ᠬᠦᠬᠡᠬᠤᠲᠠ᠎ᠶ᠋ᠢᠨ ᠶᠡᠭᠡ ᠵᠣᠣ ᠠᠭᠤᠳᠠᠮ ᠲᠠᠯᠠᠪᠠᠢ᠎ᠳᠤ ᠡᠷᠡᠭᠦᠯ ᠮᠡᠨᠳᠦ᠎ᠶ᠋ᠢᠨ ᠦᠢᠯᠡᠴᠢᠯᠡᠭᠡ ᠬᠠᠩᠭᠠᠪᠠ
2020-07-17 09:19:02
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠡᠮᠦᠨᠡᠭᠡᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠭᠤᠣᠯᠯᠠᠨ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶ᠋ᠢᠨ ᠬᠤᠷᠢᠶᠠᠨ᠎ᠤ ᠳᠠᠭᠠᠭᠠᠴᠢᠯᠠᠨ ᠡᠷᠬᠢᠯᠡᠭ᠌ᠰᠡᠨ ᠡᠷᠡᠭᠦᠯ ᠮᠡᠨᠳᠦ᠎ᠶ᠋ᠢᠨ ᠵᠠᠳᠠᠭᠠᠢ ᠵᠠᠬ᠎ᠠ᠎ᠶ᠋ᠢᠨ ᠤᠢᠯᠡᠴᠢᠯᠡᠭᠡ ᠬᠥᠬᠡᠬᠤᠲᠠ᠎ᠶ᠋ᠢᠨ ᠶᠡᠭᠡ ᠵᠤᠤ ᠠᠭᠤᠳᠠᠮ ᠲᠠᠯᠠᠪᠠᠢ᠎ᠳᠤ ᠶᠠᠪᠤᠭ᠍ᠳᠠᠵᠦ᠍᠂ ᠤᠯᠠᠨ ᠲᠦᠮᠡᠨ᠎ᠳᠤ ᠡᠷᠡᠭᠦᠯ ᠮᠡᠨᠳᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠪᠠ᠃

ᠲᠤᠬᠠᠢ᠎ᠶ᠋ᠢᠨ ᠲᠠᠯᠠᠪᠤᠷ᠎ᠲᠤ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶ᠋ᠢᠨ ᠬᠤᠷᠢᠶᠠᠨ᠎ᠤ ᠰᠠᠢᠨ ᠳᠤᠷᠠᠴᠤᠳ ᠵᠢᠷᠦᠬᠡ ᠠᠭᠤᠰᠭᠢ᠎ᠶ᠋ᠢᠨ ᠰᠡᠷᠭᠦᠭᠡᠯᠲᠡ᠎ᠶ᠋ᠢᠨ ᠵᠤᠬᠢᠶᠠᠮᠠᠯ ᠬᠥᠮᠦᠨ᠎ᠢ ᠠᠱᠢᠬ᠍ᠯᠠᠨ᠂ ᠵᠢᠷᠦᠬᠡ ᠠᠭᠤᠰᠭᠢ᠎ᠶ᠋ᠢ ᠰᠡᠷᠭᠦᠭᠡᠬᠦ᠌ ᠪᠠᠴᠢᠮ ᠠᠪᠤᠷᠠᠬᠤ ᠮᠡᠷᠭᠡᠵᠢᠯ᠎ᠢ ᠤᠯᠠᠨ᠎ᠳᠤ ᠬᠠᠷᠠᠭᠤᠯᠵᠦ᠍᠂ ᠰᠠᠢᠨ ᠳᠤᠷᠠᠴᠤᠳ᠎ᠤᠨ ᠵᠢᠯᠣᠭᠤᠳᠣᠯᠭ᠎ᠠ ᠳᠣᠤᠷ᠎ᠠ ᠤᠯᠠᠨ ᠬᠤᠳᠠ᠎ᠶ᠋ᠢᠨ ᠠᠷᠠᠳ ᠪᠠᠰᠠ ᠵᠢᠷᠦᠬᠡ ᠠᠭᠤᠰᠭᠢ᠎ᠶ᠋ᠢ ᠰᠡᠷᠭᠦᠭᠡᠬᠦ᠌ ᠮᠡᠷᠭᠡᠵᠢᠯ᠎ᠢ ᠨᠠᠷᠢᠨ ᠬᠢᠨᠠᠮᠠᠭᠠᠶ ᠰᠤᠷᠤᠯᠴᠠᠪᠠ᠃ ᠰᠠᠢᠨ ᠳᠤᠷᠠᠴᠤᠳ ᠪᠠᠰᠠ ᠲᠤᠭᠤᠷᠢᠨ ᠦᠵᠡᠭ᠌ᠴᠢᠳ᠎ᠲᠤ ᠬᠢᠲᠠᠳ ᠡᠮ ᠡᠮᠨᠡᠯᠭᠡ᠎ᠶ᠋ᠢᠨ ᠡᠷᠡᠬᠦᠯᠵᠢᠯ᠎ᠤᠨ ᠦᠨᠦᠷᠲᠦ ᠬᠠᠪᠲᠠᠭ᠎ᠠ᠂ ᠡᠷᠡᠭᠦᠯ ᠮᠡᠨᠳᠦ᠎ᠶ᠋ᠢᠨ ᠮᠡᠳᠡᠯᠭᠡ᠎ᠶ᠋ᠢᠨ ᠤᠬᠠᠭᠤᠯᠭ᠎ᠠ᠎ᠶ᠋ᠢᠨ ᠳᠡᠪᠲᠡᠷ ᠵᠡᠷᠭᠡ ᠬᠠᠮᠢᠶ᠎ᠠ ᠪᠦᠬᠦᠢ ᠪᠣᠳᠠᠰ᠎ᠢ ᠦᠨ᠎ᠡ ᠲᠥᠯᠥᠪᠦᠷᠢ ᠦᠭᠡᠢ᠎ᠪᠠᠷ ᠲᠦᠭᠡᠭᠡᠵᠦ᠍᠂ ᠡᠷᠡᠭᠦᠯ ᠮᠡᠨᠳᠦ᠎ᠶ᠋ᠢᠨ ᠮᠡᠳᠡᠯᠭᠡ᠎ᠶ᠋ᠢᠨ ᠣᠢᠯᠠᠭᠠᠭ᠍ᠳᠠᠬᠤᠨ᠎ᠢ ᠣᠯᠠᠨ᠎ᠳᠤ ᠤᠯᠠᠮᠵᠢᠯᠠᠬ᠍ᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ ᠴᠠᠩ ᠴᠢᠩ᠄ 《ᠡᠷᠡᠭᠦᠯ ᠮᠡᠨᠳᠦ᠎ᠶ᠋ᠢᠨ ᠵᠠᠳᠠᠭᠠᠢ ᠵᠠᠬ᠎ᠠ᠎ᠶ᠋ᠢᠨ ᠤᠢᠯᠡᠴᠢᠯᠡᠭᠡ ᠪᠣᠯ ᠡᠷᠡᠭᠦᠯ ᠮᠡᠨᠳᠦ᠎ᠶ᠋ᠢᠨ ᠬᠥᠮᠦᠵᠢᠯ᠎ᠤᠨ ᠨᠢᠭᠡ ᠵᠦᠢᠯ᠎ᠤᠨ ᠠᠱᠢᠭ᠍ᠲᠠᠶ ᠰᠦᠪᠡᠭ᠌ᠴᠢᠯᠡᠯᠳᠡ ᠮᠥᠨ᠃ ᠬᠤᠢᠱᠢᠳᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ ᠡᠷᠡᠭᠦᠯ ᠮᠡᠨᠳᠦ᠎ᠶ᠋ᠢᠨ ᠵᠠᠳᠠᠭᠠᠢ ᠵᠠᠬ᠎ᠠ᠎ᠶ᠋ᠢ ᠪᠠᠢᠩᠭᠤᠵᠢᠭᠤᠯᠵᠦ᠍᠂ ᠳᠦᠷᠢᠮᠵᠢᠭᠦᠯᠬᠦ᠌ ᠪᠠ ᠵᠢᠷᠤᠮᠵᠢᠭᠤᠯᠵᠦ᠍᠂ ᠡᠷᠡᠭᠦᠯ ᠮᠡᠨᠳᠦ᠎ᠶ᠋ᠢᠨ ᠮᠡᠳᠡᠯᠭᠡ᠎ᠶ᠋ᠢᠨ ᠣᠢᠯᠠᠭᠠᠭ᠍ᠳᠠᠬᠤᠨ᠎ᠢ ᠵᠠᠳᠠᠭᠠᠢ ᠵᠠᠬ᠎ᠠ᠎ᠳᠤ ᠬᠦᠷᠭᠡᠬᠦ᠌᠎ᠪᠠᠷ ᠪᠠᠷᠠᠬᠤ ᠦᠭᠡᠢ᠂ ᠲᠤᠰᠭᠠᠶ ᠮᠡᠷᠭᠡᠵᠢᠯᠲᠡᠨ ᠫᠷᠤᠹᠧᠰᠰᠤᠷ᠎ᠢ ᠪᠠᠰᠠ ᠵᠠᠳᠠᠭᠠᠢ ᠵᠠᠬ᠎ᠠ᠎ᠳᠤ ᠵᠠᠯᠠᠵᠤ ᠠᠪᠴᠢᠷᠠᠨ ᠬᠠᠮᠢᠶ᠎ᠠ ᠪᠦᠬᠦᠢ ᠬᠢᠴᠢᠶᠠᠯ ᠲᠠᠢᠯᠤᠮᠵᠢ ᠬᠢᠯᠬᠡᠨ᠎ᠠ᠃ ᠡᠷᠡᠭᠦᠯ ᠮᠡᠨᠳᠦ᠎ᠶ᠋ᠢᠨ ᠤᠬᠠᠭᠤᠯᠭ᠎ᠠ᠂ ᠡᠷᠡᠭᠦᠯ ᠮᠡᠨᠳᠦ᠎ᠶ᠋ᠢᠨ ᠵᠥᠪᠯᠡᠯᠭᠡ᠂ ᠡᠮᠴᠢᠯᠡᠭᠡᠨ᠎ᠤ ᠦᠢᠯᠡᠴᠢᠯᠡᠭᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠡᠶᠡᠯᠡᠭᠦᠯᠵᠦ᠍᠂ ᠥᠷᠭᠡᠨ ᠣᠯᠠᠨ ᠠᠷᠠᠳ ᠲᠦᠮᠡᠨ᠎ᠳᠤ ᠨᠠᠩ ᠣᠯᠠᠨ ᠨᠠᠩ ᠱᠢᠯᠢᠳᠡᠭ ᠡᠷᠡᠭᠦᠯ ᠮᠡᠨᠳᠦ᠎ᠶ᠋ᠢᠨ  ᠦᠢᠯᠡᠴᠢᠯᠡᠭᠡ ᠬᠠᠩᠭᠠᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号