《ᠬᠦᠬᠡ ᠲᠠᠯ᠎ᠠ · ᠰᠤᠨᠤᠰᠳᠠᠭ ᠨᠤᠮ ᠲᠡᠪᠴᠡᠩ》 ᠠᠱᠢᠭ᠍ᠯᠠᠯᠲᠠ᠎ᠳᠤ ᠤᠷᠤᠪᠠ
2020-07-16 11:16:32
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 13 ᠎ᠤ ᠡᠳᠦᠷ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠪᠯᠡᠯ᠎ᠤᠨ ᠬᠤᠷᠢᠶ᠎ᠠ᠎ᠶ᠋ᠢᠨ 《ᠬᠦᠬᠡ ᠲᠠᠯ᠎ᠠ ∙ ᠰᠤᠨᠤᠰᠳᠠᠭ ᠨᠤᠮ ᠲᠡᠪᠴᠡᠩ》 ᠠᠱᠢᠬ᠍ᠯᠠᠯᠲᠠ᠎ᠳᠤ ᠤᠷᠤᠬᠤ ᠶᠤᠰᠤᠯᠠᠯ ᠪᠤᠯᠪᠠ᠃


11.jpg


《ᠬᠥᠬᠡ ᠲᠠᠯ᠎ᠠ ∙ ᠰᠤᠨᠤᠰᠳᠠᠭ ᠨᠣᠮ ᠲᠠᠪᠴᠠᠩ》 ᠪᠣᠯ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠪᠯᠡᠯ᠎ᠤᠨ ᠬᠤᠷᠢᠶ᠎ᠠ᠎ᠶ᠋ᠢᠨ ᠮᠣᠩᠭᠤᠯ ᠬᠡᠯᠡᠨ᠎ᠤ ᠲᠣᠮᠣ ᠬᠡᠯᠪᠡᠷᠢ᠎ᠶ᠋ᠢᠨ APP ᠨᠣᠮ ᠰᠣᠨᠣᠰᠭᠤ ᠲᠠᠪᠴᠠᠩ ᠪᠣᠯᠤᠨ᠎ᠠ᠃ ᠲᠡᠪᠴᠡᠩ᠎ᠳᠤ ᠤᠳᠭ᠎ᠠ ᠵᠣᠬᠢᠶᠠᠯ᠂ ᠬᠡᠦᠬᠡᠳ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠲᠡᠦᠬᠡ᠂ ᠬᠤᠭᠤᠷ᠎ᠤᠨ ᠦᠯᠢᠭᠡᠷ᠂ ᠭᠡᠰᠡᠷ᠂ ᠵᠠᠩᠭᠠᠷ᠂ ᠬᠤᠯᠪᠣᠭ᠎ᠠ᠂ ᠢᠷᠦᠭᠡᠯ ᠮᠠᠭ᠍ᠲᠠᠭᠠᠯ᠂ ᠤᠯᠠᠮᠵᠢᠯᠠᠯᠲᠤ ᠰᠣᠶᠣᠯ ᠵᠡᠷᠭᠡ ᠭᠤᠣᠯ ᠪᠤᠯᠤᠩ᠎ᠲᠠᠢ᠂ ᠨᠢᠭᠡᠨᠲᠡ ᠰᠦᠯᠵᠢᠶᠡᠨ᠎ᠳᠤ ᠭᠠᠷᠤᠭ᠍ᠰᠠᠨ ᠳᠠᠭᠤᠲᠤ ᠡᠬᠢ ᠪᠠᠶᠠᠯᠢᠭ ᠪᠠᠷᠤᠭ 8 ᠲᠦᠮᠡᠨ ᠮᠢᠨᠦ᠋ᠲ ᠪᠤᠢ᠃ ᠲᠤᠰ ᠲᠠᠪᠴᠠᠩ 《ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌》 ᠱᠠᠭᠠᠷᠳᠠᠯᠭ᠎ᠠ᠎ᠪᠠᠷ᠂ 《ᠳᠠᠭᠤᠨ ᠳᠠᠪᠲᠠᠮᠵᠢ᠎ᠶ᠋ᠢᠨ ᠲᠠᠪᠴᠠᠩ ᠪᠠᠢᠭᠤᠯᠵᠤ᠂ ᠰᠣᠶᠣᠯ᠎ᠤᠨ ᠣᠬᠢ ᠰᠣᠳᠣ᠎ᠶ᠋ᠢ ᠤᠯᠠᠮᠵᠢᠯᠠᠬᠤ》 ᠎ᠪᠠᠷ ᠵᠣᠷᠢᠯᠲᠠ ᠪᠣᠯᠭᠠᠠ᠂ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢ ᠪᠠᠲᠤ ᠰᠠᠬᠢᠵᠤ᠂ ᠨᠡᠯᠢᠶᠡᠳ ᠶᠡᠭᠡ ᠨᠥᠯᠥᠭᠡᠯᠡᠬᠦ᠌ ᠬᠦᠴᠦᠨ᠎ᠲᠠᠢ ᠮᠣᠩᠭᠤᠯ ᠬᠡᠯᠡᠨ᠎ᠤ ᠨᠣᠮ ᠰᠤᠨᠤᠰᠭᠤ APP ᠎ᠶ᠋ᠢ ᠴᠤᠭ᠍ᠴᠠᠯᠠᠬᠤ᠎ᠪᠠᠷ ᠴᠢᠷᠮᠠᠢᠨ᠎ᠠ᠃

ᠬᠤᠷᠠᠯ ᠳᠡᠭᠡᠷ᠎ᠡ᠂ ᠤᠯᠠᠭᠠᠨᠬᠠᠳᠠ᠎ᠶ᠋ᠢᠨ ᠡᠳᠦᠷ᠎ᠤᠨ ᠰᠤᠨᠢᠨ᠎ᠤ ᠬᠤᠷᠢᠶ᠎ᠠ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠪᠯᠡᠯ᠎ᠤᠨ ᠬᠤᠷᠢᠶ᠎ᠠ᠎ᠶ᠋ᠢᠨ ᠬᠠᠮᠲᠤᠷᠠᠨ ᠡᠷᠬᠢᠯᠡᠭ᠌ᠰᠡᠨ 《ᠬᠦᠬᠡ ᠲᠠᠯ᠎ᠠ》 ᠬᠤᠨᠳᠠᠭᠠᠳᠤ ᠪᠠᠭᠠᠴᠤᠳ ᠬᠡᠦᠬᠡᠳ᠎ᠤᠨ ᠮᠤᠩᠭᠤᠯ ᠬᠡᠯᠡᠨ᠎ᠤ ᠤᠷᠠᠨ ᠲᠤᠳᠤ ᠤᠩᠱᠢᠯᠭ᠎ᠠ᠎ᠶ᠋ᠢᠨ ᠤᠷᠤᠯᠳᠤᠭᠠᠨ᠎ᠤ ᠱᠡᠩᠨᠠᠯ ᠤᠯᠭᠤᠬᠤ ᠶᠤᠰᠤᠯᠠᠯ ᠶᠠᠪᠤᠭ᠍ᠳᠠᠵᠤ᠂ ᠠᠯᠢᠶ᠎ᠠ ᠬᠦᠬᠡᠷᠦᠭᠦᠨ ᠬᠡᠦᠬᠡᠳ᠎ᠲᠤ ᠢᠷᠠᠭᠤ ᠠᠯᠳᠠᠷ᠎ᠤᠨ ᠱᠠᠩᠨᠠᠯ ᠭᠠᠷᠳᠠᠭᠤᠯᠵᠥ᠍᠂ 《ᠬᠦᠬᠡ ᠲᠠᠯ᠎ᠠ ∙ ᠰᠤᠨᠤᠰᠳᠠᠭ ᠨᠤᠮ ᠲᠡᠪᠴᠡᠩ》 ᠭᠡᠰᠡᠷ ᠰᠤᠶᠤᠯ᠎ᠤᠨ ᠤᠯᠠᠮᠵᠢᠯᠠᠭ᠍ᠴᠢ᠎ᠶ᠋ᠢᠨ ᠲᠦᠯᠦᠭᠡᠯᠡᠭ᠌ᠴᠢ ᠤᠳᠭᠤᠨᠪᠠᠶᠠᠷ᠂ ᠳᠠᠭᠤᠳᠤ ᠨᠤᠮ ᠤᠩᠱᠢᠭ᠍ᠴᠢ᠎ᠶ᠋ᠢᠨ ᠲᠦᠯᠦᠭᠡᠯᠡᠭ᠌ᠴᠢ ᠤᠶᠠᠬᠠᠨ᠎ᠲᠠᠢ ᠱᠢᠩᠭᠡᠭᠡᠨ ᠦᠢᠯᠡᠳᠬᠦ᠌ ᠭᠡᠷ᠎ᠡ ᠲᠤᠭ᠍ᠲᠠᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号