ᠥᠪᠥᠷ ᠮᠣᠩᠭᠤᠯ᠎ᠤᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠥᠪ ᠣᠯᠣᠰ᠎ᠤᠨ ᠦᠮᠴᠢᠯᠡᠯ᠎ᠤᠨ ᠠᠵᠤ ᠠᠬᠤᠢ᠍ᠢᠯᠠᠯ᠎ᠤᠨ ᠦᠪᠡᠷ᠎ᠤᠨ ᠦᠷᠳᠡᠭ᠎ᠢ 33 ᠳ᠋ᠦᠩᠱᠢᠭᠤᠷ ᠱᠢᠬᠠᠮ ᠲᠥᠭᠦᠷᠢᠭ ᠪᠠᠭᠤᠷᠠᠭᠤᠯᠵᠠᠢ
2020-07-13 11:32:46
ᠵᠣᠬᠢᠶᠠᠭ᠍ᠴᠢ᠄
​ ᠬᠠᠢ ᠴᠢᠤᠸᠠᠨ ᠭᠤᠸ᠎ᠠ
ᠣᠩᠱᠢᠭ᠍ᠰᠠᠨ ᠣᠳᠠᠭ᠎ᠠ᠄
★★★☆☆

ᠬᠠᠮᠤᠭ᠎ᠤᠨ ᠱᠢᠨ᠎ᠠ ᠪᠦᠷᠢᠳᠭᠡᠯ᠎ᠢᠶᠠᠷ᠂ ᠡᠨᠡ ᠵᠢᠯ᠎ᠤᠨ 5 ᠰᠠᠷ᠎ᠠ᠎ᠶ᠋ᠢᠨ ᠰᠡᠭᠦᠯᠴᠢ ᠪᠣᠯᠲᠠᠯ᠎ᠠ ᠥᠪᠥᠷ ᠮᠣᠩᠭᠤᠯ᠎ᠤᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠥᠪ᠎ᠨᠢ ᠡᠯ᠎ᠡ ᠲᠥᠷᠥᠯ᠎ᠤᠨ ᠥᠮᠴᠢᠯᠡᠯ᠎ᠤᠨ ᠡᠷᠭᠡ᠎ᠶ᠋ᠢᠨ ᠠᠷᠠᠯᠵᠢᠶᠠᠨ᠎ᠤ ᠲᠤᠬᠠᠢᠯᠠᠭ᠍ᠰᠠᠨ ᠠᠵᠢᠯ ᠪᠤᠯᠤᠨ ᠬᠤᠳᠠᠯᠳᠤᠨ ᠠᠪᠬᠤ ᠲᠤᠬᠠᠢᠯᠠᠭ᠍ᠰᠠᠨ ᠠᠵᠢᠯ᠎ᠢ ᠨᠡᠢᠲᠡ 19740 ᠬᠤᠪᠢ ᠪᠡᠶᠡᠯᠡᠭᠦᠯᠵᠦ᠍᠂ ᠠᠷᠠᠯᠵᠢᠶ᠎ᠠ ᠪᠦᠲᠦᠭ᠌ᠰᠡᠨ ᠵᠣᠭᠤᠰᠤᠨ᠎ᠤ ᠬᠡᠮᠵᠢᠶ᠎ᠡ 505 ᠳ᠋ᠦᠩᠱᠢᠭᠤᠷ ᠱᠢᠬᠠᠮ ᠲᠥᠭᠦᠷᠢᠭ᠎ᠲᠤ ᠬᠦᠷᠴᠦ᠍᠂ ᠵᠠᠬ᠎ᠠ ᠲᠡᠯᠬᠡᠬᠦᠷ᠎ᠤᠨ ᠲᠤᠬ᠍ᠳᠠᠴᠠ᠎ᠪᠠᠷ ᠲᠠᠮᠵᠢᠨ ᠤᠯᠤᠰ᠎ᠤᠨ ᠦᠮᠴᠢᠯᠡᠯ᠎ᠤᠨ ᠡᠳ᠋ ᠬᠦᠷᠦᠩᠬᠡ᠎ᠶ᠋ᠢᠨ ᠦᠷᠳᠡᠭ᠎ᠢ 30 ᠳ᠋ᠦᠩᠱᠢᠭᠤᠷ ᠲᠦᠬᠦᠷᠢᠭ ᠤᠷᠴᠢᠮ ᠨᠡᠮᠡᠭ᠌ᠳᠡᠬᠦᠯᠤᠨ᠂ ᠤᠯᠤᠰ᠎ᠤᠨ ᠥᠮᠴᠢᠯᠡᠯ᠎ᠤᠨ ᠠᠵᠤ ᠠᠬᠤᠢ᠍ᠢᠯᠠᠯ᠎ᠤᠨ ᠥᠪᠡᠷ᠎ᠤᠨ ᠥᠷᠲᠡᠭ᠎ᠢ 33 ᠳ᠋ᠦᠩᠱᠢᠭᠤᠷ ᠱᠢᠬᠠᠮ ᠲᠥᠭᠦᠷᠢᠭ ᠪᠠᠭᠤᠷᠠᠭᠤᠯᠵᠠᠢ᠃

2002 ᠤᠨ᠎ᠳᠤ ᠪᠠᠢᠭᠤᠯᠤᠬ᠍ᠳᠠᠬ᠍ᠰᠠᠨ ᠦᠪᠦᠷ ᠮᠤᠩᠭᠤᠯ᠎ᠤᠨ ᠦᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠦᠪ ᠪᠤᠯ ᠪᠦᠬᠦ᠌ ᠠᠷᠠᠳ᠎ᠤᠨ ᠦᠮᠴᠢᠯᠡᠯ᠎ᠤᠨ ᠲᠦᠷᠢᠮᠳᠤ ᠠᠵᠦ᠍ ᠠᠬᠤᠢ᠍ᠢᠯᠠᠯ ᠪᠠᠢᠵᠦ᠍᠂ ᠡᠬᠢ ᠪᠠᠶᠠᠯᠢᠬ᠎ᠢ ᠵᠠᠬ᠎ᠠ ᠲᠡᠯᠬᠡᠬᠦᠷᠴᠢᠯᠡᠨ ᠲᠤᠬᠢᠷᠠᠭᠤᠯᠬᠤ ᠠᠷᠭ᠎ᠠ ᠬᠡᠯᠪᠡᠷᠢ᠎ᠪᠠᠷ ᠤᠯᠤᠰ᠎ᠤᠨ ᠦᠮᠴᠢᠯᠡᠯ᠎ᠤᠨ ᠡᠳ᠋ ᠬᠦᠷᠦᠩᠬᠡ᠂ ᠪᠡᠯᠡ ᠬᠦᠷᠦᠩᠬᠡ ᠪᠤᠯᠤᠨ ᠡᠬᠢ ᠪᠠᠶᠠᠯᠢᠬ᠎ᠢ ᠵᠢᠷᠤᠮᠵᠢᠭᠤᠨ ᠡᠮᠬᠢ ᠵᠢᠷᠤᠮ᠎ᠲᠠᠢ᠎ᠪᠠᠷ ᠱᠢᠯᠵᠢᠬᠦᠯᠬᠦ᠌ ᠪᠠ ᠦᠷᠳᠡᠭ᠎ᠢ ᠪᠠᠳᠤᠯᠠᠨ ᠨᠡᠮᠡᠭ᠌ᠳᠡᠬᠦᠯᠬᠦ᠌ ᠲᠠᠯ᠎ᠠ᠎ᠪᠠᠷ ᠴᠢᠬᠤᠯᠠ ᠦᠢᠯᠡᠳᠦᠯ᠎ᠢᠶᠠᠨ ᠪᠠᠳᠠᠷᠠᠭᠤᠯᠵᠦ᠍᠂ ᠠᠷᠠᠯᠵᠢᠶᠠᠯᠠᠬᠤ ᠵᠦᠢᠯᠡᠰ᠎ᠨᠢ ᠡᠯ᠎ᠠ ᠲᠦᠷᠦᠯ᠎ᠤᠨ ᠠᠵᠦ᠍ ᠠᠬᠤᠢ᠍ᠢᠯᠠᠯ᠎ᠤᠨ ᠰᠲ᠋ᠤᠺ᠎ᠤᠨ ᠡᠷᠬᠡ᠎ᠶ᠋ᠢ ᠱᠢᠯᠵᠢᠬᠦᠯᠬᠦ᠂ ᠬᠡᠷ ᠪᠠᠢᠱᠢᠩ᠎ᠤᠨ ᠦᠮᠴᠢᠯᠡᠯ᠎ᠤᠨ ᠡᠷᠬᠡ ᠪᠠ ᠮᠠᠱᠢᠨ ᠲᠡᠷᠬᠡ ᠵᠡᠷᠬᠡ ᠪᠤᠳᠠᠳᠤ ᠡᠳ᠋᠎ᠤᠨ ᠡᠳ᠋ ᠬᠦᠷᠦᠩᠬᠡ᠂ ᠮᠦᠩᠬᠦᠨ ᠬᠦᠢᠯᠬᠡᠬᠡᠨ᠎ᠤ ᠡᠳ᠋ ᠬᠦᠷᠦᠩᠬᠡ᠂ ᠦᠷᠢ ᠲᠦᠯᠦᠬᠦ᠌ ᠡᠳ᠋ ᠬᠦᠷᠦᠩᠬᠡ ᠪᠠ ᠠᠪᠴᠠᠭᠠᠨ᠎ᠤ ᠡᠷᠬᠡ᠎ᠶ᠋ᠢᠨ ᠡᠷᠬᠡ ᠠᠱᠢᠬ᠂ ᠤᠨᠴᠠ ᠵᠦᠪᠱᠢᠶᠡᠷᠡᠭ᠌ᠰᠡᠨ ᠡᠵᠡᠩᠨᠡᠯᠳᠡ᠎ᠶ᠋ᠢᠨ ᠡᠷᠬᠡ ᠪᠠ ᠰᠤᠶᠤᠯ ᠵᠢᠭᠤᠯᠴᠢᠯᠠᠯ ᠪᠡᠶ᠎ᠠ᠎ᠶ᠋ᠢᠨ ᠲᠠᠮᠢᠷ᠎ᠤᠨ ᠡᠬᠢ ᠪᠠᠶᠠᠯᠢᠬ᠂ ᠠᠭᠤᠷᠬᠠᠢ᠎ᠶ᠋ᠢᠨ ᠡᠷᠬᠡ᠂ ᠭᠠᠵᠠᠷ ᠱᠢᠷᠤᠢ᠎ᠶ᠋ᠢᠨ ᠬᠡᠷᠡᠭ᠌ᠯᠡᠯᠳᠡ᠎ᠶ᠋ᠢᠨ ᠡᠷᠬᠡ᠂ ᠬᠦᠳᠡᠭᠡ ᠲᠤᠰᠭᠤᠨ᠎ᠤ ᠦᠮᠴᠢᠯᠡᠯ᠎ᠤᠨ ᠡᠷᠬᠡ ᠵᠡᠷᠬᠡ ᠡᠬᠢ ᠪᠠᠶᠠᠯᠢᠬ᠎ᠤᠨ ᠴᠢᠨᠠᠷᠳᠠᠢ ᠦᠮᠴᠢᠯᠡᠯ᠎ᠤᠨ ᠡᠷᠬᠡ ᠵᠢᠴᠢ ᠬᠦᠯᠡᠮᠵᠢ᠎ᠶ᠋ᠢᠨ ᠬᠡᠢ ᠪᠡᠶᠡᠳᠤ᠎ᠶ᠋ᠢᠨ ᠭᠠᠳᠠᠬ᠍ᠰᠢᠯᠠᠭᠤᠯᠤᠯᠳᠠ᠎ᠶ᠋ᠢᠨ ᠡᠷᠬᠡ ᠵᠡᠷᠬᠡ ᠤᠷᠴᠢᠨ ᠲᠤᠭᠤᠷᠢᠨ᠎ᠤ ᠡᠨᠧᠷᠬᠢ᠎ᠶ᠋ᠢᠨ ᠠᠷᠠᠯᠵᠢᠶ᠎ᠠ᠎ᠳᠤ ᠬᠤᠯᠪᠤᠬ᠍ᠳᠠᠵᠦ᠍ ᠪᠠᠢᠨ᠎ᠠ᠃ ᠲᠡᠷᠡ᠎ᠨᠢ ᠮᠠᠨ᠎ᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠪᠤᠯᠤᠨ ᠤᠯᠤᠰ᠎ᠤᠨ ᠥᠮᠴᠢᠯᠡᠯ᠎ᠤᠨ ᠠᠵᠤ ᠠᠬᠤᠢ᠍ᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠣᠯᠠᠨ ᠳᠡᠰ ᠳᠠᠪᠬᠤᠷᠭ᠎ᠠ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠪᠠᠢᠭᠤᠯᠤᠯᠲᠠ᠎ᠶ᠋ᠢ ᠠᠬᠢᠭᠤᠯᠬᠤ᠂ ᠦᠢᠯᠡᠴᠢᠯᠡᠭᠡᠨ᠎ᠤ ᠬᠦᠴᠦᠨ ᠵᠦᠢᠯ᠎ᠤᠨ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠳᠤᠬᠢᠷᠠᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠤ ᠪᠤᠢ᠃ 2018 ᠤᠨ᠎ᠤ 10 ᠰᠠᠷ᠎ᠠ᠎ᠳᠤ᠂ ᠲᠤᠰ ᠲᠦᠪ᠎ᠤᠨ᠎ᠬᠢᠨ ᠬᠠᠮᠢᠶ᠎ᠠ ᠪᠦᠬᠦᠢ ᠲᠠᠪᠴᠠᠩ᠎ᠢᠶᠠᠷ ᠲᠠᠮᠵᠢᠨ ᠦᠪᠦᠷ ᠮᠤᠩᠭᠤᠯ᠎ᠤᠨ ᠡᠨᠧᠷᠬᠢ ᠴᠠᠬᠢᠯᠭᠠᠨ ᠭᠠᠷᠭᠠᠬᠤ ᠪᠡᠯᠡ ᠤᠷᠤᠭᠤᠯᠤᠯᠳᠠ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠬᠢᠩᠭᠠᠨ᠎ᠤ ᠢᠯᠴᠢ᠎ᠶ᠋ᠢᠨ ᠴᠠᠬᠢᠯᠭᠠᠨ᠎ᠤ ᠬᠢᠵᠠᠭᠠᠷᠳᠤ ᠺᠤᠮᠫᠠᠨᠢ᠎ᠶ᠋ᠢᠨ ᠪᠡᠯᠡ ᠨᠡᠮᠡᠭ᠌ᠳᠡᠬᠦᠯᠬᠦ᠌ ᠲᠦᠷᠦᠯ ᠵᠦᠢᠯ᠎ᠢ ᠲᠠᠭᠤᠰᠭᠠᠨ᠂ ᠨᠡᠢᠬᠡᠮ᠎ᠤᠨ ᠪᠡᠯᠡ ᠬᠦᠷᠦᠩᠬᠡ᠎ᠶ᠋ᠢ 3 ᠳ᠋ᠦᠩᠱᠢᠭᠤᠷ ᠲᠦᠬᠦᠷᠢᠭ ᠤᠷᠤᠭᠤᠯᠤᠨ ᠠᠪᠴᠢᠷᠠᠵᠦ᠍᠂ ᠪᠡᠯᠡ ᠨᠡᠮᠡᠭ᠌ᠳᠡᠬᠦᠯᠦᠭ᠌ᠰᠡᠨ ᠬᠠᠷᠢᠴᠠᠯ᠎ᠨᠢ 49% ᠎ᠳᠤ ᠬᠦᠷᠴᠡᠢ; ᠡᠨᠡ ᠵᠢᠯ᠎ᠤᠨ 4 ᠰᠠᠷ᠎ᠠ᠎ᠳᠤ 2020 ᠤᠨ᠎ᠤ ᠲᠦᠷᠦᠬᠦᠦ ᠪᠦᠯᠦᠭ ᠬᠤᠯᠢᠮᠠᠬ ᠦᠮᠴᠢᠯᠡᠯ᠎ᠤᠨ ᠲᠦᠷᠢᠮ᠎ᠤᠨ ᠦᠬᠡᠷᠡᠴᠢᠯᠡᠯᠳᠡ᠎ᠶ᠋ᠢᠨ 47 ᠲᠦᠷᠦᠯ ᠵᠦᠢᠯ᠎ᠢ ᠲᠦᠪᠯᠡᠷᠡᠬᠦᠯᠦᠨ ᠲᠠᠨᠢᠯᠴᠠᠭᠤᠯᠤᠬ᠍ᠰᠠᠨ ᠪᠠᠢᠨ᠎ᠠ᠃

ᠥᠪᠥᠷ ᠮᠣᠩᠭᠤᠯ᠎ᠤᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠥᠪ᠎ᠨᠢ 《ᠢᠨᠲ᠋ᠧᠷ ᠰᠦᠯᠵᠢᠶ᠎ᠡ +》 ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠬᠦᠯᠦᠨ ᠬᠠᠷᠠᠮᠥ᠋ᠷᠡᠨ᠂ ᠵᠢᠶᠠᠩᠰᠦ᠂ ᠭᠤᠸᠠᠩᠰᠢ ᠵᠡᠷᠭᠡ 8 ᠮᠤᠵᠢ ᠬᠤᠲᠠ᠎ᠶ᠋ᠢᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠪᠠᠢᠭᠤᠯᠤᠮᠵᠢ᠎ᠲᠠᠢ ᠬᠤᠯᠪᠣᠭᠠᠯᠠᠨ ᠬᠠᠮᠳᠤ᠎ᠪᠠᠷ ᠪᠠᠯᠡ ᠤᠷᠤᠭᠤᠯᠵᠤ ᠪᠠᠢᠭᠠᠳ 《e ᠠᠷᠠᠯᠵᠢᠶ᠎ᠠ》 ᠢᠨᠲ᠋ᠧᠷ ᠰᠦᠯᠵᠢᠶᠡᠨ᠎ᠤ ᠡᠭᠦᠯᠡᠨ ᠲᠠᠪᠴᠠᠩ᠎ᠢ ᠨᠡᠭᠡᠭᠡᠨ ᠬᠥᠭ᠌ᠵᠢᠭᠦᠯᠵᠦ᠍᠂ ᠪᠥᠬᠦ᠌ ᠤᠯᠤᠰ᠎ᠤᠨ 16 ᠮᠤᠵᠢ ᠤᠷᠤᠨ᠎ᠢ ᠬᠠᠮᠤᠷᠤᠭ᠍ᠰᠠᠨ 50 ᠭᠠᠷᠤᠶ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠲᠦᠪ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠪᠠᠢᠭᠤᠯᠤᠮᠵᠢ᠂ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ ᠵᠡᠷᠭᠡ᠎ᠲᠠᠢ ᠬᠠᠮᠳᠤᠷᠠᠯᠴᠠᠭᠠᠨ᠎ᠤ ᠵᠦᠪᠳᠡᠯᠴᠡᠭᠡᠷ ᠲᠤᠭ᠍ᠳᠠᠭ᠍ᠰᠠᠨ ᠪᠠᠢᠨ᠎ᠠ᠃ ᠣᠳᠣ 《e ᠠᠷᠠᠯᠵᠢᠶ᠎ᠠ》 ᠢᠨᠲ᠋ᠧᠷ ᠰᠦᠯᠵᠢᠶᠡᠨ᠎ᠤ ᠡᠭᠦᠯᠡᠨ ᠲᠠᠪᠴᠠᠩ᠎ᠤᠨ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠵᠣᠭᠤᠰ᠎ᠤᠨ ᠬᠡᠮᠵᠢᠶ᠎ᠡ 2200 ᠳ᠋ᠦᠩᠱᠢᠭᠤᠷ ᠲᠥᠭᠦᠷᠢᠭ᠎ᠢ ᠳᠠᠪᠠᠵᠤ᠂ ᠪᠦᠬᠦ᠌ ᠤᠯᠤᠰ᠎ᠤᠨ ᠬᠠᠮᠤᠭ᠎ᠤᠨ ᠲᠣᠮᠣ ᠣᠷᠣᠨ ᠪᠦᠰᠡ ᠠᠯᠤᠰᠯᠠᠭ᠍ᠰᠠᠨ ᠢᠨᠲ᠋ᠧᠷ ᠰᠦᠯᠵᠢᠶᠡᠨ᠎ᠤ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠡᠭᠦᠯᠡᠨ ᠲᠠᠪᠴᠠᠩ ᠪᠣᠯᠵᠤ᠂ ᠲᠤᠭ᠎ᠠ ᠪᠠᠷᠢᠮᠲᠠ᠎ᠶ᠋ᠢ ᠬᠠᠮᠳᠤ᠎ᠪᠠᠷ ᠡᠳ᠋ᠯᠡᠭᠦ᠎ᠶ᠋ᠢ ᠪᠡᠶᠡᠯᠡᠭᠦᠯᠪᠡ᠃

 

 

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号