠪᠠᠢᠭᠤᠯᠤᠯ᠎ᠢ ᠬᠡᠷᠡᠭ᠌ᠵᠢᠭᠦᠯᠬᠦ᠌ ᠴᠢᠬᠤᠯᠠ ᠤᠯᠤᠰ ᠲᠦᠷᠦ᠎ᠶ᠋ᠢᠨ ᠬᠡᠯᠪᠡᠷᠢ ᠪᠠ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠪᠣᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠎ᠲᠠᠢ ᠬᠠᠮᠲᠤᠷᠠᠭ᠍ᠰᠠᠨ ᠪᠠᠢᠴᠠᠭᠠᠨ ᠰᠤᠳᠤᠯᠤᠯᠲᠠ ᠬᠢᠵᠦ᠍᠂ ᠵᠥᠪᠯᠡᠬᠦ᠌ ᠠᠵᠢᠯᠯᠠᠭ᠎ᠠ᠎ᠶ᠋ᠢ ᠬᠠᠮᠲᠤᠷᠠᠨ ᠡᠷᠬᠢᠯᠡᠪᠡ᠃ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠬᠦ᠂ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠪᠠᠷ ᠱᠠᠱᠢᠨ᠎ᠤ ᠨᠤᠮᠯᠠᠯ ᠱᠠᠱᠢᠨ᠎ᠤ ᠲᠦᠷᠢᠮ᠎ᠢ ᠲᠠᠢᠯᠪᠤᠷᠢᠯᠠᠬᠤ᠎ᠶ᠋ᠢ ᠬᠥᠲᠥᠯᠥᠨ ᠳᠠᠭᠠᠭᠤᠯᠬᠤ ᠵᠡᠷᠭᠡ᠎ᠶ᠋ᠢᠨ ᠲᠣᠭᠤᠷᠢᠨ᠎ᠳᠤ᠂ ᠭᠤᠤᠯ ᠰᠡᠳᠦᠪᠲᠦ ᠵᠥᠪᠳᠡᠯᠴᠡᠨ ᠶᠠᠷᠢᠯᠴᠠᠬᠤ ᠬᠤᠷᠠᠯ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠬᠤᠲᠠ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠬᠤ᠂ ᠬᠠᠤᠯᠢ ᠶᠣᠰᠣᠭᠠᠷ ᠰᠦᠮ᠎ᠡ ᠳᠤᠭᠠᠩ᠎ᠤᠨ ᠬᠠᠮᠢᠶᠠᠷᠤᠯᠲᠠ᠎ᠶ᠋ᠢ ᠴᠢᠩᠭᠠᠳᠭᠠᠬᠤ ᠪᠠ ᠱᠢᠨ᠎ᠡ᠎ᠶ᠋ᠢ ᠡᠭᠦᠳᠬᠦ᠌ ᠵᠡᠷᠭᠡ ᠲᠠᠯ᠎ᠠ᠎ᠪᠠᠷ ᠵᠥᠪᠳᠡᠯᠴᠡᠨ ᠪᠠᠢᠴᠠᠭᠠᠨ ᠰᠤᠳᠤᠯᠤᠯᠲᠠ ᠬᠢᠪᠡ᠃ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠪᠠ᠃ ᠱᠢᠶᠠᠩᠭᠠᠩ ᠣᠣᠮᠧᠨ᠎ᠤ ᠭᠡᠱᠢᠭᠦᠳ᠎ᠢ ᠵᠣᠬᠢᠶᠠᠨ ᠪᠠᠢᠭᠤᠯᠵᠤ ᠸᠧᠨᠴᠤᠸᠠᠨ᠎ᠤ ᠭᠠᠵᠠᠷ ᠬᠥᠳᠡᠯᠦᠯᠲᠡ᠎ᠶ᠋ᠢᠨ ᠭᠠᠮᠱᠢᠭ᠎ᠤᠨ ᠳᠠᠷᠠᠭᠠᠬᠢ ᠲᠠᠬᠢᠨ ᠪᠠᠢᠭᠤᠯᠬᠤ ᠲᠦᠰᠦᠯ᠎ᠤᠨ ᠠᠵᠢᠯᠯᠠᠭᠠᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ ᠵᠡᠷᠭᠡ᠎ᠶ᠋ᠢ ᠪᠠᠢᠴᠠᠭᠠᠨ ᠦᠵᠡᠭᠦᠯᠵᠦ᠍᠂ ᠱᠢᠶᠶᠠᠩᠭᠠᠩ ᠤᠤᠮᠧᠨ᠎ᠤ ᠵᠠᠯᠠᠭᠤ ᠴᠢᠳᠠᠪᠤᠷᠢᠳᠠᠳ᠎ᠢ ᠳᠤᠲᠤᠷ ᠭᠠᠵᠠᠷ᠎ᠲᠤ ᠢᠷᠡᠭᠦᠯᠦᠨ ᠰᠤᠷᠤᠯᠴᠠᠯᠭ᠎ᠠ ᠰᠤᠯᠢᠯᠴᠠᠭ᠎ᠠ ᠭᠢᠯᠭᠡᠬᠦ᠌ ᠲᠦᠯᠦᠪᠯᠡᠭᠡ᠎ᠶ᠋ᠢ ᠦᠷᠭᠦᠯᠵᠢᠯᠡᠨ ᠭᠡᠷᠡᠭ᠌ᠵᠢᠭᠦᠯᠪᠡ᠃ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠂ ᠱᠢᠶᠠᠩᠭᠠᠩ ᠣᠣᠮᠧᠨ ᠲᠠᠢᠸᠠᠨ ᠳᠤᠮᠳᠠᠳᠤ᠎ᠶ᠋ᠢᠨ ᠬᠠᠷᠢᠶᠠᠲᠤ ᠨᠠᠷ᠎ᠤᠨ ᠪᠡᠯᠡ ᠣᠷᠣᠭᠤᠯᠤᠭ᠍ᠰᠠᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠪᠠᠢᠳᠠᠯ᠂ ᠱᠢᠶᠠᠩᠭᠠᠩ ᠣᠣᠮᠧᠨ᠎ᠤ ᠵᠠᠯᠠᠭᠤᠴᠤᠳ ᠪᠠᠭᠠᠴᠤᠳ᠎ᠤᠨ ᠤᠯᠤᠰ ᠤᠷᠤᠨ᠎ᠤ ᠤᠬᠠᠮᠰᠠᠷ᠎ᠢ ᠴᠢᠩᠭᠠᠳᠭᠠᠬᠤ᠂ ᠱᠧᠨᠵᠧᠨ ᠱᠢᠶᠠᠩᠭᠠᠩ᠎ᠤᠨ ᠵᠠᠯᠠᠭᠤᠴᠤᠳ᠎ᠤᠨ ᠠᠳᠠᠯ ᠦᠢᠯᠡᠰ ᠴᠣᠭ᠍ᠴᠠᠯᠠᠵᠤ ᠱᠢᠨ᠎ᠡ᠎ᠶ᠋ᠢ ᠡᠭᠦᠳᠬᠦ᠌ ᠵᠡᠷᠭᠡ᠎ᠶ᠋ᠢᠨ ᠲᠤᠭᠤᠷᠢᠨ᠎ᠳᠤ ᠵᠥᠪᠳᠡᠯᠴᠡᠨ ᠪᠠᠢᠴᠠᠭᠠᠨ ᠰᠤᠳᠤᠯᠤᠯᠲᠠ ᠬᠢᠪᠡ᠃ ᠱᠢᠶᠠᠩᠭᠠᠩ ᠣᠷᠣᠨ᠎ᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠤᠨ ᠢᠳᠡᠪᠬᠢᠲᠡᠶ᠎ᠪᠠᠷ ᠥᠬᠡ ᠬᠡᠯᠡᠵᠥ᠍᠂ ᠡᠯ᠎ᠡ ᠡᠲᠡᠭᠡᠳ᠎ᠤᠨ ᠬᠥᠮᠦᠰ᠎ᠲᠠᠢ ᠬᠠᠷᠢᠯᠴᠠᠵᠤ ᠪᠠᠢᠭᠠᠳ ᠬᠦᠴᠦᠷᠬᠡᠭ᠌ᠯᠡᠯ᠎ᠢ ᠵᠤᠭ᠍ᠰᠤᠭᠠᠨ ᠰᠠᠮᠠᠭᠤᠷᠠᠯ᠎ᠢ ᠳᠠᠷᠤᠵᠤ᠂ ᠡᠮᠬᠢ ᠵᠢᠷᠤᠮ᠎ᠢ ᠰᠡᠷᠭᠦᠭᠡᠬᠦ᠌ ᠢᠳᠡᠪᠬᠢ ᠬᠦᠴᠦᠨ᠎ᠢ ᠨᠢᠭ᠍ᠲᠠᠷᠠᠭᠤᠯᠬᠤ᠎ᠶ᠋ᠢ ᠳᠡᠮᠵᠢᠪᠡ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠎ᠶ᠋ᠢ ᠣᠣᠮᠧᠨ᠎ᠳᠤ ᠠᠮᠵᠢᠯᠲᠠᠲᠠᠢ ᠦᠢᠯᠡᠳᠦᠯᠭᠡᠵᠢᠭᠦᠯᠦᠭ᠌ᠰᠡᠨ᠎ᠢ ᠤᠬᠠᠭᠤᠯᠵᠤ᠂ ᠣᠣᠮᠧᠨ᠎ᠤ ᠾᠧᠩᠴᠢᠨ᠎ᠤ ᠭᠦᠨᠵᠡᠭᠡᠶ ᠬᠠᠮᠲᠤᠷᠠᠨ ᠠᠵᠢᠯᠯᠠᠬᠤ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠌ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃ ᠠᠷᠪᠠᠨ ᠲᠠᠪᠤᠳᠤᠭᠠᠷ ᠬᠤᠭᠤᠴᠠᠭᠠᠨ᠎ᠤ ᠡᠾᠧ ᠯᠦᠸᠧ᠎ᠶ᠋ᠢᠨ ᠰᠤᠶᠤᠯ᠎ᠤᠨ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ᠌᠎ᠶ᠋ᠢ ᠵᠢᠯᠣᠭᠤᠳᠴᠥ᠍᠂ ᠠᠷᠪᠠᠨ ᠨᠢᠭᠡᠳᠦᠭᠡᠷ ᠬᠤᠭᠤᠴᠠᠭᠠᠨ᠎ᠤ ᠲᠠᠢᠸᠠᠨ ᠬᠤᠭᠤᠯᠠᠶ᠎ᠶ᠋ᠢᠨ ᠶᠠᠷᠢᠯᠴᠠᠭᠠᠨ᠎ᠢ ᠡᠷᠬᠢᠯᠡᠬᠦ᠌᠎ᠳᠤ ᠣᠷᠣᠯᠴᠠᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠦᠨᠳᠦᠰᠦᠨ ᠱᠠᠲᠤᠨ᠎ᠤ ᠵᠠᠰᠠᠯᠲᠠ ᠵᠡᠷᠭᠡ ᠲᠠᠯ᠎ᠠ᠎ᠪᠠᠷ ᠰᠣᠯᠢᠯᠴᠠᠭ᠎ᠠ ᠨᠡᠪᠲᠡᠷᠡᠯᠴᠡᠭᠡ ᠬᠢᠪᠡ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠲᠥᠯᠥᠭᠡᠯᠡᠭ᠌ᠴᠢ ᠬᠥᠮᠦᠰ᠎ᠢ ᠤᠷᠢᠵᠤ ᠪᠥᠬᠦᠳᠡ ᠬᠤᠷᠠᠯ᠎ᠳᠤ ᠰᠤᠯᠠ ᠣᠷᠣᠯᠴᠠᠭᠤᠯᠤᠨ᠂ ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠣᠷᠣᠯᠴᠠᠭᠤᠯᠪᠠ᠃
     (ᠵᠢᠷᠭᠤᠭ᠎ᠠ) ᠭᠠᠳᠠᠭᠠᠳᠤ᠎ᠯᠤᠭ᠎ᠠ᠎ᠶ᠋ᠢᠨ ᠨᠥᠬᠦᠷᠰᠡᠭ ᠶᠠᠪᠤᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠪᠡ᠃ ᠳᠡᠭᠡᠳᠦ ᠳᠠᠪᠬᠤᠷᠭ᠎ᠠ᠎ᠶ᠋ᠢᠨ ᠬᠠᠷᠢᠯᠴᠠᠨ ᠠᠢᠯᠴᠢᠯᠠᠯᠲᠠ ᠪᠠ ᠤᠯᠠᠨ ᠲᠡᠰ ᠳᠠᠪᠬᠤᠷᠭ᠎ᠠ᠎ᠶ᠋ᠢᠨ ᠰᠣᠯᠢᠯᠴᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ᠂ ᠱᠢᠨ᠎ᠡ ᠬᠡᠯᠪᠡᠷᠢ᠎ᠶ᠋ᠢᠨ ᠲᠦᠷᠦ᠎ᠶ᠋ᠢᠨ ᠨᠠᠮ᠎ᠤᠨ ᠪᠠᠢᠭᠤᠯᠤᠯ᠎ᠢ ᠤᠬᠠᠭᠤᠯᠤᠨ ᠲᠠᠨᠢᠯᠴᠠᠭᠤᠯᠪᠠ᠃ ᠠᠽᠢᠶ᠎ᠠ ᠲᠢᠪ᠎ᠤᠨ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠎ᠢ ᠤᠷᠢᠵᠤ ᠤᠯᠤᠰ ᠳᠦᠷᠦ᠎ᠶ᠋ᠢᠨ ᠵᠦᠪᠯᠡᠯᠭᠡᠨ᠎ᠳᠤ ᠠᠢᠯᠴᠢᠯᠠᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠳᠤᠮᠳᠠᠳᠤ ᠤᠯᠤᠰ᠂ ᠰᠣᠯᠣᠩᠭᠤᠰ᠂ ᠸᠢᠶᠧᠲᠨᠠᠮ᠂ ᠯᠠᠤᠰ᠎ᠤᠨ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠵᠤ᠂ ᠸᠢᠶᠧᠲᠨᠠᠮ᠎ᠤᠨ ᠡᠬᠡ ᠤᠯᠤᠰ᠎ᠤᠨ ᠹᠷᠣᠨᠲ᠎ᠯᠤᠭ᠎ᠠ ᠬᠤᠯᠪᠣᠭ᠍ᠳᠠᠯ ᠪᠦᠬᠦᠢ ᠨᠥᠬᠦᠷᠰᠡᠭ ᠰᠣᠯᠢᠯᠴᠠᠭ᠎ᠠ ᠥᠷᠨᠢᠭᠦᠯᠪᠡ᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠳᠤᠮᠳᠠᠳᠤ ᠠᠹᠷᠢᠺᠠ᠎ᠶ᠋ᠢᠨ ᠨᠥᠬᠦᠷᠰᠡᠭ ᠳᠤᠭᠤᠢᠯᠠᠩ᠎ᠤᠨ ᠦᠢᠯᠡᠳᠦᠯ᠎ᠢ ᠪᠠᠳᠠᠷᠠᠭᠤᠯᠵᠤ᠂ ᠠᠹᠷᠢᠺᠠ ᠲᠢᠪ᠎ᠤᠨ ᠬᠡᠰᠡᠭ ᠤᠯᠤᠰ᠎ᠤᠨ ᠵᠠᠯᠠᠭᠤ ᠵᠥᠪᠯᠡᠯᠭᠡᠨ᠎ᠤ ᠭᠡᠱᠢᠭᠦᠳ᠎ᠢ ᠤᠷᠢᠵᠤ ᠳᠤᠮᠳᠠᠳᠤ ᠤᠯᠤᠰ᠎ᠲᠤ ᠠᠢᠯᠴᠢᠯᠠᠭᠤᠯᠤᠨ᠂ ᠪᠠᠢᠴᠠᠭᠠᠨ ᠰᠤᠳᠤᠯᠤᠯᠲᠠ ᠦᠷᠨᠢᠭᠦᠯᠵᠦ᠍ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠯᠴᠠᠭᠠᠨ᠎ᠤ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ 《ᠨᠢᠭᠡ ᠪᠦᠰᠡ ᠨᠢᠭᠡ ᠵᠠᠮ》 ᠎ᠤᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠳᠤᠮᠳᠠᠳᠤ ᠧᠦ᠋ᠷᠣᠫᠠ᠎ᠶ᠋ᠢᠨ ᠡᠭᠡᠯᠵᠢ᠎ᠶ᠋ᠢᠨ ᠴᠤᠪᠤᠭ᠎ᠠ ᠲᠡᠷᠭᠡ᠎ᠶ᠋ᠢᠨ ᠲᠡᠭᠡᠭᠡᠪᠦᠷᠢ ᠡᠵᠡᠩᠨᠡᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠵᠥᠪᠳᠡᠯᠴᠡᠵᠦ᠍᠂ ᠭᠠᠳᠠᠭ᠍ᠰᠢ ᠨᠡᠭᠡᠭᠡᠯᠳᠡ ᠬᠢᠬᠦ᠌ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠬᠢᠨᠠᠯᠲᠠ ᠲᠠᠯᠪᠢᠬᠤ ᠴᠢᠨᠠᠷᠲᠠᠶ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠪᠠ᠃ ᠠᠮᠧᠷᠢᠺᠠ᠎ᠶ᠋ᠢᠨ ᠤᠯᠤᠰ᠎ᠤᠨ ᠬᠤᠷᠠᠯ᠎ᠤᠨ ᠳᠡᠭᠡᠳᠦ ᠵᠥᠪᠯᠡᠯᠭᠡᠨ᠎ᠤ ᠪᠠᠲᠤᠯᠠᠭ᠍ᠰᠠᠨ 《ᠱᠢᠶᠠᠩᠭᠠᠩ᠎ᠤᠨ ᠬᠥᠮᠦᠨ᠎ᠤ ᠡᠷᠬᠡ ᠬᠢᠭᠡᠳ ᠠᠷᠠᠳᠴᠢᠯᠠᠯ᠎ᠤᠨ ᠬᠠᠤᠯᠢ᠎ᠶ᠋ᠢᠨ ᠲᠥᠰᠦᠯ》᠂ ᠳᠣᠤᠷᠠᠳᠤ ᠵᠥᠪᠯᠡᠯᠭᠡᠨ᠎ᠤ ᠪᠠᠲᠤᠯᠠᠭ᠍ᠰᠠᠨ 《2019 ᠣᠨ᠎ᠤ ᠤᠢᠭᠤᠷ᠎ᠤᠨ ᠬᠦᠮᠦᠨ᠎ᠤ ᠡᠷᠬᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠤᠯᠢ᠎ᠶ᠋ᠢᠨ ᠲᠥᠰᠦᠯ》 ᠭᠡᠮᠡᠭ᠌ᠴᠢ᠎ᠳᠤ ᠬᠠᠨᠳᠤᠭᠤᠯᠤᠨ ᠲᠥᠪ ᠴᠢᠩᠭ᠎ᠠ ᠢᠯᠡᠷᠬᠡᠢᠯᠡᠯᠲᠡ ᠨᠡᠢᠲᠡᠯᠡᠵᠦ᠍᠂ ᠬᠤᠳᠠᠯ ᠶᠠᠷᠢᠶ᠎ᠠ ᠭᠠᠵᠢᠭᠤ ᠣᠨᠣᠯ᠎ᠢ ᠨᠢᠴᠤᠭᠠᠵᠤ᠂ ᠤᠯᠤᠰ᠎ᠤᠨ ᠭᠤᠤᠯᠯᠠᠬᠤ ᠠᠱᠢᠭ ᠲᠤᠰᠠ᠎ᠶ᠋ᠢ ᠡᠷᠡᠰ ᠬᠠᠮᠠᠭᠠᠯᠠᠪᠠ᠃ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠵᠦ᠍᠂ ᠲᠡᠭᠦᠨ᠎ᠤ ᠧᠦ᠋ᠷᠣᠫᠠ᠎ᠶ᠋ᠢᠨ ᠬᠤᠯᠪᠣᠭᠠᠨ᠎ᠤ ᠠᠵᠤ ᠠᠬᠤᠶ ᠨᠡᠢᠭᠡᠮ᠎ᠤᠨ ᠵᠥᠪᠯᠡᠯ᠎ᠯᠦᠭᠡ 17 ᠳ᠋ᠤᠭᠠᠷ ᠤᠳᠠᠭᠠᠨ᠎ᠤ ᠳᠤᠮᠳᠠᠳᠤ ᠧᠦ᠋ᠷᠣᠫᠠ᠎ᠶ᠋ᠢᠨ ᠳᠤᠭᠤᠶ ᠱᠢᠷᠡᠭᠡᠨ᠎ᠤ ᠬᠤᠷᠠᠯ ᠡᠷᠬᠢᠯᠡᠬᠦ᠌᠎ᠶ᠋ᠢ ᠲᠡᠮᠵᠢᠵᠤ᠂ 《ᠨᠢᠭᠡ ᠪᠦᠰᠡ ᠨᠢᠭᠡ ᠵᠠᠮ》 — ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠠᠽᠢᠶ᠎ᠠ ᠲᠢᠪ ᠨᠣᠮᠣᠬᠠᠨ ᠲᠠᠯᠠᠢ᠎ᠶ᠋ᠢᠨ ᠣᠷᠣᠨ᠎ᠤ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠬᠤ᠎ᠶ᠋ᠢ ᠲᠡᠮᠵᠢᠪᠡ᠃ ᠲᠤᠮᠳᠠᠳᠦ ᠤᠯᠤᠰ᠎ᠤᠨ ᠱᠠᠱᠢᠨ ᠰᠤᠷᠳᠠᠬᠤᠨ᠎ᠤ ᠡᠳᠡᠭᠡᠳ᠎ᠤᠨ ᠨᠠᠢᠷᠠᠮᠳᠠᠯ᠎ᠤᠨ ᠵᠦᠪᠯᠡᠯ᠎ᠤᠨ ᠲᠥᠯᠥᠭᠡᠯᠡᠭ᠌ᠴᠢᠳ᠎ᠤᠨ ᠪᠦᠯᠬᠦᠮ ᠳᠡᠯᠡᠬᠡᠢ᠎ᠶ᠋ᠢᠨ ᠱᠠᠱᠢᠨ ᠰᠤᠷᠳᠠᠬᠤᠨ᠎ᠤ ᠨᠠᠢᠷᠠᠮᠳᠠᠯ᠎ᠤᠨ ᠵᠦᠪᠯᠡᠯ᠎ᠤᠨ ᠠᠷᠪᠠᠳᠤᠭᠠᠷ ᠬᠤᠭᠤᠴᠠᠭᠠᠨ᠎ᠤ ᠶᠡᠭᠡ ᠬᠤᠷᠠᠯ ᠪᠠ ᠠᠽᠢᠶ᠎ᠠ ᠲᠢᠪ᠎ᠤᠨ ᠱᠠᠱᠢᠨ ᠰᠤᠷᠳᠠᠬᠤᠨ᠎ᠤ ᠨᠠᠢᠷᠠᠮᠳᠠᠯ᠎ᠤᠨ ᠵᠦᠪᠯᠡᠯ᠎ᠤᠨ ᠭᠦᠢᠴᠡᠳᠭᠡᠬᠦ᠌ ᠵᠦᠪᠯᠡᠯ᠎ᠤᠨ ᠣᠨ᠎ᠤ ᠬᠤᠷᠠᠯ᠎ᠳᠤ ᠣᠷᠣᠯᠴᠠᠬᠤ᠎ᠶ᠋ᠢ ᠲᠡᠮᠵᠢᠵᠥ᠍᠂ ᠱᠠᠱᠢᠨ ᠰᠤᠷᠲᠠᠬᠤᠨ ᠠᠯᠤᠰᠯᠠᠭ᠍ᠰᠠᠨ ᠰᠣᠯᠢᠯᠴᠠᠭ᠎ᠠ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠪᠡ᠃
     (ᠳᠣᠯᠤᠭ᠎ᠠ) ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠳᠠᠲᠤ ᠦᠷ᠎ᠡ ᠪᠦᠲᠦᠮᠵᠢ᠎ᠶ᠋ᠢ ᠴᠢᠩᠭᠠᠷᠠᠭᠤᠯᠪᠠ᠃ ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠳᠠᠭᠠᠭᠤᠯᠤᠨ ᠱᠢᠪᠠᠳᠠᠨ ᠱᠢᠢᠳᠪᠦᠷᠢᠯᠡᠭᠦᠯᠵᠦ᠍᠂ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠯᠢᠨ ᠰᠣᠩᠭᠤᠬᠤ ᠪᠠ ᠱᠢᠪᠠᠳᠠᠨ ᠱᠢᠢᠳᠪᠦᠷᠢᠯᠡᠬᠦ᠌ ᠠᠷᠭ᠎ᠠ᠎ᠶ᠋ᠢ ᠵᠠᠰᠠᠪᠤᠷᠢᠯᠡᠨ ᠲᠣᠭ᠍ᠳᠠᠭᠠᠵᠤ᠂ ᠣᠨ᠎ᠤ ᠰᠠᠢᠨ ᠰᠠᠨᠠᠯ ᠳᠤᠷᠠᠳᠤᠯᠭ᠎ᠠ᠎ᠶ᠋ᠢ ᠱᠢᠯᠭᠠᠷᠠᠭᠤᠯᠬᠤ ᠠᠵᠢᠯ᠎ᠢ ᠠᠩᠬ᠎ᠠ ᠤᠳᠠᠭ᠎ᠠ ᠥᠷᠨᠢᠭᠦᠯᠵᠦ᠍᠂ ᠡᠩ᠎ᠤᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠤᠨ ᠵᠥᠪᠯᠡᠬᠦ᠌ ᠬᠤᠷᠠᠯ᠎ᠢ ᠬᠤᠷᠠᠯᠳᠤᠭᠤᠯᠬᠤ ᠲᠣᠬᠠᠢ ᠰᠦᠪᠡᠭ᠌ᠴᠢᠯᠡᠪᠠ᠃ ᠨᠡᠢᠲᠡ 5488 ᠬᠤᠪᠢ ᠰᠠᠨᠠᠯ ᠳᠤᠷᠠᠳᠤᠯᠭ᠎ᠠ᠎ᠶ᠋ᠢ ᠬᠥᠯᠢᠶᠡᠨ ᠠᠪᠴᠤ᠌᠂ 4089 ᠬᠤᠪᠢ᠎ᠶ᠋ᠢ᠎ᠨᠢ ᠬᠡᠷᠡᠭ ᠪᠣᠯᠭᠠᠨ ᠳᠠᠩᠰᠠᠯᠠᠵᠤ᠂ ᠱᠢᠢᠳᠪᠦᠷᠢᠯᠡᠵᠦ᠍ ᠬᠠᠷᠢᠭᠤ ᠥᠭ᠌ᠬᠦ ᠠᠵᠢᠯ᠎ᠢ ᠪᠦᠲᠦᠮᠵᠢᠲᠡᠶ ᠰᠠᠢᠵᠢᠷᠠᠭᠤᠯᠪᠠ᠃ ᠵᠥᠪᠯᠡᠯᠭᠡ ᠬᠢᠵᠦ᠍ ᠲᠦᠷᠦ᠎ᠶ᠋ᠢᠨ ᠬᠡᠷᠡᠭ᠎ᠢ ᠵᠥᠪᠯᠡᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠰᠠᠨᠠᠯ ᠪᠠ ᠴᠢᠨᠠᠷ ᠴᠢᠨᠰᠠᠭ᠎ᠠ᠎ᠶ᠋ᠢ ᠦᠨᠡᠯᠡᠬᠦ᠌ ᠠᠷᠭ᠎ᠠ᠎ᠶ᠋ᠢ ᠬᠡᠷᠡᠭ᠌ᠵᠢᠭᠦᠯᠵᠦ᠍᠂ ᠪᠠᠢᠴᠠᠭᠠᠨ ᠰᠤᠳᠤᠯᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠰᠠᠨᠠᠯ᠎ᠢ ᠵᠠᠰᠠᠪᠣᠷᠢᠯᠡᠨ ᠲᠤᠭ᠍ᠲᠠᠭᠠᠵᠤ᠂ ᠪᠠᠢᠴᠠᠭᠠᠨ ᠰᠤᠳᠤᠯᠬᠤ ᠠᠵᠢᠯ᠎ᠤᠨ ᠲᠤᠰᠭᠠᠶ ᠦᠨᠡᠯᠡᠨ ᠵᠢᠱ᠌ᠢᠵᠦ᠍ ᠳ᠋ᠦᠩᠨᠡᠬᠦ᠌ ᠲᠣᠭ᠍ᠲᠠᠴᠠ᠎ᠶ᠋ᠢ ᠪᠠᠢᠭᠤᠯᠵᠤ᠂ ᠭᠡᠱᠢᠭᠦᠳ ᠪᠠᠢᠴᠠᠭᠠᠨ ᠰᠤᠳᠤᠯᠤᠯᠲᠠ ᠬᠢᠬᠦ᠌᠎ᠶ᠋ᠢ ᠦᠪᠡᠷᠲᠡᠭᠡᠨ ᠭᠤᠶᠤᠴᠢᠯᠠᠨ ᠮᠡᠳᠡᠭᠦᠯᠬᠦ᠌᠎ᠶ᠋ᠢ ᠲᠤᠷᠱᠢᠨ ᠬᠡᠷᠡᠭ᠌ᠵᠢᠭᠦᠯᠵᠦ᠍᠂ ᠪᠠᠢᠴᠠᠭᠠᠨ ᠰᠤᠳᠤᠯᠬᠤ ᠰᠠᠭᠤᠷᠢᠨ ᠭᠠᠵᠠᠷ ᠪᠠᠢᠭᠤᠯᠪᠠ᠃
     ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠰᠣᠨᠢᠨ ᠮᠡᠳᠡᠭᠡ ᠤᠬᠠᠭᠤᠯᠭ᠎ᠠ᠎ᠶ᠋ᠢᠨ ᠠᠵᠢᠯ᠎ᠢ ᠴᠢᠩᠭᠠᠳᠭᠠᠵᠤ᠂ 《ᠰᠣᠨᠢᠨ᠂ ᠰᠦᠯᠵᠢᠶ᠎ᠡ᠂ ᠦᠵᠦᠭᠦᠷ᠂ ᠸᠢᠴᠠᠲ᠂ ᠳᠡᠯᠭᠡᠴᠡ》 ᠎ᠶ᠋ᠢᠨ ᠪᠣᠰᠤᠭ᠎ᠠ ᠴᠣᠭ᠍ᠴᠠᠲᠤ ᠳᠠᠮᠵᠢᠭᠤᠯᠭ᠎ᠠ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠵᠦ᠍᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠲᠡᠦᠬᠡᠨ ᠬᠤᠪᠢ ᠨᠡᠮᠡᠷᠢ ᠪᠠ ᠱᠢᠨ᠎ᠡ ᠴᠠᠭ ᠦᠶ᠎ᠡ᠎ᠶ᠋ᠢᠨ ᠱᠢᠨ᠎ᠡ ᠡᠭᠦᠷᠭᠡ᠎ᠶ᠋ᠢᠨ ᠤᠨᠤᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃
     (ᠨᠠᠢ᠍ᠮᠠ) ᠨᠠᠮ᠎ᠤᠨ ᠪᠠᠢᠭᠤᠯᠤᠯᠲᠠ᠎ᠪᠠᠷ ᠵᠢᠯᠣᠭᠤᠳᠣᠮᠵᠢ ᠪᠣᠯᠭᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ 《ᠲᠤᠯᠭᠤᠷ ᠵᠤᠷᠢᠯᠲᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠣᠯ ᠰᠡᠳᠦᠪᠲᠦ ᠬᠥᠮᠦᠵᠢᠯ᠎ᠢ ᠥᠷᠨᠢᠭᠦᠯᠵᠦ᠍᠂ ᠨᠠᠮ᠎ᠤᠨ ᠲᠤᠰ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠭᠦᠨᠵᠡᠭᠡᠢᠷᠡᠭᠦᠯᠵᠦ᠍᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠪᠠ᠃ 《ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠯ》 ᠎ᠢ ᠲᠤᠭᠤᠱᠢᠯᠠᠭᠤᠯᠤᠨ᠂ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠳᠤᠮᠳᠠᠬᠢ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠤᠳᠤᠷᠢᠳᠭᠤ ᠦᠢᠯᠡᠳᠦᠯ᠎ᠢ ᠪᠠᠳᠠᠷᠠᠭᠤᠯᠵᠤ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠪᠠ ᠲᠤᠰᠭᠠᠶ ᠵᠥᠪᠯᠡᠯ᠎ᠤᠨ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠳᠠᠬᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠱᠢᠭᠦᠨ ᠪᠠᠢᠩᠭᠤ᠎ᠶ᠋ᠢᠨ ᠭᠡᠱᠢᠭᠦᠨ᠎ᠤ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠲᠤᠬᠠᠶ ᠦᠨᠡᠯᠡᠯᠲᠡ ᠬᠢᠬᠦ᠌ ᠵᠡᠷᠭᠡ ᠲᠦᠷᠢᠮ᠎ᠢ ᠲᠡᠭᠦᠯᠳᠡᠷᠵᠢᠭᠦᠯᠪᠡ᠃ ᠤᠯᠤᠰ ᠲᠦᠷᠦ᠎ᠶ᠋ᠢᠨ ᠵᠥᠪᠯᠡᠯᠭᠡᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠠ ᠡᠪ ᠬᠠᠮᠲᠤ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠬᠤ᠎ᠶ᠋ᠢᠨ ᠬᠠᠮᠲᠤ᠌᠂ ᠭᠡᠱᠢᠭᠦᠳ᠎ᠤᠨ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠲᠠᠩᠰᠠ ᠡᠪᠬᠡᠮᠡᠯ᠂ ᠪᠠᠢᠩᠭᠤ᠎ᠶ᠋ᠢᠨ ᠭᠡᠱᠢᠭᠦᠨ᠎ᠤ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠮᠡᠳᠡᠭᠦᠯᠦᠯᠲᠡ ᠲᠤᠱᠢᠶᠠᠬᠤ ᠲᠦᠷᠢᠮ᠎ᠢ ᠲᠡᠭᠦᠯᠳᠡᠷᠵᠢᠭᠦᠯᠵᠦ᠍᠂ ᠭᠡᠱᠢᠭᠦᠳ᠎ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠢᠭᠤᠯᠵᠤ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠳᠤ ᠰᠤᠯᠠ ᠣᠷᠣᠯᠴᠠᠭᠤᠯᠵᠤ᠂ ᠭᠡᠱᠢᠭᠦᠳ᠎ᠢ ᠰᠤᠷᠪᠤᠯᠵᠢᠯᠠᠨ ᠪᠤᠯᠭᠤᠭᠠᠬᠤ᠂ ᠭᠡᠱᠢᠭᠦᠳ᠎ᠤᠨ ᠬᠠᠷᠢᠯᠴᠠᠵᠤ ᠪᠠᠢᠭ᠎ᠠ ᠪᠠᠢᠳᠠᠯ᠎ᠢ ᠪᠦᠷᠢᠳᠭᠡᠬᠦ᠌ ᠵᠡᠷᠭᠡ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠭᠡᠱᠢᠭᠦᠳ᠎ᠤᠨ ᠬᠠᠮᠢᠶᠠᠷᠤᠯᠲᠠ᠎ᠶ᠋ᠢ ᠴᠢᠩᠳᠠᠯᠠᠵᠤ᠂ ᠲᠦᠷᠢᠮ ᠶᠣᠰᠣᠭᠠᠷ 3 ᠬᠥᠮᠦᠨ᠎ᠤ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠎ᠤ ᠬᠢᠷᠢ ᠬᠡᠮ᠎ᠢ᠎ᠨᠢ ᠬᠠᠰᠤᠪᠠ᠃ ᠲᠤᠰᠭᠠᠶ ᠵᠦᠪᠯᠡᠯ᠎ᠤᠨ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠵᠤ᠂ ᠲᠤᠰᠭᠠᠶ ᠵᠦᠪᠯᠡᠯ᠎ᠤᠨ ᠠᠵᠢᠯ ᠪᠠ ᠲᠦᠷᠢᠮ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ ᠲᠤᠬᠠᠶ ᠰᠠᠨᠠᠯ᠎ᠢ ᠲᠣᠭ᠍ᠲᠠᠭᠠᠵᠤ᠂ ᠠᠵᠢᠯ᠎ᠤᠨ ᠬᠠᠷᠢᠴᠠᠭ᠎ᠠ ᠪᠠ ᠠᠵᠢᠯᠯᠠᠭᠠᠨ᠎ᠤ ᠵᠢᠷᠤᠮ᠎ᠢ ᠱᠢᠯᠤᠭᠤᠳᠭᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠰᠠᠭᠤᠷᠢ᠎ᠶ᠋ᠢ ᠪᠠᠬᠢᠵᠢᠭᠦᠯᠪᠡ᠃ ᠤᠯᠤᠰ ᠲᠦᠷᠦ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ ᠠᠳᠠᠯᠢ ᠱᠠᠲᠤᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ᠎ᠶ᠋ᠢ ᠬᠦᠯᠢᠶᠡᠬᠦ᠂ ᠳᠡᠭᠡᠳᠦ ᠱᠠᠲᠤᠨ᠎ᠤ ᠤᠯᠤᠰ ᠲᠦᠷᠦ᠎ᠶ᠋ᠢᠨ ᠵᠥᠪᠯᠡᠯᠭᠡᠨ᠎ᠤ ᠵᠢᠯᠤᠭᠤᠳᠤᠯᠭ᠎ᠠ᠎ᠶ᠋ᠢ ᠬᠦᠯᠢᠶᠡᠬᠦ᠌ ᠵᠠᠷᠴᠢᠮ ᠶᠣᠰᠣᠭᠠᠷ᠂ ᠪᠦᠬᠦ᠌ ᠤᠯᠤᠰ᠎ᠤᠨ ᠣᠷᠣᠨ ᠨᠤᠲᠤᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠡᠷᠢᠭᠦᠯᠡᠭ᠌ᠴᠢᠳ᠎ᠤᠨ ᠶᠠᠷᠢᠯᠴᠠᠬᠤ ᠬᠤᠷᠠᠯ᠂ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂ ᠣᠷᠣᠨ ᠨᠤᠲᠤᠭ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ᠎ᠶ᠋ᠢᠨ ᠠᠵᠢᠯ᠎ᠤᠨ ᠰᠣᠯᠢᠯᠴᠠᠬᠤ ᠪᠠ ᠰᠤᠳᠤᠯᠤᠨ ᠶᠠᠷᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠵᠢᠱ᠌ᠢᠶᠡᠴᠢ ᠪᠠᠢᠭᠤᠯᠭ᠎ᠠ ᠪᠠᠢᠭᠤᠯᠬᠤ᠎ᠪᠠᠷ ᠬᠠᠷᠠᠯᠲᠠ ᠪᠣᠯᠭᠠᠵᠤ᠂ ᠪᠠᠢᠭᠤᠯᠭ᠎ᠠ᠎ᠶ᠋ᠢᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠠᠮᠵᠢᠯᠲᠠ ᠪᠦᠲᠦᠮᠵᠢ ᠭᠠᠷᠭᠠᠬᠤ᠎ᠶ᠋ᠢ ᠵᠣᠷᠢᠭ᠍ᠵᠢᠭᠤᠯᠵᠤ᠂ ᠱᠢᠯᠭᠠᠷᠠᠭ᠍ᠰᠠᠨ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠬᠦ᠌ ᠲᠦᠪᠱᠢᠨ᠎ᠢ ᠳᠡᠭᠡᠭ᠌ᠰᠢᠯᠡᠭᠦᠯᠪᠡ᠃ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠤᠰᠭᠠᠶ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ 《ᠲᠦᠷᠪᠡᠨ ᠰᠤᠷᠲᠠᠯ》 ᠎ᠢ ᠱᠢᠨᠲᠠᠷᠠᠰᠢ ᠦᠭᠡᠢ ᠡᠰᠡᠷᠭᠦᠴᠡᠵᠦ᠍᠂ ᠪᠠᠢᠭᠤᠯᠭ᠎ᠠ᠎ᠶ᠋ᠢᠨ ᠳᠣᠲᠣᠭᠠᠳᠤ᠎ᠳᠠᠬᠢ ᠲᠣᠭᠤᠷᠢᠨ ᠪᠠᠢᠴᠠᠭᠠᠯᠲᠠ᠎ᠶ᠋ᠢ ᠥᠷᠨᠢᠭᠦᠯᠪᠡ᠃ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠭ᠎ᠠ᠎ᠳᠤ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠡᠮᠵᠢᠪᠡ᠃
     ᠭᠡᠱᠢᠭᠦᠳ ᠡ᠂ ᠨᠢᠭᠡ ᠵᠢᠯ ᠭᠠᠷᠣᠢ᠎ᠶ᠋ᠢᠨ ᠠᠵᠢᠯ᠎ᠤᠨ ᠠᠮᠵᠢᠯᠲᠠ ᠪᠣᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠦᠴᠦᠲᠡᠶ ᠳᠡᠮᠵᠢᠯᠭᠡ᠎ᠶ᠋ᠢᠨ ᠦᠷ᠎ᠡ ᠳ᠋ᠦᠩ ᠮᠥᠨ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠡᠯ᠎ᠡ ᠣᠷᠣᠯᠴᠠᠬᠤ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠭᠡᠱᠢᠭᠦᠳ᠎ᠤᠨ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠪᠢ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
     ᠡᠭᠦᠨ᠎ᠤ ᠬᠠᠮᠲᠤ᠌᠂ ᠪᠢᠳᠡ ᠪᠠᠰᠠ ᠠᠵᠢᠯ᠎ᠤᠨ ᠳᠤᠮᠳᠠᠬᠢ ᠬᠦᠷᠦᠯᠴᠡᠬᠦ᠌ ᠦᠭᠡᠢ ᠲᠠᠯ᠎ᠠ᠎ᠪᠠᠨ ᠰᠡᠷᠭᠡᠭ᠎ᠢᠶᠠᠷ ᠣᠯᠵᠤ ᠬᠠᠷᠠᠪᠠ᠄ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠦᠷᠦ᠎ᠶ᠋ᠢ ᠵᠠᠰᠠᠬᠤ ᠱᠢᠰᠲ᠋ᠧᠮ᠎ᠳᠤ ᠦᠵᠡᠭᠦᠯᠬᠦ᠌ ᠴᠢᠬᠤᠯᠠ ᠦᠢᠯᠡᠳᠦᠯ᠎ᠢ ᠤᠢᠯᠠᠭᠠᠵᠤ ᠡᠵᠡᠮᠱᠢᠬᠦ᠌᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠴᠢᠬᠤᠯᠠᠲᠠᠶ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠠᠵᠢᠯ᠎ᠤᠨ ᠲᠦᠷᠢᠮ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠴᠢᠬᠤᠯᠠᠲᠠᠶ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠷᠭ᠎ᠠ ᠮᠠᠶᠢᠭ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠰᠦᠪᠡᠭ᠌ᠴᠢᠯᠡᠬᠦ᠌ ᠴᠢᠬᠤᠯᠠᠲᠠᠶ᠂ ᠪᠠᠢᠴᠠᠭᠠᠨ ᠰᠤᠳᠤᠯᠤᠯᠲᠠ ᠵᠡᠷᠭᠡ ᠠᠵᠢᠯ᠎ᠤᠨ ᠴᠢᠨᠠᠷ ᠴᠢᠨᠰᠠᠭ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠡᠷᠬᠡᠪᠰᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠤᠢᠱᠢᠳᠠ᠎ᠶ᠋ᠢᠨ ᠠᠵᠢᠯ᠎ᠤᠨ ᠳᠤᠮᠳᠠ᠎ᠪᠠᠨ ᠬᠢᠨᠠᠮᠠᠭᠠᠶ ᠰᠤᠳᠤᠯᠤᠨ ᠱᠢᠢᠳᠪᠦᠷᠢᠯᠡᠬᠦ᠌ ᠬᠡᠷᠡᠭ᠌ᠲᠡᠶ᠃
    ᠬᠤᠶᠠᠷ᠂ 2020 ᠤᠨ᠎ᠳᠤ᠄ ᠰᠡᠳᠭᠢᠯ ᠨᠢᠭᠡᠳᠤᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠌᠎ᠶ᠋ᠢᠨ ᠲᠦᠯᠦᠭᠡ ᠲᠡᠮᠡᠴᠡᠵᠤ᠂ ᠱᠢᠨ᠎ᠡ ᠴᠠᠭ ᠦᠶ᠎ᠡ᠎ᠳᠤ ᠡᠷᠡᠯᠭᠡᠭ᠌ᠯᠡᠨ ᠤᠷᠤᠭ᠍ᠰᠢᠯᠠᠨ᠎ᠠ
     2020 ᠤᠨ ᠪᠤᠯ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠌ ᠱᠢᠢᠳᠪᠦᠷᠢᠲᠤ ᠢᠯᠡᠯᠲᠡ ᠤᠯᠬᠤ ᠵᠢᠯ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢ ᠬᠡᠷᠡᠭ᠌ᠵᠢᠬᠦᠯᠬᠦ᠌ ᠡᠴᠤᠰ᠎ᠤᠨ ᠵᠢᠯ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠦᠷᠢᠯᠡᠬᠦ᠌ ᠱᠢᠢᠳᠪᠦᠷᠢᠲᠤ ᠳᠠᠢᠯᠠᠯᠳᠤᠭᠠᠨ ᠬᠢᠬᠦ᠌ ᠵᠢᠯ ᠮᠦᠨ᠃ ᠣᠳᠣᠬᠠᠨ᠎ᠳᠤ᠂ ᠪᠥᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠪᠠ ᠲᠡᠯᠡᠭᠡᠢ᠎ᠶ᠋ᠢᠨ ᠠᠵᠣ ᠠᠬᠤᠢ᠎ᠶ᠋ᠢᠨ ᠪᠠᠢᠳᠠᠯ ᠮᠥᠨ ᠯᠡ ᠬᠥᠨᠳᠣ ᠬᠡᠴᠡᠬᠦᠥ ᠲᠥᠪᠡᠭ ᠪᠣᠳᠣᠯᠢᠶᠠᠨᠳᠠᠢ ᠪᠠᠢᠵᠥ᠍᠂ ᠮᠠᠨ᠎ᠤ ᠣᠯᠣᠰ᠎ᠤᠨ ᠬᠥᠭ᠌ᠵᠢᠯᠳᠡ ᠣᠷᠢᠳ ᠡᠮᠣᠨ᠎ᠠ ᠭᠠᠷᠤᠭ᠎ᠠ ᠥᠭᠡᠢ ᠱᠢᠯᠭᠠᠯᠳᠠ᠎ᠳᠤ ᠲᠣᠯᠭᠠᠷᠠᠵᠥ᠍ ᠪᠠᠢᠨ᠎ᠠ᠃ ᠠᠷᠠᠳ᠎ᠤᠨ ᠤᠯᠤᠰ ᠳᠦᠷᠦ᠎ᠶ᠋ᠢᠨ ᠵᠦᠪᠯᠡᠯᠭᠡᠨ᠎ᠤ ᠠᠵᠢᠯ᠎ᠤᠨ ᠶᠡᠷᠤᠩᠬᠡᠢ ᠱᠠᠭᠠᠷᠳᠠᠯᠭ᠎ᠠ ᠪᠤᠯ᠄ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠳᠦᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠪᠦᠬᠦ᠌ ᠳᠠᠯ᠎ᠠ᠎ᠪᠠᠷ ᠳᠤᠭᠤᠱᠢᠯᠠᠭᠤᠯᠵᠤ᠂ ᠲᠦᠪ᠎ᠤᠨ ᠤᠯᠦᠰ ᠲᠦᠷᠦ᠎ᠶ᠋ᠢᠨ ᠵᠦᠪᠯᠡᠯᠭᠡᠠ᠎ᠤ ᠠᠵᠢᠯ᠎ᠤᠨ ᠬᠤᠷᠡᠯᠳᠦᠭᠠᠠ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠳᠤᠭᠤᠱᠢᠯᠠᠭᠤᠯᠤᠨ᠂ 《ᠲᠦᠷᠪᠡᠨ ᠤᠬᠠᠮᠰᠠᠷ》 ᠎ᠢᠶᠠᠨ ᠴᠢᠩᠭᠠᠳᠭᠠᠨ᠂ 《ᠲᠦᠷᠪᠡᠨ ᠢᠳᠡᠭᠡᠯ》 ᠎ᠢᠶᠠᠨ ᠪᠠᠳᠤᠳᠭᠠᠵᠦ᠍᠂ 《ᠬᠤᠶᠠᠷ᠎ᠢ ᠬᠠᠮᠠᠭᠠᠠᠯᠬᠤ》 ᠎ᠶ᠋ᠢ ᠪᠡᠶᠡᠯᠡᠬᠦᠯᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠦᠪᠯᠡᠯᠭᠡ ᠲᠤᠷᠠᠳᠤᠨ ᠵᠠᠰᠠᠭ᠎ᠲᠤ ᠲᠤᠰᠠᠯᠠᠬᠤ ᠪᠠ ᠬᠠᠮᠳᠤ᠎ᠶ᠋ᠢᠨ ᠲᠠᠨᠢᠯᠳᠠ᠎ᠶ᠋ᠢ ᠨᠢᠬ᠍ᠳᠠᠷᠠᠭᠤᠯᠬᠤ ᠬᠤᠶᠠᠷ ᠲᠠᠯ᠎ᠠ᠎ᠪᠠᠷ ᠬᠦᠴᠦᠯᠡᠬᠦ᠌᠎ᠶ᠋ᠢ ᠪᠠᠷᠢᠮᠳᠠᠯᠠᠨ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠥᠷᠭᠡᠨ᠎ᠢᠶᠠᠷ ᠪᠦᠯᠬᠦᠮᠳᠡᠭᠦᠯᠦᠨ ᠲᠠᠢᠴᠢᠯᠠᠵᠤ᠂ ᠬᠢᠵᠢᠭ᠎ᠤᠨ ᠪᠠᠢᠳᠠᠯ᠎ᠢ ᠪᠠᠢᠡᠭ᠌ᠭᠤ᠎ᠶ᠋ᠢᠨ ᠴᠢᠨᠠᠷᠳᠡᠢ᠎ᠪᠠᠷ ᠰᠡᠷᠭᠡᠢᠯᠡᠨ ᠬᠢᠵᠠᠭᠠᠷᠯᠠᠬᠤ ᠪᠠ ᠠᠵᠣ ᠠᠬᠤᠢ ᠨᠡᠢᠭᠡᠮ᠎ᠤᠨ ᠬᠥᠭ᠌ᠵᠢᠯᠳᠡ᠎ᠶ᠋ᠢ ᠨᠢᠭᠡᠳᠥᠯᠳᠡᠢ ᠲᠥᠯᠥᠪᠯᠡᠨ ᠠᠬᠢᠭᠤᠯᠬᠤ ᠠᠵᠢᠯ᠎ᠲᠠᠢ ᠨᠢᠭ᠍ᠳᠠ ᠣᠶᠠᠯᠳᠣᠭᠤᠯᠣᠨ᠂ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠦᠷᠢᠯᠡᠭᠦ᠌ ᠱᠢᠢᠳᠪᠤᠷᠢᠳᠤ ᠳᠠᠢᠨ᠎ᠤ ᠱᠢᠢᠳᠪᠦᠷᠢᠲᠦ ᠢᠯᠠᠯᠲᠠ᠎ᠶ᠋ᠢ ᠤᠯᠬᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠥᠨᠡᠨ ᠬᠦ᠌ ᠪᠠᠳᠣᠯᠠᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌᠎ᠳᠤ ᠬᠤᠪᠢ ᠨᠡᠮᠡᠷᠢ ᠦᠵᠡᠭᠦᠯᠦᠨ᠎ᠡ᠃
     (ᠨᠢᠭᠡ) ᠦᠵᠡᠯ ᠰᠠᠨᠠᠭ᠎ᠠ ᠤᠨᠤᠯ᠎ᠤᠨ ᠵᠡᠪᠰᠡᠭ᠌ᠯᠡᠯ᠎ᠢ ᠴᠢᠩᠭᠠᠳᠭᠠᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠨᠠᠮ ᠪᠠ ᠤᠯᠤᠰ᠎ᠤᠨ ᠵᠢᠯᠣᠭᠤᠳᠭᠤ ᠦᠵᠡᠯ ᠰᠠᠨᠠᠭ᠎ᠠ ᠮᠥᠨ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯᠯᠠᠭᠠᠨ᠎ᠤ ᠵᠦᠭ᠌ᠯᠡᠭᠦᠷ ᠪᠠ ᠦᠨᠳᠦᠰᠦᠨ ᠵᠢᠷᠤᠮᠯᠠᠯ ᠮᠥᠨ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠳᠦᠷᠢᠮ᠎ᠢ ᠪᠠᠷᠢᠮᠲᠠᠯᠠᠵᠤ᠂ ᠪᠠᠢᠩᠭᠤ᠎ᠶ᠋ᠢᠨ ᠬᠤᠷᠢᠶᠠᠨ᠎ᠤ ᠬᠤᠷᠠᠯ᠎ᠤᠨ ᠬᠠᠮᠲᠤ᠎ᠶ᠋ᠢᠨ ᠰᠤᠷᠤᠯᠴᠠᠯᠭ᠎ᠠ᠂ ᠲᠡᠷᠢᠭᠦᠯᠡᠭ᠌ᠴᠢᠳ᠎ᠤᠨ ᠬᠤᠷᠠᠯ᠎ᠤᠨ ᠪᠦᠷᠢᠯᠳᠦᠬᠦᠨ᠎ᠤ ᠤᠯᠤᠰ ᠲᠥᠷᠥ᠎ᠶ᠋ᠢᠨ ᠣᠨᠣᠯ᠎ᠢ ᠶᠠᠷᠢᠯᠴᠠᠬᠤ ᠬᠤᠷᠠᠯ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠡᠷᠭᠡ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠪᠠ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠤᠨ᠎ᠠ᠃ ᠤᠨᠤᠯ᠎ᠢ ᠪᠣᠳᠠᠲᠠᠢ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠢᠵᠢᠭ᠎ᠤᠨ ᠪᠠᠢᠳᠠᠯ᠎ᠢ ᠡᠰᠡᠷᠭᠦᠴᠡᠬᠦ᠌᠎ᠪᠠᠷ ᠭᠤᠣᠯ ᠰᠡᠳᠥᠪ ᠪᠣᠯᠭᠠᠵᠥ᠍᠂ ᠥᠪᠡᠷ᠎ᠤᠨ ᠬᠥᠮᠦᠵᠢᠯ ᠬᠢᠵᠥ᠍ ᠥᠪᠡᠷ᠎ᠢ᠎ᠪᠠᠨ ᠳᠡᠭᠡᠭ᠌ᠰᠢᠯᠡᠭᠦᠯᠬᠦ᠌᠎ᠪᠠᠷ ᠭᠤᠣᠯ ᠵᠣᠷᠢᠯᠲᠠ ᠪᠣᠯᠭᠠᠭ᠍ᠰᠠᠨ ᠲᠤᠰᠭᠠᠢ ᠰᠡᠳᠦᠪᠲᠦ ᠪᠠᠢᠴᠠᠭᠠᠨ ᠦᠵᠡᠬᠦ᠌᠎ᠶ᠋ᠢ ᠵᠣᠬᠢᠶᠠᠨ ᠪᠠᠢᠭᠤᠯᠵᠤ᠂ ᠲᠡᠷᠢᠭᠦᠨ᠎ᠤ ᠨᠡᠢᠲᠡᠯᠢᠭ ᠪᠠ ᠰᠡᠳᠭᠢᠯ ᠬᠥᠳᠡᠯᠭᠡᠮ᠎ᠡ ᠦᠢᠯᠡ ᠶᠠᠪᠤᠳᠠᠯ᠎ᠢ ᠤᠬᠠᠭᠤᠯᠤᠨ ᠲᠠᠢᠯᠪᠤᠷᠢᠯᠠᠵᠤ᠂ ᠭᠡᠱᠢᠭᠦᠳ᠎ᠢ ᠬᠦᠲᠦᠯᠦᠨ ᠵᠢᠯᠣᠭᠤᠳᠴᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠨᠵᠡᠭᠡᠢ ᠣᠢᠯᠠᠭᠠᠭᠤᠯᠵᠤ᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠵᠣᠷᠢᠭ ᠰᠠᠨᠠᠭ᠎ᠠ ᠪᠠ ᠬᠦᠴᠦᠨ ᠴᠢᠳᠠᠯ᠎ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ᠎ᠠ᠃
     (ᠬᠤᠶᠠᠷ) ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠤᠨ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠎ᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠤᠪ᠎ᠢ ᠱᠢᠢᠳᠪᠤᠷᠢᠯᠡᠬᠦ᠌ ᠱᠢᠢᠳᠪᠦᠷᠢᠲᠦ ᠳᠠᠢᠨ᠎ᠤ ᠱᠢᠢᠳᠪᠦᠷᠢᠲᠦ ᠢᠯᠠᠯᠲᠠ᠎ᠶ᠋ᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠳᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠨᠴᠠᠭᠠᠢ ᠶᠠᠳᠠᠭᠤ ᠬᠦᠴᠢᠷᠳᠡᠯᠲᠡᠢ ᠪᠠᠢᠳᠠᠯ᠎ᠢ ᠣᠰᠠᠳᠭᠠᠬᠤ ᠳᠠᠢᠨ᠎ᠢ ᠰᠠᠢᠲᠤᠷ ᠬᠢᠬᠦ᠌ ᠵᠡᠷᠭᠡ᠎ᠲᠠᠢ ᠤᠶᠠᠯᠳᠤᠭᠤᠯᠤᠨ ᠬᠢᠨᠠᠯᠲᠠ ᠲᠠᠯᠪᠢᠬᠤ ᠴᠢᠨᠠᠷᠲᠠᠢ ᠪᠠᠢᠴᠠᠭᠠᠨ ᠰᠤᠳᠤᠯᠤᠯᠲᠠ ᠥᠷᠨᠢᠭᠦᠯᠵᠦ᠍᠂ 《ᠶᠠᠳᠠᠭᠤ᠎ᠠᠴᠠ ᠠᠩᠬᠢᠵᠢᠷᠠᠭᠤᠯᠬᠤ ᠪᠡᠷᠭᠡ ᠰᠡᠳᠦᠪ᠎ᠢ ᠱᠢᠢᠳᠪᠦᠷᠢᠯᠡᠬᠦ᠌ ᠲᠠᠢᠨ᠎ᠳᠤ ᠴᠢᠨᠠᠷ ᠰᠠᠢᠳᠠᠢ ᠢᠯᠡᠯᠳᠡ ᠤᠯᠵᠤ᠂ ᠬᠠᠷᠢᠴᠠᠩᠭᠤᠢ ᠶᠠᠳᠠᠭᠤ ᠬᠦᠴᠢᠷᠳᠡᠯ᠎ᠢ ᠱᠢᠢᠳᠪᠦᠷᠢᠯᠡᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠬᠤ》 ᠲᠤᠰᠭᠠᠢ ᠰᠡᠳᠦᠪᠲᠦ ᠲᠦᠷᠦ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠢ ᠪᠠᠢᠩᠭᠤ᠎ᠶ᠋ᠢᠨ ᠬᠤᠷᠢᠶᠠᠨ᠎ᠤ ᠬᠤᠷᠠᠯ᠎ᠢ ᠰᠠᠢᠳᠤᠷ ᠬᠤᠷᠠᠯᠳᠤᠭᠤᠯᠵᠤ᠂ ᠨᠠᠮ ᠪᠣᠯᠤᠨ ᠤᠯᠤᠰ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠂ ᠲᠤᠰᠭᠠᠶ ᠰᠡᠳᠦᠪᠲᠦ ᠶᠠᠷᠢᠯᠴᠠᠬᠤ ᠬᠤᠷᠠᠯ ᠵᠡᠷᠭᠡ ᠬᠡᠯᠪᠡᠷᠢ᠎ᠪᠠᠷ ᠳᠠᠮᠵᠢᠭᠤᠯᠤᠨ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠲᠦᠷᠦ᠎ᠶ᠋ᠢᠨ ᠬᠡᠷᠡᠭ᠎ᠢ ᠵᠥᠪᠯᠡᠨ ᠰᠠᠨᠠᠯ ᠵᠥᠪᠯᠡᠯᠭᠡ ᠳᠤᠷᠠᠳᠤᠨ᠎ᠠ᠃ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ᠎ᠶ᠋ᠢ ᠠᠬᠢᠭᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠳᠤᠮᠳᠠᠬᠢ ᠰᠣᠶᠣᠯ᠎ᠤᠨ ᠪᠠᠢᠭᠤᠯᠤᠯᠲᠠ᠎ᠶ᠋ᠢᠨ ᠠᠰᠠᠭᠤᠳᠠᠯ᠎ᠤᠨ ᠲᠤᠬᠠᠶ ᠲᠤᠰᠭᠠᠶ ᠰᠡᠳᠦᠪᠲᠦ ᠵᠥᠪᠯᠡᠯᠭᠡ ᠬᠢᠨ᠎ᠠ᠃ ᠬᠤᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠂ ᠠᠯᠤᠰ᠎ᠠᠴᠠ ᠵᠥᠪᠳᠡᠯᠴᠡᠬᠦ᠌ ᠬᠤᠷᠠᠯ ᠵᠡᠷᠭᠡ ᠬᠡᠯᠪᠡᠷᠢ᠎ᠶ᠋ᠢ ᠠᠱᠢᠭ᠍ᠯᠠᠨ᠂ ᠱᠢᠨ᠎ᠡ ᠬᠡᠯᠪᠡᠷᠢ᠎ᠶ᠋ᠢᠨ ᠰᠠᠭᠤᠷᠢ ᠲᠥᠭᠦᠭᠡᠷᠥᠮᠵᠢ᠎ᠶ᠋ᠢᠨ ᠪᠠᠢᠭᠤᠯᠣᠯᠳᠠ᠎ᠶ᠋ᠢ ᠴᠢᠩᠭᠠᠳᠭᠠᠬᠤ᠂ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠪᠠᠢᠭᠤᠯᠤᠯᠲᠠ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠠᠬᠢᠭᠤᠯᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠣᠯᠠᠭᠤᠯᠭ᠎ᠠ ᠬᠦᠴᠢᠷᠲᠡᠶ ᠪᠠᠢᠬᠤ ᠠᠰᠠᠭᠤᠳᠠᠯ᠎ᠢ ᠱᠢᠢᠳᠪᠦᠷᠢᠯᠡᠬᠦ᠂ 《ᠤᠰᠤᠨ᠎ᠤ ᠡᠬᠢ ᠪᠠᠶᠠᠯᠢᠭ᠎ᠢᠶᠠᠷ ᠬᠡᠷᠡᠭ᠌ᠴᠡᠭᠡ᠎ᠶ᠋ᠢ ᠲᠣᠭ᠍ᠲᠠᠭᠠᠬᠤ》 ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠂ ᠲᠠᠯᠠᠢ ᠲᠠᠩᠭᠢᠰ᠎ᠤᠨ ᠡᠬᠢ ᠪᠠᠶᠠᠯᠢᠭ᠎ᠢ ᠬᠠᠮᠠᠭᠠᠯᠠᠬᠤ ᠪᠠ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠬᠤ ᠵᠡᠷᠭᠡ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠴᠢᠬᠤᠯᠠ ᠠᠰᠠᠭᠤᠳᠠᠯ᠎ᠤᠨ ᠲᠤᠬᠠᠶ᠂ ᠬᠦᠨᠳᠦ ᠶᠡᠭᠡ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠲᠣᠭ᠍ᠲᠠᠴᠠ᠂ ᠣᠯᠠᠨ ᠨᠡᠢᠳᠡ᠎ᠶ᠋ᠢᠨ ᠡᠷᠡᠭᠦᠯ ᠬᠠᠮᠠᠭᠠᠯᠠᠯ᠎ᠤᠨ ᠥᠢᠯᠡᠴᠢᠯᠡᠭᠡᠨ᠎ᠤ ᠱᠢᠰᠲ᠋ᠧᠮ ᠪᠠ ᠪᠠᠴᠢᠮ ᠪᠠᠢᠳᠠᠯ᠎ᠢ ᠠᠷᠭᠠᠴᠠᠭᠠᠬᠤ᠂ ᠪᠦᠬᠦ᠌ ᠤᠯᠤᠰ᠎ᠢᠶᠠᠷ᠎ᠢᠶᠠᠨ ᠵᠠᠩᠭᠢᠯᠠᠭ᠎ᠠ᠎ᠶ᠋ᠢᠨ ᠭᠤᠤᠯᠯᠠᠬᠤ ᠮᠠᠷᠭᠡᠵᠢᠯ᠎ᠢ ᠪᠤᠭᠤᠮᠲᠠ ᠱᠢᠪᠲᠤᠯᠬᠤ ᠱᠢᠨ᠎ᠠ ᠬᠡᠯᠪᠡᠷᠢ᠎ᠶ᠋ᠢᠨ ᠪᠠᠢᠭᠤᠯᠤᠮᠵᠢ᠎ᠶ᠋ᠢ ᠴᠤᠭ᠍ᠴᠠᠯᠠᠬᠤ᠂ ᠥᠨᠳᠥᠰᠥᠨ ᠱᠠᠳᠣᠨ᠎ᠤ ᠵᠠᠰᠠᠯᠳᠠ᠎ᠶ᠋ᠢᠨ ᠴᠢᠳᠠᠪᠣᠷᠢ᠎ᠶ᠋ᠢ ᠲᠡᠭᠡᠭ᠌ᠰᠢᠯᠡᠬᠦᠯᠬᠦ᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠬᠦ᠂ ᠬᠥᠳᠡᠭᠡ ᠲᠣᠰᠭᠤᠨ᠎ᠤ ᠭᠡᠷ᠎ᠢᠶᠠᠨ ᠰᠠᠬᠢᠭ᠍ᠰᠠᠨ ᠨᠠᠰᠤᠲᠠᠨ ᠪᠠ ᠬᠡᠣᠬᠡᠳ᠎ᠢ ᠬᠠᠯᠠᠮᠵᠢᠯᠠᠬᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠠᠣᠯᠢ᠎ᠳᠤ ᠵᠠᠰᠠᠪᠤᠷᠢ ᠣᠷᠣᠭᠤᠯᠬᠤ ᠵᠡᠷᠭᠡ ᠨᠡᠢᠭᠡᠮ᠎ᠤᠨ ᠠᠩᠬᠠᠷᠴᠤ᠌ ᠪᠠᠢᠭ᠎ᠠ ᠭᠤᠣᠯᠳᠠᠯᠭ᠎ᠠ᠎ᠲᠠᠢ ᠠᠰᠠᠭᠤᠳᠠᠯ᠎ᠤᠨ ᠲᠤᠬᠠᠶ ᠪᠠᠢᠴᠠᠭᠠᠨ ᠰᠤᠳᠤᠯᠵᠤ ᠵᠥᠪᠳᠡᠯᠴᠡᠨ᠎ᠡ᠃ ᠣᠷᠣᠨ ᠰᠠᠭᠤᠴᠠ᠎ᠶ᠋ᠢᠨ 《ᠲᠥᠷᠢᠶᠡᠰᠥᠯᠡᠬᠦᠯᠬᠦ᠌ ᠪᠠ ᠬᠤᠳᠠᠯᠳᠣᠬᠤ᠎ᠳᠤ ᠠᠳᠠᠯᠢ ᠡᠷᠭᠡ᠎ᠶ᠋ᠢ ᠡᠳ᠋ᠯᠡᠬᠦᠯᠬᠦ᠌》 ᠭᠠᠢᠯᠢ᠎ᠶ᠋ᠢ ᠬᠦᠡᠭ᠌ᠭᠡᠯᠡᠵᠤ ᠰᠦᠢᠳᠭᠡᠯ᠎ᠢ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠵᠡᠷᠭᠡ᠎ᠶ᠋ᠢᠨ ᠲᠣᠭᠤᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠦᠨ᠎ᠡ᠃ ᠤᠯᠤᠰ ᠲᠦᠷᠦ᠎ᠶ᠋ᠢᠨ ᠵᠥᠪᠯᠡᠯᠭᠡᠨ᠎ᠤ ᠬᠡᠷᠡᠭ᠌ᠯᠡᠭᠡᠨ᠎ᠤ ᠬᠡᠯᠪᠡᠷᠢ᠎ᠶ᠋ᠢᠨ ᠤᠶᠤᠨ᠎ᠤ ᠬᠥᠮᠥᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠪᠠᠢᠯᠳᠣᠬᠤ ᠪᠣᠳᠣᠯᠭ᠎ᠠ᠎ᠶ᠋ᠢᠨ ᠠᠰᠠᠭᠤᠳᠠᠯ᠎ᠤᠨ ᠲᠣᠬᠠᠢ ᠶᠡᠷᠣᠩᠭᠡᠢᠯᠡᠭ᠌ᠰᠡᠨ ᠰᠣᠳᠣᠯᠭᠠᠨ ᠥᠷᠨᠢᠬᠦᠯᠵᠥ᠍᠂ ᠬᠤᠷᠸ᠎ᠠ ᠠᠵᠤ ᠠᠬᠤᠶ᠎ᠶ᠋ᠢᠨ ᠪᠠᠢᠳᠠᠯ᠎ᠤᠨ ᠲᠤᠬᠠᠶ ᠪᠠᠷᠠᠭᠠᠬᠢᠯᠠᠯ᠎ᠤᠨ ᠵᠠᠳᠠᠯᠣᠯᠳᠠ ᠬᠢᠬᠦ᠌᠎ᠶ᠋ᠢ ᠴᠢᠩᠭᠠᠳᠭᠠᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠰᠠᠢᠲᠤᠷ ᠬᠢᠬᠦ᠂ 《ᠵᠢᠷᠭᠤᠭ᠎ᠠ᠎ᠶ᠋ᠢ ᠪᠠᠲᠤᠯᠠᠬᠤ》 ᠡᠬᠦᠷᠭᠡ᠎ᠶ᠋ᠢ ᠨᠠᠢᠳᠠᠪᠣᠷᠢᠵᠢᠭᠤᠯᠬᠤ ᠵᠡᠷᠭᠡ᠎ᠶ᠋ᠢᠨ ᠲᠤᠬᠠᠶ ᠪᠠᠢᠴᠠᠭᠠᠨ ᠰᠣᠳᠣᠯᠣᠯᠳᠠ ᠬᠢᠵᠥ᠍ ᠰᠠᠨᠠᠯ ᠵᠥᠪᠯᠡᠯᠭᠡ ᠲᠣᠷᠠᠳᠴᠤ᠌᠂ ᠨᠠᠮ ᠪᠠ ᠵᠠᠰᠠᠭ᠎ᠤᠨ ᠤᠷᠳᠤᠨ ᠱᠢᠢᠳᠪᠦᠷᠢᠲᠤ ᠪᠤᠳᠤᠯᠭ᠎ᠠ ᠲᠤᠭ᠍ᠲᠠᠭᠠᠬᠤ᠎ᠳᠤ ᠯᠠᠪᠯᠠᠯᠲᠠ ᠬᠠᠨᠭ᠌ᠭᠠᠨ᠎ᠠ᠃
     (ᠭᠤᠷᠪᠠ) ᠶᠡᠭᠡ ᠪᠦᠯᠬᠦᠮᠳᠡᠯ ᠶᠡᠭᠡ ᠬᠤᠯᠪᠣᠭᠠᠯᠠᠯ᠎ᠤᠨ ᠠᠵᠢᠯ᠎ᠢ ᠰᠠᠢᠲᠤᠷ ᠬᠢᠨ᠎ᠡ᠃ ᠬᠠᠮᠲᠤᠷᠠᠭ᠍ᠰᠠᠨ ᠪᠠᠢᠴᠠᠭᠠᠨ ᠰᠤᠳᠤᠯᠤᠯᠲᠠ ᠬᠢᠬᠦ᠂ ᠬᠠᠮᠲᠤ᠎ᠪᠠᠷ ᠵᠥᠪᠯᠡᠬᠦ᠌ ᠠᠵᠢᠯᠯᠠᠭ᠎ᠠ ᠡᠷᠬᠢᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠷᠠᠳᠴᠢᠯᠠᠭ᠍ᠰᠠᠨ ᠨᠠᠮ ᠪᠦᠯᠦᠭ᠂ ᠨᠠᠮ ᠪᠦᠯᠦᠭ᠎ᠤᠨ ᠪᠤᠰᠤ ᠬᠥᠮᠦᠰ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠤ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠳᠤ ᠨᠥᠬᠦᠴᠡᠯ ᠪᠦᠷᠢᠯᠳᠦᠭᠦᠯᠵᠦ᠍ ᠥᠭ᠌ᠭᠦᠨ᠎ᠡ᠃ ᠭᠡᠱᠢᠭᠦᠳ᠎ᠤᠨ ᠬᠢᠴᠢᠶᠡᠯ᠎ᠤᠨ ᠲᠠᠩᠬᠢᠮ᠂ ᠴᠢᠬᠤᠯᠠ ᠶᠡᠭᠡ ᠲᠤᠰᠭᠠᠶ ᠠᠵᠢᠯ᠎ᠤᠨ ᠲᠣᠬᠠᠢ ᠭᠡᠱᠢᠭᠦᠳ᠎ᠤᠨ ᠤᠬᠠᠭᠤᠯᠤᠨ ᠲᠠᠢᠯᠪᠤᠷᠢᠯᠠᠬᠤ ᠵᠡᠷᠭᠡ ᠬᠡᠯᠪᠡᠷᠢ᠎ᠶ᠋ᠢ ᠱᠢᠯᠢᠳᠡᠭ᠌ᠵᠢᠭᠦᠯᠦᠨ᠂ ᠰᠡᠳᠭᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠨᠠᠮ᠎ᠤᠨ ᠭᠠᠳᠠᠨᠠᠬᠢ ᠭᠡᠱᠢᠭᠦᠳ᠎ᠲᠠᠢ ᠬᠠᠷᠢᠯᠴᠠᠬᠤ ᠲᠦᠷᠢᠮ᠎ᠢ ᠲᠡᠭᠦᠯᠳᠡᠷᠵᠢᠭᠦᠯᠵᠦ᠍᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠳᠡ᠎ᠤᠨ ᠥᠮᠴᠢᠯᠡᠯ᠎ᠤᠨ ᠪᠤᠰᠤ ᠠᠵᠤ ᠠᠬᠤᠶ᠎ᠶ᠋ᠢᠨ ᠬᠥᠮᠦᠰ᠂ ᠨᠡᠢᠭᠡᠮ᠎ᠤᠨ ᠱᠢᠨ᠎ᠡ ᠳᠠᠪᠬᠤᠷᠭ᠎ᠠ᠎ᠶ᠋ᠢᠨ ᠬᠥᠮᠦᠰ᠎ᠯᠦᠭᠡ᠎ᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠵᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠦᠷᠦ᠎ᠶ᠋ᠢᠨ ᠬᠡᠷᠡᠭ᠎ᠢ ᠵᠥᠪᠯᠡᠬᠦ᠌ ᠴᠢᠳᠠᠪᠤᠷᠢᠲᠠᠨ᠎ᠤ ᠬᠥᠮᠥᠷᠭᠡ᠎ᠶ᠋ᠢ ᠪᠠᠢᠭᠤᠯᠵᠤ᠂ ᠲᠥᠯᠥᠭᠡᠯᠡᠭ᠌ᠴᠢ ᠬᠥᠮᠦᠰ᠎ᠢ ᠤᠷᠢᠵᠤ ᠴᠢᠬᠤᠯᠠ ᠵᠥᠪᠯᠡᠬᠦ᠌ ᠠᠵᠢᠯᠯᠠᠭ᠎ᠠ᠎ᠳᠤ ᠣᠷᠣᠯᠴᠠᠭᠤᠯᠬᠤ ᠲᠣᠭ᠍ᠲᠠᠴᠠ᠎ᠶ᠋ᠢ ᠰᠤᠳᠤᠯᠤᠨ ᠪᠠᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠤᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠤᠯᠭᠠᠵᠤ᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠱᠢᠨ ᠰᠤᠷᠲᠠᠬᠤᠨ᠎ᠤ ᠡᠲᠡᠭᠡᠳ᠎ᠤᠨ ᠭᠤᠣᠯ ᠰᠡᠳᠦᠪᠲᠦ ᠵᠥᠪᠳᠡᠯᠴᠡᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠵᠢᠭᠤᠯᠴᠢᠯᠠᠯ᠎ᠤᠨ ᠦᠢᠯᠡᠰ᠎ᠤᠨ ᠬᠥᠭ᠌ᠵᠢᠯᠲᠡ᠂ ᠱᠠᠱᠢᠨ ᠰᠤᠷᠲᠠᠬᠤᠨ᠎ᠤ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠪᠠᠷ ᠪᠠᠢᠴᠠᠭᠠᠨ ᠰᠤᠳᠤᠯᠤᠯᠲᠠ ᠬᠢᠨ᠎ᠡ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠪᠠᠢᠭᠤᠯᠣᠯ᠎ᠤᠨ ᠲᠣᠭ᠍ᠳᠠᠭᠤᠨ᠎ᠢᠶᠠᠷ ᠣᠷᠣᠭ᠍ᠰᠢᠯᠠᠬᠤ᠎ᠶ᠋ᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠱᠢᠶᠠᠩᠭᠠᠩ ᠣᠣᠮᠧᠨ᠎ᠤ ᠭᠡᠱᠢᠭᠦᠳ᠎ᠤᠨ ᠣᠯᠣᠰ ᠲᠥᠷᠥ᠎ᠶ᠋ᠢᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠡᠬᠦᠷᠭᠡᠯᠡᠯ᠎ᠢᠶᠠᠨ ᠴᠢᠩᠭᠠᠳᠭᠠᠬᠤ᠎ᠶ᠋ᠢ ᠠᠬᠢᠭᠤᠯᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠥᠨᠳᠥᠰᠥᠨ ᠬᠠᠣᠯᠢ ᠪᠠ ᠭᠤᠣᠯ ᠬᠠᠣᠯᠢ᠎ᠶ᠋ᠢ ᠬᠡᠷᠡᠭ᠌ᠵᠢᠬᠦᠯᠬᠦ᠌᠎ᠲᠠᠢ ᠬᠤᠯᠪᠣᠭ᠍ᠳᠠᠬᠤ ᠲᠥᠷᠢᠮ ᠪᠠ ᠲᠣᠭ᠍ᠳᠠᠴᠠ᠎ᠪᠠᠨ ᠲᠡᠭᠦᠯᠳᠡᠷᠵᠢᠬᠦᠯᠬᠦ᠌᠎ᠶ᠋ᠢ ᠡᠷᠡᠰ ᠲᠡᠮᠵᠢᠨ᠎ᠠ᠃ ᠱᠢᠶᠠᠩᠭᠠᠩ ᠣᠣᠮᠧᠨ᠎ᠤ ᠨᠡᠢᠭᠡᠮ᠎ᠤᠨ ᠪᠦᠯᠬᠦᠮ ᠵᠢᠴᠢ ᠡᠲᠡᠭᠡᠳ᠎ᠤᠨ ᠢᠯᠭᠠᠯ᠎ᠤᠨ ᠬᠥᠮᠦᠰ᠎ᠲᠠᠢ ᠨᠢᠭ᠍ᠲᠠ ᠬᠠᠷᠢᠯᠴᠠᠵᠤ᠂ ᠱᠢᠶᠠᠩᠭᠠᠩ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠠᠭᠤᠰᠤᠯᠴᠠᠬᠤ᠂ ᠱᠢᠶᠠᠩᠭᠠᠩ ᠣᠣᠮᠧᠨ᠎ᠤ ᠵᠠᠯᠠᠭᠤᠴᠤᠳ ᠪᠠᠭᠠᠴᠤᠳ᠎ᠢ ᠬᠥᠮᠦᠵᠢᠭᠦᠯᠵᠤ ᠪᠤᠯᠪᠠᠰᠤᠷᠠᠭᠤᠯᠬᠤ ᠵᠡᠷᠭᠡ ᠲᠠᠯ᠎ᠠ᠎ᠪᠠᠷ ᠪᠠᠢᠴᠠᠭᠠᠨ ᠰᠤᠳᠤᠯᠤᠯᠲᠠ ᠥᠷᠨᠢᠭᠦᠯᠦᠨ᠎ᠡ᠃ ᠲᠠᠢᠸᠠᠨ ᠠᠷᠠᠯ᠎ᠳᠠᠬᠢ ᠬᠤᠯᠪᠣᠭ᠍ᠳᠠᠯ ᠪᠦᠬᠦᠢ ᠨᠠᠮ ᠪᠦᠯᠦᠭ ᠪᠦᠯᠬᠦᠮ᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠡᠯ᠎ᠡ ᠡᠲᠡᠭᠡᠳ᠎ᠤᠨ ᠬᠥᠮᠦᠰ᠎ᠯᠦᠭᠡ᠎ᠶ᠋ᠢᠨ ᠰᠣᠯᠢᠯᠴᠠᠭ᠎ᠠ ᠶᠠᠪᠤᠯᠴᠠᠭ᠎ᠠ᠎ᠪᠠᠨ ᠭᠦᠨᠵᠡᠭᠡᠢᠷᠡᠭᠦᠯᠦᠨ᠎ᠡ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠤᠨ ᠲᠥᠯᠥᠭᠡᠯᠡᠭ᠌ᠴᠢᠳ᠎ᠢ ᠤᠷᠢᠵᠤ ᠤᠯᠤᠰ ᠲᠦᠷᠦ᠎ᠶ᠋ᠢᠨ ᠵᠥᠪᠯᠡᠯᠭᠡᠨ᠎ᠤ ᠪᠥᠬᠦᠳᠡ ᠬᠤᠷᠠᠯ᠎ᠳᠤ ᠰᠤᠯᠠ ᠣᠷᠣᠯᠴᠠᠭᠤᠯᠬᠤ᠂ ᠤᠯᠤᠰ᠎ᠲᠠᠭᠠᠨ ᠪᠤᠴᠠᠵᠤ ᠱᠢᠨᠵᠢᠯᠡᠨ ᠪᠠᠢᠴᠠᠭᠠᠬᠤ᠎ᠳᠤ ᠣᠷᠣᠯᠴᠠᠭᠤᠯᠬᠤ ᠵᠡᠷᠭᠡ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠷᠢᠶᠠᠲᠤ ᠨᠠᠷ᠎ᠤᠨ ᠠᠵᠢᠯ ᠵᠡᠷᠭᠡ᠎ᠶ᠋ᠢᠨ ᠲᠤᠬᠠᠶ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠨ᠎ᠠ᠃
     (ᠲᠦᠷᠪᠡ) ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠠᠳᠠᠭᠠᠳᠤ ᠬᠠᠷᠢᠯᠴᠠᠭ᠎ᠠ᠎ᠶ᠋ᠢ ᠰᠠᠢᠵᠢᠷᠠᠭᠤᠯᠤᠨ᠎ᠠ᠃ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠷᠦᠩᠬᠡᠶ ᠪᠠᠢᠷᠢᠯᠠᠭᠤᠯᠤᠯᠲᠠ ᠶᠣᠰᠣᠭᠠᠷ᠂ ᠳᠡᠭᠡᠳᠦ ᠳᠠᠪᠬᠤᠷᠭ᠎ᠠ᠎ᠶ᠋ᠢᠨ ᠬᠠᠷᠢᠯᠴᠠᠨ ᠠᠢᠯᠴᠢᠯᠠᠯᠲᠠ ᠵᠡᠷᠭᠡ ᠭᠠᠳᠠᠭᠠᠳᠤ ᠶᠠᠪᠤᠯᠴᠠᠭ᠎ᠠ᠎ᠶ᠋ᠢ ᠪᠣᠳᠠᠲᠦ ᠠᠵᠢᠯᠯᠠᠭ᠎ᠠ᠎ᠶ᠋ᠢ ᠡᠷᠬᠢᠮᠯᠡᠨ ᠥᠷᠨᠢᠭᠦᠯᠵᠦ᠍᠂ ᠭᠠᠳᠠᠭᠠᠳᠤ ᠤᠯᠤᠰ᠎ᠤᠨ ᠬᠤᠯᠪᠣᠭ᠍ᠳᠠᠯ ᠪᠦᠬᠦᠢ ᠪᠠᠢᠭᠤᠯᠤᠮᠵᠢ᠂ ᠤᠯᠤᠰ ᠲᠦᠷᠦ᠎ᠶ᠋ᠢᠨ ᠵᠣᠬᠢᠶᠠᠨ ᠪᠠᠢᠭᠤᠯᠤᠯᠲᠠ᠂ ᠵᠠᠭᠤᠴᠢᠯᠠᠭᠤᠷ ᠤᠶᠤᠨ᠎ᠤ ᠬᠥᠮᠥᠷᠭᠡ ᠪᠠ ᠡᠯ᠎ᠡ ᠡᠲᠡᠭᠡᠳ᠎ᠤᠨ ᠬᠥᠮᠦᠰ᠎ᠯᠦᠭᠡ᠎ᠶ᠋ᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠦᠨ᠎ᠡ᠃ ᠵᠥᠪᠯᠡᠬᠦ᠌ ᠪᠠᠢᠭᠤᠯᠤᠮᠵᠢ ᠵᠢᠴᠢ ᠠᠳᠠᠯᠢᠪᠲᠤᠷ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠠᠽᠢᠶ᠎ᠠ ᠲᠢᠪ᠎ᠤᠨ ᠨᠡᠢᠭᠡᠮ᠎ᠤᠨ ᠲᠣᠬᠠᠢ ᠶᠠᠷᠢᠯᠴᠠᠭᠠᠨ ᠪᠠ ᠤᠯᠤᠰ ᠲᠦᠷᠦ᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ ᠱᠢᠷᠢᠰ ᠠᠵᠢᠯᠯᠠᠭ᠎ᠠ᠎ᠶ᠋ᠢ ᠡᠷᠬᠢᠯᠡᠵᠦ᠍᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠨ᠎ᠠ᠃ ᠭᠠᠳᠠᠭᠠᠳᠤ᠎ᠲᠠᠢ ᠨᠥᠬᠦᠷᠰᠡᠭ᠎ᠢᠶᠠᠷ ᠬᠠᠷᠢᠯᠴᠠᠬᠤ ᠬᠤᠯᠪᠣᠭ᠍ᠳᠠᠯ ᠪᠦᠬᠦᠢ ᠳᠤᠭᠤᠢᠯᠠᠩ ᠪᠠᠢᠭᠤᠯᠵᠤ᠂ ᠳᠤᠮᠳᠠᠳᠤ ᠠᠹᠷᠢᠺᠠ᠎ᠶ᠋ᠢᠨ ᠨᠥᠬᠦᠷᠰᠡᠭ ᠳᠤᠭᠤᠢᠯᠠᠩ᠎ᠤᠨ ᠠᠵᠢᠯ᠎ᠢ ᠲᠤᠭ᠍ᠳᠠᠴᠠᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠳᠤᠮᠳᠠᠳᠤ ᠠᠹᠷᠢᠺᠠ᠎ᠶ᠋ᠢᠨ ᠡᠷᠡᠭᠦᠯ ᠬᠠᠮᠠᠭᠠᠯᠠᠯ᠎ᠤᠨ ᠬᠠᠮᠲᠤᠷᠠᠯᠴᠠᠭ᠎ᠠ᠂ ᠲᠠᠷᠢᠶᠠᠯᠠᠩ᠎ᠤᠨ ᠬᠠᠮᠲᠤᠷᠠᠯᠴᠠᠭ᠎ᠠ ᠵᠡᠷᠭᠡ ᠠᠰᠠᠭᠤᠳᠠᠯ᠎ᠤᠨ ᠲᠤᠬᠠᠶ ᠮᠥᠷᠳᠡᠨ ᠪᠠᠢᠴᠠᠭᠠᠨ ᠰᠤᠳᠤᠯᠤᠯᠲᠠ ᠥᠷᠨᠢᠭᠦᠯᠦᠨ᠎ᠡ᠃ ᠳᠤᠮᠳᠠᠳᠤ ᠤᠯᠤᠰ᠎ᠤᠨ ᠬᠥᠮᠦᠨ᠎ᠤ ᠡᠷᠬᠡ᠎ᠶ᠋ᠢᠨ ᠦᠢᠯᠡᠰ᠎ᠤᠨ ᠦᠯᠢᠭᠡᠷ᠎ᠢ ᠰᠠᠢᠳᠤᠷ ᠶᠠᠷᠢᠬᠤ ᠬᠤᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ ᠪᠠ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ᠎ᠬᠢᠨ᠎ᠤ ᠬᠤᠯᠪᠣᠭ᠍ᠳᠠᠯ ᠪᠦᠬᠦᠢ ᠤᠯᠠᠨ ᠤᠯᠤᠰ᠎ᠤᠨ ᠠᠵᠢᠯᠯᠠᠭ᠎ᠠ᠎ᠳᠤ ᠣᠷᠣᠯᠴᠠᠬᠤ᠎ᠶ᠋ᠢ ᠲᠡᠮᠵᠢᠨ᠎ᠠ᠃ ᠭᠠᠳᠠᠭᠠᠳᠤ ᠬᠠᠷᠢᠯᠴᠠᠭᠠᠨ᠎ᠤ ᠳᠤᠮᠳᠠ᠂ ᠰᠤᠶᠤᠯ ᠢᠷᠭᠡᠨᠱᠢᠯ᠎ᠤᠨ ᠰᠤᠯᠢᠯᠴᠠᠭ᠎ᠠ᠎ᠶ᠋ᠢ ᠭᠦᠨᠵᠡᠭᠡᠢᠷᠡᠭᠦᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ᠎ᠢ ᠤᠬᠠᠭᠤᠯᠤᠨ ᠲᠠᠨᠢᠯᠴᠠᠭᠤᠯᠬᠤ᠎ᠶ᠋ᠢ ᠴᠢᠬᠤᠯᠠᠴᠢᠯᠠᠵᠤ᠂ ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠤᠯᠠᠨ ᠤᠯᠤᠰ᠎ᠤᠨ ᠬᠠᠮᠲᠤᠷᠠᠯᠴᠠᠭᠠᠨ᠎ᠤ ᠳᠤᠮᠳᠠ ᠳᠤᠮᠳᠠᠳᠤ ᠤᠯᠤᠰ ᠬᠠᠷᠢᠭᠤᠴᠠᠯᠭ᠎ᠠ᠎ᠲᠠᠢ ᠲᠤᠮᠤ ᠤᠯᠤᠰ ᠪᠤᠯᠬᠤ᠎ᠶ᠋ᠢᠨ ᠬᠤᠪᠢ᠎ᠳᠠᠬᠢ ᠬᠠᠷᠢᠭᠤᠴᠠᠯᠭ᠎ᠠ᠎ᠪᠠᠨ ᠡᠬᠦᠷᠭᠡᠯᠡᠭ᠌ᠰᠡᠨ ᠪᠠ ᠬᠤᠪᠢ ᠨᠡᠮᠡᠷᠢ ᠦᠵᠡᠭᠦᠯᠦᠭ᠌ᠰᠡᠨ ᠶᠠᠪᠤᠳᠠᠯ᠎ᠢ ᠳᠤᠳᠤᠷᠬᠠᠢᠯᠠᠨ ᠳᠠᠢᠯᠪᠤᠷᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠎ᠶ᠋ᠢ ᠵᠠᠰᠠᠵᠦ᠍ ᠵᠠᠰᠠᠭ᠎ᠢ ᠡᠷᠬᠢᠯᠡᠭ᠌ᠰᠡᠨ ᠦᠯᠢᠭᠡᠷ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ ᠪᠠ ᠱᠢᠨ᠎ᠡ ᠬᠡᠯᠪᠡᠷᠢ᠎ᠶ᠋ᠢᠨ ᠲᠦᠷᠦ᠎ᠶ᠋ᠢᠨ ᠨᠠᠮ᠎ᠤᠨ ᠪᠠᠢᠭᠤᠯᠤᠯ᠎ᠤᠨ ᠦᠯᠢᠭᠡᠷ᠎ᠢ ᠰᠠᠢᠲᠤᠷ ᠶᠠᠷᠢᠵᠤ᠂ ᠰᠠᠢᠨ ᠰᠠᠢᠬᠠᠨ ᠭᠠᠳᠠᠭᠠᠳᠤ ᠣᠷᠴᠢᠨ ᠨᠥᠬᠦᠴᠡᠯ᠎ᠢ ᠪᠤᠢ ᠪᠣᠯᠭᠠᠬᠤ᠎ᠪᠠᠷ ᠴᠢᠷᠮᠠᠢᠨ᠎ᠠ᠃
     (ᠲᠠᠪᠤ) ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠢ ᠭᠦᠨᠵᠡᠭᠡᠢᠷᠡᠭᠦᠯᠦᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ᠎ᠤ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠲᠤᠬᠠᠶ ᠴᠢᠬᠤᠯᠠ ᠨᠤᠲᠠᠯᠠᠯᠲᠠ ᠪᠣᠯᠤᠨ ᠪᠠᠢᠷᠢᠯᠠᠭᠤᠯᠤᠯᠲᠠ ᠲᠣᠬᠢᠷᠠᠭᠤᠯᠤᠯᠲᠠ᠎ᠲᠠᠢ ᠤᠶᠠᠯᠳᠤᠭᠤᠯᠤᠨ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠳᠠᠪᠠᠭᠤᠯᠢᠭ ᠦᠢᠯᠡᠳᠦᠯ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠬᠢᠭᠡᠳ ᠤᠯᠤᠰ᠎ᠢ ᠵᠠᠰᠠᠬᠤ ᠱᠢᠰᠲ᠋ᠧᠮ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠠᠵᠢᠯᠯᠠᠭᠠᠨ᠎ᠤ ᠵᠢᠮ᠎ᠡ ᠶᠣᠰᠣ ᠵᠡᠷᠭᠡ ᠠᠰᠠᠭᠤᠳᠠᠯ᠎ᠤᠨ ᠲᠤᠬᠠᠶ ᠣᠨᠣᠯ᠎ᠤᠨ ᠰᠤᠳᠤᠯᠭᠠᠨ ᠪᠠ ᠲᠠᠢᠯᠪᠤᠷᠢᠯᠠᠯᠲᠠ ᠬᠢᠬᠦ᠌᠎ᠶ᠋ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠭᠡᠨ᠎ᠤ ᠤᠨᠤᠯ᠎ᠤᠨ ᠰᠤᠳᠤᠯᠭᠠᠨ᠎ᠤ ᠬᠤᠷᠠᠯ᠎ᠤᠨ ᠦᠢᠯᠡᠳᠤᠯ᠎ᠢ ᠪᠠᠳᠠᠷᠠᠭᠤᠯᠤᠨ᠂ ᠤᠨᠤᠯ᠎ᠤᠨ ᠰᠤᠳᠤᠯᠭᠠᠨ᠎ᠤ ᠳᠦᠷᠢᠮ᠎ᠢ ᠪᠦᠷᠢᠨᠱᠢᠬᠦᠯᠵᠤ᠂ ᠰᠤᠳᠤᠯᠭᠠᠨ᠎ᠤ ᠬᠦᠴᠦᠨ᠎ᠢ ᠡᠮᠬᠢᠯᠡᠨ ᠨᠡᠢᠯᠡᠬᠦᠯᠵᠤ᠂ ᠴᠢᠨᠠᠷ ᠰᠠᠢᠳᠠᠢ ᠰᠤᠳᠤᠯᠭᠠᠨ᠎ᠤ ᠦᠷ᠎ᠡ ᠪᠦᠳᠦᠭᠡᠯ᠎ᠢ ᠴᠢᠷᠮᠠᠢᠨ ᠪᠤᠢ ᠪᠤᠯᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠳᠦᠷᠦ᠎ᠶ᠋ᠢᠨ ᠵᠦᠪᠯᠡᠯᠭᠡᠨ᠎ᠤ ᠦᠢᠯᠡᠰ᠎ᠤᠨ ᠬᠦᠭ᠌ᠵᠢᠯᠳᠡ᠎ᠳᠤ ᠤᠨᠤᠯ᠎ᠤᠨ ᠳᠡᠮᠵᠢᠯᠭᠡ ᠬᠠᠩᠭᠠᠨ᠎ᠠ᠃
     (ᠵᠢᠷᠭᠤᠭ᠎ᠠ) ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠵᠥᠪᠯᠡᠬᠦ᠌ ᠠᠵᠢᠯ᠎ᠤᠨ ᠳᠦᠷᠢᠮ᠎ᠢᠶᠠᠷ ᠭᠤᠣᠯ ᠪᠣᠯᠭᠠᠭ᠍ᠰᠠᠨ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠂ ᠵᠣᠬᠢᠶᠠᠨ ᠪᠠᠢᠭᠤᠯᠬᠤ ᠬᠠᠮᠢᠶᠠᠷᠬᠤ ᠠᠵᠢᠯ᠂ ᠳᠣᠲᠣᠭᠠᠳᠤ᠎ᠶ᠋ᠢᠨ ᠠᠵᠢᠯᠯᠠᠭᠠᠨ ᠵᠡᠷᠭᠡ ᠡᠯ᠎ᠡ ᠲᠠᠯ᠎ᠠ᠎ᠶ᠋ᠢ ᠬᠠᠮᠤᠷᠤᠭ᠍ᠰᠠᠨ ᠳᠦᠷᠢᠮ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠦᠨ᠎ᠡ᠃ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠠᠬᠢ ᠨᠠᠮ᠎ᠤᠨ ᠤᠳᠤᠷᠢᠳᠤᠯᠭ᠎ᠠ᠎ᠶ᠋ᠢᠨ ᠳᠦᠷᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠱᠢᠪᠠᠳᠠᠨ ᠪᠠᠢᠴᠠᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠰᠠᠨᠠᠯ᠂ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠤᠨ ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠬᠤ ᠰᠠᠨᠠᠯ᠎ᠢ ᠲᠣᠭ᠍ᠲᠠᠭᠠᠵᠤ᠂ ᠱᠢᠨ᠎ᠡ ᠮᠠᠶᠢᠭ᠎ᠤᠨ ᠲᠦᠷᠦ᠎ᠶ᠋ᠢᠨ ᠨᠠᠮ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠰᠠᠨᠠᠯ ᠳᠤᠷᠠᠳᠤᠯᠭ᠎ᠠ᠂ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ ᠵᠡᠷᠭᠡ ᠲᠦᠷᠢᠮ᠎ᠢ ᠲᠡᠭᠦᠯᠳᠡᠷᠵᠢᠭᠦᠯᠬᠦ᠌᠎ᠪᠠᠷ ᠳᠠᠮᠵᠢᠭᠤᠯᠤᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠤᠰ ᠨᠠᠮ ᠪᠦᠯᠦᠭ᠎ᠤᠨ ᠨᠡᠷ᠎ᠡ᠎ᠪᠠᠷ ᠤᠯᠤᠰ ᠲᠦᠷᠦ᠎ᠶ᠋ᠢᠨ ᠵᠥᠪᠯᠡᠯᠭᠡᠨ᠎ᠳᠤ ᠰᠠᠨᠠᠯ᠎ᠢᠶᠠᠨ ᠢᠯᠡᠳᠭᠡᠬᠦ᠂ ᠰᠠᠨᠠᠭᠤᠯᠭ᠎ᠠ ᠳᠤᠷᠠᠳᠭᠤ᠂ ᠵᠥᠪᠯᠡᠯᠭᠡ ᠬᠢᠬᠦ᠌᠎ᠳᠤ ᠲᠣᠭ᠍ᠲᠠᠴᠠ᠎ᠶ᠋ᠢᠨ ᠴᠢᠨᠠᠷᠲᠠᠶ ᠲᠤᠬᠢᠷᠠᠭᠤᠯᠤᠯᠳᠡ ᠬᠢᠨ᠎ᠡ᠃ ᠲᠤᠰᠭᠠᠶ ᠵᠦᠪᠯᠡᠯ᠎ᠤᠨ ᠠᠵᠢᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠲᠤᠰᠭᠠᠶ ᠵᠦᠪᠯᠡᠯ᠎ᠤᠨ ᠶᠡᠷᠦᠩᠬᠡᠶ ᠲᠦᠷᠢᠮ᠎ᠢ ᠵᠠᠰᠠᠵᠤ ᠲᠤᠭ᠍ᠳᠠᠭᠠᠨ᠎ᠠ᠃ ᠤᠯᠤᠰ ᠲᠦᠷᠦ᠎ᠶ᠋ᠢᠨ ᠵᠥᠪᠯᠡᠯᠭᠡᠨ᠎ᠤ ᠱᠢᠰᠲ᠋ᠧᠮ᠎ᠤᠨ ᠬᠠᠷᠢᠯᠴᠠᠬᠤ ᠵᠢᠯᠣᠭᠤᠳᠭᠤ ᠠᠵᠢᠯ᠎ᠤᠨ ᠲᠦᠷᠢᠮ᠎ᠢ ᠲᠡᠭᠦᠯᠳᠡᠷᠵᠢᠭᠦᠯᠦᠨ᠎ᠡ᠃
     ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠤ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠡᠯ᠎ᠡ ᠵᠦᠢᠯ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ 《ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠭᠠᠬᠤ ᠲᠤᠬᠠᠶ ᠰᠠᠨᠠᠯ᠎ᠤᠳ》 ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠵᠦ᠍᠂ ᠲᠤᠷᠱᠢᠯᠭ᠎ᠠ᠎ᠪᠠᠨ ᠳ᠋ᠦᠩᠨᠡᠨ᠂ ᠤᠯᠤᠰ ᠲᠦᠷᠦ᠎ᠶ᠋ᠢᠨ ᠵᠥᠪᠯᠡᠯᠭᠡᠨ᠎ᠤ ᠱᠢᠰᠲ᠋ᠧᠮ᠎ᠤᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠤᠯᠤᠰ ᠲᠦᠷᠦ᠎ᠶ᠋ᠢᠨ ᠵᠦᠪᠯᠡᠯᠭᠡᠨ᠎ᠤ ᠪᠠᠢᠭᠤᠯᠭ᠎ᠠ᠎ᠶ᠋ᠢᠨ ᠪᠠᠢᠭᠤᠯᠤᠯᠳᠠ ᠪᠠ ᠺᠠᠳ᠋ᠷ᠎ᠤᠨ ᠡᠩᠨᠡᠭᠡᠨ᠎ᠤ ᠪᠠᠢᠭᠤᠯᠤᠯᠳᠠ᠎ᠶ᠋ᠢ ᠦᠨᠡᠨ ᠬᠦ᠌ ᠴᠢᠩᠭᠠᠳᠭᠠᠨ᠂ ᠤᠨᠤᠯ᠎ᠤᠨ ᠵᠡᠪᠰᠡᠭ᠌ᠯᠡᠯ᠎ᠢ ᠬᠦᠴᠦᠯᠡᠨ ᠬᠦᠨᠵᠡᠭᠡᠢᠷᠡᠬᠦᠯᠵᠤ᠂ ᠦᠨᠳᠤᠰᠤᠨ ᠱᠠᠳᠤᠨ᠎ᠤ ᠰᠠᠭᠤᠷᠢ᠎ᠶ᠋ᠢ ᠬᠦᠴᠦᠯᠡᠨ ᠪᠠᠬᠢᠵᠢᠬᠦᠯᠵᠤ᠂ ᠰᠤᠷᠳᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠭᠠᠳᠭᠠᠬᠤ᠎ᠶ᠋ᠢ ᠬᠦᠴᠦᠯᠡᠨ ᠠᠬᠢᠭᠤᠯᠵᠤ᠂ ᠴᠢᠩᠭ᠎ᠠ ᠭᠦᠮᠦᠵᠢᠭᠦᠯᠦᠨ᠂ ᠴᠢᠩᠭ᠎ᠠ ᠱᠠᠭᠠᠷᠳᠠᠵᠦ᠍᠂ ᠴᠢᠩᠭ᠎ᠠ ᠬᠠᠮᠢᠶᠠᠷᠦᠨ᠂ ᠴᠢᠩᠭ᠎ᠠ ᠭᠢᠨᠠᠯᠳᠠ ᠲᠠᠯᠪᠢᠵᠦ᠍᠂ ᠨᠠᠮ᠎ᠤᠨ ᠲᠥᠪ ᠬᠤᠷᠢᠶ᠎ᠠ᠎ᠶ᠋ᠢ ᠰᠠᠨᠠᠭ᠎ᠠ ᠠᠮᠤᠷ ᠪᠠᠢᠯᠭᠠᠬᠤ᠂ ᠠᠷᠠᠳ ᠣᠯᠠᠨ᠎ᠳᠤ ᠲᠠᠭᠠᠱᠢᠶᠠᠭ᠍ᠳᠠᠭ᠍ᠰᠠᠨ ᠵᠢᠱ᠌ᠢᠶᠡᠴᠢ ᠪᠠᠢᠭᠤᠯᠭ᠎ᠠ᠎ᠶ᠋ᠢ ᠪᠠᠢᠭᠤᠯᠬᠤ᠎ᠪᠠᠷ ᠴᠢᠷᠮᠠᠢᠨ᠎ᠠ᠃
    ᠭᠤᠷᠪᠠ᠂ ᠦᠨᠳᠦᠰᠦ᠎ᠶ᠋ᠢ ᠪᠠᠲᠤᠳᠭᠠᠨ ᠰᠠᠭᠤᠷᠢ᠎ᠶ᠋ᠢ ᠴᠢᠩᠭᠠᠳᠭᠠᠬᠤ ᠲᠠᠯ᠎ᠠ᠎ᠪᠠᠷ᠄ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠱᠢᠨ᠎ᠡ ᠪᠠᠢᠳᠠᠯ᠎ᠢ ᠪᠣᠢ ᠪᠣᠯᠭᠠᠨ᠎ᠡ
     ᠶᠡᠷᠦᠩᠬᠡᠶ ᠱᠦᠵᠢ ᠰᠢ᠎ᠶ᠋ᠢᠨ ᠫᠢᠩ᠎ᠤᠨ ᠲᠥᠪ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯᠳᠤᠭᠠᠨ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶ᠎ᠠ ᠪᠣᠯᠤᠨ 《ᠱᠢᠨ᠎ᠡ ᠴᠠᠭ ᠦᠶ᠎ᠡ᠎ᠳᠤ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠯ》 ᠎ᠳᠤ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠭᠤᠣᠯᠳᠠᠯᠭ᠎ᠠ᠎ᠶ᠋ᠢ ᠪᠠᠢᠷᠢᠯᠠᠭᠤᠯᠪᠠ᠃ ᠪᠢᠳᠡ ᠡᠷᠬᠡᠪᠰᠢ ᠥᠷᠭᠦᠯᠵᠢᠯᠡᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠦᠨᠳᠦᠰᠦ᠎ᠶ᠋ᠢ ᠪᠠᠲᠤᠳᠭᠠᠨ ᠰᠠᠭᠤᠷᠢ᠎ᠶ᠋ᠢ ᠪᠠᠬᠢᠵᠢᠬᠦᠯᠬᠦ᠌᠎ᠶ᠋ᠢ ᠴᠢᠬᠤᠯᠠᠴᠢᠯᠠᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠦᠢᠯᠡᠰ᠎ᠢ ᠰᠠᠢᠲᠤᠷ ᠬᠥᠭ᠌ᠵᠢᠭᠦᠯᠬᠦ᠌ ᠬᠡᠷᠡᠭ᠌ᠲᠡᠶ᠃
     (ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠥᠴᠦᠬᠡᠨ ᠴᠦ᠍ ᠭᠤᠢᠪᠢᠰᠢ ᠦᠭᠡᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠬᠦᠯᠢᠶᠡᠵᠤ ᠬᠦᠷᠢᠶᠡᠯᠡᠬᠦ᠌ ᠪᠣᠯ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ ᠪᠠᠢᠭᠤᠯᠤᠭ᠍ᠳᠠᠬᠤ ᠦᠶ᠎ᠡ᠎ᠶ᠋ᠢᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠤᠨ ᠬᠠᠮᠲᠤ᠎ᠶ᠋ᠢᠨ ᠲᠠᠨᠢᠯᠲᠠ ᠮᠥᠨ᠂ ᠪᠠᠰᠠ ᠴᠤ᠌ ᠤᠯᠤᠰ ᠲᠦᠷᠦ᠎ᠶ᠋ᠢᠨ ᠵᠥᠪᠯᠡᠯᠭᠡᠨ᠎ᠤ ᠲᠦᠷᠢᠮ᠎ᠳᠤ ᠲᠣᠭ᠍ᠲᠠᠭᠠᠭ᠍ᠰᠠᠨ ᠤᠯᠤᠰ ᠲᠦᠷᠦ᠎ᠶ᠋ᠢᠨ ᠦᠨᠳᠦᠰᠦᠨ ᠵᠠᠷᠴᠢᠮ ᠮᠥᠨ᠃ ᠣᠳᠣᠬᠠᠨ᠎ᠤ ᠳᠡᠯᠡᠬᠡᠶ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠦᠶ᠎ᠡ᠎ᠳᠤ ᠣᠷᠣᠱᠢᠵᠤ ᠪᠠᠢᠨ᠎ᠠ᠃ ᠭᠠᠭ᠍ᠴᠠ ᠬᠦ᠌ ᠨᠠᠮ᠎ᠤᠨ ᠤᠳᠤᠷᠢᠳᠤᠯᠭ᠎ᠠ᠎ᠶ᠋ᠢ ᠥᠴᠦᠬᠡᠨ ᠴᠦ᠍ ᠭᠤᠢᠪᠢᠰᠢ ᠦᠭᠡᠢ ᠪᠠᠷᠢᠮᠲᠠᠯᠠᠨ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠪᠠᠯ ᠪᠢᠳᠡ ᠰᠠᠶᠢ ᠲᠠᠰᠤᠷᠠᠯᠳᠠ ᠦᠭᠡᠢ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠣ ᠶᠡᠭᠡ ᠬᠦᠰᠡᠯ ᠡᠷᠡᠮᠡᠯᠵᠡᠯ᠎ᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠪᠠᠢᠨ᠎ᠠ᠃ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠨᠢ ᠪᠣᠳᠠᠲᠠᠶ ᠪᠠᠢᠳᠠᠭ᠂ ᠡᠷᠬᠡᠪᠰᠢ ᠤᠨᠤᠯ᠎ᠤᠨ ᠵᠡᠪᠰᠡᠭ᠌ᠯᠡᠯ᠎ᠢ ᠴᠢᠩᠭᠠᠳᠭᠠᠬᠤ᠂ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯᠯᠠᠭ᠎ᠠ ᠥᠷᠨᠢᠭᠦᠯᠬᠦ᠂ ᠪᠦᠯᠬᠦᠮᠳᠡᠯ ᠬᠠᠮᠲᠤᠷᠠᠯᠴᠠᠭ᠎ᠠ᠎ᠶ᠋ᠢ ᠠᠬᠢᠭᠤᠯᠬᠤ᠂ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠬᠦ᠂ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠡᠯ᠎ᠡ ᠲᠠᠯ᠎ᠠ᠎ᠳᠤ ᠨᠠᠢᠳᠠᠪᠤᠷᠢᠵᠢᠭᠤᠯᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠪᠦᠬᠦ᠌ ᠶᠠᠪᠤᠴᠠ ᠡᠯ᠎ᠡ ᠭᠤᠭ᠍ᠴᠤᠭ᠎ᠠ᠎ᠳᠤ ᠢᠯᠡᠷᠡᠭᠦᠯᠬᠦ᠌ ᠬᠡᠷᠡᠭ᠌ᠲᠡᠶ᠃ ᠲᠦᠷᠢᠮ᠎ᠤᠨ ᠠᠵᠢᠯᠯᠠᠭᠠᠨ᠂ ᠠᠷᠠᠳᠴᠢᠯᠠᠯ᠎ᠤᠨ ᠵᠢᠷᠤᠮ ᠪᠠ ᠪᠦᠲᠦᠮᠵᠢᠲᠡᠶ ᠠᠵᠢᠯ᠎ᠢᠶᠠᠷ ᠳᠠᠮᠵᠢᠭᠤᠯᠤᠨ᠂ ᠨᠠᠮ᠎ᠤᠨ ᠵᠣᠷᠢᠯᠲᠠ᠎ᠶ᠋ᠢ ᠨᠡᠢᠭᠡᠮ᠎ᠤᠨ ᠡᠯ᠎ᠡ ᠡᠲᠡᠭᠡᠳ᠎ᠤᠨ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠴᠢᠷᠮᠠᠢᠨ ᠬᠤᠪᠢᠷᠠᠭᠤᠯᠵᠥ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠢ ᠨᠠᠮ᠎ᠤᠨ ᠡᠯ᠎ᠡ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠨᠡᠩ ᠰᠠᠢᠨ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠬᠤ ᠬᠡᠷᠡᠭ᠌ᠲᠡᠶ᠃
     (ᠬᠤᠶᠠᠷ) ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠲᠦᠷᠢᠮ᠎ᠤᠨ ᠪᠠᠢᠭᠤᠯᠤᠯᠲᠠ᠎ᠶ᠋ᠢ ᠡᠮᠬᠢ ᠵᠢᠷᠤᠮ᠎ᠲᠠᠢ ᠪᠥᠭᠡᠳ ᠪᠦᠲᠦᠮᠵᠢᠲᠡᠶ ᠠᠬᠢᠭᠤᠯᠤᠨ᠎ᠠ᠃ ᠲᠤᠰᠭᠠᠶ ᠵᠥᠪᠯᠡᠬᠦ᠌ ᠪᠠᠢᠭᠤᠯᠤᠮᠵᠢ᠎ᠨᠢ ᠤᠯᠤᠰ ᠲᠦᠷᠦ᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠶᠡᠷᠦᠩᠬᠡᠢᠯᠡᠨ ᠠᠴᠢᠶᠠᠯᠠᠵᠤ᠂ ᠵᠥᠪᠯᠡᠬᠦ᠌ ᠳᠤᠮᠳᠠ ᠥᠷᠭᠡᠨ ᠳᠡᠯᠭᠡᠷ ᠪᠦᠯᠬᠦᠮᠳᠡᠯ᠎ᠢ ᠠᠬᠢᠭᠤᠯᠤᠨ᠂ ᠤᠯᠠᠨ ᠨᠠᠮ᠎ᠤᠨ ᠬᠠᠮᠲᠤᠷᠠᠨ ᠠᠵᠢᠯᠯᠠᠬᠤ᠎ᠶ᠋ᠢ ᠠᠬᠢᠭᠤᠯᠵᠤ᠂ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠮᠠᠨ᠎ᠤ ᠤᠯᠤᠰ᠎ᠤᠨ ᠨᠡᠢᠭᠡᠮ ᠵᠢᠷᠤᠮᠳᠥ ᠠᠷᠠᠳᠴᠢᠯᠠᠯ᠎ᠤᠨ ᠤᠴᠢᠷ ᠪᠠᠢᠪᠠᠯ ᠰᠠᠢᠲᠤᠷ ᠵᠥᠪᠳᠡᠯᠴᠡᠬᠦ᠂ ᠤᠯᠠᠨ᠎ᠤ ᠤᠴᠢᠷ ᠶᠠᠪᠤᠳᠠᠯ᠎ᠢ ᠤᠯᠠᠨ᠎ᠢᠶᠠᠷ᠎ᠢᠶᠠᠨ ᠵᠥᠪᠳᠡᠯᠴᠡᠬᠦ᠌ ᠣᠨᠴᠠᠯᠢᠭ ᠪᠠ ᠳᠠᠪᠠᠭᠤᠯᠢᠭ᠎ᠢ ᠭᠦᠢᠴᠡᠳ ᠢᠯᠡᠷᠡᠭᠦᠯᠵᠡᠶ᠃ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠲᠦᠷᠢᠮ᠎ᠤᠨ ᠪᠠᠢᠭᠤᠯᠤᠯᠲᠠ᠎ᠶ᠋ᠢ ᠵᠥᠪ ᠴᠢᠭ᠌ᠯᠡᠯ᠎ᠢᠶᠠᠷ ᠠᠬᠢᠭᠤᠯᠵᠤ᠂ ᠪᠦᠷᠢᠨ ᠲᠡᠭᠦᠯᠳᠡᠷ ᠪᠦᠲᠦᠮᠵᠢᠲᠡᠶ ᠲᠦᠷᠢᠮ᠎ᠢᠶᠠᠷ ᠡᠨᠡ ᠬᠦ᠌ ᠣᠨᠴᠠᠯᠢᠭ ᠪᠠ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠤᠯᠤᠰ ᠲᠦᠷᠦ᠎ᠶ᠋ᠢᠨ ᠵᠥᠪᠯᠡᠯᠭᠡᠨ ᠪᠤᠯ ᠡᠷᠬᠡᠲᠦ ᠪᠠᠢᠭᠤᠯᠭ᠎ᠠ ᠪᠢᠰᠢ᠂ ᠬᠠᠣᠯᠢ ᠲᠣᠭ᠍ᠲᠠᠭᠠᠬᠤ ᠪᠠᠢᠭᠤᠯᠤᠮᠵᠢ ᠪᠢᠰᠢ᠂ ᠬᠠᠷᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ ᠲᠦᠷᠦ᠎ᠶ᠋ᠢᠨ ᠳᠠᠪᠠᠭᠤᠯᠢᠭ᠎ᠢ ᠪᠠᠳᠠᠷᠠᠭᠤᠯᠬᠤ ᠤᠯᠤᠰ ᠳᠦᠷᠦ᠎ᠶ᠋ᠢᠨ ᠵᠣᠬᠢᠶᠠᠨ ᠪᠠᠢᠭᠤᠯᠤᠯᠲᠠ ᠪᠠ ᠠᠷᠠᠳᠴᠢᠯᠠᠯ᠎ᠤᠨ ᠬᠡᠯᠪᠡᠷᠢ ᠪᠤᠯᠬᠤ᠎ᠶ᠋ᠢ ᠳᠤᠳᠤᠷᠬᠠᠢᠯᠠᠬᠤ ᠬᠡᠷᠡᠭ᠌ᠳᠠᠢ; ᠵᠥᠪᠯᠡᠬᠦ᠌ ᠴᠢᠳᠠᠮᠵᠢ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠨᠢ ᠵᠥᠪᠯᠡᠬᠦ᠌ ᠡᠭᠦᠷᠭᠡ᠎ᠶ᠋ᠢ ᠵᠣᠬᠢᠶᠠᠨ ᠪᠠᠢᠭᠤᠯᠬᠤ ᠪᠠ ᠡᠭᠦᠷᠭᠡᠯᠡᠬᠦ᠌ ᠪᠠᠢᠭᠤᠯᠤᠮᠵᠢ ᠪᠣᠯᠬᠤ᠎ᠶ᠋ᠢᠨ ᠬᠤᠪᠢ᠎ᠳᠤ᠂ ᠵᠥᠪᠯᠡᠬᠦ᠌ ᠪᠠᠶᠠᠴᠢ ᠴᠣᠭ᠍ᠴᠠ ᠪᠢᠰᠢ᠂ ᠬᠠᠷᠢᠨ ᠠᠷᠠᠳᠴᠢᠯᠠᠯ᠎ᠢ ᠪᠠᠳᠠᠷᠠᠭᠤᠯᠬᠤ᠂ ᠤᠯᠤᠰ᠎ᠤᠨ ᠶᠡᠭᠡ ᠪᠣᠳᠣᠯᠭ᠎ᠠ ᠲᠣᠭ᠍ᠳᠠᠭᠠᠬᠤ᠎ᠳᠤ ᠣᠷᠣᠯᠴᠠᠬᠤ᠂ ᠪᠦᠯᠬᠦᠮᠳᠡᠨ ᠬᠠᠮᠲᠤᠷᠠᠯᠴᠠᠬᠤ ᠴᠢᠬᠤᠯᠠ ᠲᠠᠪᠴᠠᠩ ᠮᠥᠨ᠂ ᠤᠯᠤᠰ ᠲᠥᠷᠥ᠎ᠶ᠋ᠢᠨ ᠵᠥᠪᠯᠡᠯᠭᠡᠨ 《 ᠎ᠲᠠᠢ》 ᠵᠦᠪᠯᠡᠬᠦ᠌ ᠪᠢᠰᠢ᠂ ᠬᠠᠷᠢᠨ ᠤᠯᠤᠰ ᠲᠥᠷᠥ᠎ᠶ᠋ᠢᠨ ᠵᠥᠪᠯᠡᠯᠭᠡᠨ 《 ᠎ᠳᠤ》 ᠵᠦᠪᠯᠡᠬᠦ᠌ ᠶᠠᠪᠤᠳᠠᠯ ᠪᠤᠯᠤᠨ᠎ᠠ ᠭᠡᠳᠡᠭ᠎ᠢ ᠳᠤᠳᠤᠷᠬᠠᠢᠯᠠᠬᠤ ᠬᠡᠷᠡᠭ᠌ᠳᠠᠢ; ᠠᠭᠤᠯᠤᠭ᠍ᠳᠠᠬᠤᠨ᠎ᠢ ᠪᠠᠶᠠᠯᠢᠭ᠍ᠵᠢᠭᠤᠯᠬᠤ᠎ᠶ᠋ᠢ ᠡᠵᠡᠮᠳᠡᠵᠦ᠍᠂ ᠤᠯᠤᠰ ᠲᠦᠷᠦ᠎ᠶ᠋ᠢᠨ ᠵᠥᠪᠯᠡᠯᠭᠡᠨ᠎ᠤ ᠤᠯᠠᠨ ᠲᠠᠯᠠᠲᠤ ᠣᠨᠴᠠᠯᠢᠭ᠎ᠢ ᠲᠣᠳᠣᠷᠬᠠᠶ ᠪᠣᠯᠭᠠᠨ᠎ᠠ᠂ ᠡᠭᠦᠨ᠎ᠳᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠱᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭ᠍ᠲᠠᠭᠠᠬᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠶ᠋ᠢᠨ ᠳᠦᠯᠦᠭᠡ ᠤᠯᠤᠰ ᠲᠦᠷᠦ᠎ᠶ᠋ᠢᠨ ᠵᠥᠪᠯᠡᠯᠭᠡᠨ᠎ᠤ ᠡᠯ᠎ᠡ ᠡᠲᠡᠭᠡᠳ᠎ᠤᠨ ᠢᠯᠭᠠᠯ᠎ᠤᠨ᠎ᠬᠢᠨ᠎ᠲᠠᠢ ᠵᠥᠪᠯᠡᠬᠦ᠌᠎ᠶ᠋ᠢ ᠪᠠᠭ᠍ᠲᠠᠭᠠᠬᠤ ᠮᠥᠷᠲᠡᠭᠡᠨ ᠪᠠᠰᠠ ᠤᠯᠤᠰ ᠲᠦᠷᠦ᠎ᠶ᠋ᠢᠨ ᠵᠥᠪᠯᠡᠯᠭᠡᠨ᠎ᠤ ᠡᠯ᠎ᠡ ᠡᠲᠡᠭᠡᠳ᠎ᠤᠨ ᠢᠯᠭᠠᠯ᠎ᠤᠨ ᠭᠡᠱᠢᠭᠦᠳ ᠵᠠᠰᠠᠭ᠎ᠲᠤ ᠳᠤᠰᠠᠯᠠᠨ ᠰᠠᠨᠠᠯ ᠵᠥᠪᠯᠡᠯᠭᠡ ᠳᠤᠷᠠᠳᠭᠤ᠎ᠶ᠋ᠢᠨ ᠲᠦᠯᠦᠭᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠵᠦᠪᠯᠡᠬᠦ᠌᠎ᠶ᠋ᠢ ᠪᠠᠭ᠍ᠲᠠᠭᠠᠨ᠎ᠠ᠂ ᠪᠠᠰᠠ ᠤᠯᠤᠰ ᠲᠦᠷᠦ᠎ᠶ᠋ᠢᠨ ᠵᠥᠪᠯᠡᠯᠭᠡᠨ᠎ᠤ ᠳᠣᠲᠣᠭᠠᠳᠤ᠎ᠶ᠋ᠢᠨ ᠡᠯ᠎ᠡ ᠡᠲᠡᠭᠡᠳ᠎ᠤᠨ ᠢᠯᠭᠠᠯ᠎ᠤᠨ ᠭᠡᠱᠢᠭᠦᠳ᠎ᠤᠨ ᠬᠤᠭᠤᠷᠣᠨᠳᠣ᠎ᠪᠠᠨ ᠵᠥᠪᠯᠡᠬᠦ᠌᠎ᠶ᠋ᠢ ᠪᠠᠭ᠍ᠲᠠᠭᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠵᠦᠪᠯᠡᠬᠦ᠌ ᠠᠵᠢᠯ᠎ᠤᠨ ᠥᠷᠭᠡᠨ ᠳᠡᠯᠭᠡᠷ ᠤᠯᠠᠨ ᠳᠡᠰ ᠳᠠᠪᠬᠤᠷᠭ᠎ᠠ᠎ᠲᠠᠢ ᠳᠦᠷᠢᠮᠵᠢᠭ᠌ᠰᠡᠨ ᠬᠥᠭ᠌ᠵᠢᠯᠳᠡ᠎ᠶ᠋ᠢ ᠠᠬᠢᠭᠤᠯᠬᠤ ᠬᠡᠷᠡᠭ᠌ᠲᠡᠶ᠃ ᠨᠠᠮ ᠪᠣᠯᠤᠨ ᠤᠯᠤᠰ᠎ᠤᠨ ᠪᠠᠢᠭᠤᠯᠤᠮᠵᠢ᠎ᠶ᠋ᠢᠨ ᠡᠭᠦᠷᠭᠡ ᠴᠢᠳᠠᠪᠤᠷᠢ᠎ᠶ᠋ᠢᠨ ᠱᠢᠰᠲ᠋ᠧᠮ᠎ᠢ ᠪᠣᠢ ᠪᠣᠯᠭᠠᠬᠤ ᠱᠠᠭᠠᠷᠳᠠᠯᠭ᠎ᠠ ᠶᠣᠰᠣᠭᠠᠷ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠡᠭᠦᠷᠭᠡ ᠴᠢᠳᠠᠪᠤᠷᠢ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠵᠥᠪᠯᠡᠬᠦ᠌ ᠠᠷᠠᠳᠴᠢᠯᠠᠯ᠎ᠢ ᠡᠭᠦᠷᠭᠡ ᠴᠢᠳᠠᠪᠤᠷᠢ᠎ᠪᠠᠨ ᠭᠦᠢᠴᠡᠳᠭᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠵᠥᠪᠯᠡᠬᠦ᠌ ᠠᠵᠢᠯ᠎ᠤᠨ ᠲᠦᠷᠢᠮ᠎ᠢ ᠪᠠᠢᠭᠤᠯᠤᠨ ᠪᠦᠷᠢᠨᠱᠢᠬᠦᠯᠵᠤ᠂ ᠵᠥᠪᠯᠡᠬᠦ᠌᠎ᠶ᠋ᠢ ᠪᠤᠳᠤᠯᠭ᠎ᠠ ᠲᠣᠭ᠍ᠲᠠᠭᠠᠬᠤ᠎ᠠᠴᠠ ᠡᠮᠦᠨ᠎ᠡ ᠪᠠ ᠱᠢᠢᠳᠪᠦᠷᠢᠲᠦ ᠪᠤᠳᠤᠯᠭ᠎ᠠ᠎ᠶ᠋ᠢ ᠬᠡᠷᠡᠭ᠌ᠵᠢᠭᠦᠯᠬᠦ᠌ ᠶᠠᠪᠤᠴᠠ᠎ᠳᠤ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠵᠥᠪᠯᠡᠯᠬᠡ᠎ᠶ᠋ᠢ ᠳᠦᠷᠢᠮᠵᠢᠬᠦᠯᠬᠦ᠌ ᠦᠢᠯᠡᠳᠦᠯᠭᠡ᠎ᠶ᠋ᠢᠨ ᠱᠢᠨ᠎ᠡ ᠲᠤᠷᠱᠢᠯᠭ᠎ᠠ ᠱᠢᠨ᠎ᠡ ᠠᠷᠭ᠎ᠠ ᠬᠢᠳᠡᠯ᠎ᠢ ᠬᠠᠢᠨ ᠰᠦᠪᠡᠭ᠌ᠴᠢᠯᠡᠵᠦ᠍᠂ ᠵᠥᠪᠯᠡᠬᠦ᠌᠎ᠪᠠᠷ ᠳᠠᠮᠵᠢᠭᠤᠯᠤᠨ ᠪᠦᠲᠦᠮᠵᠢᠲᠡᠢ᠎ᠪᠠᠷ ᠰᠡᠳᠭᠢᠯ᠎ᠢ ᠨᠢᠭ᠍ᠲᠠᠷᠠᠭᠤᠯᠤᠨ᠂ ᠰᠡᠳᠭᠢᠯ᠎ᠢ ᠨᠢᠭ᠍ᠲᠠᠷᠠᠭᠤᠯᠬᠤ᠎ᠪᠠᠷ ᠳᠠᠮᠵᠢᠭᠤᠯᠤᠨ ᠬᠦᠴᠦᠨ᠎ᠢᠶᠠᠨ ᠬᠠᠮᠲᠤᠳᠭᠠᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠳᠠᠪᠠᠭᠤᠯᠢᠭ᠎ᠢ ᠤᠯᠤᠰ᠎ᠢ ᠵᠠᠰᠠᠬᠤ ᠦᠢᠯᠡᠳᠦᠯ ᠴᠢᠳᠡᠪᠤᠷᠢ ᠪᠣᠯᠭᠠᠨ ᠨᠡᠩ ᠰᠠᠢᠳᠤᠷ ᠬᠤᠪᠢᠷᠠᠭᠤᠯᠬᠤ ᠬᠡᠷᠡᠭ᠌ᠲᠡᠢ᠃
     (ᠭᠤᠷᠪᠠ) ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠭᠦᠨᠵᠡᠭᠡᠶ ᠰᠠᠢᠲᠤᠷ ᠬᠢᠨ᠎ᠠ᠃ ᠣᠳᠣᠬᠠᠨ᠎ᠳᠤ᠂ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠡᠭᠦᠷᠭᠡ ᠤᠷᠢᠳ ᠡᠮᠦᠨ᠎ᠡ ᠪᠠᠢᠭ᠎ᠠ ᠦᠭᠡᠢ ᠬᠦᠨᠳᠦ ᠪᠠᠢᠵᠤ᠂ ᠵᠥᠷᠢᠴᠡᠯ ᠠᠶᠤᠯ ᠲᠦᠭ᠌ᠰᠢᠭᠦᠷᠢ ᠥᠷᠢᠰᠥᠯᠳᠦᠭᠡᠨ ᠤᠷᠢᠳ ᠡᠮᠦᠨ᠎ᠡ ᠪᠠᠢᠭ᠎ᠠ ᠦᠭᠡᠢ ᠤᠯᠠᠨ ᠪᠤᠯᠵᠤ᠂ ᠤᠯᠠᠨ ᠡᠱᠢᠲᠦ ᠦᠵᠡᠯ ᠰᠠᠨᠠᠭ᠎ᠠ ᠰᠣᠶᠣᠯ᠎ᠤᠨ ᠰᠣᠯᠢᠯᠴᠠᠭ᠎ᠠ ᠠᠭᠤᠰᠤᠯᠴᠠᠭ᠎ᠠ ᠮᠥᠷᠭᠦᠯᠳᠦᠭᠡᠨ ᠤᠷᠢᠳ ᠡᠮᠦᠨ᠎ᠡ ᠪᠠᠢᠭ᠎ᠠ ᠦᠭᠡᠢ ᠪᠠᠢᠳᠠᠯ᠎ᠳᠤ ᠦᠵᠡᠯ ᠰᠠᠨᠠᠭ᠎ᠠ ᠤᠯᠤᠰ ᠲᠦᠷᠦ᠎ᠶ᠋ᠢᠨ ᠬᠦᠳᠤᠯᠤᠨ ᠲᠠᠭᠠᠭᠤᠯᠭ᠎ᠠ᠎ᠶ᠋ᠢ ᠴᠢᠩᠭᠠᠳᠭᠠᠬᠤ᠂ ᠬᠠᠮᠳᠤ᠎ᠶ᠋ᠢᠨ ᠳᠠᠨᠢᠯᠳᠠ᠎ᠶ᠋ᠢ ᠦᠷᠭᠡᠨ᠎ᠢᠶᠠᠷ ᠨᠢᠭ᠍ᠳᠠᠷᠠᠭᠤᠯᠬᠤ᠎ᠨᠢ ᠨᠡᠩ ᠴᠢᠬᠤᠯᠠ ᠪᠤᠯᠵᠤ ᠪᠠᠢᠨ᠎ᠠ᠃ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠥᠪ ᠦᠵᠡᠯᠲᠡ᠎ᠶ᠋ᠢ ᠪᠤᠢ ᠪᠣᠯᠭᠠᠵᠤ᠂ ᠰᠠᠨᠠᠯ ᠵᠦᠪᠯᠡᠯᠭᠡ ᠲᠤᠷᠠᠳᠤᠨ ᠵᠠᠰᠠᠭ᠎ᠲᠤ ᠲᠤᠰᠠᠯᠠᠬᠤ ᠪᠣᠯ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ ᠮᠥᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠪᠣᠯ ᠪᠠᠰᠠ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ ᠮᠥᠨ ᠪᠦᠬᠡᠳ ᠴᠢᠨᠠᠭ᠍ᠰᠢᠯᠠᠪᠠᠯ ᠨᠡᠩ ᠴᠢᠬᠤᠯᠠ ᠦᠷ᠎ᠡ ᠪᠦᠲᠦᠭᠡᠯ ᠮᠥᠨ ᠭᠡᠳᠡᠭ᠎ᠢ ᠭᠦᠨᠵᠡᠭᠡᠶ ᠲᠠᠨᠢᠬᠤ ᠬᠡᠷᠡᠭ᠌ᠲᠡᠢ᠃ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠪᠠᠢᠴᠠᠭᠠᠨ ᠦᠵᠡᠬᠦ᠌ ᠱᠢᠨᠵᠢᠯᠡᠨ ᠪᠠᠢᠴᠠᠭᠠᠬᠤ᠂ ᠪᠠᠢᠴᠠᠭᠠᠨ ᠰᠤᠳᠤᠯᠬᠤ᠂ ᠵᠥᠪᠯᠡᠯᠭᠡ ᠬᠢᠵᠦ᠍ ᠲᠦᠷᠦ᠎ᠶ᠋ᠢᠨ ᠬᠡᠷᠡᠭ᠎ᠢ ᠵᠥᠪᠯᠡᠬᠦ᠌ ᠵᠡᠷᠭᠡ ᠡᠯ᠎ᠡ ᠵᠦᠢᠯ᠎ᠤᠨ ᠠᠵᠢᠯᠯᠠᠭ᠎ᠠ᠎ᠳᠤ ᠠᠭᠤᠰᠭᠠᠨ ᠣᠷᠣᠭᠤᠯᠵᠤ᠂ ᠰᠠᠨᠠᠯ ᠵᠥᠪᠯᠡᠯᠭᠡ ᠳᠤᠷᠠᠳᠤᠭ᠍ᠰᠠᠨ ᠦᠷ᠎ᠡ ᠪᠦᠲᠦᠭᠡᠯ᠂ ᠦᠵᠡᠯ ᠰᠠᠨᠠᠭᠠᠨ᠎ᠤ ᠣᠯᠤᠯᠲᠠ᠎ᠶ᠋ᠢᠨ ᠲᠠᠯ᠎ᠠ᠎ᠪᠠᠷ ᠨᠢᠭᠡ ᠴᠤᠭ᠍ᠴᠠᠵᠢᠭᠤᠯᠤᠨ ᠲᠥᠯᠥᠪᠯᠡᠵᠦ᠍᠂ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠬᠠᠮᠤᠭ᠎ᠤᠨ ᠶᠡᠭᠡ ᠶᠡᠷᠦᠩᠬᠡᠶ ᠬᠤᠷᠢᠶᠠᠭ᠍ᠴᠢ᠎ᠶ᠋ᠢ ᠡᠷᠢᠯᠬᠢᠯᠡᠵᠦ᠍᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠬᠠᠷᠢᠴᠠᠭ᠎ᠠ᠎ᠶ᠋ᠢ ᠵᠥᠪ ᠱᠢᠢᠳᠪᠦᠷᠢᠯᠡᠵᠦ᠍᠂ ᠶᠡᠭᠡ ᠪᠦᠯᠬᠦᠮᠳᠡᠯ᠎ᠢ ᠪᠠᠷᠢᠮᠳᠠᠯᠠᠪᠠᠴᠤ᠌ 《ᠨᠢᠭᠡ ᠯᠡ ᠦᠩᠭᠡ》 ᠎ᠶ᠋ᠢᠨ ᠪᠤᠯᠭᠠᠬᠤ ᠦᠭᠡᠢ᠂ ᠶᠡᠭᠡ ᠬᠤᠯᠪᠤᠭᠠᠯᠠᠯ᠎ᠢ ᠪᠠᠷᠢᠮᠳᠠᠯᠠᠪᠠᠴᠤ᠌ 《ᠨᠢᠭᠡ ᠯᠡ ᠵᠦᠢᠯ᠎ᠢᠶᠠᠷ ᠬᠢᠬᠦ᠌》 ᠦᠭᠡᠢ ᠪᠠᠢᠬᠤ ᠬᠡᠷᠡᠭ᠌ᠲᠡᠢ᠃ ᠡᠬᠡ ᠣᠷᠣᠨᠴᠢ ᠦᠵᠡᠯ᠂ ᠨᠡᠢᠭᠡᠮ ᠵᠢᠷᠤᠮ᠎ᠤᠨ ᠲᠤᠭ᠎ᠤᠨ ᠳᠣᠣᠷ᠎ᠠ᠂ ᠬᠠᠮᠲᠤ᠎ᠶ᠋ᠢᠨ ᠬᠠᠷᠠᠯᠲᠠ᠎ᠶ᠋ᠢ ᠲᠡᠮᠡᠴᠡᠯ᠎ᠤᠨ ᠬᠥᠳᠡᠯᠭᠡᠬᠦ᠌ ᠬᠦᠴᠦᠨ᠎ᠤ ᠡᠬᠢ ᠰᠤᠷᠪᠤᠯᠵᠢ ᠪᠠ ᠴᠢᠭ᠌ᠯᠡᠯ᠎ᠤᠨ ᠳᠡᠮᠳᠡᠭ ᠪᠣᠯᠭᠠᠵᠤ᠂ ᠠᠳᠠᠯᠢ᠎ᠪᠠᠨ ᠨᠢᠭᠡᠳᠭᠡᠨ ᠵᠦᠷᠢᠶ᠎ᠡ᠎ᠪᠠᠨ ᠦᠯᠡᠳᠡᠭᠡᠵᠤ᠂ ᠠᠳᠠᠯᠢ᠎ᠪᠠᠨ ᠲᠦᠪᠯᠡᠷᠡᠭᠦᠯᠦᠨ ᠵᠦᠷᠢᠶ᠎ᠡ᠎ᠪᠠᠨ ᠠᠷᠢᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠠᠭᠤᠣ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠬᠦᠯᠬᠦ᠌ ᠬᠠᠮᠤᠭ᠎ᠤᠨ ᠶᠡᠭᠡ ᠤᠯᠤᠰ ᠲᠦᠷᠦ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠴᠢᠷᠮᠠᠢᠨ ᠨᠢᠭ᠍ᠲᠠᠷᠠᠭᠤᠯᠵᠤ᠂ ᠬᠠᠮᠤᠭ᠎ᠤᠨ ᠶᠡᠭᠡ ᠢᠵᠢᠯᠢ ᠲᠦᠪᠳᠤ ᠲᠤᠭᠤᠷᠢᠭ᠎ᠢ ᠵᠢᠷᠤᠵᠤ᠂ ᠬᠦᠴᠦᠷᠬᠡᠭ ᠶᠡᠭᠡ ᠲᠥᠪᠯᠡᠩᠭᠦᠶ ᠬᠦᠴᠦᠨ᠎ᠢ ᠪᠤᠢ ᠪᠣᠯᠭᠠᠬᠤ᠎ᠪᠠᠷ ᠴᠢᠷᠮᠠᠢᠬᠤ ᠬᠡᠷᠡᠭ᠌ᠲᠡᠶ᠃ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠳᠤ 《ᠨᠢᠭ᠍ᠲᠠᠷᠠᠭᠤᠯᠬᠤ》 ᠎ᠨᠢ ᠬᠦᠴᠢᠷᠳᠡᠯ᠂ 《ᠬᠠᠮᠲᠤ᠎ᠶ᠋ᠢᠨ ᠲᠠᠨᠢᠯᠲᠠ》 ᠎ᠨᠢ ᠭᠤᠤᠯᠳᠠᠯᠭ᠎ᠠ ᠪᠣᠯᠤᠨ᠎ᠠ᠃ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠨᠢ ᠢᠯᠭᠠᠭ᠎ᠠ ᠦᠭᠡᠢ᠎ᠪᠠᠷ ᠠᠯᠪᠠᠳᠠᠯᠭ᠎ᠠ᠎ᠪᠠᠷ ᠠᠳᠠᠯᠢ ᠪᠣᠯᠭᠠᠬᠤ ᠭᠡᠰᠡᠨ ᠶᠠᠪᠤᠳᠠᠯ ᠪᠢᠰᠢ᠂ ᠬᠠᠷᠢᠨ ᠴᠢᠭ᠌ᠯᠡᠯ᠎ᠲᠠᠢ᠎ᠪᠠᠷ ᠰᠡᠩᠬᠡᠷᠡᠭᠦᠯᠦᠨ ᠳᠠᠭᠠᠭᠤᠯᠬᠤ ᠶᠠᠪᠤᠳᠠᠯ ᠪᠣᠯᠤᠨ᠎ᠠ; ᠭᠠᠭ᠍ᠴᠠ ᠴᠢᠭ᠌ᠯᠡᠯ᠎ᠤᠨ ᠤᠬᠠᠭᠤᠯᠣᠨ ᠨᠣᠮᠯᠠᠬᠤ ᠶᠠᠪᠤᠳᠠᠯ ᠪᠢᠰᠢ᠂ ᠬᠠᠷᠢᠨ ᠬᠠᠷᠢᠯᠴᠠᠨ ᠦᠢᠯᠡᠳᠦᠯᠴᠡᠬᠦ᠌ ᠮᠠᠶᠢᠭ᠎ᠢᠶᠠᠷ ᠵᠥᠪᠳᠡᠯᠴᠡᠨ ᠶᠠᠷᠢᠯᠴᠠᠬᠤ ᠶᠠᠪᠤᠳᠠᠯ ᠪᠤᠯᠤᠨ᠎ᠠ; ᠥᠩᠭᠡᠨ ᠲᠠᠯ᠎ᠠ᠎ᠶ᠋ᠢᠨ ᠬᠠᠰᠢ ᠶᠠᠰᠢ ᠠᠶᠠᠳᠠᠨ ᠳᠠᠭᠠᠬᠤ ᠶᠠᠪᠤᠳᠠᠯ ᠪᠢᠰᠢ᠂ ᠬᠠᠷᠢᠨ ᠳᠣᠲᠣᠭᠠᠳᠤ ᠰᠡᠳᠭᠢᠯ᠎ᠤᠨ ᠭᠦᠨᠵᠡᠭᠡᠶ ᠢᠵᠢᠯᠢᠱᠢᠯ ᠪᠤᠯᠤᠨ᠎ᠠ; ᠠᠪᠤᠨ ᠳᠣᠣᠷ᠎ᠠ᠎ᠪᠠᠨ ᠦᠷ᠎ᠡ ᠳ᠋ᠦᠩ ᠣᠯᠬᠤ ᠶᠠᠪᠤᠳᠠᠯ ᠪᠢᠰᠢ᠂ ᠬᠠᠷᠢᠨ ᠤᠷᠲᠤ ᠤᠳᠠᠭᠠᠨ ᠬᠤᠭᠤᠴᠠᠭᠠᠨ᠎ᠳᠤ ᠢᠳᠡᠭ ᠢᠳᠡᠭ᠎ᠢᠶᠠᠷ ᠨᠦᠯᠦᠭᠡᠯᠡᠬᠦ᠌ ᠶᠠᠪᠤᠳᠠᠯ ᠮᠦᠨ᠃ ᠠᠳᠠᠯᠢ ᠪᠤᠰᠤ ᠰᠠᠨᠠᠯ᠎ᠢ ᠶᠠᠷᠱᠢᠭ ᠭᠡᠵᠤ ᠦᠵᠡᠬᠦ᠂ ᠪᠤᠰᠤᠳ᠎ᠲᠤ ᠠᠯᠪᠠ᠎ᠪᠠᠷ ᠲᠤᠯᠭᠠᠬᠤ᠎ᠶ᠋ᠢ ᠬᠠᠮᠲᠤ᠎ᠶ᠋ᠢᠨ ᠲᠠᠨᠢᠯᠲᠠ ᠭᠡᠬᠦ᠂ ᠨᠡᠪᠲᠡᠷᠡᠯᠴᠡᠨ ᠵᠥᠪᠳᠡᠯᠴᠡᠬᠦ᠌᠎ᠶ᠋ᠢ ᠶᠠᠷᠱᠢᠭ ᠲᠦᠪᠡᠭ ᠬᠡᠮᠡᠬᠦ᠌ ᠵᠡᠷᠭᠡ ᠪᠤᠷᠤᠭᠤ ᠦᠵᠡᠯᠲᠡ᠎ᠶ᠋ᠢ ᠲᠠᠶᠠᠭ᠍ᠳᠠᠵᠤ᠂ ᠶᠣᠰᠣ ᠵᠢᠷᠤᠮ᠎ᠢᠶᠠᠷ ᠨᠦᠬᠦᠷᠯᠡᠨ᠂ ᠦᠨᠡᠨᠴᠢ ᠱᠢᠳᠣᠷᠭᠤ ᠬᠠᠨᠳᠤᠵᠤ᠂ ᠶᠣᠰᠣ᠎ᠪᠠᠷ ᠤᠯᠠᠨ᠎ᠢ ᠪᠢᠱᠢᠷᠡᠭᠦᠯᠦᠨ᠂ ᠵᠦᠪᠳᠡᠯᠴᠡᠵᠤ ᠪᠠᠢᠭᠠᠳ ᠠᠳᠠᠯᠢ ᠲᠠᠯ᠎ᠠ᠎ᠪᠠᠨ ᠡᠷᠢᠵᠦ᠍᠂ ᠰᠤᠷᠤᠯᠴᠠᠯᠭ᠎ᠠ᠎ᠪᠠᠨ ᠲᠠᠰᠤᠷᠠᠯᠳᠠ ᠦᠭᠡᠢ ᠴᠢᠩᠭᠠᠳᠭᠠᠬᠤ᠎ᠪᠠᠷ ᠳᠠᠮᠵᠢᠭᠤᠯᠤᠨ ᠬᠠᠮᠲᠤ᠎ᠶ᠋ᠢᠨ ᠲᠠᠨᠢᠯᠲᠠ᠎ᠶ᠋ᠢ ᠲᠣᠳᠣᠷᠬᠠᠢᠯᠠᠵᠤ᠂ ᠵᠥᠪᠳᠡᠯᠴᠡᠨ ᠰᠣᠯᠢᠯᠴᠠᠬᠤ᠎ᠪᠠᠷ ᠳᠠᠮᠵᠢᠭᠤᠯᠤᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠪᠦᠯᠬᠦᠮᠳᠡᠯ — ᠱᠢᠭᠦᠮᠵᠢᠯᠡᠯ — ᠪᠦᠯᠬᠦᠮᠳᠡᠯ᠎ᠢᠶᠠᠷ ᠳᠠᠮᠵᠢᠭᠤᠯᠤᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠬᠦ᠌ ᠬᠡᠷᠡᠭ᠌ᠲᠡᠶ᠃ ᠠᠵᠢᠯ᠎ᠤᠨ ᠪᠣᠳᠠᠲᠤ ᠪᠦᠲᠦᠮᠵᠢᠲᠦ ᠴᠢᠨᠠᠷ᠎ᠢ ᠴᠢᠩᠭᠠᠳᠭᠠᠵᠤ᠂ ᠬᠦᠴᠢᠷ ᠲᠦᠪᠡᠭ᠌ᠲᠡᠶ᠂ ᠬᠠᠯᠠᠮᠱᠢᠯ᠂ ᠠᠩᠬᠠᠷᠣᠯ ᠲᠥᠪᠯᠡᠷᠡᠭ᠌ᠰᠡᠨ ᠠᠰᠠᠭᠤᠳᠠᠯ ᠪᠠ ᠣᠨᠴᠠᠭᠠᠢ ᠬᠠᠮᠲᠤᠯᠢᠭ᠎ᠤᠨ ᠠᠱᠢᠭ ᠲᠤᠰᠠ᠎ᠶ᠋ᠢᠨ ᠬᠦᠰᠡᠯ ᠱᠠᠭᠠᠷᠳᠠᠯᠭ᠎ᠠ᠎ᠳᠤ ᠴᠢᠭ᠌ᠯᠡᠭᠦᠯᠦᠨ᠂ ᠢᠨᠲ᠋ᠧᠷ ᠰᠦᠯᠵᠢᠶᠡᠨ᠎ᠤ ᠬᠥᠭ᠌ᠵᠢᠯᠲᠡ᠎ᠶ᠋ᠢᠨ ᠬᠥᠮᠦᠰ᠎ᠤᠨ ᠦᠵᠡᠯ ᠰᠠᠨᠠᠭ᠎ᠠ ᠣᠢᠯᠠᠭᠠᠭ᠍ᠳᠠᠬᠤᠨ᠎ᠳᠤ ᠦᠵᠡᠭᠦᠯᠬᠦ᠌ ᠨᠥᠯᠥᠭᠡ᠎ᠳᠤ ᠵᠣᠬᠢᠴᠠᠭᠤᠯᠤᠨ᠂ ᠦᠨᠳᠦᠰᠦᠨ ᠱᠠᠳᠤ ᠪᠠ ᠡᠲᠡᠭᠡᠳ᠎ᠤᠨ ᠢᠯᠭᠠᠯ᠎ᠤᠨ ᠤᠯᠠᠨ ᠳᠦᠮᠡᠨ᠎ᠤ ᠳᠤᠮᠳᠠ ᠬᠦᠨᠵᠡᠭᠡᠢᠷᠡᠨ ᠬᠠᠷᠠᠯᠲᠠ᠎ᠲᠠᠢ᠎ᠪᠠᠷ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠬᠤ᠂ ᠰᠠᠨᠠᠭ᠎ᠠ ᠰᠡᠳᠭᠢᠯᠭᠡ᠎ᠶ᠋ᠢ ᠱᠢᠯᠤᠭᠤᠳᠭᠠᠬᠤ᠂ ᠪᠦᠯᠬᠦᠮᠳᠡᠯ᠎ᠢ ᠨᠡᠮᠡᠭ᠌ᠳᠡᠭᠦᠯᠬᠦ᠌ ᠠᠵᠢᠯ᠎ᠢ ᠰᠠᠢᠲᠤᠷ ᠬᠢᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠨᠢ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢᠨ ᠳᠡᠭᠡᠷ᠎ᠡ ᠵᠥᠷᠢᠴᠡᠯ᠎ᠢ ᠠᠷᠢᠯᠭᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠬᠤᠯᠠ ᠠᠷᠭ᠎ᠠ ᠵᠠᠮ ᠪᠣᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠠᠷᠠᠳ ᠲᠥᠮᠡᠨ᠎ᠢ ᠤᠳᠤᠷᠢᠳᠤᠨ ᠤᠯᠤᠰ᠎ᠢ ᠪᠥᠲᠦᠮᠵᠢᠲᠡᠢ ᠵᠠᠰᠠᠬᠤ᠎ᠳᠤ ᠤᠯᠤᠰ ᠲᠦᠷᠦ᠎ᠶ᠋ᠢᠨ ᠰᠠᠭᠤᠷᠢ᠂ ᠨᠡᠢᠭᠡᠮ᠎ᠤᠨ ᠰᠠᠭᠤᠷᠢ᠎ᠶ᠋ᠢ ᠵᠤᠵᠠᠭᠠᠳᠭᠠᠬᠤ ᠬᠡᠷᠡᠭ᠌ᠲᠡᠶ᠃
     (ᠲᠦᠷᠪᠡ) ᠭᠡᠱᠢᠭᠦᠳ᠎ᠤᠨ ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠨ᠎ᠠ᠃ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ ᠪᠣᠯ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠲᠥᠯᠥᠭᠡᠯᠡᠭ᠌ᠴᠢ᠂ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠪᠡᠶᠡᠴᠢ ᠴᠣᠭ᠍ᠴᠠ ᠮᠥᠨ᠂ ᠨᠥᠯᠥᠭᠡ ᠶᠡᠭᠡ᠂ ᠢᠷᠠᠭᠤ ᠠᠯᠳᠠᠷ ᠥᠨᠳᠥᠷ᠂ ᠬᠠᠷᠢᠭᠤᠴᠠᠯᠭ᠎ᠠ ᠬᠦᠨᠳᠦ ᠪᠠᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠪᠦᠷᠢ᠎ᠨᠢ ᠬᠥᠮᠦᠰ᠎ᠤᠨ ᠠᠩᠬᠠᠷᠤᠯ᠎ᠢ ᠥᠷᠭᠡᠨ᠎ᠢᠶᠠᠷ ᠳᠠᠳᠠᠵᠤ᠂ ᠬᠠᠷᠢᠭᠤᠴᠠᠯᠭ᠎ᠠ ᠡᠭᠦᠷᠭᠡᠯᠡᠵᠦ᠍ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠨᠢ ᠵᠠᠢᠯᠠᠭᠤᠯᠵᠤ ᠪᠣᠯᠤᠰᠢ ᠦᠭᠡᠢ ᠶᠤᠮ᠃ ᠬᠠᠷᠢᠭᠤᠴᠠᠯᠭ᠎ᠠ᠎ᠪᠠᠨ ᠴᠢᠩᠭᠠᠳᠭᠠᠨ ᠵᠤᠷᠢᠭ᠍ᠳᠠᠢ᠎ᠪᠠᠷ ᠬᠠᠷᠢᠭᠤᠴᠠᠯᠭ᠎ᠠ ᠡᠬᠦᠷᠭᠡᠯᠡᠵᠤ᠂ ᠤᠯᠤᠰ᠎ᠤᠨ ᠲᠥᠯᠥᠭᠡ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠠᠷᠠᠳ ᠲᠦᠮᠡᠨ᠎ᠤ ᠲᠥᠯᠥᠭᠡ ᠬᠠᠷᠢᠭᠤᠴᠠᠯᠭ᠎ᠠ ᠭᠦᠢᠴᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠤ ᠪᠠᠢᠭ᠍ᠰᠠᠨ ᠴᠦ᠍᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠪᠠᠢᠭ᠍ᠰᠠᠨ ᠴᠤ᠌ ᠴᠥᠮ ᠢᠷᠠᠭᠤ ᠠᠯᠳᠠᠷ᠎ᠢᠶᠠᠨ ᠨᠠᠨᠳᠢᠩᠨᠠᠵᠤ᠂ ᠬᠠᠷᠢᠭᠤᠴᠠᠯᠭ᠎ᠠ᠎ᠪᠠᠨ ᠮᠡᠳᠡᠵᠤ ᠳᠠᠪᠱᠢᠬᠤ᠎ᠶ᠋ᠢ ᠪᠤᠳᠤᠵᠤ᠂ ᠬᠦᠨᠳᠡᠯᠡᠨ᠎ᠠᠴᠠ ᠬᠠᠷᠠᠬᠤ ᠪᠤᠳᠤᠯ ᠡᠪᠦᠷᠯᠡᠬᠦ᠌ ᠦᠭᠡᠢ᠂ ᠨᠠᠵᠠᠭᠠᠢ ᠠᠵᠢᠯᠯᠠᠭ᠎ᠠ ᠬᠢᠬᠦ᠌ ᠦᠭᠡᠢ᠂ ᠨᠡᠷ᠎ᠡ ᠠᠱᠢᠭ᠎ᠢ ᠬᠥᠭᠡᠭᠡᠴᠡᠯᠳᠦᠬᠦ᠌ ᠦᠭᠡᠢ ᠪᠠᠢᠵᠤ᠂ ᠰᠡᠳᠭᠢᠯ᠎ᠢ ᠨᠢᠭᠡᠳᠭᠡᠨ ᠬᠦᠴᠦ᠎ᠶ᠋ᠢ ᠬᠠᠮᠲᠤᠳᠭᠠᠬᠤ᠂ ᠪᠤᠳᠤᠯᠭ᠎ᠠ ᠲᠣᠭ᠍ᠲᠠᠭᠠᠬᠤ᠎ᠳᠤ ᠵᠥᠪᠯᠡᠯᠭᠡ ᠥᠭ᠌ᠬᠦ᠂ ᠵᠥᠪᠯᠡᠬᠦ᠌ ᠠᠷᠠᠳᠴᠢᠯᠠᠯ᠂ ᠤᠯᠤᠰ᠎ᠤᠨ ᠵᠠᠰᠠᠯᠲᠠ᠎ᠶ᠋ᠢᠨ ᠡᠮᠦᠨ᠎ᠡ ᠹᠷᠣᠨᠲ᠎ᠲᠤ ᠤᠬᠠᠮᠰᠠᠷ᠎ᠠᠴᠠ᠎ᠪᠠᠨ ᠣᠷᠣᠯᠴᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠢᠳᠡᠪᠬᠢ ᠬᠦᠴᠦᠨ ᠪᠣᠯᠬᠤ ᠬᠡᠷᠡᠭ᠌ᠲᠡᠢ᠃ ᠴᠢᠳᠠᠪᠤᠷᠢ᠎ᠪᠠᠨ ᠳᠡᠭᠡᠭ᠌ᠰᠢᠯᠡᠭᠦᠯᠵᠦ᠍ ᠬᠠᠷᠢᠭᠤᠴᠠᠯᠭ᠎ᠠ᠎ᠶ᠋ᠢ ᠴᠢᠳᠠᠮᠠᠭᠠᠢ ᠡᠭᠦᠷᠭᠡᠯᠡᠵᠦ᠍᠂ ᠲᠦᠷᠦ᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠱᠠᠭᠠᠷᠳᠠᠯᠭ᠎ᠠ᠎ᠳᠤ ᠵᠣᠬᠢᠴᠠᠭᠤᠯᠤᠨ᠂ ᠤᠨᠤᠯ᠎ᠤᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠨᠣᠮ ᠤᠩᠱᠢᠬᠤ ᠠᠵᠢᠯᠯᠠᠭ᠎ᠠ᠎ᠶ᠋ᠢ ᠥᠷᠨᠢᠭᠦᠯᠦᠨ᠂ 《ᠪᠢᠴᠢᠭ᠎ᠤᠨ ᠰᠤᠷᠪᠤᠯᠵᠢᠲᠤ ᠤᠯᠤᠰ ᠲᠦᠷᠦ᠎ᠶ᠋ᠢᠨ ᠵᠥᠪᠯᠡᠯᠭᠡᠨ》 ᠎ᠢ ᠪᠠᠢᠭᠤᠯᠵᠤ᠂ ᠤᠯᠤᠰ ᠲᠦᠷᠦ᠎ᠶ᠋ᠢᠨ ᠡᠵᠡᠮᠳᠡᠬᠦ᠌ ᠴᠢᠳᠠᠪᠤᠷᠢ᠂ ᠪᠠᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ᠎ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ᠎ᠪᠠᠨ ᠴᠢᠩᠭᠠᠳᠭᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠎ᠶ᠋ᠢᠨ ᠬᠡᠷᠡᠭ᠎ᠢ ᠵᠥᠪᠯᠡᠬᠦ᠌᠎ᠳᠡᠭᠡᠨ ᠴᠢᠳᠠᠮᠠᠭᠠᠶ᠂ ᠰᠠᠬᠢᠯᠭ᠎ᠠ ᠪᠠᠲᠤ᠎ᠶ᠋ᠢ ᠰᠠᠬᠢᠵᠤ᠂ ᠶᠣᠰᠣ ᠲᠦᠷᠢᠮ᠎ᠢ ᠡᠷᠬᠢᠮᠯᠡᠨ᠂ ᠵᠠᠩ ᠰᠤᠷᠲᠠᠯ᠎ᠢ ᠴᠢᠬᠤᠯᠠᠴᠢᠯᠠᠵᠤ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠪᠠᠢᠭᠤᠯᠤᠯ᠎ᠢ ᠬᠠᠮᠠᠭᠠᠯᠠᠨ ᠵᠢᠷᠤᠮᠯᠠᠬᠤ᠎ᠶ᠋ᠢ ᠤᠯᠤᠰ ᠲᠦᠷᠦ᠎ᠶ᠋ᠢᠨ ᠵᠥᠪᠯᠡᠯᠭᠡᠨ᠎ᠤ ᠡᠯ᠎ᠡ ᠵᠦᠢᠯ᠎ᠤᠨ ᠠᠵᠢᠯ᠎ᠳᠤ ᠢᠳᠡᠪᠬᠢᠲᠡᠶ ᠪᠥᠭᠡᠳ ᠪᠦᠲᠦᠮᠵᠢᠲᠡᠶ᠎ᠪᠠᠷ ᠣᠷᠣᠯᠴᠠᠬᠤ ᠳᠤᠮᠳᠠ ᠨᠠᠢᠳᠠᠪᠤᠷᠢᠵᠢᠭᠤᠯᠬᠤ ᠬᠡᠷᠡᠭ᠌ᠲᠡᠶ᠃ ᠦᠨᠡᠨ ᠬᠦ᠌ ᠬᠠᠷᠢᠭᠤᠴᠠᠯᠭ᠎ᠠ ᠡᠭᠦᠷᠭᠡᠯᠡᠬᠦ᠌᠎ᠶ᠋ᠢᠨ ᠵᠢᠱ᠌ᠢᠶᠡᠴᠢ ᠳᠠᠭᠠᠭᠤᠯᠤᠭ᠍ᠴᠢ ᠪᠤᠯᠵᠤ᠂ ᠵᠣᠷᠢᠭ᠍ᠲᠠᠶ ᠠᠵᠢᠯᠯᠠᠬᠤ᠎ᠶ᠋ᠢ ᠲᠡᠷᠢᠭᠦᠨ᠎ᠳᠤ ᠲᠠᠯᠪᠢᠨ᠂ ᠤᠯᠤᠰ ᠲᠦᠷᠦ᠎ᠶ᠋ᠢᠨ ᠵᠥᠪᠯᠡᠯᠭᠡᠨ ᠪᠣᠯ ᠤᠯᠤᠰ ᠲᠦᠷᠦ᠎ᠶ᠋ᠢᠨ ᠵᠣᠬᠢᠶᠠᠨ ᠪᠠᠢᠭᠤᠯᠤᠯᠲᠠ ᠮᠥᠨ ᠭᠡᠳᠡᠭ᠎ᠢ ᠭᠦᠢᠴᠡᠳ ᠲᠠᠨᠢᠵᠤ᠂ ᠤᠯᠤᠰ ᠲᠦᠷᠦ᠎ᠶ᠋ᠢᠨ ᠵᠣᠭ᠍ᠰᠣᠯᠲᠠ᠎ᠶ᠋ᠢᠨ ᠲᠠᠯ᠎ᠠ᠎ᠪᠠᠷ ᠳᠠᠳᠠᠭᠠᠯᠵᠠᠬᠤ ᠦᠭᠡᠢ᠂ ᠤᠯᠤᠰ ᠲᠦᠷᠦ᠎ᠶ᠋ᠢᠨ ᠵᠠᠷᠴᠢᠮ ᠳᠡᠭᠡᠷ᠎ᠡ ᠭᠤᠢᠪᠢᠯᠵᠠᠬᠤ ᠦᠭᠡᠢ ᠪᠠᠢᠵᠤ᠂ ᠵᠠᠩᠭᠢᠯᠠᠭ᠎ᠠ᠎ᠶ᠋ᠢᠨ ᠦᠶ᠎ᠡ᠎ᠳᠤ ᠨᠠᠢᠳᠠᠪᠤᠷᠢᠲᠠᠶ ᠪᠠᠢᠵᠤ᠂ ᠵᠤᠷᠢᠭ᠍ᠳᠠᠢ᠎ᠪᠠᠷ ᠭᠠᠷᠴᠤ᠌ ᠢᠷᠡᠨ᠂ ᠵᠣᠷᠢᠭ᠍ᠲᠠᠶ᠎ᠪᠠᠷ ᠥᠭᠡ ᠬᠡᠯᠡᠵᠥ᠍᠂ ᠵᠣᠭ᠍ᠰᠣᠯᠲᠠ ᠪᠠᠲᠤ᠌᠂ ᠲᠣᠱᠢᠶᠠᠯ ᠬᠠᠷᠢᠭᠤᠴᠠᠯᠭ᠎ᠠ᠎ᠪᠠᠨ ᠵᠢᠱ᠌ᠢᠶᠡᠴᠢ᠎ᠪᠠᠷ ᠭᠦᠢᠴᠡᠳᠭᠡᠬᠦ᠌ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠬᠠᠷᠢᠭᠤᠴᠠᠯᠭᠠᠲᠤ ᠭᠡᠱᠢᠭᠦᠨ᠎ᠤ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠵᠦ᠍᠂ ᠬᠠᠷᠢᠯᠴᠠᠵᠤ ᠪᠠᠢᠭ᠎ᠠ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠢ ᠨᠥᠯᠥᠭᠡᠯᠡᠨ ᠳᠠᠢᠴᠢᠯᠠᠵᠤ ᠬᠠᠮᠲᠤ᠎ᠪᠠᠷ ᠤᠷᠤᠭ᠍ᠰᠢᠯᠠᠵᠤ᠂ ᠬᠠᠮᠲᠤ᠎ᠪᠠᠷ ᠳᠠᠪᠱᠢᠬᠤ ᠬᠡᠷᠡᠭ᠌ᠲᠡᠶ᠃
     ᠭᠡᠱᠢᠭᠦᠳ ᠡ! 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢᠨ ᠲᠡᠣᠬᠡᠨ ᠠᠭᠤᠯᠵᠠᠷ ᠳᠡᠭᠡᠷ᠎ᠡ᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠡᠭᠦᠷᠭᠡ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠤᠨ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠦᠢᠯᠡᠰ᠎ᠤᠨ ᠱᠢᠨ᠎ᠡ ᠪᠠᠢᠳᠠᠯ᠎ᠢ ᠴᠢᠷᠮᠠᠢᠨ ᠨᠡᠭᠡᠭᠡᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠱᠢᠢᠳᠪᠤᠷᠢᠳᠤ ᠢᠯᠠᠯᠲᠠ᠎ᠶ᠋ᠢ ᠤᠯᠬᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠲᠡᠮᠡᠴᠡᠨ ᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ᠌᠎ᠶ᠋ᠢᠨ ᠲᠥᠯᠥᠭᠡ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠣᠶ᠎ᠡ!
      (ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 27 ᠎ᠤ ᠴᠠᠬᠢᠯᠭᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ᠎ᠶ᠋ᠢᠨ ᠳᠣᠪᠴᠢᠶ᠎ᠠ ᠣᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号