ᠬᠢᠨᠭ᠌ᠭᠠᠨ ᠠᠢᠮᠠᠭ ᠪᠤᠬᠢᠷᠳᠤᠯ ᠦᠬᠡᠢ ᠬᠦᠭ᠌ᠵᠢᠯᠳᠠ᠎ᠪᠠᠷ ᠦᠵᠡᠰᠭᠦᠯᠡᠩᠳᠤ ᠰᠠᠢᠬᠠᠨ ᠬᠦᠳᠡᠭᠡ ᠲᠤᠰᠭᠤᠨ᠎ᠤ ᠪᠦᠳᠦᠬᠡᠨ ᠪᠠᠢᠭᠤᠯᠤᠯᠳᠠ᠎ᠶ᠋ᠢ ᠠᠬᠢᠭᠤᠯᠵᠤ ᠪᠠᠢᠨ᠎ᠠ
2020-07-11 09:47:01
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠬᠢᠨᠭ᠌ᠭᠠᠨ ᠠᠢᠮᠠᠭ ᠠᠵᠦ᠍ ᠦᠢᠯᠡᠰ ᠬᠦᠭ᠌ᠵᠢᠭ᠌ᠰᠡᠨ᠂ ᠠᠮᠢ ᠠᠬᠤᠢ ᠤᠷᠤᠱᠢᠨ ᠰᠠᠭᠤᠷᠢᠱᠢᠬᠤ᠎ᠳᠤ ᠲᠠᠭᠠᠯᠠᠮᠵᠢᠳᠠᠢ᠂ ᠨᠤᠳᠤᠭ᠎ᠤᠨ ᠰᠤᠷᠳᠠᠯ ᠪᠤᠯᠪᠠᠰᠤᠨ᠂ ᠠᠷᠠᠳ ᠤᠯᠠᠠ ᠪᠠᠶᠠᠨ ᠴᠢᠨᠡᠬᠡᠯᠢᠭ ᠪᠠᠢᠬᠤ ᠱᠠᠭᠠᠷᠳᠠᠯᠭ᠎ᠠ ᠶᠤᠰᠤᠭᠠᠷ ᠬᠦᠭ᠌ᠵᠢᠯᠳᠠ᠎ᠶ᠋ᠢᠨ ᠱᠢᠨ᠎ᠠ ᠠᠵᠠ ᠲᠤᠬᠢᠶᠠᠯ᠎ᠢ ᠬᠠᠢᠨ ᠰᠦᠪᠡᠭ᠌ᠴᠢᠯᠡᠵᠤ᠂ ᠪᠤᠬᠢᠷᠳᠤᠯ ᠦᠬᠡᠢ ᠬᠦᠭ᠌ᠵᠢᠯᠳᠠ᠎ᠶ᠋ᠢᠨ ᠲᠤᠭᠤᠷᠢᠨ᠎ᠳᠤ ᠮᠠᠯ ᠠᠵᠤ ᠠᠬᠤᠢ ᠲᠠᠷᠢᠶᠠᠯᠠᠩ᠎ᠤᠨ ᠪᠦᠳᠦᠴᠡ᠎ᠪᠠᠨ ᠲᠤᠬᠢᠷᠠᠭᠤᠯᠤᠨ ᠱᠢᠯᠢᠳᠡᠭ᠌ᠵᠢᠬᠦᠯᠵᠤ᠂ ᠬᠦᠳᠡᠭᠡ ᠲᠤᠰᠭᠤᠨ᠎ᠤ ᠬᠦᠭ᠌ᠵᠢᠯᠳᠠ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠤᠠ ᠲᠠᠷᠢᠶᠠᠴᠢᠳ᠎ᠤᠨ ᠠᠱᠢᠭ ᠤᠷᠤᠯᠭ᠎ᠠ᠎ᠶ᠋ᠢ ᠨᠡᠮᠡᠭ᠌ᠳᠡᠬᠦᠯᠵᠤ᠂ ᠦᠵᠡᠰᠭᠦᠯᠡᠩᠳᠤ ᠰᠠᠢᠬᠠᠨ ᠬᠦᠳᠡᠭᠡ ᠲᠤᠰᠭᠤᠨ᠎ᠤ ᠪᠦᠳᠦᠬᠡᠨ ᠪᠠᠢᠭᠤᠯᠤᠯᠳᠠ᠎ᠶ᠋ᠢᠨ ᠠᠬᠢᠴᠠ᠎ᠪᠠᠨ ᠲᠦᠷᠬᠡᠳᠭᠡᠵᠥ᠍ ᠪᠠᠢᠨ᠎ᠠ᠃

ᠬᠢᠩᠭᠠᠨ ᠠᠢᠮᠠᠭ ᠪᠤᠬᠢᠷᠳᠤᠯ ᠦᠬᠡᠢ ᠬᠦᠭ᠌ᠵᠢᠯᠳᠠ᠎ᠶ᠋ᠢᠨ ᠤᠢ᠍ᠢᠯᠠᠭᠠᠬ᠍ᠳᠠᠬᠤᠨ᠎ᠢᠶᠠᠷ ᠠᠮᠢ ᠠᠬᠤᠢ᠎ᠶ᠋ᠢ ᠬᠠᠮᠠᠭᠠᠯᠠᠵᠤ ᠰᠡᠷᠬᠦᠬᠡᠬᠦ᠌ ᠪᠠ ᠮᠠᠯᠵᠢᠬᠤ ᠲᠡᠷᠢᠶᠠᠯᠠᠬᠤ ᠤᠷᠤᠨ᠎ᠤ ᠤᠷᠤᠱᠢᠨ ᠰᠠᠭᠤᠷᠢᠱᠢᠬᠤ ᠤᠷᠴᠢᠨ ᠲᠤᠭᠤᠷᠢᠨ᠎ᠢ ᠴᠡᠭ᠌ᠴᠡᠯᠡᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ ᠪᠠᠢᠨ᠎ᠠ᠃ ᠨᠢᠳᠤᠨᠤᠠ ᠰᠤᠮᠤ ᠱᠢᠶᠠᠩ ᠪᠠᠯᠭᠠᠰᠤ᠂ ᠭᠠᠴᠠᠭ᠎ᠠ ᠲᠤᠰᠭᠤᠨ᠎ᠤ ᠨᠤᠭᠤᠭᠠᠷᠠᠭᠤᠯᠤᠯᠳᠠ᠎ᠶ᠋ᠢ 5.5 ᠲᠦᠮᠡᠨ ᠮᠦ᠍ ᠪᠡᠶᠡᠯᠡᠬᠦᠯᠵᠦ᠍᠂ ᠤᠳᠤ ᠠᠢᠯ ᠲᠤᠰᠭᠤᠨ᠎ᠤ ᠨᠤᠭᠤᠭᠠᠷᠠᠭᠤᠯᠤᠯᠳᠠ᠎ᠶ᠋ᠢᠨ ᠨᠤᠷᠮ᠎ᠠ 30% ᠎ᠶ᠋ᠢ ᠲᠠᠪᠠᠨ᠂ ᠬᠦᠳᠡᠭᠡ ᠲᠤᠰᠭᠤᠨ᠎ᠤ ᠱᠢᠬᠡᠭ ᠪᠤᠷᠳᠤᠭᠤᠷ᠎ᠤᠨ ᠠᠱᠢᠬ᠍ᠯᠠᠯᠳᠠ᠎ᠶ᠋ᠢᠨ ᠨᠤᠷᠮ᠎ᠠ 70% ᠎ᠶ᠋ᠢ ᠲᠠᠪᠠᠵᠤ᠂ 《ᠠᠮᠢᠳᠤᠷᠠᠯ᠎ᠢᠶᠠᠨ ᠦᠬᠡᠷᠡᠴᠢᠯᠡᠬᠦ᠌᠎ᠳᠤ ᠬᠦᠷᠢᠶ᠎ᠠ ᠬᠠᠱᠢᠶᠠᠨ᠎ᠠᠴᠠ ᠭᠠᠷᠳᠠᠨ ᠬᠢᠬᠦ᠌》 ᠠᠵᠢᠯᠯᠠᠭ᠎ᠠ᠎ᠪᠠᠷ ᠲᠠᠮᠵᠢᠨ 726 ᠭᠠᠴᠠᠭ᠎ᠠ ᠲᠤᠰᠭᠤᠨ᠎ᠨᠢ ᠠᠢᠮᠠᠭ᠎ᠤᠨ᠎ᠢᠶᠠᠨ ᠬᠦᠳᠡᠭᠡ ᠲᠤᠰᠭᠤᠨ᠎ᠤ ᠰᠠᠭᠤᠭᠠᠯᠢ ᠠᠷᠠᠳ᠎ᠤᠨ 《ᠡᠬᠦᠳᠡᠨ ᠡᠮᠦᠨᠡᠬᠢ ᠲᠦᠷᠪᠡ᠎ᠶ᠋ᠢ ᠲᠠᠭᠠᠭᠠᠴᠢᠯᠠᠬᠤ》 ᠬᠠᠷᠠᠯᠳᠠ᠎ᠶ᠋ᠢ ᠪᠡᠶᠡᠯᠡᠬᠦᠯᠪᠠ᠃

ᠨᠤᠮᠢᠨ ᠨᠤᠭᠤᠭᠠᠨ ᠪᠤᠯ ᠬᠢᠩᠭᠠᠨ ᠠᠢᠮᠠᠭ᠎ᠤᠨ ᠤᠨᠴᠠᠯᠢᠭ᠂ ᠪᠤᠬᠢᠷᠳᠤᠯ ᠦᠬᠡᠢ ᠪᠤᠯ ᠬᠢᠩᠭᠠᠨ ᠠᠢᠮᠠᠭ᠎ᠤᠨ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠡ᠎ᠶ᠋ᠢᠨ ᠲᠠᠪᠠᠭᠤᠯᠢᠭ ᠪᠤᠯᠤᠨ᠎ᠠ᠃ ᠲᠤᠰ ᠠᠢᠮᠠᠭ ᠡᠨᠡ ᠬᠦ᠌ ᠦᠪ ᠬᠦᠷᠦᠩᠬᠡ᠎ᠳᠡᠭᠡᠨ ᠰᠠᠭᠤᠷᠢᠯᠨᠨ ᠤᠨᠴᠠᠯᠢᠭ᠍ᠵᠢᠭ᠍ᠰᠠᠨ᠂ ᠲᠦᠷᠦᠯ ᠲᠡᠮᠳᠡᠭ᠌ᠵᠢᠭ᠌ᠰᠡᠨ ᠬᠦᠳᠡᠭᠡ ᠲᠤᠰᠭᠤᠨ᠎ᠤ ᠠᠵᠦ᠍ ᠠᠬᠤᠢ᠎ᠶ᠋ᠢᠨ ᠱᠢᠨ᠎ᠠ ᠡᠵᠡᠩᠨᠡᠯᠳᠡ᠎ᠶ᠋ᠢᠨ ᠪᠠᠢᠳᠠᠯ᠎ᠢ ᠬᠦᠴᠦᠯᠡᠨ ᠴᠤᠭ᠍ᠴᠠᠯᠠᠵᠤ᠂ ᠨᠢᠬᠡᠳᠤᠬᠡᠷ᠂ ᠬᠤᠶᠡᠳᠤᠭᠠᠷ᠂ ᠭᠤᠷᠪᠠᠳᠤᠭᠠᠷ ᠠᠵᠦ᠍ ᠦᠢᠯᠡᠰ᠎ᠢ ᠠᠭᠤᠰᠤᠯᠴᠠᠭᠤᠯᠤᠠ ᠬᠦᠭ᠌ᠵᠢᠬᠦᠯᠵᠦ᠍᠂ ᠮᠠᠯ ᠠᠵᠤ ᠠᠬᠤᠢ ᠲᠠᠷᠢᠶᠠᠯᠠᠩ᠎ᠤᠨ ᠬᠦᠭ᠌ᠵᠢᠯᠳᠠ᠎ᠶ᠋ᠢᠨ ᠱᠢᠨ᠎ᠠ ᠨᠡᠮᠡᠭ᠌ᠳᠡᠯ᠎ᠤᠨ ᠴᠡᠭ᠎ᠢ ᠪᠤᠢ ᠪᠤᠯᠭᠠᠠ ᠪᠤᠬᠢᠷᠳᠤᠯ ᠦᠬᠡᠢ ᠬᠦᠭ᠌ᠵᠢᠯᠳᠠ᠎ᠶ᠋ᠢᠨ ᠱᠢᠨ᠎ᠠ ᠬᠦᠳᠡᠯᠬᠡᠬᠦ᠌ ᠬᠦᠴᠦᠨ᠎ᠢ ᠡᠷᠴᠢᠮᠵᠢᠬᠦᠯᠵᠤ ᠪᠤᠢ᠃ ᠠᠮᠤ ᠪᠤᠳᠠᠭᠠᠨ᠎ᠤ ᠠᠵᠥ᠍ ᠦᠢᠯᠡᠰ᠎ᠤᠨ 《ᠬᠤᠤᠰ ᠵᠠᠭᠤ ᠬᠤᠤᠰ ᠮᠢᠩᠭ᠎ᠠ》 ᠎ᠶ᠋ᠢᠨ ᠢᠨᠵᠧᠨᠧᠷᠢᠩ᠂ ᠦᠬᠡᠷ ᠮᠠᠯᠵᠢᠬᠤ ᠠᠵᠥ᠍ ᠦᠢᠯᠡᠰ᠎ᠤᠨ 《ᠬᠤᠤᠰ ᠵᠠᠭᠤ ᠬᠤᠤᠰ ᠮᠢᠩᠭ᠎ᠠ》 ᠎ᠶ᠋ᠢᠨ ᠢᠨᠵᠧᠨᠧᠷᠢᠩ ᠪᠤᠯᠤᠨ ᠪᠦᠬᠦ᠌ ᠤᠷᠤᠨ ᠪᠦᠰᠠ᠎ᠶ᠋ᠢᠨ ᠵᠢᠭᠤᠯᠴᠢᠯᠠᠯ᠎ᠤᠨ ᠲᠦᠷᠦᠯ ᠵᠦᠢᠯ᠎ᠢ ᠡᠷᠴᠢᠮᠳᠠᠢ ᠶᠠᠪᠤᠭ᠍ᠳᠠᠭᠤᠯᠵᠤ᠂ ᠮᠠᠯᠵᠢᠬᠤ ᠲᠠᠷᠢᠶᠠᠯᠠᠬᠤ ᠤᠷᠤᠨ᠎ᠤ᠎ᠪᠠᠨ ᠦᠪᠡᠷᠮᠢᠴᠡ ᠤᠨᠴᠠᠯᠢᠭ᠎ᠲᠠᠢ ᠲᠠᠪᠠᠭᠤᠯᠢᠭ᠍ᠳᠤ ᠠᠵᠦ᠍ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠠ ᠲᠡᠰ ᠲᠡᠪᠱᠢᠬᠦ᠌᠎ᠶ᠋ᠢ ᠲᠠᠢᠴᠢᠯᠠᠵᠠᠢ᠃ ᠤᠳᠤ ᠪᠦᠬᠦ᠌ ᠠᠢᠮᠠᠭ᠎ᠲᠤ 《ᠪᠤᠬᠢᠷᠳᠤᠯ ᠦᠭᠡᠢ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠂ ᠪᠤᠬᠢᠷᠳᠤᠯ ᠦᠭᠡᠢ ᠢᠳᠡᠭᠡᠨ᠂ ᠤᠷᠭᠠᠨᠢᠭ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ ᠭᠠᠵᠠᠷ ᠵᠦᠢ᠎ᠶ᠋ᠢᠨ ᠢᠯᠡᠷᠭᠡᠢᠯᠡᠯᠳᠦ ᠲᠠᠸᠠᠷ᠎ᠤᠨ ᠲᠡᠮᠳᠡᠭ》 ᠎ᠤᠨ ᠬᠠᠮᠢᠶ᠎ᠠ ᠪᠦᠬᠦᠢ ᠬᠡᠷᠡᠴᠢᠯᠠᠯ᠎ᠢ ᠤᠯᠤᠭ᠍ᠰᠠᠨ 137 ᠠᠵᠦ᠍ ᠠᠬᠤᠢ᠍ᠢᠯᠠᠯ᠎ᠤᠨ 297 ᠵᠦᠢᠯ᠎ᠤᠨ ᠪᠦᠳᠦᠬᠡᠭ᠌ᠳᠡᠬᠦᠨ᠎ᠲᠠᠢ ᠪᠤᠯᠪᠠ᠃ 《ᠬᠢᠨᠭ᠌ᠭᠠᠨ᠎ᠤ ᠦᠬᠡᠷ᠎ᠤᠨ ᠮᠢᠬ᠎ᠠ》᠂ 《ᠬᠢᠨᠭ᠌ᠭᠠᠠ᠎ᠤ ᠬᠤᠨᠢᠠ ᠮᠢᠬ᠎ᠠ》᠂ 《ᠬᠢᠨᠭ᠌ᠭᠠᠨ᠎ᠤ ᠲᠤᠳᠤᠷᠭ᠎ᠠ》᠂ ᠲᠦᠴᠢᠤᠧᠠᠨ ᠱᠢᠶᠠᠨ᠎ᠤ 《ᠰᠢ ᠯᠢᠦ᠎ᠶ᠋ᠢᠨ ᠰᠠᠷᠢᠮᠰᠠᠭ》 ᠵᠡᠷᠬᠡ ᠤᠯᠤᠰ᠎ᠤᠨ ᠭᠠᠵᠠᠷ ᠵᠦᠢ᠎ᠶ᠋ᠢᠨ ᠢᠯᠡᠷᠬᠡᠢᠯᠡᠯᠳᠤ ᠲᠡᠸᠡᠷ᠎ᠤᠨ ᠲᠡᠮᠳᠡᠭ᠎ᠢ ᠴᠤᠬ᠍ᠴᠠᠯᠠᠵᠦ᠍᠂ 《ᠬᠢᠨᠭ᠌ᠭᠠᠨ᠎ᠤ ᠲᠤᠳᠤᠷᠭ᠎ᠠ》 ᠎ᠨᠢ ᠮᠠᠠ᠎ᠤ ᠤᠯᠤᠰ᠎ᠤᠨ 《ᠠᠮᠳᠠ ᠱᠢᠮ᠎ᠠ᠎ᠲᠠᠢ ᠠᠷᠪᠠᠨ ᠶᠡᠭᠡ ᠲᠤᠳᠤᠷᠭ᠎ᠠ》 ᠎ᠶ᠋ᠢᠨ ᠨᠢᠬᠡ᠎ᠪᠠᠷ ᠦᠨᠡᠯᠡᠭ᠌ᠳᠡᠵᠦ᠍᠂ ᠪᠦᠬᠦ᠌ ᠤᠯᠤᠰ᠎ᠤᠨ ᠠᠷᠪᠠᠨ ᠲᠦᠷᠪᠡᠳᠦᠬᠡᠷ ᠬᠤᠭᠤᠴᠠᠭᠠᠨ᠎ᠤ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠳᠤ ᠬᠡᠷᠡᠭ᠌ᠯᠡᠬᠦ᠌ ᠴᠤᠷ᠎ᠤᠨ ᠭᠠᠭ᠍ᠴᠡ ᠲᠤᠳᠤᠷᠭ᠎ᠠ᠎ᠪᠠᠷ ᠲᠤᠭ᠍ᠳᠠᠭᠠᠭ᠍ᠳᠠᠵᠡᠢ᠃

ᠲᠤᠰ ᠠᠢᠮᠠᠭ 《ᠮᠢᠩᠭᠠᠨ ᠭᠠᠴᠠᠭ᠎ᠠ ᠲᠤᠰᠭᠤᠨ ᠵᠢᠱ᠌ᠢᠶ᠎ᠠ ᠦᠵᠡᠬᠦᠯᠵᠤ ᠲᠦᠮᠡᠨ ᠭᠠᠴᠠᠭ᠎ᠠ ᠲᠤᠰᠭᠤᠨ ᠠᠵᠢᠯᠯᠠᠭ᠎ᠠ ᠦᠷᠨᠢᠬᠦᠯᠬᠦ᠌》 ᠲᠦᠷᠦᠯ ᠵᠦᠢᠯ᠎ᠢ ᠦᠨᠡᠨ ᠬᠦ᠌ ᠪᠠᠳᠤᠳᠠᠢ ᠠᠬᠢᠭᠤᠯᠵᠦ᠍᠂ ᠤᠨᠤᠯ᠎ᠤᠨ ᠤᠬᠠᠭᠤᠯᠭ᠎ᠠ ᠲᠠᠢᠯᠪᠦᠷᠢᠯᠠᠯᠳᠠ᠂ ᠰᠤᠷᠭᠠᠨ ᠬᠦᠮᠦᠵᠢᠯ᠎ᠤᠨ ᠦᠢᠯᠡᠴᠢᠯᠡᠭᠡ᠂ ᠰᠤᠶᠤᠯ᠎ᠤᠨ ᠦᠢᠯᠡᠴᠢᠯᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠲᠦᠬᠡᠮᠡᠯᠵᠢᠬᠦᠯᠬᠡ᠂ ᠪᠡᠶ᠎ᠠ ᠴᠢᠬᠢᠷᠠᠬ᠍ᠵᠢᠭᠤᠯᠬᠤ ᠪᠡᠶ᠎ᠠ᠎ᠶ᠋ᠢᠨ ᠲᠠᠮᠢᠷ ᠵᠡᠷᠬᠡ ᠲᠠᠪᠤᠨ ᠶᠡᠭᠡ ᠦᠢᠯᠡᠴᠢᠯᠡᠬᠡᠨ᠎ᠤ ᠲᠠᠪᠴᠠᠩ᠎ᠤᠨ ᠡᠬᠢ ᠪᠠᠶᠠᠯᠢᠭ᠎ᠢ ᠨᠡᠢᠳᠭᠡᠵᠤ᠂ ᠤᠷᠢᠳ ᠬᠤᠵᠢᠳ ᠤᠨᠤᠯ ᠲᠦᠷᠦ᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ ᠲᠠᠢᠯᠪᠦᠷᠢᠯᠠᠯᠳᠠ᠂ ᠪᠤᠯᠪᠠᠰᠤᠨ ᠶᠤᠰᠤ ᠮᠤᠷᠠᠯ᠎ᠤᠨ ᠪᠤᠯᠪᠠᠰᠤᠷᠠᠯ᠂ ᠤᠯᠠᠭᠠᠨᠮᠦᠴᠢᠷ᠎ᠤᠨ ᠲᠤᠬ᠍ᠯᠠᠯᠳᠠ᠂ ᠮᠠᠯ ᠠᠵᠦ᠍ ᠠᠬᠤᠢ ᠲᠡᠷᠢᠶᠠᠯᠠᠩ᠎ᠤᠨ ᠮᠡᠷᠬᠡᠵᠢᠯ᠎ᠤᠨ ᠵᠢᠯᠤᠭᠤᠳᠤᠮᠵᠢ ᠵᠡᠷᠬᠡ ᠡᠯᠪᠡᠭ ᠪᠠᠶᠠᠯᠢᠭ ᠠᠭᠤᠯᠭ᠎ᠠ᠎ᠲᠠᠢ ᠰᠠᠢᠨ ᠲᠤᠷᠠᠴᠤᠤᠯ᠎ᠤᠨ ᠦᠢᠯᠡᠴᠢᠯᠡᠭᠡ᠎ᠶ᠋ᠢ 5000 ᠭᠠᠷᠤᠢ ᠤᠳᠠᠭ᠎ᠠ ᠦᠷᠨᠢᠬᠦᠯᠵᠦ᠍᠂ ᠲᠤᠰᠭᠠᠢᠯᠠᠨ ᠭᠠᠴᠠᠭ᠎ᠠ ᠲᠤᠰᠭᠤᠨ᠎ᠳᠤ 2100 ᠭᠠᠷᠤᠢ ᠤᠳᠠᠭ᠎ᠠ ᠬᠦᠨᠵᠡᠬᠡᠢᠷᠡᠨ ᠤᠬᠠᠭᠤᠯᠤᠨ ᠲᠠᠢᠯᠪᠦᠷᠢᠯᠠᠵᠦ᠍᠂ ᠡᠯ᠎ᠠ ᠵᠦᠢᠯ᠎ᠤᠨ ᠤᠷᠠᠨ ᠰᠠᠢᠬᠠᠨ᠎ᠤ ᠲᠤᠬ᠍ᠯᠠᠯᠳᠠ᠎ᠶ᠋ᠢ 1000 ᠲᠠᠯᠠᠪᠠᠢ ᠲᠤᠬ᠍ᠯᠠᠵᠤ᠂ ᠮᠠᠯᠴᠢᠨ ᠲᠠᠷᠢᠶᠠᠴᠢᠨ᠎ᠤ ᠬᠡᠪ ᠪᠤᠯᠪᠠᠰᠤᠷᠠᠯ᠎ᠢ ᠠᠯᠬᠤᠮ ᠠᠯᠬᠤᠮ᠎ᠢᠶᠠᠷ ᠲᠠᠬᠡᠭ᠌ᠰᠢᠯᠡᠬᠦᠯᠵᠤ ᠪᠤᠢ᠃ ᠡᠬᠦᠨ᠎ᠤ ᠬᠠᠮᠳᠤ ᠪᠠᠰᠠ 《ᠬᠤᠪᠢ ᠲᠡᠮᠳᠡᠭ᠌ᠯᠡᠬᠦ᠌ ᠬᠠᠮ ᠲᠡᠯᠬᠡᠬᠦᠷ》 ᠎ᠤᠨ ᠲᠦᠷᠢᠮ᠎ᠢ ᠬᠡᠷᠡᠭ᠌ᠵᠢᠬᠦᠯᠵᠦ᠍᠂ ᠬᠦᠳᠡᠭᠡ ᠲᠤᠰᠭᠤᠨ᠎ᠤ 202 ᠬᠠᠮ ᠲᠡᠯᠬᠡᠬᠦᠷ᠎ᠨᠢ ᠶᠤᠰᠤ ᠮᠤᠷᠠᠯ᠎ᠤᠨ ᠠᠵᠢᠯᠯᠠᠭ᠎ᠠ᠎ᠪᠠᠷ ᠬᠤᠪᠢ ᠲᠡᠮᠳᠡᠭ᠌ᠯᠡᠵᠦ᠍᠂ ᠮᠠᠯᠴᠢᠨ ᠲᠠᠷᠢᠶᠠᠴᠢᠳ ᠲᠡᠮᠳᠡᠭ᠌ᠯᠡᠭ᠌ᠰᠡᠨ ᠬᠤᠪᠢ᠎ᠪᠠᠷ ᠪᠠᠷᠠᠭ᠎ᠠ ᠲᠠᠸᠠᠷ ᠰᠤᠯᠢᠨ ᠠᠪᠴᠦ᠍ ᠲᠠᠢᠯᠬᠦ᠌ ᠪᠤᠯᠵᠠᠢ᠃ ᠡᠨᠡ ᠵᠢᠯ ᠲᠤᠰ ᠠᠢᠮᠠᠭ ᠨᠡᠢᠳᠡ 102 ᠲᠦᠮᠡᠨ ᠲᠦᠭᠦᠷᠢᠭ᠎ᠤᠨ ᠪᠠᠷᠠᠭ᠎ᠠ ᠲᠠᠸᠠᠷ ᠲᠠᠷᠬᠠᠭᠠᠵᠦ᠍᠂ ᠮᠠᠯᠴᠢᠨ ᠲᠠᠷᠢᠶᠠᠴᠢᠨ᠎ᠤ ᠬᠡᠪ ᠪᠤᠯᠪᠠᠰᠤᠷᠠᠯ᠎ᠢᠶᠠᠨ ᠲᠠᠬᠡᠭ᠌ᠰᠢᠯᠡᠬᠦᠯᠬᠦ᠌ ᠰᠠᠨᠠᠭᠠᠴᠢᠯᠠᠭᠠᠳᠤ ᠴᠢᠨᠠᠷ ᠪᠠ ᠦᠪᠡᠷ᠎ᠤᠨ ᠤᠬᠠᠮᠰᠠᠷ᠎ᠢ ᠲᠠᠢᠴᠢᠯᠠᠨ ᠠᠬᠢᠭᠤᠯᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号