ᠵᠢᠶᠠ ᠷᠦᠨ ᠠᠨ᠄ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ᠎ᠢ ᠤᠶᠠᠯᠳᠤᠭᠤᠯᠤᠬ᠍ᠰᠠᠨ ᠬᠦᠭ᠌ᠵᠢᠯᠲᠡ᠎ᠶ᠋ᠢᠨ ᠵᠠᠮ᠎ᠢᠶᠠᠷ ᠵᠠᠮᠨᠠᠨ᠎ᠠ
2020-06-09 11:14:37
ᠵᠣᠬᠢᠶᠠᠭ᠍ᠴᠢ᠄
ᠸ᠊ · ᠭᠡᠷᠡᠯᠳᠤ
ᠣᠩᠱᠢᠭ᠍ᠰᠠᠨ ᠣᠳᠠᠭ᠎ᠠ᠄
★★★☆☆

     6 ᠰᠠᠷ᠎ᠠ᠎ᠶ᠋ᠢᠨ 5 ᠎ᠤ ᠡᠳᠦᠷ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠂ ᠱᠧᠨ ᠬᠤᠸᠠ ᠪᠤᠭᠤᠲᠤ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠠᠷᠢᠭᠤᠴᠠᠯᠭᠠᠳᠤ ᠺᠤᠮᠫᠠᠨᠢ᠎ᠶ᠋ᠢᠨ ᠬᠦᠢᠴᠡᠳᠭᠡᠬᠦ᠌ ᠬᠡᠷᠡᠭ ᠮᠡᠳᠡᠭ᠌ᠴᠢ᠂ ᠶᠡᠷᠦᠩᠬᠡᠢ ᠵᠠᠬᠢᠷᠤᠯ ᠵᠢᠶᠠ ᠷᠦᠨ ᠠᠨ ᠪᠤᠭᠤᠲᠤ ᠬᠤᠪᠤᠷ ᠱᠢᠷᠤᠢ᠎ᠶ᠋ᠢᠨ ᠲᠡᠭᠡᠳᠤ ᠱᠢᠨ᠎ᠠ ᠮᠡᠷᠭᠡᠵᠢᠯ᠎ᠤᠨ ᠲᠤᠭᠤᠷᠢᠭ᠎ᠲᠤ ᠢᠷᠡᠵᠦ᠍ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠡᠢ᠃ ᠪᠤᠭᠤᠲᠤ ᠬᠤᠪᠤᠷ ᠱᠢᠷᠤᠢ᠎ᠶ᠋ᠢᠨ ᠲᠡᠭᠡᠳᠦ ᠱᠢᠨ᠎ᠠ ᠮᠡᠷᠭᠡᠵᠢᠯ᠎ᠤᠨ ᠲᠤᠭᠤᠷᠢᠭ᠎ᠤᠨ ᠠᠯᠪᠠᠨ ᠪᠠᠢᠭᠤᠯᠭ᠎ᠠ᠎ᠶ᠋ᠢᠨ ᠺᠠᠳ᠋ᠷ ᠪᠤᠯᠤᠨ ᠠᠵᠤ ᠠᠬᠤᠢ᠍ᠢᠯᠠᠯ᠎ᠤᠨ ᠤᠳᠤᠷᠢᠳᠤᠯᠭ᠎ᠠ ᠵᠡᠷᠬᠡ 100 ᠭᠠᠷᠤᠢ ᠬᠦᠮᠦᠨ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠪᠠ᠃
     ᠵᠢᠶᠠ ᠷᠦᠨ ᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠂ ᠵᠠᠰᠠᠭ᠎ᠤᠨ ᠤᠷᠳᠤᠠ᠎ᠤ ᠠᠵᠢᠯ᠎ᠤᠨ ᠢᠯᠡᠳᠭᠡᠯ᠎ᠤᠨ ᠭᠤᠤᠯ ᠠᠭᠤᠯᠭ᠎ᠠ᠎ᠶ᠋ᠢ ᠪᠤᠳᠠᠳᠤ ᠠᠵᠢᠯ᠎ᠲᠠᠢ᠎ᠪᠠᠨ ᠤᠶᠠᠯᠳᠤᠭᠤᠯᠤᠨ ᠠᠮᠢᠳᠤᠯᠢᠭ ᠲᠠᠢᠯᠪᠤᠷᠢᠯᠠᠬᠤ᠎ᠶ᠋ᠢᠨ ᠬᠠᠮᠳᠤ ᠬᠤᠷᠠᠯ᠎ᠳᠤ ᠤᠷᠤᠯᠴᠠᠬ᠍ᠰᠠᠨ ᠲᠦᠷᠦᠭ᠌ᠳᠡᠯ᠎ᠢᠶᠠᠨ ᠤᠯᠠᠨ᠎ᠲᠠᠢ ᠬᠤᠪᠢᠶᠠᠯᠴᠠᠯ᠎ᠠ᠃
     ᠲᠠᠷᠠᠭ᠎ᠠ᠎ᠨᠢ ᠵᠢᠶᠠ ᠷᠦᠨ ᠠᠨ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠤᠷ ᠱᠢᠷᠤᠢ᠎ᠶ᠋ᠢᠨ ᠰᠤᠳᠤᠯᠭᠠᠨ᠎ᠤ ᠲᠦᠪ᠎ᠲᠤ ᠢᠷᠡᠵᠦ᠍᠂ ᠰᠤᠳᠤᠯᠭᠠᠳᠠᠳ᠎ᠲᠠᠢ ᠨᠢᠭᠤᠷᠳᠠᠨ ᠶᠠᠷᠢᠯᠴᠠᠵᠦ᠍ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠯᠠᠮᠵᠢᠯᠠᠪᠠ᠃ ᠲᠡᠷᠡ᠎ᠪᠠᠷ ᠬᠤᠶᠠᠷ ᠬᠤᠷᠠᠯ᠎ᠤᠨ ᠵᠤᠷᠢᠭ ᠰᠠᠨᠠᠭ᠎ᠠ᠎ᠲᠠᠢ ᠤᠶᠠᠯᠳᠤᠭᠤᠯᠤᠨ ᠠᠵᠤ ᠦᠢᠯᠡᠰ᠎ᠤᠨ ᠪᠦᠳᠤᠴᠠ᠎ᠳᠤ ᠲᠤᠬᠢᠷᠠᠭᠤᠯᠤᠯᠳᠠ ᠬᠢᠵᠥ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨᠡᠴᠢᠯᠡᠯᠳᠡ᠎ᠪᠠᠷ ᠬᠤᠪᠤᠷ ᠱᠢᠷᠤᠢ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠭ᠌ᠵᠢᠬᠦᠯᠬᠦ᠌ ᠠᠭᠤᠯᠭ᠎ᠠ᠎ᠶ᠋ᠢ ᠶᠠᠷᠢᠬᠤ ᠦᠶᠡᠰ᠂ ᠬᠦᠮᠥᠰ ᠬᠦᠭ᠌ᠰᠡᠨ ᠲᠤᠬ᠍ᠳᠤᠯᠵᠦ᠍ ᠮᠡᠷᠬᠡᠵᠢᠯᠳᠡᠨ ᠰᠤᠳᠤᠯᠭᠠᠳᠠᠳ᠎ᠤᠨ ᠱᠢᠨ᠎ᠠ᠎ᠶ᠋ᠢ ᠡᠬᠦᠳᠬᠦ᠌ ᠡᠷᠴᠢ ᠵᠤᠷᠢᠭ ᠬᠦᠪᠴᠢᠯᠡᠭ᠌ᠳᠡᠵᠦ᠍ ᠪᠠᠢᠯ᠎ᠠ᠃
     ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠳᠤ᠎ᠶ᠋ᠢᠨ ᠬᠤᠪᠤᠷ ᠱᠢᠷᠤᠢ᠎ᠶ᠋ᠢᠨ ᠰᠤᠳᠤᠯᠭᠠᠨ᠎ᠤ ᠲᠦᠪ᠎ᠤᠨ ᠡᠷᠬᠢᠯᠡᠭ᠌ᠴᠢ ᡂᠢ ᠵᠢᠶᠠᠨ ᠢ᠄ 《ᠤᠬᠠᠭᠤᠯᠤᠨ ᠲᠠᠢᠯᠪᠤᠷᠢᠯᠠᠯᠳᠠ᠎ᠨᠢ ᠪᠢᠳᠠᠠ᠎ᠳᠤ ᠲᠦᠷᠦ᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨᠡᠴᠢᠯᠡᠯᠳᠡ᠎ᠶ᠋ᠢᠨ ᠴᠢᠭ᠌ᠯᠡᠯ᠎ᠢ ᠡᠵᠡᠮᠳᠡᠬᠦ᠌ ᠲᠠᠯ᠎ᠠ᠎ᠪᠠᠷ ᠮᠠᠰᠢ ᠰᠠᠢᠨ ᠲᠦᠯᠬᠢᠴᠡ ᠦᠢᠯᠡᠳᠤᠯ ᠦᠵᠡᠬᠦᠯᠵᠠᠢ᠃ ᠪᠢᠳᠡ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠪᠦᠬᠦ᠌ ᠬᠦᠴᠦᠨ᠎ᠢᠶᠠᠷ᠎ᠢᠶᠠᠨ ᠲᠤᠭᠤᠱᠢᠯᠠᠭᠤᠯᠵᠦ᠍᠂ ᠠᠵᠤ ᠠᠬᠤᠢ᠍ᠢᠯᠠᠯ᠎ᠤᠨ ᠬᠡᠷᠡᠭ᠌ᠴᠡᠭᠡ᠎ᠶ᠋ᠢᠨ ᠪᠠᠢᠴᠠᠭᠠᠨ ᠰᠤᠳᠤᠯᠤᠯᠳᠠ ᠬᠢᠵᠦ᠍᠂ ᠬᠤᠪᠤᠷ ᠱᠢᠷᠤᠢ᠎ᠶ᠋ᠢᠨ ᠡᠯᠧᠮᠧᠨ᠋ᠲ᠎ᠢ ᠭᠤᠤᠯᠯᠠᠬ᠍ᠴᠢ ᠠᠵᠤ ᠦᠢᠯᠡᠰ᠎ᠲᠤ ᠬᠡᠷᠡᠭ᠌ᠯᠡᠬᠦ᠌᠎ᠶ᠋ᠢ ᠠᠬᠢᠭᠤᠯᠤᠨ᠂ ᠠᠵᠤ ᠦᠢᠯᠡᠰ᠎ᠤᠨ ᠬᠦᠭ᠌ᠵᠢᠯᠳᠡ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠤᠨ᠎ᠠ》 ᠬᠡᠪᠠ᠃
     ᠵᠢᠶᠠ ᠷᠦᠨ ᠠᠨ᠄ 《ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠨᠢ ᠮᠢᠨᠤ ᠬᠤᠪᠢ ᠪᠡᠶ᠎ᠠ᠎ᠳᠤ ᠠᠪᠴᠦ᠍ ᠬᠡᠯᠡᠭ᠌ᠰᠡᠨ ᠴᠦ᠍ ᠨᠢᠭᠡ ᠤᠳᠠᠭᠠᠨ᠎ᠤ ᠬᠦᠨᠵᠡᠬᠡᠢ ᠤᠯᠤᠯᠳᠠ᠎ᠲᠠᠢ ᠤᠴᠢᠷ᠃ ᠠᠵᠤ ᠠᠬᠤᠢ᠍ᠢᠯᠠᠯ ᠰᠤᠳᠤᠯᠭᠠᠨ᠎ᠤ ᠲᠦᠪ᠎ᠲᠤ ᠬᠦᠨᠵᠡᠭᠡᠢᠷᠡᠵᠦ᠍᠂ ᠰᠤᠳᠤᠯᠭᠠᠨ᠎ᠤ ᠲᠦᠪ᠎ᠨᠢ ᠴᠤ᠌ ᠠᠵᠤ ᠠᠬᠤᠢ᠍ᠢᠯᠠᠯ᠎ᠳᠤ ᠬᠦᠨᠵᠡᠭᠡᠢᠷᠡᠨ᠂ ᠦᠢᠯᠡᠳᠪᠦᠷᠢᠯᠡᠯ᠂ ᠰᠤᠷᠤᠯᠴᠠᠯᠭ᠎ᠠ ᠪᠤᠯᠤᠨ ᠰᠤᠳᠤᠯᠭᠠᠨ᠎ᠢ ᠦᠷᠨᠢᠬᠦᠯᠬᠦ᠌᠎ᠨᠢ ᠮᠠᠨ᠎ᠤ ᠴᠢᠨᠠᠷ ᠰᠠᠢᠳᠠᠢ ᠬᠦᠭ᠌ᠵᠢᠯᠳᠡ᠎ᠶ᠋ᠢᠨ ᠡᠷᠬᠡᠪᠰᠢ ᠶᠠᠪᠤᠬᠤ ᠵᠠᠮ ᠮᠦᠨ᠃ ᠪᠤᠭᠤᠲᠤ ᠬᠤᠳᠠ ᠬᠤᠪᠤᠷ ᠱᠢᠷᠤᠢ᠎ᠶ᠋ᠢᠨ ᠰᠤᠳᠤᠯᠤᠨ ᠨᠡᠭᠡᠭᠡᠯᠳᠡ᠎ᠶ᠋ᠢᠨ ᠲᠠᠯ᠎ᠠ᠎ᠪᠠᠷ ᠱᠢᠨ᠎ᠠ ᠦᠷ᠎ᠠ ᠪᠦᠳᠤᠭᠡᠯ᠎ᠲᠠᠢ ᠪᠤᠯᠵᠦ᠍᠂ ᠠᠵᠤ ᠦᠢᠯᠡᠰ᠎ᠤᠨ ᠬᠡᠷᠡᠭ᠌ᠯᠡᠭᠡ ᠲᠡᠭᠡᠷ᠎ᠠ ᠨᠡᠩ ᠲᠦᠷᠭᠡᠨ᠎ᠢᠶᠠᠷ ᠲᠦᠭᠡᠮᠡᠯᠵᠢᠬᠦᠯᠵᠦ᠍᠂ ᠠᠵᠤ ᠦᠢᠯᠡᠰ᠎ᠢ ᠬᠦᠭ᠌ᠵᠢᠬᠦᠯᠦᠨ ᠪᠤᠵᠠᠭᠠᠢᠷᠠᠭᠤᠯᠬᠤ᠎ᠶ᠋ᠢ ᠬᠦᠰᠡᠵᠥ᠍ ᠪᠠᠢᠨ᠎ᠠ᠃ ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ᠎ᠪᠠᠷ ᠲᠠᠮᠵᠢᠠ ᠪᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠳᠤ ᠲᠠᠯᠪᠢᠵᠤ ᠪᠠᠢᠭ᠎ᠠ ᠬᠦᠰᠡᠯ ᠨᠠᠢᠳᠠᠯᠭ᠎ᠠ᠂ ᠤᠨᠴᠠᠭᠠᠢᠯᠠᠨ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠬᠡᠯᠪᠡᠷᠢ᠎ᠪᠠᠨ ᠬᠤᠪᠢᠷᠠᠭᠤᠯᠬᠤ᠂ ᠠᠵᠤ ᠦᠢᠯᠡᠰ᠎ᠤᠨ ᠬᠡᠯᠬᠢᠶ᠎ᠡ᠎ᠪᠠᠨ ᠤᠷᠳᠤᠳᠭᠠᠠ ᠨᠦᠬᠦᠪᠦᠷᠢᠯᠡᠬᠦ᠂ ᠦᠷᠳᠡᠭ᠎ᠢ ᠲᠡᠭᠡᠭ᠌ᠰᠢᠯᠡᠬᠦᠯᠦᠨ ᠨᠡᠮᠡᠭ᠌ᠳᠡᠬᠦᠯᠬᠦ᠌ ᠪᠠ ᠲᠠᠷᠠᠭ᠎ᠠ ᠠᠯᠬᠤᠮ᠎ᠳᠤ ᠡᠭᠦᠨ᠎ᠢᠶᠠᠷ ᠠᠴᠢᠶᠠᠯᠠᠪᠤᠷᠢ ᠪᠤᠯᠭᠠᠬ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠵᠠᠮ᠎ᠢᠶᠠᠷ ᠵᠠᠮᠨᠠᠬᠤ ᠲᠤᠬᠠᠢ ᠤᠯᠠᠮ ᠬᠦᠨ ᠤᠢ᠍ᠢᠯᠠᠭᠠᠯᠳᠠ᠎ᠲᠠᠢ ᠪᠤᠯᠤᠭ᠍ᠰᠠᠨ》 ᠬᠡᠵᠦ᠍ ᠤᠯᠤᠯᠳᠠ ᠲᠦᠷᠦᠭ᠌ᠳᠡᠯ᠎ᠢᠶᠠᠨ ᠬᠤᠪᠢᠶᠠᠯᠴᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号