7 ᠰᠠᠷ᠎ᠠ᠎ᠶ᠋ᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ᠎ᠤ 《ᠲᠠᠯ᠎ᠠ ᠨᠤᠲᠤᠭ᠎ᠤᠨ ᠰᠤᠷᠤᠯᠴᠠᠯᠭ᠎ᠠ᠎ᠶ᠋ᠢᠨ ᠬᠦᠡᠭ᠌ᠭᠡᠨ ᠮᠤᠷᠢᠳᠤ ᠴᠡᠷᠢᠭ》 ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠱᠢᠭᠦᠨ᠂ ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠲᠡᠭᠡᠳᠤ ᠰᠤᠷᠭᠠᠭᠤᠯᠢ᠎ᠶ᠋ᠢᠨ ᠲᠡᠳ᠋ ᠵᠠᠬᠢᠷᠤᠯ ᠹᠦ᠋ ᠰᠦᠸᠧ ᠭᠧᠨ ᠫᠷᠣᠹᠧᠰᠰᠣᠷ ᠡᠷᠢᠶᠡᠨ ᠬᠤᠳᠠ᠎ᠶ᠋ᠢᠨ ᠺᠠᠳ᠋ᠷ ᠤᠯᠠᠨ ᠲᠦᠮᠡᠨ᠎ᠳᠤ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠡ᠃
ᠹᠦ᠋ ᠰᠦᠸᠧ ᠭᠧᠨ ᠫᠷᠣᠹᠧᠰᠰᠣᠷ 《ᠠᠮᠢ ᠨᠠᠰᠤ᠂ ᠠᠬᠤᠢ ᠠᠮᠢᠳᠤᠷᠠᠯ᠂ ᠠᠳᠠᠯ ᠦᠢᠯᠡᠤᠡᠪᠦᠷᠢᠯᠡᠯ᠂ ᠠᠮᠢ ᠠᠬᠤᠢ — ᠶᠡᠷᠦᠩᠬᠡᠢ ᠱᠦᠵᠢ ᠰᠢ᠎ᠶ᠋ᠢᠨ ᠫᠢᠡᠭ᠎ᠤᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠰᠡᠳᠤᠪ᠎ᠤᠨ ᠲᠤᠭᠤᠷᠢᠨ᠎ᠳᠤ᠂ 2020 ᠤᠨ᠎ᠤ ᠪᠦᠬᠦ᠌ ᠤᠯᠤᠰ᠎ᠤᠨ ᠬᠤᠶᠠᠷ ᠬᠤᠷᠠᠯ᠎ᠤᠨ ᠦᠨᠳᠦᠰᠤᠨ ᠪᠠᠢᠳᠠᠯ ᠪᠤᠯᠤᠨ ᠭᠤᠤᠯ ᠤᠠᠴᠠᠯᠢᠭ᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭᠠᠨ᠎ᠤ ᠪᠠᠶᠠᠯᠢᠭ ᠠᠭᠤᠯᠭ᠎ᠠ ᠪᠤᠯᠤᠨ ᠪᠤᠲᠠᠳᠠᠢᠵᠢᠭᠤᠯᠤᠨ ᠦᠢᠯᠡᠳᠦᠯᠭᠡᠵᠢᠭᠦᠯᠬᠦ᠌ ᠱᠠᠭᠠᠷᠳᠠᠯᠭ᠎ᠠ᠂ 2020 ᠤᠨ᠎ᠤ ᠪᠦᠬᠦ᠌ ᠤᠯᠤᠰ᠎ᠤᠨ ᠬᠤᠶᠠᠷ ᠬᠤᠷᠠᠯ᠎ᠤᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》 ᠤᠨ ᠨᠠᠢ᠍ᠮᠠᠨ ᠬᠢᠯᠠᠰ ᠴᠡᠭ ᠬᠢᠭᠡᠳ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠤ ᠱᠢᠨ᠎ᠡ ᠴᠠᠭ ᠦᠶ᠎ᠡ᠎ᠶ᠋ᠢᠨ ᠦᠪᠦᠷ ᠮᠤᠩᠭᠤᠯ᠎ᠢ ᠬᠦᠲᠦᠯᠦᠨ ᠵᠢᠯᠤᠭᠤᠤᠡᠬᠤ ᠲᠦᠷᠪᠡᠨ ᠭᠠᠷᠳᠠᠴᠠ ᠵᠡᠷᠭᠡ ᠲᠠᠯ᠎ᠠ᠎ᠠᠴᠠ ᠶᠠᠷᠢᠪᠠ᠃ ᠠᠮᠢᠳᠤᠯᠢᠭ ᠪᠤᠳᠠᠳᠠᠢ ᠵᠢᠱ᠌ᠢᠶ᠎ᠠ ᠲᠠᠳᠠᠵᠤ᠂ ᠪᠤᠷᠤᠭ᠍ᠵᠢᠭᠤᠨ ᠤᠢ᠍ᠢᠯᠠᠭᠠᠮᠵᠢᠳᠠᠢ ᠦᠭᠡ ᠬᠡᠯᠡᠯᠭᠡ᠎ᠪᠠᠷ ᠤᠬᠠᠭᠤᠯᠤᠨ ᠲᠠᠢᠯᠪᠤᠷᠢᠯᠠᠭ᠍ᠰᠠᠨ᠎ᠠᠴᠠ ᠲᠤᠬᠠᠢ᠎ᠶ᠋ᠢᠨ ᠲᠠᠯᠠᠪᠠᠢ᠎ᠳᠤ ᠦᠶ᠎ᠡ ᠦᠶ᠎ᠡ ᠬᠠᠯᠠᠭᠤᠨ ᠠᠯᠠᠭ᠎ᠠ ᠲᠠᠱᠢᠯᠳᠡᠶ᠋ᠢᠨ ᠲᠠᠭᠤᠨ ᠨᠢᠵᠢᠭᠢᠨᠡᠵᠦ᠍ ᠪᠠᠢᠯ᠎ᠠ᠃
ᠤᠬᠠᠭᠤᠯᠤᠨ ᠲᠠᠢᠯᠪᠤᠷᠢᠯᠠᠯᠳᠠ᠎ᠶ᠋ᠢ ᠰᠤᠨᠤᠰᠤᠭ᠍ᠰᠠᠨ ᠡᠷᠢᠶᠡᠨ ᠬᠤᠳᠠ᠎ᠶ᠋ᠢᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠤᠨ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠱᠦᠵᠢ ᠴᠧᠨ ᠶᠠᠨ ᠪᠤᠤ᠂ ᠹᠦ᠋ ᠰᠦᠸᠧ ᠭᠧᠨ ᠫᠷᠦᠹᠧᠰᠰᠤᠷ᠎ᠤᠨ ᠶᠠᠷᠢᠶ᠎ᠠ ᠲᠠᠢᠯᠤᠮᠵᠢ᠎ᠶ᠋ᠢ ᠰᠤᠨᠤᠰᠤᠭᠠᠳ ᠶᠡᠷᠦᠩᠬᠡᠢ ᠱᠦᠵᠢ᠎ᠶ᠋ᠢᠨ ᠪᠦᠬᠦ᠌ ᠤᠯᠤᠰ᠎ᠤᠨ ᠬᠤᠶᠠᠷ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠤᠯᠠᠮ ᠭᠦᠨᠵᠡᠭᠡᠢ ᠤᠢ᠍ᠢᠯᠠᠭᠠᠵᠤ᠂ ᠤᠯᠠᠨ ᠲᠠᠯ᠎ᠠ᠎ᠪᠠᠷ ᠱᠢᠨ᠎ᠡ ᠲᠦᠷᠦᠭ᠌ᠳᠡᠯ᠎ᠲᠠᠢ ᠪᠤᠯᠵᠠᠢ᠃ ᠡᠪ ᠬᠠᠮᠳᠤ ᠨᠠᠮ᠎ᠤᠨ ᠭᠡᠱᠢᠭᠦᠨ ᠪᠤᠯᠤᠭ᠍ᠰᠠᠨ᠎ᠤ ᠬᠤᠪᠢ᠎ᠳᠤ ᠬᠤᠢᠱᠢᠳᠠ᠎ᠶ᠋ᠢᠨ ᠠᠵᠢᠯ ᠲᠤᠮᠳᠠ᠎ᠪᠠᠨ ᠯᠠᠪᠳᠠᠶ᠎ᠠ 《ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠳᠤ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ᠎ᠤ ᠲᠤᠮᠳᠠ ᠦᠨᠳᠦᠰᠦᠯᠡᠬᠦ᠌》 ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠡᠷᠡᠰ ᠪᠠᠷᠢᠮᠳᠠᠯᠠᠵᠤ᠂ ᠠᠵᠢᠯ᠎ᠤᠨ ᠪᠠᠢᠷᠢ᠎ᠪᠠᠨ ᠪᠠᠲᠤ ᠰᠠᠬᠢᠨ᠎ᠠ ᠭᠡᠯᠡ᠃
ᠲᠤᠰ ᠡᠳᠦᠷ᠂ ᠹᠦ᠋ ᠰᠦᠸᠧ ᠭᠧᠨ ᠪᠠᠰᠠ ᠱᠢᠴᠸᠡᠭ ᠨᠡᠢᠭᠡᠮ ᠲᠤᠭᠤᠷᠢᠭ᠎ᠲᠤ ᠬᠦᠷᠴᠤ᠌ ᠲᠡᠨᠳᠡᠬᠢ ᠺᠠᠳ᠋ᠷ ᠤᠯᠠᠨ ᠲᠦᠮᠡᠨ᠎ᠯᠦᠭᠡ ᠪᠦᠬᠦ᠌ ᠤᠯᠤᠰ᠎ᠤᠨ ᠬᠤᠶᠠᠷ ᠬᠤᠷᠠᠯ᠎ᠤᠨ ᠠᠴᠢ ᠬᠤᠯᠪᠤᠬ᠍ᠳᠠᠯ᠂ ᠵᠤᠷᠢᠭ ᠰᠠᠨᠠᠭ᠎ᠠ᠎ᠶ᠋ᠢ ᠬᠠᠯᠠᠭᠤᠮᠰᠤᠭ᠎ᠢᠶᠠᠷ ᠶᠠᠷᠢᠯᠴᠠᠵᠠᠢ᠃