ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠬᠡᠤᠬᠡᠳ᠎ᠢ ᠬᠠᠯᠠᠮᠵᠢᠯᠠᠬᠤ ᠦᠢᠯᠡᠴᠢᠯᠡᠭᠡᠨ᠎ᠤ ᠠᠵᠢᠯᠯᠠᠭ᠎ᠠ ᠡᠬᠢᠯᠡᠯ᠎ᠡ
2020-07-12 10:39:56
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 9 ᠎ᠤ ᠦᠳᠡ᠎ᠶ᠋ᠢᠨ ᠬᠤᠢᠨ᠎ᠠ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠤᠨ ᠬᠤᠯᠪᠤᠭ᠎ᠠ᠂ ᠰᠤᠷᠭᠠᠨ ᠬᠥᠮᠦᠵᠢᠯ᠎ᠤᠨ ᠲᠢᠩᠬᠢᠮ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠡᠪᠯᠡᠯ᠎ᠤᠨ ᠬᠤᠷᠢᠶ᠎ᠠ ᠵᠡᠷᠭᠡ 11 ᠰᠠᠯᠠᠭ᠎ᠠ ᠮᠦᠴᠢᠷ᠎ᠠᠴᠠ ᠬᠠᠮᠲᠤᠷᠠᠨ ᠡᠷᠬᠢᠯᠡᠭ᠌ᠰᠡᠨ 《ᠬᠡᠤᠬᠡᠳ ᠨᠠᠰᠤ᠎ᠪᠠᠨ ᠨᠠᠨᠳᠢᠩᠨᠠᠵᠤ ᠬᠠᠮᠲᠤ᠎ᠪᠠᠷ ᠦᠰᠦᠨ ᠪᠤᠢᠵᠢᠶ᠎ᠠ》 2020 ᠣᠨ᠎ᠤ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠬᠡᠤᠬᠡᠳ᠎ᠢ ᠬᠠᠯᠠᠮᠵᠢᠯᠠᠬᠤ ᠦᠢᠯᠡᠴᠢᠯᠡᠭᠡᠨ᠎ᠤ ᠠᠵᠢᠯᠯᠠᠭ᠎ᠠ ᠬᠥᠬᠡᠬᠤᠲᠠ᠎ᠶ᠋ᠢᠨ  ᠥᠴᠤᠸᠠᠨ ᠱᠢᠶᠠᠨ᠎ᠤ ᠨᠢᠭᠡᠳᠦᠭᠡᠷ ᠪᠠᠭ᠎ᠠ ᠰᠤᠷᠭᠠᠭᠤᠯᠢ᠎ᠳᠤ ᠡᠬᠢᠯᠡᠪᠠ᠃

ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ᠂ ᠬᠢᠵᠢᠭ᠎ᠲᠠᠢ ᠲᠠᠮᠠᠴᠡᠬᠦ᠂  ᠦᠢᠯᠡᠰ ᠪᠤᠰᠭᠠᠵᠤ ᠶᠠᠳᠠᠭᠤ᠎ᠠᠴᠠ ᠠᠩᠭᠢᠵᠢᠷᠠᠭᠤᠯᠬᠤ᠂ ᠦᠨᠳᠦᠰᠦᠲᠡᠨ᠎ᠤ ᠪᠦᠯᠬᠦᠮᠳᠡᠯ ᠵᠡᠷᠭᠡ 《ᠬᠠᠮᠤᠭ᠎ᠤᠨ ᠭᠤᠶᠣ ᠬᠡᠷ ᠪᠦᠯᠢ》 ᠎ᠶ᠋ᠢᠨ ᠣᠬᠤᠷ ᠹᠢᠯᠢᠮ ᠪᠠ ᠪᠣᠬᠢᠷᠲᠤᠯ ᠥᠬᠡᠶ ᠬᠡᠷ ᠪᠦᠯᠢ᠎ᠶ᠋ᠢ ᠡᠭᠦᠳᠦᠨ ᠪᠠᠢᠭᠤᠯᠬᠤ ᠨᠡᠢᠲᠡ᠎ᠶ᠋ᠢᠨ ᠠᠰᠠᠷᠠᠮᠵᠢ᠎ᠶ᠋ᠢᠨ ᠣᠬᠤᠷ ᠹᠢᠯᠢᠮ᠎ᠢ ᠨᠡᠪᠲᠡᠷᠡᠭᠦᠯᠪᠡ᠃ ᠦᠪᠡᠷᠳᠡᠭᠡᠨ ᠵᠠᠰᠠᠬᠤ ᠤᠷᠤᠨ᠎ᠤ 《ᠬᠠᠮᠤᠭ᠎ᠤᠨ ᠭᠤᠶᠦ᠍ ᠭᠡᠷ ᠪᠦᠯᠢ》 ᠎ᠶ᠋ᠢᠨ᠎ᠬᠢᠨ ᠦᠴᠤᠸᠠᠨ ᠱᠢᠶᠠᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠬᠡᠤᠬᠡᠳ᠎ᠲᠠᠢ ᠬᠠᠪᠰᠤᠷᠤᠯᠴᠠᠭ᠎ᠠ ᠪᠠᠢᠭᠤᠯᠬᠤ᠎ᠶ᠋ᠢᠨ ᠬᠠᠮᠳᠤ ᠰᠤᠷᠤᠯᠭ᠎ᠠ᠎ᠶ᠋ᠢᠨ ᠭᠡᠷᠡᠭ᠌ᠰᠡᠯ ᠭᠠᠷᠳᠠᠭᠤᠯᠪᠠ᠃

ᠡᠨᠡ ᠬᠦ᠌ ᠠᠵᠢᠯᠯᠠᠭ᠎ᠠ᠎ᠨᠢ ᠬᠥᠬᠡᠬᠤᠲᠠ᠂ ᠪᠤᠭᠤᠲᠤ᠌᠂ ᠲᠦᠩᠯᠢᠶᠣᠤ᠂ ᠱᠢᠯᠢ᠎ᠶ᠋ᠢᠨ ᠭᠤᠤᠯ᠂ ᠪᠠᠶᠠᠨᠨᠠᠭᠤᠷ ᠵᠡᠷᠭᠡ 5 ᠠᠢᠮᠠᠭ ᠬᠤᠲᠠ᠎ᠶ᠋ᠢᠨ 1 ᠱᠢᠶᠠᠨ᠂ 10 ᠲᠣᠰᠭᠤᠨ (ᠨᠡᠢᠭᠡᠮ ᠲᠣᠭᠤᠷᠢᠭ) ᠎ᠳᠤ ᠶᠠᠪᠤᠭ᠍ᠳᠠᠨ᠎ᠠ᠂ ᠦᠪᠡᠷᠳᠡᠭᠡᠨ ᠵᠠᠰᠠᠬᠤ ᠤᠷᠤᠨ᠎ᠤ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠥᠷᠭᠡᠨ ᠣᠯᠠᠨ ᠺᠠᠳ᠋ᠷ ᠠᠵᠢᠯᠲᠠᠨ ᠵᠢᠴᠢ 10 ᠲᠦᠮᠡ ᠭᠠᠷᠤᠶ ᠡᠯ᠎ᠡ ᠱᠠᠲᠤᠨ᠎ᠤ 《ᠬᠠᠮᠤᠭ᠎ᠤᠨ ᠭᠤᠶᠣ ᠬᠡᠷ ᠪᠦᠯᠢ》 ᠰᠠᠢᠨ ᠳᠤᠷ᠎ᠠ᠎ᠶ᠋ᠢᠨ  ᠦᠢᠯᠡᠴᠢᠯᠡᠭᠡᠨ᠎ᠤ ᠠᠵᠢᠯᠯᠠᠭ᠎ᠠ᠎ᠳᠤ ᠣᠷᠣᠯᠴᠠᠵᠤ᠂ ᠶᠠᠳᠠᠭᠤ ᠬᠦᠴᠢᠷᠳᠡᠯᠲᠡᠶ ᠡᠮᠡᠭ᠌ᠲᠡᠢᠴᠦᠳ᠎ᠤᠨ ᠬᠡᠷ ᠪᠦᠯᠢ ᠪᠤᠯᠤᠨ ᠬᠡᠷ᠎ᠲᠡᠭᠡᠨ ᠬᠤᠴᠣᠷᠤᠭ᠍ᠰᠠᠨ ᠬᠡᠤᠬᠡᠳ᠎ᠲᠠᠢ ᠬᠠᠪᠰᠤᠷᠤᠯᠴᠠᠭ᠎ᠠ ᠪᠠᠢᠭᠤᠯᠵᠤ ᠬᠠᠢᠷ᠎ᠠ ᠬᠠᠯᠠᠮᠵᠢ ᠬᠦᠷᠳᠡᠭᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号