7 ᠰᠠᠷ᠎ᠡ᠎ᠶ᠋ᠢᠨ 10 ᠤ ᠡᠳᠦᠷ᠂ ᠦᠪᠡᠷᠳᠡᠭᠡᠨ ᠵᠠᠰᠭᠠᠤ ᠤᠷᠤᠨ᠎ᠤ 《ᠲᠠᠯ ᠡ ᠨᠤᠳᠤᠭ᠎ᠤᠨ ᠰᠤᠷᠤᠯᠴᠠᠯᠭ᠎ᠠ᠎ᠶ᠋ᠢᠨ ᠬᠦᠡᠭ᠌ᠭᠡᠨ ᠮᠤᠷᠢᠳᠤ ᠴᠡᠷᠢᠭ》 ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠡᠬᠤ ᠪᠦᠯᠬᠦᠮ ᠠᠯᠠᠱᠠ ᠠᠢᠮᠠᠭ᠎ᠲᠤ ᠬᠦᠷᠴᠤ᠌᠂ ᠮᠡᠳᠡᠬᠦᠯᠤᠯᠳᠠ ᠬᠢᠬᠦ᠌ ᠪᠠ ᠬᠤᠷᠱᠢᠯᠴᠠᠬᠤ ᠬᠡᠯᠪᠡᠷᠢ᠎ᠪᠠᠷ ᠠᠯᠪᠡᠨ ᠪᠠᠢᠭᠤᠯᠭ᠎ᠠ᠎ᠶ᠋ᠢᠨ ᠺᠠᠳ᠋ᠷᠴᠤᠳ᠂ ᠨᠡᠢᠭᠡᠮ ᠲᠤᠭᠤᠷᠢᠭ᠎ᠤᠨ ᠨᠠᠮ᠎ᠤᠨ ᠭᠡᠱᠢᠬᠦᠳ᠎ᠲᠤ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠡᠵᠤ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠠᠯᠠᠱᠠ ᠠᠢᠮᠠᠭ᠎ᠤᠨ ᠺᠠᠳ᠋ᠷ ᠤᠯᠠᠨ ᠲᠦᠮᠡᠨ᠎ᠳᠤ ᠬᠦᠨᠵᠡᠭᠡᠢ ᠤᠢ᠍ᠢᠯᠠᠭᠠᠭᠤᠯᠪᠠ᠃
ᠲᠤᠰ ᠡᠳᠦᠷ᠎ᠤᠨ ᠦᠳᠠ᠎ᠶ᠋ᠢᠨ ᠡᠮᠤᠨ᠎ᠡ᠂ ᠠᠯᠠᠱᠠ ᠵᠡᠬᠦᠨ ᠬᠤᠱᠢᠭᠤᠨ᠎ᠤ ᠬᠤᠷᠠᠯ᠎ᠤᠨ ᠲᠦᠪᠲᠤ᠌᠂ ᠠᠯᠠᠱᠠ ᠵᠡᠬᠦᠨ ᠬᠤᠱᠢᠭᠤᠨ᠎ᠠᠴᠠ ᠬᠦᠷᠦᠯᠴᠡᠨ ᠢᠷᠡᠭ᠌ᠰᠡᠨ ᠡᠯ᠎ᠡ ᠱᠠᠳᠤᠨ᠎ᠤ 180 ᠭᠠᠷᠤᠢ ᠨᠠᠮ᠎ᠤᠨ ᠭᠡᠱᠢᠬᠦᠨ ᠺᠠᠳ᠋ᠷᠴᠤᠳ ᠴᠤᠬ᠍ᠯᠠᠷᠠᠨ᠂ ᠦᠪᠡᠷᠳᠡᠭᠡᠨ ᠵᠠᠰᠠᠬᠤ ᠤᠷᠤᠨ᠎ᠤ 《ᠲᠠᠯ᠎ᠡ ᠨᠤᠳᠤᠭ᠎ᠤᠨ ᠰᠤᠷᠤᠯᠴᠠᠯᠭ᠎ᠠ᠎ᠶ᠋ᠢᠨ ᠬᠦᠡᠭ᠌ᠭᠡᠨ ᠮᠤᠷᠢᠳᠤ ᠴᠡᠷᠢᠭ》 ᠤᠬᠠᠭᠤᠯᠤᠨ ᠲᠠᠢᠯᠪᠤᠷᠢᠯᠡᠬᠤ ᠪᠦᠯᠬᠦᠮ᠎ᠤᠨ ᠭᠡᠱᠢᠬᠦᠨ᠂ ᠦᠪᠤᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠲᠡᠭᠡᠳᠤ ᠰᠤᠷᠭᠠᠭᠤᠯᠢ᠎ᠶ᠋ᠢᠨ ᠨᠠᠮ᠎ᠤᠨ ᠶᠡᠷᠤᠩᠭᠡᠢ ᠡᠬᠦᠷ᠎ᠤᠨ ᠱᠦᠵᠢ᠂ ᠪᠠᠢᠡᠭ᠌ᠭᠤ᠎ᠶ᠋ᠢᠨ ᠲᠡᠳ᠋ ᠵᠠᠬᠢᠷᠤᠯ᠂ ᠫᠷᠤᠹᠧᠰᠰᠤᠷ ᠴᠧᠨ ᡁᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠪᠠ᠃ ᠴᠧᠨ ᡁᠢ 《ᠠᠷᠠᠳ ᠲᠦᠮᠡᠨ᠎ᠢ ᠲᠡᠭᠡᠳᠤᠯᠡᠬᠦ᠌ᠶ᠋ᠢ ᠪᠠᠷᠢᠮᠳᠠᠯᠠᠨ᠂ ᠱᠢᠨ᠎ᠡ ᠴᠠᠭ ᠦᠶ᠎ᠡ᠎ᠶ᠋ᠢᠨ ᠦᠪᠤᠷ ᠮᠤᠩᠭᠤᠯ᠎ᠤᠨ ᠬᠦᠭ᠌ᠵᠢᠯᠳᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠠ — ᠶᠡᠷᠤᠩᠭᠡᠢ ᠱᠦᠵᠢ ᠰᠢ᠎ᠶ᠋ᠢᠨ ᠫᠢᠩ᠎ᠤᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠤᠶᠡ》 ᠭᠡᠬᠦ᠌ ᠰᠡᠳᠦᠪ᠎ᠢᠶᠠᠷ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠦᠨᠳᠤᠰᠤᠨ ᠪᠠᠢᠳᠠᠯ ᠪᠠ ᠭᠤᠤᠯ ᠤᠨᠴᠠᠯᠢᠭ᠂ ᠶᠡᠷᠤᠩᠭᠡᠢ ᠱᠦᠵᠢ ᠰᠢ᠎ᠶ᠋ᠢᠨ ᠫᠢᠩ᠎ᠤᠨ ᠠᠷᠠᠳ ᠲᠦᠮᠡᠨ᠎ᠢᠶᠠᠷ ᠭᠤᠤᠯ ᠪᠤᠯᠭᠠᠬᠤ ᠦᠵᠡᠯ ᠰᠠᠨᠠᠭ᠎ᠠ᠎ᠶ᠋ᠢᠨ ᠪᠡᠶᠠᠯᠢᠭ ᠠᠭᠤᠯᠤᠬ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠬᠦᠨᠵᠡᠭᠡᠢ ᠤᠢ᠍ᠢᠯᠠᠭᠠᠬᠤ᠂ ᠶᠡᠷᠤᠩᠭᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠦᠪᠤᠷ ᠮᠤᠩᠭᠤᠯ᠎ᠤᠨ ᠬᠦᠭ᠌ᠵᠢᠯᠳᠠ᠎ᠶ᠋ᠢ ᠬᠦᠳᠤᠯᠤᠨ ᠲᠠᠭᠠᠭᠤᠯᠬᠤ ᠭᠤᠷᠪᠡᠨ ᠲᠠᠯ᠎ᠡ᠎ᠠᠴᠠ᠂ ᠪᠦᠬᠦ᠌ ᠤᠯᠤᠰ᠎ᠤᠨ ᠬᠤᠶᠠᠷ ᠬᠤᠷᠠᠯ ᠵᠢᠴᠢ ᠶᠡᠷᠤᠩᠭᠡᠢ ᠱᠦᠵᠢ ᠰᠢ᠎ᠶ᠋ᠢᠨ ᠫᠢᠩ᠎ᠤᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠨᠠᠷᠢᠯᠢᠭ ᠤᠬᠠᠭᠤᠯᠤᠨ ᠲᠠᠢᠯᠪᠤᠷᠢᠯᠡᠪᠠ᠃ ᠬᠢᠴᠢᠶᠠᠯ᠎ᠤᠨ ᠠᠭᠤᠯᠭ᠎ᠠ᠎ᠶ᠋ᠢᠨ ᠤᠯᠤᠰ ᠲᠦᠷᠤ᠎ᠶ᠋ᠢᠨ ᠵᠤᠬ᠍ᠰᠤᠴᠠ ᠦᠨᠳᠤᠷ᠂ ᠲᠠᠢᠯᠪᠤᠷᠢᠯᠠᠯ ᠠᠮᠢᠳᠤᠯᠢᠬ ᠲᠦᠷᠰᠦᠯᠢᠭ᠂ ᠨᠠᠮ᠎ᠤᠨ ᠬᠡᠱᠢᠬᠦᠨ ᠺᠠᠳ᠋ᠷ᠎ᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠬ ᠰᠠᠨᠠᠭᠠᠨ᠎ᠤ ᠮᠦᠨ ᠴᠢᠨᠠᠷ ᠪᠤᠯᠤᠨ ᠦᠵᠡᠯ ᠰᠠᠨᠠᠭᠠᠨ᠎ᠤ ᠠᠭᠤᠯᠤᠬ᠍ᠳᠠᠬᠤᠨ᠎ᠢ ᠬᠦᠨᠵᠡᠬᠡᠢ ᠤᠢ᠍ᠢᠯᠠᠭᠠᠬᠤ᠂ ᠵᠦᠪ ᠡᠵᠡᠮᠱᠢᠬᠦ᠂ ᠠᠵᠢᠯ᠎ᠤᠨ ᠨᠠᠢᠳᠠᠪᠤᠷᠢᠵᠢᠭᠤᠯᠤᠯᠳᠠ᠎ᠶ᠋ᠢ ᠠᠬᠢᠭᠤᠯᠬᠤ᠎ᠳᠤ ᠮᠠᠰᠢ ᠴᠢᠩᠭ᠎ᠠ ᠵᠢᠯᠤᠭᠤᠳᠭᠤ ᠠᠴᠢ ᠬᠤᠯᠪᠤᠬ᠍ᠳᠠᠯ᠎ᠲᠠᠢ ᠶᠤᠮ᠃ ᠤᠬᠠᠭᠤᠯᠤᠨ ᠲᠠᠢᠯᠪᠤᠷᠢᠯᠠᠬᠤ ᠶᠠᠪᠤᠴᠠ᠎ᠳᠤ᠂ ᠨᠠᠮ᠎ᠤᠨ ᠬᠡᠱᠢᠬᠦᠨ ᠺᠠᠳ᠋ᠷ ᠠᠩᠬᠠᠷᠤᠯ᠎ᠢᠶᠠᠨ ᠲᠦᠪᠯᠡᠷᠡᠬᠦᠯᠤᠨ ᠰᠤᠨᠤᠰᠴᠤ᠌᠂ ᠪᠠᠢᠨ ᠲᠠᠬᠢᠨ ᠲᠡᠮᠳᠡᠭ᠌ᠯᠡᠯ ᠬᠢᠵᠤ ᠪᠠᠢᠪᠠ᠃
《ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠭᠠᠳ᠂ ᠶᠠᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠦᠯᠤᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠪᠤᠯᠤᠨ ᠬᠤᠶᠠᠷ ᠬᠤᠷᠠᠯ᠎ᠤᠨ ᠵᠤᠷᠢᠬ ᠰᠠᠨᠠᠭ᠎ᠠ᠎ᠶ᠋ᠢᠨ ᠴᠢᠬᠤᠯᠠ ᠠᠭᠤᠯᠭ᠎ᠠ᠎ᠶ᠋ᠢ ᠨᠡᠩ ᠬᠦᠨᠵᠡᠬᠡᠢ ᠤᠢ᠍ᠢᠯᠠᠭᠠᠬᠤ ᠪᠠ ᠡᠵᠡᠮᠱᠢᠪᠠ᠃ ᠦᠨᠳᠤᠰᠤᠨ ᠱᠠᠳᠤᠨ᠎ᠤ ᠺᠠᠳ᠋ᠷ ᠪᠤᠯᠤᠬ᠍ᠰᠠᠨ᠎ᠤ ᠬᠤᠪᠢ᠎ᠳᠤ᠂ ᠬᠤᠢᠱᠢᠳᠠ᠎ᠶ᠋ᠢᠨ ᠠᠵᠢᠯ᠎ᠳᠠᠭᠠᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ᠂ ᠬᠦᠳᠡᠭᠡ ᠲᠤᠰᠭᠤᠨ᠎ᠢ ᠬᠦᠭ᠌ᠵᠢᠬᠦᠯᠤᠨ ᠮᠠᠨᠳᠤᠭᠤᠯᠬᠤ᠂ ᠬᠦᠳᠡᠭᠡ ᠲᠤᠰᠭᠤᠨ᠎ᠤ ᠬᠦᠮᠤᠰ᠎ᠤᠨ ᠤᠷᠤᠱᠢᠨ ᠰᠠᠭᠤᠷᠢᠱᠢᠬᠤ ᠤᠷᠴᠢᠨ ᠲᠤᠭᠤᠷᠢᠨ᠎ᠢ ᠴᠡᠭ᠌ᠴᠡᠯᠡᠨ ᠰᠠᠢᠵᠢᠷᠠᠭᠤᠯᠬᠤ ᠵᠡᠷᠬᠡ ᠠᠵᠢᠯ᠎ᠢ ᠴᠢᠨᠠᠬ᠍ᠰᠢᠳᠠ ᠴᠢᠩᠭᠠᠳᠭᠠᠵᠤ᠂ ᠶᠠᠳᠠᠭᠤ᠎ᠠᠴᠠ ᠠᠩᠬᠢᠵᠢᠷᠠᠭᠤᠯᠬᠤ ᠠᠮᠵᠢᠯᠳᠠ ᠪᠦᠳᠤᠮᠵᠢ᠎ᠶ᠋ᠢ ᠲᠠᠰᠤᠷᠠᠯᠳᠠ ᠦᠬᠡᠢ ᠪᠠᠳᠤᠳᠭᠠᠨ ᠲᠡᠭᠡᠭ᠌ᠰᠢᠯᠡᠬᠦᠯᠵᠤ᠂ ᠠᠷᠠᠳ ᠲᠦᠮᠡᠨ᠎ᠢᠶᠠᠷ ᠭᠤᠤᠯ ᠪᠤᠯᠭᠠᠬ᠍ᠰᠠᠨ ᠦᠵᠡᠯ ᠰᠠᠨᠠᠭ᠎ᠠ᠎ᠶ᠋ᠢ ᠪᠤᠳᠠᠳᠠᠢ ᠠᠵᠢᠯ᠎ᠤᠨ ᠲᠤᠮᠳᠠ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠡᠶᠡᠯᠡᠬᠦᠯᠤᠨ᠎ᠠ》 ᠬᠡᠵᠤ ᠠᠯᠠᠱᠠ ᠵᠡᠬᠦᠨ ᠬᠤᠱᠢᠭᠤᠨ᠎ᠤ ᠵᠢᠷᠠᠨᠳᠠᠢ ᠪᠠᠯᠭᠠᠰᠤᠨ᠎ᠤ ᠨᠠᠮ᠎ᠤᠨ ᠬᠤᠷᠢᠶᠠᠨ᠎ᠤ ᠱᠦᠵᠢ ᠵᠠᠩ ᠵᠢᠶᠦ᠋ᠨ ᠱᠧᠩ ᠬᠡᠯᠡᠪᠡ᠃
ᠲᠤᠰ ᠡᠳᠦᠷ᠎ᠤᠨ ᠦᠳᠡ᠎ᠶ᠋ᠢᠨ ᠬᠤᠢᠨ᠎ᠠ᠂ ᠴᠧᠨ ᡁᠢ ᠪᠦᠬᠦ᠌ ᠤᠯᠤᠰ᠎ᠤᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠲᠦᠯᠤᠬᠡᠯᠡᠭ᠌ᠴᠢ᠂ ᠠᠯᠠᠱᠠ ᠠᠢᠮᠠᠬ᠎ᠤᠨ ᠤᠯᠤᠰ ᠲᠦᠷᠤ᠎ᠶ᠋ᠢᠨ ᠵᠦᠪᠯᠡᠯᠬᠡᠨ᠎ᠤ ᠲᠡᠳ᠋ ᠲᠡᠷᠢᠬᠦᠯᠡᠭ᠌ᠴᠢ᠂ ᠠᠯᠠᠱᠠ ᠵᠡᠬᠦᠨ ᠬᠤᠱᠢᠭᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠬᠤᠱᠢᠭᠤᠨ ᠲᠠᠷᠤᠭ᠎ᠠ ᠭᠧᠮᠢᠩᠲᠠᠢ ᠬᠠᠮᠳᠤ ᠠᠯᠠᠱᠠ ᠵᠡᠬᠦᠨᠤ ᠬᠤᠱᠢᠭᠤᠨ᠎ᠤ ᠦᠭᠡᠯᠡᠳ ᠵᠡᠬᠡᠯᠢ ᠭᠤᠳᠤᠮᠵᠢ᠎ᠶ᠋ᠢᠨ ᠠᠨᠳᠠ ᠨᠡᠢᠬᠡᠮ ᠲᠤᠭᠤᠷᠢᠬ᠎ᠲᠤ ᠢᠷᠡᠵᠤ᠂ ᠨᠡᠢᠬᠡᠮ ᠲᠤᠭᠤᠷᠢᠬ᠎ᠤᠨ ᠨᠠᠮ᠎ᠤᠨ ᠬᠡᠱᠢᠬᠦᠨ᠎ᠲᠠᠢ ᠬᠤᠷᠱᠢᠯᠴᠠᠬᠤ ᠮᠠᠶᠢᠬ᠎ᠤᠨ ᠤᠬᠠᠭᠤᠯᠤᠨ ᠲᠠᠢᠯᠪᠤᠷᠢᠯᠠᠯᠳᠠ ᠬᠢᠵᠤ᠂ ᠨᠡᠢᠬᠡᠮ ᠲᠤᠭᠤᠷᠢᠬ᠎ᠤᠨ ᠨᠠᠮ᠎ᠤᠨ ᠬᠡᠱᠢᠬᠦᠨ᠎ᠲᠠᠢ ᠬᠦᠷ ᠬᠦᠭ᠌ᠵᠢᠶᠠᠨᠳᠠᠢ ᠰᠠᠨᠠᠯ᠎ᠢᠶᠠᠨ ᠰᠤᠯᠢᠯᠴᠠᠵᠠᠢ᠃
ᠤᠷᠮᠠᠱᠢᠨ ᠵᠤᠷᠢᠬ᠍ᠵᠢᠬ᠍ᠰᠠᠨ ᠠᠯᠠᠱᠠ ᠵᠡᠬᠦᠨ ᠬᠤᠱᠢᠭᠤᠨ᠎ᠤ ᠦᠭᠡᠯᠡᠳ ᠵᠡᠬᠡᠯᠢ ᠭᠤᠳᠤᠮᠵᠢ᠎ᠶ᠋ᠢᠨ ᠠᠷᠠᠳ᠎ᠤᠨ ᠲᠦᠯᠤᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯᠯᠠᠬᠤ ᠵᠦᠪᠯᠡᠯ᠎ᠤᠨ ᠡᠷᠬᠢᠯᠡᠭ᠌ᠴᠢ ᠶᠤᠸᠠᠨ ᠬᠤᠸᠠ ᠨᠢᠶᠠᠨ᠄ 《ᠤᠬᠠᠭᠤᠯᠤᠨ ᠲᠠᠢᠯᠪᠤᠷᠢᠯᠠᠬᠤ ᠮᠡᠳᠡᠬᠦᠯᠤᠳᠠᠶ᠋ᠢ ᠰᠤᠨᠤᠰᠤᠭᠠᠳ᠂ ᠪᠢ ᠶᠠᠷᠤᠩᠬᠡᠢ ᠱᠦᠵᠢ ᠰᠢ᠎ᠶ᠋ᠢᠨ ᠫᠢᠩ᠎ᠤᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠠᠷᠠᠳ ᠲᠦᠮᠡᠨ᠎ᠢ ᠲᠡᠬᠡᠳᠤᠯᠠᠬᠦ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠪᠠ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢ ᠠᠬᠢᠭᠤᠯᠬᠤ ᠵᠡᠷᠬᠡ ᠲᠡᠯ᠎ᠠ᠎ᠪᠠᠷ᠎ᠬᠢ ᠶᠠᠷᠢᠶᠠᠨ᠎ᠤ ᠵᠤᠷᠢᠬ ᠰᠠᠨᠠᠭ᠎ᠠ᠎ᠶ᠋ᠢ ᠨᠡᠩ ᠬᠦᠨᠵᠡᠬᠡᠢ ᠤᠢ᠍ᠢᠯᠠᠭᠠᠵᠤ᠂ ᠢᠷᠡᠬᠡᠳᠤᠢ᠎ᠶ᠋ᠢᠨ ᠬᠦᠭ᠌ᠵᠢᠯᠳᠠ᠎ᠳᠤ ᠨᠡᠩ ᠢᠳᠡᠬᠡᠯ ᠲᠦᠬᠦᠷᠡᠩ ᠪᠤᠯᠤᠬ᠍ᠰᠠᠨ ᠪᠠᠢᠨ᠎ᠠ》 ᠬᠡᠵᠤ ᠬᠡᠯᠡᠪᠡ᠃