ᠬᠠᠰᠲᠠᠨ᠎ᠠ᠄ ᠥᠨᠢ ᠡᠭᠦᠷᠢᠲᠡ ᠲᠠᠯ᠎ᠠ ᠨᠣᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠤᠷᠢᠲᠤ ᠴᠡᠷᠢᠭ》 ᠪᠣᠯᠣᠨ᠎ᠠ
2020-06-09 11:14:28
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

     6 ᠰᠠᠷ᠎ᠠ᠎ᠶ᠋ᠢᠨ 4 ᠎ᠤ ᠡᠳᠦᠷ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠰᠦᠨᠢᠳ ᠪᠠᠷᠠᠭᠤᠨ ᠬᠤᠱᠢᠭᠤᠨ᠎ᠤ ᠤᠯᠠᠭᠠᠨᠮᠦᠴᠢᠷ᠎ᠤᠨ ᠭᠡᠱᠢᠭᠦᠨ ᠬᠠᠰᠳᠠᠨ᠎ᠠ ᠡᠷᠢᠶᠡᠨ ᠬᠤᠳᠠ᠎ᠳᠤ ᠬᠦᠷᠴᠤ᠌᠂ ᠨᠡᠢᠭᠡᠮ ᠲᠤᠭᠤᠷᠢᠭ᠂ ᠤᠯᠠᠭᠠᠨᠮᠦᠴᠢᠷ᠎ᠢᠶᠠᠷ ᠭᠦᠨᠵᠡᠭᠡᠢᠷᠡᠨ᠂ ᠨᠠᠮ᠎ᠤᠨ ᠬᠠᠢᠷ᠎ᠠ ᠬᠠᠯᠠᠮᠵᠢ᠂ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠦᠨᠳᠦᠰᠤᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠤᠯᠠᠨ ᠲᠦᠮᠡᠡ᠎ᠳᠤ ᠤᠬᠠᠭᠤᠯᠤᠨ ᠲᠠᠮᠵᠢᠭᠤᠯᠤᠯ᠎ᠠ᠃
     ᠡᠷᠢᠶᠡᠨ ᠬᠤᠳᠠ᠎ᠶ᠋ᠢᠨ ᠡᠷᠢᠶᠡᠨ ᠨᠡᠢᠭᠡᠮ ᠲᠤᠭᠤᠷᠢᠭ᠎ᠤᠨ ᠬᠤᠷᠠᠯ᠎ᠤᠨ ᠭᠡᠷ᠎ᠲᠤ ᠬᠦᠮᠦᠰ ᠲᠦᠭᠦᠷᠳᠡᠯ᠎ᠠ ᠰᠠᠭᠤᠯᠴᠠᠭᠠᠳ ᠬᠠᠰᠳᠠᠨ᠎ᠠ ᠭᠡᠱᠢᠭᠦᠨ᠎ᠤ ᠶᠠᠷᠢᠶ᠎ᠠ᠎ᠶ᠋ᠢ ᠰᠡᠳᠭᠢᠯ ᠲᠠᠯᠪᠢᠨ ᠰᠤᠨᠤᠰᠴᠠᠭᠠᠨ᠎ᠠ᠃ ᠬᠠᠰᠳᠠᠨ᠎ᠠ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠪᠠᠷ ᠭᠤᠤᠯ ᠱᠢᠵᠢᠮ ᠪᠤᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠱᠢᠢᠳᠪᠦᠷᠢᠳᠤ ᠢᠯᠠᠯᠳᠠ᠎ᠶ᠋ᠢ ᠲᠡᠮᠡᠴᠡᠨ ᠤᠯᠬᠤ᠂ ᠬᠦᠳᠡᠭᠡ ᠲᠤᠰᠭᠤᠨ᠎ᠢ ᠬᠦᠭ᠌ᠵᠢᠬᠦᠯᠤᠠ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠠᠬᠢᠭᠤᠯᠬᠤ᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠪᠠᠷᠢᠮᠳᠠᠯᠠᠬᠤ ᠪᠠ ᠲᠡᠭᠦᠯᠳᠡᠷᠵᠢᠭᠦᠯᠬᠦ᠂ ᠡᠯ᠎ᠠ ᠦᠨᠳᠦᠰᠦᠳᠡᠨ᠎ᠤ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ᠎ᠶ᠋ᠢ ᠴᠢᠩᠭᠠᠳᠭᠠᠬᠤ᠂ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠤᠭ᠍ᠰᠤᠴᠠ᠎ᠶ᠋ᠢ ᠪᠠᠷᠢᠮᠳᠠᠯᠠᠬᠤ ᠪᠠ ᠴᠢᠩᠭᠠᠳᠭᠠᠬᠤ ᠵᠡᠷᠭᠡ ᠠᠭᠤᠯᠭ᠎ᠠ᠎ᠶ᠋ᠢᠨ ᠲᠤᠭᠤᠷᠢᠨ᠎ᠳᠤ ᠲᠦᠭᠦᠮ ᠪᠤᠷᠤᠭ᠍ᠵᠢᠭᠤᠨ ᠬᠡᠯᠡ ᠶᠠᠷᠢᠶ᠎ᠠ᠎ᠪᠠᠷ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠳᠤ ᠤᠬᠠᠭᠤᠯᠤᠨ ᠲᠠᠢᠯᠪᠤᠷᠢᠯᠠᠪᠠ᠃
     ᠤᠬᠠᠭᠤᠯᠤᠨ ᠲᠠᠢᠯᠪᠤᠷᠢᠯᠠᠵᠤ ᠲᠠᠭᠤᠰᠤᠭ᠍ᠰᠠᠨ᠎ᠤ ᠲᠠᠷᠠᠭ᠎ᠠ᠂ ᠤᠯᠠᠨ᠎ᠢᠶᠠᠷ᠎ᠢᠶᠠᠨ ᠪᠤᠭᠤᠮᠳᠠ᠎ᠶ᠋ᠢᠨ ᠬᠦᠭ᠌ᠵᠢᠯᠳᠡ ᠬᠢᠭᠡᠳ ᠬᠤᠶᠠᠷ ᠬᠤᠷᠠᠯ᠎ᠤᠨ ᠬᠠᠯᠠᠮᠱᠢᠯ ᠠᠰᠠᠭᠤᠳᠠᠯ᠎ᠤᠨ ᠲᠤᠬᠠᠢ ᠬᠠᠰᠳᠠᠨ᠎ᠠ ᠬᠡᠱᠢᠭᠦᠨ᠎ᠯᠦᠭᠡ ᠬᠠᠯᠠᠭᠤᠨ ᠶᠠᠷᠢᠯᠴᠠᠯᠭ᠎ᠠ ᠦᠷᠨᠢᠭᠦᠯᠵᠠᠢ᠃
     ᠬᠠᠰᠳᠠᠨ᠎ᠠ ᠭᠡᠱᠢᠭᠦᠨ ᠪᠠᠰᠠ ᠡᠷᠢᠶᠡᠨ ᠬᠤᠳᠠ᠎ᠶ᠋ᠢᠨ ᠤᠯᠠᠭᠠᠨᠮᠦᠴᠢᠷ᠎ᠤᠨ ᠪᠤᠯᠪᠠᠰᠤᠷᠠᠯ᠎ᠤᠨ ᠲᠢᠩᠭᠢᠮ᠎ᠳᠤ ᠬᠦᠷᠴᠤ᠌᠂ ᠠᠳᠡᠬᠢ ᠤᠯᠠᠭᠠᠨᠮᠦᠴᠢᠷ᠎ᠤᠨ ᠭᠡᠱᠢᠭᠦᠳ᠎ᠲᠤ ᠬᠤᠶᠠᠷ ᠬᠤᠷᠠᠯ᠎ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠤᠯᠠᠭᠠᠨᠮᠦᠴᠢᠷ᠎ᠲᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠲᠠᠮᠵᠢᠭᠤᠯᠬᠤ᠎ᠶ᠋ᠢᠨ ᠬᠠᠮᠳᠤ ᠦᠪᠡᠷ᠎ᠤᠨ ᠬᠤᠶᠠᠷ ᠬᠤᠷᠠᠯ᠎ᠳᠤ ᠤᠷᠤᠯᠴᠠᠭ᠍ᠰᠠᠨ ᠤᠯᠤᠯᠳᠠ ᠲᠦᠷᠦᠭ᠌ᠳᠡᠯ᠎ᠢᠶᠠᠨ ᠤᠯᠠᠨ᠎ᠲᠠᠢ ᠬᠤᠪᠢᠶᠠᠯᠴᠠᠵᠠᠢ᠃ ᠤᠯᠠᠭᠠᠨᠮᠦᠴᠢᠷ᠎ᠤᠨ ᠲᠤᠭ᠍ᠯᠠᠭ᠍ᠴᠢᠳ ᠮᠠᠰᠢ ᠶᠡᠬᠡᠪᠡᠷ ᠤᠷᠮᠠᠱᠢᠨ ᠵᠤᠷᠢᠭ᠍ᠵᠢᠵᠤ᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠱᠢᠷᠢᠰ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠤᠯᠠᠮ ᠲᠤᠭᠤᠱᠢᠳᠠᠢ ᠰᠤᠷᠤᠯᠴᠠᠵᠤ᠂ ᠤᠯᠠᠭᠠᠨᠮᠦᠴᠢᠷ᠎ᠤᠨ ᠤᠤᠷ ᠴᠢᠨᠠᠷ᠎ᠢᠶᠠᠨ ᠴᠢᠨᠠᠭ᠍ᠰᠢᠳᠠ ᠪᠠᠳᠠᠷᠠᠭᠤᠯᠤᠨ᠂ ᠨᠡᠩ ᠤᠯᠠᠨ ᠱᠢᠯᠢᠳᠡᠭ ᠰᠤᠳᠤᠨ ᠪᠦᠲᠦᠭᠡᠯ᠎ᠢᠶᠠᠨ ᠨᠡᠢᠭᠡᠮ ᠲᠦᠮᠡᠨ᠎ᠳᠡᠭᠡᠨ ᠡᠷᠭᠦᠨ᠂ ᠨᠠᠮ᠎ᠤᠨ ᠲᠠᠭᠤ ᠬᠤᠭᠤᠯᠠᠢ᠎ᠶ᠋ᠢ ᠠᠷᠠᠳ ᠤᠯᠠᠨ᠎ᠳᠠᠭᠠᠨ ᠲᠠᠮᠵᠢᠭᠤᠯᠵᠤ᠂ ᠦᠨᠢ ᠡᠭᠦᠷᠢᠳᠡ ᠲᠠᠯ᠎ᠠ ᠨᠤᠳᠤᠭ᠎ᠤᠨ 《ᠬᠤᠪᠢᠰᠭᠠᠯᠳᠤ ᠤᠳᠭ᠎ᠠ ᠤᠷᠠᠯᠢᠭ᠎ᠤᠨ ᠬᠦᠡᠭ᠌ᠭᠡᠨ ᠮᠤᠷᠢᠳᠤ ᠴᠡᠷᠢᠭ》 ᠪᠤᠯᠵᠠᠭᠠᠨ᠎ᠠ ᠭᠡᠵᠦ᠍ ᠵᠤᠷᠢᠭ᠎ᠢᠶᠠᠨ ᠢᠯᠡᠳᠭᠡᠵᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号