ᠤᠯᠠᠭᠠᠨᠪᠤᠬ᠎ᠠ᠎ᠶ᠋ᠢᠨ ᠡᠯᠡᠰᠦᠨ᠎ᠤ ᠲᠠᠯᠠᠪᠠᠢ 70.7 ᠲᠦᠮᠡᠨ ᠭᠠᠷᠤᠢ ᠮᠦ᠍ ᠪᠠᠭᠠᠰᠴᠠᠢ
2020-07-12 09:43:50
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠴᠠᠭ ᠠᠭᠤᠷ᠎ᠤᠨ ᠲᠤᠪᠴᠢᠶ᠎ᠠ 1990 ᠤᠨ᠎ᠠᠴᠠ 2019 ᠤᠨ ᠪᠤᠯᠳᠠᠯᠡᠬᠢ 30 ᠭᠠᠷᠤᠢ ᠵᠢᠯ᠎ᠤᠨ ᠲᠤᠷᠱᠢᠬᠢ ᠮᠠᠨ᠎ᠤ ᠤᠷᠤᠨ᠎ᠤ ᠪᠠᠷᠠᠭᠤᠨ ᠪᠡᠶ᠎ᠠ᠎ᠶ᠋ᠢᠨ ᠬᠡᠳᠤᠨ ᠶᠡᠭᠡ ᠡᠯᠡᠰᠦᠨ ᠴᠦᠯ᠎ᠤᠨ ᠲᠠᠯᠠᠪᠠᠢ ᠪᠤᠯᠤᠨ ᠵᠠᠭᠠᠭ ᠬᠢᠵᠠᠭᠠᠷ᠎ᠤᠨ ᠬᠦᠳᠡᠯᠦᠩᠬᠦᠢ ᠬᠤᠪᠢᠷᠠᠯᠳᠡ᠎ᠶ᠋ᠢ᠎ᠨᠢ ᠵᠠᠳᠠᠯᠬᠤ᠎ᠪᠠᠷ ᠲᠠᠮᠵᠢᠨ ᠤᠯᠠᠭᠠᠨᠪᠤᠬ᠎ᠠ᠎ᠶ᠋ᠢᠨ ᠡᠯᠡᠰᠦᠨ᠎ᠤ ᠲᠠᠯᠠᠪᠠᠢ 70.77 ᠲᠦᠮᠡᠨ ᠮᠦ᠍ ᠪᠠᠭᠠᠰᠴᠦ᠍᠂ ᠪᠠᠳᠠᠢ᠎ᠶ᠋ᠢᠨ ᠵᠢᠷᠠᠨ᠎ᠤ ᠡᠯᠡᠰᠦᠨ᠎ᠤ ᠲᠠᠯᠠᠪᠠᠢ ᠪᠠᠭ᠍ᠠᠨ ᠨᠡᠮᠡᠭ᠌ᠳᠡᠭ᠌ᠰᠡᠨ᠎ᠢ ᠢᠯᠡᠷᠡᠬᠦᠯᠪᠡ᠃

ᠤᠮᠠᠷᠠᠳᠤ᠎ᠶ᠋ᠢᠨ ᠡᠯᠡᠰᠤᠨ ᠱᠢᠭᠤᠷᠭ᠎ᠠ᠎ᠶ᠋ᠢᠨ ᠡᠬᠢ ᠪᠤᠯᠤᠭ᠍ᠰᠠᠨ ᠤᠯᠠᠭᠠᠨᠪᠤᠬ᠎ᠠ᠎ᠶ᠋ᠢᠨ ᠡᠯᠡᠰᠤ ᠲᠡᠤᠬᠡᠨ ᠤᠨ ᠵᠢᠯ᠎ᠳᠤ ᠬᠦᠮᠦᠨ ᠬᠠᠷ᠎ᠠ᠂ ᠮᠠᠯ ᠤᠨᠤᠭ᠎ᠠ᠂ ᠲᠠᠷᠢᠶ᠎ᠠ ᠲᠦᠮᠦᠰᠤ᠎ᠶ᠋ᠢ ᠦᠯᠡᠳᠡᠬᠡᠯ ᠦᠬᠡᠢ ᠢᠪ ᠲᠠᠭᠠᠷᠢᠵᠤ᠂ ᠰᠠᠯᠬᠢ ᠲᠡᠭ᠌ᠳᠡᠪᠡᠯ ᠠᠮᠢᠳᠤ᠎ᠪᠠᠷ ᠪᠤᠯᠠᠭ᠍ᠳᠠᠬᠤ ᠠᠶᠤᠯ᠎ᠲᠠᠢ ᠪᠤᠯᠤᠬ᠍ᠰᠠᠨ᠎ᠠᠴᠠ ᠮᠠᠯᠴᠢᠨ ᠲᠠᠷᠢᠶᠠᠴᠢᠳ ᠠᠮᠢᠨ ᠲᠦᠱᠢᠭ ᠪᠤᠯᠤᠭ᠍ᠰᠠᠨ ᠨᠤᠳᠤᠭ ᠪᠡᠯᠴᠢᠬᠡᠷ ᠪᠤᠶᠤ ᠲᠠᠷᠢᠶᠠᠨ ᠭᠠᠵᠠᠷ᠎ᠠᠴᠠ᠎ᠪᠠᠨ ᠤᠬᠤᠷᠢᠨ ᠭᠠᠷᠴᠦ᠍᠂ ᠵᠠᠷᠢᠮ᠎ᠨᠢ ᠤᠷᠤᠬᠤ ᠬᠡᠷ ᠤᠭᠤᠴᠢᠬᠤ ᠠᠶᠠᠭ᠎ᠠ ᠦᠬᠡᠢ ᠪᠤᠯᠵᠠᠢ᠃ ᠡᠢᠮᠤᠷᠬᠦᠤ ᠪᠠᠢᠳᠠᠯ ᠲᠤᠤᠷ᠎ᠠ ᠤᠯᠠᠭᠠᠨᠪᠤᠬ᠎ᠠ᠎ᠶ᠋ᠢᠨ ᠡᠯᠡᠰᠤ᠎ᠶ᠋ᠢᠨ ᠡᠷᠬᠢᠨ ᠲᠤᠭᠤᠷᠢᠨ᠎ᠤ ᠠᠷᠠᠳ ᠲᠦᠮᠡᠨ ᠤᠷᠤᠱᠢᠨ ᠲᠤᠭ᠍ᠳᠠᠨᠢᠬᠤ ᠤᠷᠤᠨ ᠵᠠᠢ᠎ᠪᠠᠨ ᠬᠠᠮᠠᠭᠠᠯᠠᠬᠤ᠎ᠶ᠋ᠢᠨ ᠲᠦᠯᠦᠬᠡ ᠮᠤᠳᠤ ᠰᠠᠭᠤᠯᠭᠠᠨ ᠤᠢ᠍ᠢᠵᠢᠭᠤᠯᠵᠤ᠂ ᠤᠯᠠᠢᠷᠠᠨ ᠲᠠᠭᠠᠷᠢᠬᠤ 《ᠭᠠᠯᠵᠠᠭᠤ ᠪᠤᠬ᠎ᠠ》 ᠎ᠶ᠋ᠢ ᠨᠤᠮᠤᠬᠠᠳᠭᠠᠬᠤ ᠤᠷᠳᠤ ᠵᠠᠮ᠎ᠤᠨ ᠠᠶᠠᠨ ᠲᠠᠢᠨ᠎ᠢᠶᠠᠨ ᠡᠬᠢᠯᠡᠬᠦᠯᠦᠭ᠌ᠰᠡᠨ ᠪᠠᠢᠨ᠎ᠠ᠃ ᠤᠯᠠᠭᠠᠨᠪᠤᠬ᠎ᠠ᠎ᠶ᠋ᠢᠨ ᠡᠯᠡᠰᠤᠨ᠎ᠤ ᠵᠡᠬᠦᠨ ᠬᠦᠪᠡᠭᠡ᠎ᠳᠤ ᠪᠠᠢᠷᠢᠱᠢᠬ᠍ᠰᠡᠨ ᠳ᠋ᠧᠩᠺᠸᠤ ᠱᠢᠶᠠᠨ᠎ᠢᠶᠠᠷ ᠵᠢᠱ᠌ᠢᠶᠡᠯᠡᠪᠡᠯ᠂ ᠤᠯᠤᠰ ᠪᠠᠢᠭᠤᠯᠤᠭ᠍ᠳᠠᠬᠤ ᠠᠩᠬᠠᠨ᠎ᠤ ᠦᠶᠡᠰ ᠪᠦᠬᠦ᠌ ᠱᠢᠶᠠᠨ᠎ᠳᠤ ᠵᠦᠪᠬᠡᠨ 1.5 ᠲᠦᠮᠡᠨ ᠮᠦ᠍ ᠤᠢ ᠮᠤᠳᠤ᠎ᠲᠠᠢ ᠪᠠᠢᠵᠤ᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ᠎ᠨᠢ 0.04% ᠎ᠳᠤ ᠯᠡ ᠬᠦᠷᠴᠦ᠍ ᠪᠠᠢᠪᠠ᠃ ᠬᠡᠪᠡᠴᠦ᠍ 70 ᠭᠠᠷᠤᠢ ᠵᠢᠯ᠎ᠤᠨ ᠬᠠᠳᠠᠭᠤ ᠪᠡᠷᠬᠡᠱᠢᠶᠠᠯᠳᠠᠢ ᠤᠢ᠍ᠢᠵᠢᠭᠤᠯᠤᠯᠳᠠ᠎ᠪᠠᠷ ᠲᠠᠮᠵᠢᠨ ᠤᠳᠤ ᠪᠦᠬᠦ᠌ ᠱᠢᠶᠠᠨ᠎ᠤ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 20.56% ᠎ᠳᠤ ᠬᠦᠷᠴᠦ᠍᠂ ᠡᠯᠡᠰᠤ ᠮᠠᠩᠬ᠎ᠠ᠎ᠶ᠋ᠢ ᠵᠠᠰᠠᠭ᠍ᠰᠠᠨ ᠭᠠᠢᠬᠠᠮᠱᠢᠭ᠎ᠢ ᠡᠬᠦᠳᠴᠠᠢ᠃ ᠡᠨᠡ ᠬᠦ᠌ ᠭᠠᠢᠬᠠᠮᠱᠢᠭ᠍ᠳᠤ ᠲᠠᠢᠯᠠᠯᠳᠤᠭᠠᠨ᠎ᠳᠤ 《ᠤᠯᠠᠭᠠᠨᠪᠤᠬ᠎ᠠ》 ᠤᠤᠯᠭ᠎ᠠ ᠠᠯᠳᠠᠨ ᠨᠤᠮᠤᠬᠠᠷᠠᠭ᠍ᠰᠠᠨ ᠮᠦᠷᠳᠡᠭᠡᠨ ᠠᠷᠠᠳ ᠤᠯᠠᠨ᠎ᠤ ᠱᠢᠨᠵᠢᠯᠡᠬᠦ᠌ ᠤᠬᠠᠭᠠᠨᠴᠢ ᠠᠷᠭ᠎ᠠ ᠪᠠᠷᠢᠯ᠎ᠳᠤ 《ᠠᠱᠢᠭ ᠱᠢᠮ᠎ᠠ》 ᠎ᠪᠠᠨ ᠬᠦᠷᠳᠡᠯ᠎ᠠ ᠶᠡᠬᠦᠯᠡᠵᠤ ᠡᠬᠢᠯᠡᠪᠡ᠃

ᠦᠪᠡᠷᠳᠡᠭᠡᠨ ᠵᠠᠰᠠᠬᠤ ᠤᠷᠤᠨ᠎ᠤ ᠴᠠᠭ ᠠᠭᠤᠷ᠎ᠤᠨ ᠲᠤᠪᠴᠢᠶ᠎ᠠ᠎ᠶ᠋ᠢᠨ ᠨᠡᠢᠳᠡᠯᠡᠭ᠌ᠰᠡᠨ 《2019 ᠤᠨ᠎ᠤ ᠪᠦᠬᠦ᠌ ᠤᠷᠤᠨ᠎ᠤ ᠠᠮᠢ ᠠᠬᠤᠢ᠎ᠶ᠋ᠢᠨ ᠴᠠᠭ ᠠᠭᠤᠷ᠎ᠤᠨ ᠶᠡᠷᠤᠩᠬᠡᠢᠯᠡᠭ᠌ᠰᠡᠨ ᠬᠢᠨᠡᠨ ᠬᠡᠮᠵᠢᠯᠳᠡ ᠪᠤᠯᠤᠨ ᠦᠨᠡᠯᠡᠯᠳᠡ᠎ᠶ᠋ᠢᠨ ᠮᠡᠳᠡᠬᠦᠯᠦᠯᠳᠡ》 ᠎ᠶ᠋ᠢ ᠦᠨᠳᠦᠰᠦᠯᠡᠪᠡᠯ᠂ ᠪᠦᠬᠦ᠌ ᠤᠷᠤᠨ᠎ᠤ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ 41.6% ᠎ᠳᠤ ᠬᠦᠷᠴᠤ᠌᠂ 2012 ᠤᠨ᠎ᠤ ᠡᠮᠤᠨᠡᠬᠢ ᠲᠤᠮᠳᠠᠴᠢ ᠲᠦᠪᠱᠢᠨ᠎ᠠᠴᠠ ᠵᠠᠭᠤᠨ᠎ᠤ ᠬᠠᠷᠢᠴᠡᠯ᠎ᠢᠶᠠᠷ 4.8 ᠬᠤᠪᠢ ᠲᠡᠭᠡᠭ᠌ᠰᠢᠯᠡᠵᠤ᠂ ᠬᠡᠰᠡᠭ ᠭᠠᠵᠠᠷ ᠤᠷᠤᠨ᠎ᠤ ᠡᠯᠡᠰᠦᠷᠭᠡᠭ᠌ᠵᠢᠯ ᠴᠦᠯᠯᠡᠷᠭᠡᠭ᠌ᠵᠢᠯ᠎ᠤᠨ ᠬᠠᠨᠳᠤᠰᠢ ᠠᠩᠬ᠎ᠠ ᠠᠯᠬᠤᠮ ᠬᠤᠷᠢᠬ᠍ᠯᠠᠬ᠍ᠳᠠᠪᠠ᠃ ᠮᠠᠨ᠎ᠤ ᠤᠷᠤᠨ᠎ᠤ ᠪᠠᠷᠠᠭᠤᠨ ᠪᠡᠶ᠎ᠠ᠎ᠶ᠋ᠢᠨ ᠴᠦᠯᠯᠡᠷᠭᠡᠭ᠌ᠵᠢᠭ᠌ᠰᠡᠨ ᠭᠠᠵᠠᠷ ᠤᠷᠤᠨ ᠪᠤᠯ ᠮᠠᠨ᠎ᠤ ᠤᠯᠤᠰ᠎ᠤᠨ ᠪᠠᠷᠠᠭᠤᠨ ᠬᠤᠢᠳᠤ ᠤᠷᠤᠨ᠎ᠤ ᠴᠢᠬᠤᠯᠠ ᠠᠮᠢ ᠠᠬᠤᠢ᠎ᠶ᠋ᠢᠨ ᠬᠠᠯᠬᠠᠪᠴᠢ᠎ᠶ᠋ᠢᠨ ᠤᠷᠤᠨ ᠪᠤᠯᠬᠤ ᠪᠦᠬᠡᠳ ᠪᠦᠬᠦ᠌ ᠤᠯᠤᠰ᠎ᠤᠨ ᠡᠯᠡᠰᠦᠷᠭᠡᠭ᠌ᠵᠢᠯ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠭᠤᠤᠯᠳᠠᠯᠭ᠎ᠠ᠎ᠲᠠᠢ ᠤᠷᠤᠨ ᠪᠦᠰᠡ ᠪᠤᠯᠤᠨ᠎ᠠ᠃ ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠪᠠᠷᠠᠭᠤᠨ ᠪᠠᠶ᠎ᠠ᠎ᠶ᠋ᠢᠨ ᠡᠯ᠎ᠠ ᠭᠠᠵᠠᠷ᠎ᠤᠨ᠎ᠬᠢᠨ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ᠎ᠶ᠋ᠢ ᠬᠠᠮᠠᠭᠠᠯᠠᠵᠤ ᠪᠦᠳᠦᠭᠡᠨ ᠪᠠᠢᠭᠤᠯᠬᠤ ᠭᠤᠤᠯᠳᠠᠯᠭ᠎ᠠ᠎ᠲᠠᠢ ᠢᠨᠵᠧᠨᠧᠷᠢᠩ᠎ᠤᠳ᠎ᠢ ᠲᠤᠭᠤᠱᠢᠳᠠᠢ ᠬᠡᠷᠡᠭ᠌ᠵᠢᠬᠦᠯᠦᠭ᠌ᠰᠡᠨ᠎ᠠᠴᠠ ᠤᠷᠭᠤᠮᠠᠯ᠎ᠤᠨ ᠪᠦᠷᠬᠦᠴᠡ ᠵᠢᠯ ᠲᠠᠷᠠᠭᠠᠯᠠᠨ ᠲᠡᠭᠡᠭ᠌ᠰᠢᠯᠡᠪᠡ᠃ ᠮᠡᠳᠡᠬᠦᠯᠦᠯᠳᠡ᠎ᠶ᠋ᠢ ᠦᠨᠳᠦᠰᠦᠯᠡᠪᠡᠯ᠂ 2012 ᠤᠨ᠎ᠠᠴᠠ ᠡᠮᠤᠨ᠎ᠠ ᠪᠦᠬᠦ᠌ ᠤᠷᠤᠨ᠎ᠤ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ 36.8% ᠪᠠᠢᠵᠤ᠂ 2012 ᠤᠨ᠎ᠠᠴᠠ ᠰᠡᠬᠦᠯᠡᠷ 40.4% ᠎ᠶ᠋ᠢ ᠲᠠᠪᠠᠵᠠᠢ᠂ ᠨᠢᠳᠤᠨᠤᠨ ᠪᠦᠬᠦ᠌ ᠤᠷᠤᠨ᠎ᠤ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ 41.6% ᠎ᠳᠤ ᠬᠦᠷᠴᠦ᠍᠂ ᠤᠢ᠍ᠢᠷ᠎ᠠ᠎ᠶ᠋ᠢᠨ ᠵᠢᠯ᠎ᠤᠨ ᠳᠤᠳᠤᠷᠠᠬᠢ ᠨᠡᠯᠢᠶᠡᠳ ᠦᠨᠳᠤᠷ ᠲᠦᠪᠱᠢᠨ᠎ᠳᠤ ᠬᠦᠷᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号