ᠦᠪᠡᠷᠳᠡᠭᠡᠨ ᠵᠠᠰᠠᠬᠤ ᠤᠷᠤᠨ᠎ᠤ ᠲᠤᠳᠤᠭᠠᠳᠤ᠎ᠶ᠋ᠢ ᠬᠠᠮᠠᠭᠠᠯᠠᠬᠤ ᠲᠢᠩᠬᠢᠮ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠬ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2020-06-09 11:14:19
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

     ᠦᠪᠡᠷᠳᠡᠭᠡᠨ ᠵᠠᠰᠠᠬᠤ ᠤᠷᠤᠨ᠎ᠤ ᠲᠤᠳᠤᠭᠠᠳᠤ᠎ᠶ᠋ᠢ ᠬᠠᠮᠠᠭᠠᠯᠠᠬᠤ ᠲᠢᠩᠬᠢᠮ ᠤᠢ᠍ᠢᠷ᠎ᠠ᠎ᠳᠤ ᠨᠠᠮ᠎ᠤᠨ ᠬᠤᠷᠢᠶ᠎ᠠ᠎ᠶ᠋ᠢᠨ ᠬᠤᠷᠠᠯ ᠬᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠪᠠ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠬ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃
     ᠬᠤᠷᠠᠯ᠎ᠠᠴᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠱᠠᠭᠠᠷᠳᠠᠯᠭ᠎ᠠ ᠶᠤᠰᠤᠭᠠᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠠᠵᠢᠯ᠂ ᠤᠯᠤᠰ ᠲᠦᠷᠦ᠍ ᠬᠠᠤᠯᠢ ᠴᠠᠭᠠᠵᠠ ᠲᠤᠳᠤᠭᠠᠳᠤ᠎ᠶ᠋ᠢ ᠬᠠᠮᠠᠭᠠᠯᠠᠬᠤ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ᠎ᠶ᠋ᠢᠨ ᠵᠤᠷᠢᠬ ᠰᠠᠨᠠᠭ᠎ᠠ᠎ᠶ᠋ᠢ ᠯᠠᠪᠳᠠᠭᠤᠨ ᠪᠠᠳᠤᠳᠠᠢ ᠬᠦᠨᠵᠡᠬᠡᠢ ᠰᠤᠷᠤᠯᠴᠠᠨ ᠤᠢ᠍ᠢᠯᠠᠭᠠᠵᠤ᠂ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠤᠯᠤᠭᠠᠢ᠎ᠪᠠᠨ ᠵᠡᠪᠰᠡᠭ᠌ᠯᠡᠨ ᠦᠢᠯᠡᠳᠦᠯᠬᠡ᠎ᠪᠠᠨ ᠵᠢᠯᠤᠭᠤᠳᠤᠭᠤᠯᠵᠣ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠪᠦᠬᠦ᠌ ᠤᠷᠤᠨ᠎ᠤ ᠲᠤᠳᠤᠭᠠᠳᠤ᠎ᠶ᠋ᠢ ᠬᠠᠮᠠᠭᠠᠯᠠᠬᠤ ᠡᠯ᠎ᠡ ᠵᠦᠢᠯ᠎ᠤᠨ ᠠᠵᠢᠯ᠎ᠳᠤ ᠲᠤᠭᠤᠱᠢᠯᠠᠭᠤᠯᠵᠣ᠂ 《ᠲᠦᠷᠪᠡᠨ ᠤᠬᠠᠮᠰᠠᠷ》 ᠎ᠢᠶᠠᠨ ᠴᠢᠩᠭᠠᠷᠠᠭᠤᠯᠵᠣ 《ᠲᠦᠷᠪᠡᠨ ᠢᠳᠡᠬᠡᠯ》 ᠎ᠢᠶᠠᠨ ᠪᠠᠳᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠬᠦ᠌᠎ᠶ᠋ᠢ ᠪᠤᠳᠠᠳᠣ ᠠᠵᠢᠯᠯᠠᠭ᠎ᠠ ᠲᠡᠭᠡᠷ᠎ᠡ᠎ᠪᠠᠨ ᠨᠠᠢᠳᠠᠪᠤᠷᠢᠵᠢᠭᠤᠯᠬᠤ ᠬᠡᠷᠡᠭ᠌ᠳᠡᠢ᠃ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠨᠠᠮ᠎ᠤᠨ ᠲᠦᠪ ᠬᠤᠷᠢᠶ᠎ᠠ᠎ᠶ᠋ᠢᠨ ᠡᠯ᠎ᠡ ᠵᠦᠢᠯ᠎ᠤᠨ ᠱᠢᠢᠳᠪᠦᠷᠢᠳᠦ ᠪᠤᠳᠤᠯᠭ᠎ᠠ ᠪᠠᠢᠷᠢᠯᠠᠭᠤᠯᠤᠯᠳᠠ᠎ᠶ᠋ᠢ ᠡᠷᠡᠰ ᠰᠠᠢᠳᠤᠷ ᠨᠠᠢᠳᠠᠪᠤᠷᠢᠵᠢᠭᠤᠯᠬᠤ ᠬᠡᠷᠡᠭ᠌ᠳᠡᠢ᠃ 《ᠠᠮᠤᠷ ᠠᠮᠤᠭᠤᠯᠠᠩ ᠦᠪᠦᠷ ᠮᠤᠩᠭᠤᠯ》 ᠎ᠤᠨ ᠪᠠᠢᠭᠤᠯᠤᠯᠳᠠ᠎ᠶ᠋ᠢ ᠯᠠᠪᠳᠠᠭᠤᠨ ᠪᠠᠳᠤᠳᠠᠢ ᠠᠬᠢᠭᠤᠯᠵᠣ᠂ ᠲᠦᠭ᠌ᠰᠢᠬᠦᠷᠢ᠎ᠶ᠋ᠢ ᠰᠡᠷᠬᠡᠢᠯᠡᠬᠦ᠂ ᠠᠮᠤᠷ ᠲᠦᠪᠱᠢᠨ᠎ᠢ ᠬᠠᠮᠠᠭᠠᠯᠠᠬᠤ᠂ ᠲᠤᠬ᠍ᠳᠠᠭᠤᠨ᠎ᠢ ᠪᠠᠳᠣᠯᠠᠬᠤ ᠡᠯ᠎ᠡ ᠵᠦᠢᠯ᠎ᠤᠨ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠳᠤᠷ ᠬᠢᠵᠦ᠍᠂ ᠴᠢᠨᠡᠬᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠳᠦ ᠢᠯᠠᠯᠳᠠ᠎ᠶ᠋ᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ ᠬᠢᠬᠦ᠌᠎ᠳᠤ ᠠᠮᠤᠷ ᠲᠤᠬ᠍ᠳᠠᠭᠤᠨ ᠤᠯᠤᠰ ᠲᠦᠷᠦ᠍ ᠨᠡᠢᠬᠡᠮ᠎ᠤᠨ ᠤᠷᠴᠢᠨ᠎ᠢ ᠡᠬᠦᠳᠴᠦ᠍ ᠦᠭ᠌ᠬᠦ ᠬᠡᠷᠡᠭ᠌ᠳᠡᠢ᠃ ᠨᠠᠮ᠎ᠢ ᠴᠢᠩᠭ᠎ᠠ ᠬᠠᠮᠢᠶᠠᠷᠴᠤ᠌ ᠴᠠᠬ᠍ᠳᠠᠭ᠎ᠠ᠎ᠶ᠋ᠢ ᠴᠢᠩᠭ᠎ᠠ ᠵᠠᠰᠠᠬᠤ ᠠᠵᠢᠯ᠎ᠢ ᠰᠠᠢᠳᠤᠷ ᠠᠳᠭᠤᠵᠤ᠂ ᠰᠠᠬᠢᠯᠭ᠎ᠠ ᠪᠠᠳᠤ ᠬᠡᠪ ᠰᠤᠷᠳᠠᠯ᠎ᠢ ᠴᠡᠭ᠌ᠴᠡᠯᠡᠬᠦ᠌ ᠠᠵᠢᠯ᠎ᠢ ᠬᠦᠨᠵᠡᠬᠡᠢ ᠦᠷᠨᠢᠬᠦᠯᠵᠦ᠍᠂ ᠰᠤᠷᠳᠠᠯ ᠴᠢᠬᠡᠴᠢ ᠤᠪᠤᠷ ᠲᠦᠪ ᠤᠯᠤᠰ ᠲᠦᠷᠦ᠎ᠶ᠋ᠢᠨ ᠠᠮᠢ ᠠᠬᠤᠢ᠎ᠶ᠋ᠢ ᠴᠢᠷᠮᠠᠢᠨ ᠡᠭᠦᠳᠬᠦ᠌ ᠬᠡᠷᠡᠭ᠌ᠳᠡᠢ ᠬᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号