ᠬᠢᠵᠢᠭ᠎ᠤᠨ ᠳᠠᠢᠯᠠᠯᠳᠤᠭᠠᠨ ᠳᠤᠮᠳᠠᠬᠢ ᠲᠡᠷᠢᠭᠦᠨ᠎ᠤ ᠮᠡᠷᠭᠡᠵᠢᠯ᠎ᠤᠨ ᠬᠦᠴᠦᠲᠡᠢ ᠲᠤᠯᠭᠠᠭᠤᠷᠢᠯᠠᠯ
2020-07-20 09:20:38
ᠵᠣᠬᠢᠶᠠᠭ᠍ᠴᠢ᠄
ᠥᠷᠴᠠᠢᠬᠤ
ᠣᠩᠱᠢᠭ᠍ᠰᠠᠨ ᠣᠳᠠᠭ᠎ᠠ᠄
★★★☆☆

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠳᠤ ᠤᠮᠠᠷᠠᠲᠤ ᠬᠢᠯᠢ᠎ᠶ᠋ᠢᠨ ᠬᠢᠵᠢᠭ᠎ᠢ ᠡᠰᠡᠷᠭᠦᠴᠡᠬᠦ᠌ ᠳᠠᠢᠨ᠎ᠤ ᠲᠠᠯᠠᠪᠤᠷ ᠪᠦᠷᠢᠯᠳᠦᠨ᠂ ᠠᠮᠢᠳᠤ ᠪᠣᠳᠠᠰ᠎ᠤᠨ ᠡᠮ ᠡᠮᠨᠡᠯᠭᠡ᠂ ᠣᠶᠤᠨᠴᠢ ᠦᠢᠯᠡᠳᠬᠦᠨ᠂ ᠡᠯᠧᠺᠲᠷᠣᠨ ᠮᠡᠳᠡᠭᠡ ᠵᠠᠩᠭᠢ᠂ ᠱᠢᠨ᠎ᠡ ᠮᠠᠲ᠋ᠧᠷᠢᠶᠠᠯ ᠵᠡᠷᠭᠡ ᠬᠦᠷᠢᠶᠡᠨ᠎ᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠢᠭ᠎ᠢ ᠡᠰᠡᠷᠭᠦᠴᠡᠬᠦ᠌ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠤᠳ ᠪᠤᠢ ᠪᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠬᠤᠷᠢᠬ᠍ᠯᠠᠨ ᠠᠷᠢᠯᠭᠠᠬᠤ ᠳᠠᠢᠯᠠᠯᠳᠤᠭᠠᠨ᠂ ᠬᠢᠵᠢᠭ᠎ᠤᠨ ᠳᠠᠷᠠᠭᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠢᠯᠠᠯᠲᠠ᠎ᠶ᠋ᠢ ᠣᠯᠬᠤ ᠵᠡᠷᠭᠡ ᠲᠠᠯ᠎ᠠ᠎ᠳᠤ ᠬᠦᠴᠦᠲᠡᠶ ᠳᠡᠮᠵᠢᠯᠭᠡ ᠬᠠᠩᠭᠠᠵᠠᠢ᠃

ᠥᠪᠡᠷᠮᠢᠴᠡ ᠣᠨᠴᠠᠯᠢᠭ᠎ᠲᠠᠢ ᠮᠣᠩᠭᠤᠯ ᠡᠮ ᠡᠮᠨᠡᠯᠭᠡ

ᠡᠷᠲᠡᠨ᠎ᠠᠴᠠ ᠡᠳᠦᠭᠡ ᠪᠣᠯᠲᠠᠯ᠎ᠠ᠂ ᠤᠯᠠᠮᠵᠢᠯᠠᠯᠲᠤ ᠮᠣᠩᠭᠤᠯ ᠡᠮ ᠡᠮᠨᠡᠯᠭᠡ᠎ᠨᠢ ᠸᠢᠷᠦ᠋ᠰ᠎ᠢ ᠡᠰᠡᠷᠭᠦᠴᠡᠬᠦ᠂ ᠡᠪᠡᠳᠴᠢᠨ ᠡᠰᠡᠷᠭᠦᠴᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠬᠢᠵᠢᠭ᠎ᠤᠨ ᠪᠠᠢᠳᠠᠯ᠎ᠢ ᠬᠤᠷᠢᠬ᠍ᠯᠠᠬᠤ ᠳᠤᠮᠳᠠ ᠴᠥᠮ ᠮᠠᠰᠢ ᠴᠢᠬᠤᠯᠠ ᠦᠢᠯᠡᠳᠦᠯ᠎ᠢᠶᠠᠨ ᠦᠵᠡᠭᠦᠯᠦᠭ᠌ᠰᠡᠭᠡᠷ ᠪᠠᠢᠨ᠎ᠠ᠃ ᠤᠯᠤᠰ᠎ᠤᠨ ᠡᠮ᠎ᠤᠨ ᠲᠣᠯᠢ ᠪᠢᠴᠢᠭ᠎ᠤᠨ ᠵᠥᠪᠯᠡᠯ᠎ᠤᠨ ᠭᠡᠱᠢᠭᠦᠨ᠂ ᠥᠪᠥᠷ ᠮᠣᠩᠭᠤᠯ᠎ᠤᠨ ᠮᠣᠩᠭᠤᠯ ᠡᠮ ᠡᠮᠨᠡᠯᠭᠡ᠎ᠶ᠋ᠢᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠤᠨ ᠳᠠᠷᠤᠭ᠎ᠠ ᠤ · ᠥᠯᠵᠡᠶ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠴᠠᠭ ᠲᠤᠬᠠᠶ᠎ᠳᠤᠨᠢ ᠨᠢᠭᠡ ᠵᠦᠢᠯ᠎ᠤᠨ ᠴᠤᠯᠢᠭᠢᠷ᠂ ᠮᠣᠩᠭᠤᠯ ᠬᠤᠨᠴᠢᠷ ᠵᠡᠷᠭᠡ 7 ᠵᠦᠢᠯ᠎ᠤᠨ ᠡᠮ᠎ᠤᠨ ᠨᠠᠢᠷᠠᠯᠭ᠎ᠠ᠎ᠲᠠᠢ ᠬᠤᠤᠷ ᠲᠠᠢᠯᠬᠤ ᠦᠢᠯᠡᠳᠦᠯ ᠪᠦᠬᠦᠢ ᠬᠢᠵᠢᠭ᠎ᠢ ᠡᠰᠡᠷᠭᠦᠴᠡᠬᠦ᠌ ᠦᠷᠢᠯ᠎ᠢ ᠰᠤᠳᠤᠯᠤᠨ ᠦᠢᠯᠡᠳᠴᠦ᠍᠂ ᠪᠠᠰᠠ ᠬᠢᠵᠢᠭ᠎ᠢ ᠡᠰᠡᠷᠭᠦᠴᠡᠨ ᠰᠡᠷᠭᠡᠢᠯᠡᠬᠦ᠌ ᠮᠣᠩᠭᠤᠯ ᠡᠮ᠎ᠤᠨ ᠦᠨᠦᠷᠲᠦ ᠬᠠᠪᠲᠠᠭ᠎ᠠ᠎ᠶ᠋ᠢ ᠦᠢᠯᠡᠳᠴᠠᠢ᠃

ᠮᠣᠩᠭᠤᠯ ᠡᠮ ᠡᠮᠨᠡᠯᠭᠡ᠎ᠶ᠋ᠢᠨ ᠦᠢᠯᠡᠳᠦᠯ᠎ᠢ ᠬᠡᠷᠬᠢᠨ ᠭᠦᠢᠴᠡᠳ ᠪᠠᠳᠠᠷᠠᠭᠤᠯᠵᠤ᠂ ᠠᠷᠠᠳ ᠣᠯᠠᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠯᠬᠠᠪᠴᠢ ᠪᠤᠰᠭᠠᠵᠤ ᠥᠭ᠌ᠬᠦ ᠪᠣᠶ? ᠣᠳᠣᠬᠠᠨ᠎ᠳᠤ ᠤᠯᠤᠰ᠎ᠤᠨ ᠳᠣᠲᠣᠭᠠᠳᠤ᠎ᠶ᠋ᠢᠨ ᠬᠡᠪᠴᠢᠶ᠎ᠡ᠎ᠪᠠᠷ ᠬᠠᠮᠤᠭ᠎ᠤᠨ ᠶᠡᠭᠡ ᠮᠣᠩᠭᠤᠯ ᠡᠮ ᠦᠢᠯᠡᠳᠪᠦᠷᠢᠯᠡᠬᠦ᠌ ᠲᠤᠰᠭᠠᠶ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ᠎ᠤᠨ ᠮᠣᠩᠭᠤᠯ ᠡᠮ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ 11 ᠮᠣᠩᠭᠤᠯ ᠡᠮ᠎ᠤᠨ ᠲᠥᠷᠥᠯ ᠵᠦᠢᠯ᠎ᠢ ᠥᠪᠥᠷ ᠮᠣᠩᠭᠤᠯ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠤᠷᠢᠳᠴᠢᠯᠠᠨ ᠰᠡᠷᠭᠡᠢᠯᠡᠬᠦ᠌ ᠪᠠ ᠣᠨᠣᠱᠢᠯᠠᠨ ᠡᠮᠨᠡᠬᠦ᠌ ᠲᠥᠰᠦᠯ᠎ᠳᠤ ᠵᠢᠭ᠍ᠰᠠᠭᠠᠨ ᠣᠷᠣᠭᠤᠯᠵᠤ᠂ ᠣᠯᠠᠨ ᠵᠢᠯ᠎ᠤᠨ ᠡᠮᠴᠢᠯᠡᠭᠡᠨ᠎ᠤ ᠦᠢᠯᠡᠳᠦᠯᠭᠡ ᠪᠠ ᠬᠢᠵᠢᠭ᠎ᠢ ᠰᠡᠷᠭᠡᠢᠯᠡᠬᠦ᠌ ᠢᠯᠡᠷᠡᠯ᠎ᠨᠢ ᠡᠳᠡᠭᠡᠷ ᠮᠣᠩᠭᠤᠯ ᠡᠮ᠎ᠤᠨ ᠲᠥᠷᠦᠯ ᠵᠦᠢᠯ᠎ᠤᠨ 《ᠠᠭᠤᠰᠭᠢᠨ᠎ᠤ ᠨᠢᠯᠴᠠᠭᠠᠶ ᠡᠪᠡᠳᠴᠢᠨ》 ᠎ᠢ ᠤᠷᠢᠳᠴᠢᠯᠠᠨ ᠰᠡᠷᠭᠡᠢᠯᠡᠬᠦ᠌ ᠪᠠ ᠡᠮᠨᠡᠨ ᠵᠠᠰᠠᠬᠤ ᠲᠠᠯ᠎ᠠ᠎ᠪᠠᠷ ᠢᠯᠡᠷᠬᠡᠢ ᠡᠮᠴᠢᠯᠡᠭᠡᠨ᠎ᠤ ᠠᠴᠢ ᠲᠤᠰᠠ᠎ᠲᠠᠢ ᠭᠡᠳᠡᠭ᠎ᠢ᠎ᠨᠢ ᠭᠡᠷᠡᠴᠢᠯᠡᠵᠡᠢ᠃

ᠲᠣᠮᠣ ᠳ᠋ᠠᠢᠲ᠋ᠠ 5G ᠰᠦᠯᠵᠢᠶ᠎ᠡ᠎ᠶ᠋ᠢᠨ ᠷᠢᠳᠢ ᠱᠢᠳᠢ

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠬᠤᠷᠢᠬ᠍ᠯᠠᠬᠤ ᠳᠤᠮᠳᠠ᠂ ᠲᠡᠷᠢᠭᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠷᠭ᠎ᠠ ᠬᠡᠷᠡᠭ᠌ᠯᠡᠭᠦᠷ᠎ᠢ ᠤᠯᠠᠮ᠎ᠢᠶᠠᠷ ᠠᠷᠪᠢᠨ ᠬᠡᠷᠡᠭ᠌ᠯᠡᠵᠦ᠍᠂ ᠰᠠᠢᠨ ᠦᠷ᠎ᠡ ᠪᠦᠲᠦᠮᠵᠢ ᠣᠯᠵᠤ ᠪᠤᠢ᠃ ᠲᠣᠮᠣ ᠳ᠋ᠠᠢᠲ᠋ᠠ᠎ᠨᠢ ᠮᠡᠳᠡᠭᠡ ᠵᠠᠩᠭᠢ᠎ᠳᠤ ᠲᠤᠭ᠎ᠠ ᠪᠠᠷᠢᠮᠲᠠ᠎ᠶ᠋ᠢᠨ ᠬᠤᠷᠢᠶᠠᠩᠭᠤᠢᠯᠠᠯ᠂ ᠪᠣᠯᠪᠠᠰᠤᠷᠠᠭᠤᠯᠤᠯᠲᠠ ᠪᠠ ᠵᠠᠳᠠᠯᠤᠯᠲᠠ ᠬᠢᠬᠦ᠌᠎ᠪᠠᠷ ᠳᠠᠮᠵᠢᠨ᠂ ᠬᠢᠵᠢᠭ ᠳᠡᠯᠭᠡᠷᠡᠬᠦ᠌᠎ᠶ᠋ᠢ ᠰᠡᠷᠭᠡᠢᠯᠡᠬᠦ᠌᠎ᠳᠤ ᠬᠦᠴᠦᠨ ᠨᠡᠮᠡᠷᠢᠯᠡᠵᠦ᠍᠂ ᠬᠢᠵᠢᠭ᠎ᠢ ᠰᠡᠷᠭᠡᠢᠯᠡᠬᠦ᠌ ᠰᠠᠨᠠᠭᠠᠴᠢᠯᠠᠭᠠᠲᠤ ᠡᠷᠬᠡ᠎ᠶ᠋ᠢ ᠬᠦᠮᠦᠰ᠎ᠲᠤ ᠡᠵᠡᠮᠱᠢᠭᠦᠯᠵᠦ᠍ ᠪᠠᠢᠭ᠎ᠠ ᠶᠤᠮ᠃

《ᠦᠨᠳᠦᠰᠦᠨ ᠱᠠᠲᠤᠨ᠎ᠤ ᠨᠡᠢᠭᠡᠮ ᠲᠣᠭᠤᠷᠢᠭ᠎ᠤᠨ ᠲᠤᠤᠷᠴᠢᠯᠠᠭ᠍ᠰᠠᠨ ᠰᠡᠷᠭᠡᠢᠯᠡᠨ ᠡᠵᠡᠮᠳᠡᠬᠦ᠌ ᠠᠵᠢᠯ᠎ᠤᠨ ᠳᠤᠮᠳᠠ ᠬᠥᠮᠦᠨ᠎ᠤ ᠬᠦᠴᠦ᠎ᠪᠠᠷ ᠳᠠᠩᠰᠠᠯᠠᠬᠤ᠂ ᠤᠢ᠍ᠢᠷ᠎ᠠ ᠵᠠᠶ᠎ᠠᠴᠠ ᠬᠠᠷᠢᠯᠴᠠᠵᠤ ᠰᠣᠯᠢᠯᠴᠠᠬᠤ᠎ᠨᠢ ᠮᠠᠰᠢ ᠶᠡᠭᠡ ᠠᠮᠤᠷ ᠲᠦᠪᠱᠢᠨ᠎ᠤ ᠭᠡᠮ ᠰᠤᠭᠤᠭ᠎ᠲᠠᠢ ᠪᠠᠢᠵᠤ᠂ ᠮᠡᠳᠡᠭᠡ ᠵᠠᠩᠭᠢ᠎ᠨᠢ ᠪᠤᠳᠤᠯᠢᠶᠠᠨᠲᠠᠶ᠂ ᠴᠠᠭ ᠪᠠ ᠬᠦᠴᠦ᠍ ᠶᠡᠭᠡ ᠬᠡᠷᠡᠭ᠌ᠰᠡᠬᠦ᠌ ᠵᠡᠷᠭᠡ᠎ᠨᠢ ᠬᠠᠮᠢᠶᠠᠷᠤᠯᠲᠠ᠎ᠶ᠋ᠢᠨ ᠶᠡᠭᠡ ᠡᠪᠡᠷᠱᠢᠶᠡᠯ ᠮᠥᠨ》 ᠭᠡᠵᠤ ᠥᠪᠥᠷ ᠮᠣᠩᠭᠤᠯ᠎ᠤᠨ ᠠᠮᠢᠳᠤ ᠪᠣᠳᠠᠰ᠎ᠤᠨ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠤᠨ ᠳᠠᠷᠤᠭ᠎ᠠ ᠶᠠᠩ ᠶᠠᠩ ᠬᠡᠯᠡᠪᠡ᠃ ᠲᠡᠷᠡ ᠪᠦᠯᠬᠦᠮ᠎ᠢᠶᠠᠨ ᠳᠠᠭᠠᠭᠤᠯᠤᠨ ᠲᠣᠮᠣ ᠳ᠋ᠠᠢᠲ᠋ᠠ᠎ᠶ᠋ᠢ ᠠᠱᠢᠬ᠍ᠯᠠᠵᠤ ᠬᠡᠷᠡᠭ᠌ᠯᠡᠬᠦ᠌᠎ᠳᠤ ᠳᠦᠭᠦᠮ᠂ ᠦᠯᠦ᠍ ᠬᠦᠷᠦᠯᠴᠡᠬᠦ᠌ ᠬᠡᠯᠪᠡᠷᠢ᠎ᠶ᠋ᠢᠨ ᠨᠡᠢᠭᠡᠮ ᠲᠣᠭᠤᠷᠢᠭ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠴᠠᠭ ᠲᠤᠬᠠᠶ᠎ᠳᠤᠨᠢ ᠰᠤᠳᠤᠯᠤᠨ ᠨᠡᠭᠡᠭᠡᠵᠡᠶ᠃

ᠰᠤᠷᠭᠠᠭᠤᠯᠢ ᠡᠬᠢᠯᠡᠬᠦ᠌᠎ᠠᠴᠠ ᠡᠮᠦᠨᠡᠬᠡᠨ᠂ ᠮᠠᠨ᠎ᠤ ᠣᠷᠣᠨ᠎ᠤ ᠨᠢᠭᠡ ᠵᠦᠶᠯ᠎ᠤᠨ 《ᠶᠡᠭᠡ ᠳᠡᠭᠡᠳᠦ ᠰᠤᠷᠭᠠᠭᠤᠯᠢ᠎ᠶ᠋ᠢᠨ ᠬᠢᠴᠢᠶᠡᠯ ᠰᠡᠷᠭᠦᠭᠡᠬᠦ᠌᠎ᠶ᠋ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠱᠢᠰᠲ᠋ᠧᠮ》 ᠤᠯᠠᠨ᠎ᠤ ᠬᠠᠯᠠᠭᠤᠨ ᠬᠦᠷᠢᠶᠡᠯᠡᠯ᠎ᠢ ᠤᠯᠪᠠ᠃ ᠡᠨᠡ ᠬᠦ᠌ ᠱᠢᠰᠲ᠋ᠧᠮ᠎ᠢ ᠬᠡᠷᠡᠭ᠌ᠯᠡᠨ ᠰᠤᠷᠭᠠᠭᠤᠯᠢ᠎ᠶ᠋ᠢᠨ ᠬᠠᠮᠢᠶᠠᠷᠤᠯᠲᠠ᠎ᠶ᠋ᠢᠨ ᠠᠵᠢᠯᠲᠠᠳ ᠲᠣᠮᠣ ᠳ᠋ᠠᠢᠲ᠋ᠠ᠎ᠶ᠋ᠢ ᠪᠦᠷᠢᠳᠭᠡᠨ ᠵᠠᠳᠠᠯᠬᠤ᠎ᠪᠠᠷ ᠳᠠᠮᠵᠢᠨ ᠰᠤᠷᠤᠭ᠍ᠴᠢᠳ᠎ᠤᠨ᠎ᠢᠶᠠᠨ ᠰᠤᠷᠭᠠᠭᠤᠯᠢ᠎ᠳᠠᠭᠠᠨ ᠪᠤᠴᠠᠭ᠍ᠰᠠᠨ ᠪᠠᠢᠳᠠᠯ᠎ᠢ ᠣᠨᠣᠪᠴᠢᠲᠠᠶ ᠡᠵᠡᠮᠱᠢᠵᠦ᠍᠂ ᠭᠠᠳᠠᠷ ᠣᠷᠣᠨ᠎ᠠᠴᠠ ᠰᠤᠷᠭᠠᠭᠤᠯᠢ᠎ᠳᠠᠭᠠᠨ ᠪᠤᠴᠠᠬᠤ ᠪᠠ ᠬᠠᠯᠠᠭᠤᠷᠠᠵᠤ ᠪᠠᠢᠭ᠎ᠠ ᠰᠤᠷᠤᠭ᠍ᠴᠢᠳ᠎ᠤᠨ ᠪᠠᠢᠳᠠᠯ᠎ᠢ ᠴᠠᠭ ᠲᠤᠬᠠᠶ᠎ᠳᠤᠨᠢ ᠤᠯᠵᠤ ᠮᠡᠳᠡᠨ ᠱᠢᠢᠳᠪᠦᠷᠢᠯᠡᠵᠦ᠍ ᠴᠢᠳᠠᠬᠤ ᠪᠤᠯᠪᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳᠠᠭᠤᠰᠤᠭ᠍ᠰᠠᠨ᠎ᠤ ᠳᠠᠷᠠᠭ᠎ᠠ ᠴᠤ᠌ ᠲᠤᠰ ᠱᠢᠰᠲ᠋ᠧᠮ᠎ᠢ ᠪᠠᠰᠠ ᠵᠤᠴᠢᠳ᠎ᠢ ᠳᠠᠩᠰᠠᠯᠠᠬᠤ᠂ ᠤᠷᠢᠳᠴᠢᠯᠠᠨ ᠪᠣᠯᠵᠣᠵᠤ ᠳᠠᠩᠰᠠᠯᠠᠬᠤ᠎ᠳᠤ ᠬᠡᠷᠡᠭ᠌ᠯᠡᠵᠦ᠍᠂ ᠲᠥᠬᠦᠭᠡᠷᠦᠮᠵᠢ᠎ᠪᠠᠷ ᠵᠢᠰᠦ᠎ᠪᠠᠨ ᠳᠤᠯᠢᠳᠠᠵᠤ ᠪᠡᠶ᠎ᠡ᠎ᠶ᠋ᠢᠨ ᠭᠠᠷᠤᠯ᠎ᠢ ᠱᠢᠯᠭᠠᠨ ᠪᠠᠲᠤᠯᠠᠬᠤ ᠵᠢᠴᠢ ᠵᠢᠭᠠᠨ ᠰᠤᠷᠭᠠᠬᠤ ᠲᠣᠮᠣ ᠠᠰᠠᠷ᠂ ᠨᠣᠮ᠎ᠤᠨ ᠰᠠᠩ ᠵᠡᠷᠭᠡ ᠲᠠᠯᠠᠪᠤᠷ᠎ᠤᠨ ᠬᠠᠮᠢᠶᠠᠷᠤᠯᠲᠠ᠎ᠳᠤ ᠬᠡᠷᠡᠭ᠌ᠯᠡᠵᠤ ᠪᠤᠯᠤᠨ᠎ᠠ᠃

5G ᠰᠦᠯᠵᠢᠶ᠎ᠡ᠎ᠨᠢ ᠴᠤ᠌ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠶᠠᠪᠤᠴᠠ᠎ᠳᠤ ᠢᠳᠡᠪᠬᠢᠲᠡᠶ ᠦᠢᠯᠡᠳᠦᠯ ᠦᠵᠡᠭᠦᠯᠵᠡᠶ᠃ ᠬᠢᠵᠢᠭ᠎ᠤᠨ ᠪᠠᠢᠳᠠᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠯᠤᠰ ᠡᠵᠡᠮᠱᠢᠯᠲᠦ ᠡᠮᠴᠢᠯᠡᠭᠡᠨ᠎ᠤ ᠲᠠᠪᠴᠠᠩ᠎ᠢ ᠤᠯᠤᠰ᠎ᠤᠨ ᠲᠡᠰ᠎ᠤᠨ ᠪᠠ ᠪᠤᠰᠤᠳ ᠮᠤᠵᠢ᠎ᠶ᠋ᠢᠨ ᠲᠡᠰ᠎ᠤᠨ ᠠᠯᠤᠰ ᠡᠵᠡᠮᠱᠢᠯᠲᠦ ᠡᠮᠴᠢᠯᠡᠭᠡᠨ᠎ᠤ ᠲᠠᠪᠴᠠᠩ᠎ᠯᠤᠭ᠎ᠠ ᠴᠠᠭ ᠲᠤᠬᠠᠶ᠎ᠳᠤᠨᠢ ᠵᠣᠯᠭᠠᠭᠤᠯᠵᠤ᠂ ᠣᠷᠣᠨ᠎ᠤ ᠭᠠᠳᠠᠨᠠᠬᠢ᠂ ᠣᠷᠣᠨ᠎ᠤ ᠳᠣᠲᠣᠨᠠᠬᠢ ᠣᠯᠠᠨ ᠲᠠᠯ᠎ᠠ᠎ᠶ᠋ᠢᠨ ᠠᠯᠤᠰ ᠡᠵᠡᠮᠱᠢᠯᠲᠦ ᠡᠮᠴᠢᠯᠡᠭᠡᠨ᠎ᠤ ᠬᠠᠮᠵᠢᠯᠴᠠᠭᠠᠨ᠎ᠤ ᠲᠠᠪᠴᠠᠩ᠎ᠢ ᠪᠤᠢ ᠪᠣᠯᠭᠠᠵᠤ᠂ ᠮᠤᠵᠢ ᠠᠯᠤᠰᠯᠠᠨ ᠤᠯᠠᠨ ᠲᠠᠯ᠎ᠠ᠎ᠪᠠᠷ ᠬᠠᠮᠲᠤᠷᠠᠨ ᠠᠯᠤᠰ᠎ᠠᠴᠠ ᠣᠨᠣᠱᠢᠯᠠᠬᠤ᠎ᠶ᠋ᠢ ᠪᠡᠶᠡᠯᠡᠭᠦᠯᠵᠠᠢ᠃

ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠤᠮᠲᠠ ᠱᠢᠪᠲᠤᠯᠤᠯᠳᠠ

ᠪᠥᠬᠦ᠌ ᠳᠡᠯᠡᠬᠡᠶ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠤ ᠨᠢᠭᠡ ᠯᠡ ᠤᠳᠠᠭ᠎ᠠ᠎ᠶ᠋ᠢᠨ ᠴᠢᠨᠠᠷᠲᠠᠶ ᠡᠮᠴᠢᠯᠡᠭᠡᠨ᠎ᠳᠤ ᠬᠡᠷᠡᠭ᠌ᠯᠡᠬᠦ᠌ ᠮᠠᠲ᠋ᠧᠷᠢᠶᠠᠯ᠎ᠤᠨ ᠬᠤᠷᠣᠭ᠍ᠳᠠᠯ᠎ᠤᠨ ᠬᠡᠮᠵᠢᠶ᠎ᠡ ᠲᠦᠢᠯ᠎ᠤᠨ ᠥᠨᠳᠥᠷ ᠪᠠᠢᠨ᠎ᠠ᠃ ᠣᠳᠣᠬᠠᠨ᠎ᠳᠤ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠣᠷ ᠱᠢᠷᠣᠶ᠎ᠶ᠋ᠢᠨ ᠰᠤᠳᠤᠯᠤᠨ ᠨᠡᠭᠡᠭᠡᠬᠦ᠌ ᠲᠥᠪ᠎ᠨᠢ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠹᠢᠽᠢᠺ ᠬᠢᠮᠢ᠎ᠶ᠋ᠢᠨ ᠮᠡᠷᠭᠡᠵᠢᠯ᠎ᠤᠨ ᠰᠤᠳᠤᠯᠭᠠᠨ᠎ᠤ ᠭᠠᠵᠠᠷ᠎ᠲᠠᠢ ᠬᠠᠮᠲᠤᠷᠠᠨ᠂ ᠶᠠᠭ ᠨᠢᠭᠡᠨ ᠥᠨᠳᠥᠷ ᠪᠦᠲᠦᠮᠵᠢᠲᠡᠶ ᠡᠮᠴᠢᠯᠡᠭᠡᠨ᠎ᠳᠤ ᠬᠡᠷᠡᠭ᠌ᠯᠡᠬᠦ᠌ ᠬᠤᠪᠣᠷ ᠱᠢᠷᠣᠶ᠎ᠶ᠋ᠢᠨ ᠸᠢᠷᠦ᠋ᠰ᠎ᠢ ᠡᠰᠡᠷᠭᠦᠴᠡᠬᠦ᠌᠎ᠳᠤ ᠲᠤᠰᠠᠯᠠᠬᠤ ᠡᠳ᠋᠎ᠤᠨ ᠰᠤᠳᠤᠯᠤᠨ ᠨᠡᠭᠡᠭᠡᠬᠦ᠌ ᠠᠵᠢᠯ᠎ᠢ ᠥᠷᠨᠢᠭᠦᠯᠵᠦ᠍ ᠪᠣᠶ᠃

ᠬᠤᠪᠣᠷ ᠱᠢᠷᠣᠶ᠎ᠶ᠋ᠢᠨ ᠸᠢᠷᠦ᠋ᠰ᠎ᠢ ᠡᠰᠡᠷᠭᠦᠴᠡᠬᠦ᠌᠎ᠳᠤ ᠲᠤᠰᠠᠯᠠᠬᠤ ᠡᠳ᠋᠎ᠢ ᠬᠡᠷᠡᠭ᠌ᠯᠡᠵᠦ᠍᠂ ᠨᠢᠭᠡ ᠯᠡ ᠤᠳᠠᠭ᠎ᠠ ᠡᠮᠴᠢᠯᠡᠭᠡᠨ᠎ᠳᠤ ᠬᠡᠷᠡᠭ᠌ᠯᠡᠬᠦ᠌ ᠮᠠᠲ᠋ᠧᠷᠢᠶᠠᠯ᠎ᠤᠨ ᠬᠡᠷᠡᠭ᠌ᠯᠡᠭᠡᠨ᠎ᠤ ᠠᠮᠢ ᠨᠠᠰᠤ᠎ᠶ᠋ᠢ ᠪᠦᠲᠦᠮᠵᠢᠲᠡᠢ ᠤᠷᠲᠤᠳᠭᠠᠵᠤ᠂ ᠡᠮᠴᠢᠯᠡᠭᠡᠨ᠎ᠤ ᠪᠠᠭᠠᠵᠢ ᠬᠡᠷᠡᠭ᠌ᠰᠡᠯ ᠪᠣᠯᠤᠨ ᠪᠡᠶ᠎ᠡ ᠮᠠᠬᠠᠪᠣᠳ᠎ᠲᠠᠢ ᠬᠦᠷᠦᠯᠴᠡᠬᠦ᠌ ᠦᠶ᠎ᠡ᠎ᠶ᠋ᠢᠨ ᠦᠷᠪᠢᠰᠦᠯ᠎ᠤᠨ ᠲᠦᠭ᠌ᠰᠢᠭᠦᠷᠢ᠎ᠶ᠋ᠢ ᠪᠠᠭᠤᠷᠠᠭᠤᠯᠵᠤ᠂ ᠡᠮᠴᠢᠯᠡᠭᠡᠨ᠎ᠤ ᠠᠵᠢᠯᠲᠠᠨ᠎ᠤ ᠬᠠᠯᠳᠠᠪᠤᠷᠢᠯᠠᠬ᠍ᠳᠠᠬᠤ ᠲᠦᠭ᠌ᠰᠢᠭᠦᠷᠢ᠎ᠶ᠋ᠢ ᠪᠠᠭᠠᠰᠭᠠᠵᠤ ᠪᠤᠯᠤᠨ᠎ᠠ᠃ ᠣᠳᠣᠬᠠᠨ᠎ᠳᠤ ᠲᠣᠰ ᠬᠤᠪᠣᠷ ᠱᠢᠷᠣᠶ᠎ᠶ᠋ᠢᠨ ᠸᠢᠷᠦ᠋ᠰ᠎ᠢ ᠡᠰᠡᠷᠭᠦᠴᠡᠬᠦ᠌᠎ᠳᠤ ᠲᠤᠰᠠᠯᠠᠬᠤ ᠡᠳ᠋ ᠮᠥᠨ ᠬᠦ᠌ ᠲᠤᠷᠱᠢᠯᠲᠠ᠎ᠶ᠋ᠢᠨ ᠲᠠᠰᠤᠭ᠎ᠤᠨ ᠰᠤᠳᠤᠯᠤᠨ ᠨᠡᠭᠡᠭᠡᠬᠦ᠌ ᠱᠠᠲᠤᠨ᠎ᠳᠤ ᠪᠠᠢᠵᠤ᠂ ᠵᠢᠱ᠌ᠢᠯᠲᠡ᠎ᠪᠠᠷ ᠤᠳᠠᠯ ᠦᠭᠡᠢ ᠲᠤᠷᠱᠢᠨ ᠦᠢᠯᠡᠳᠪᠦᠷᠢᠡᠯᠵᠦ᠍ ᠵᠢᠱ᠌ᠢᠶ᠎ᠡ ᠦᠵᠡᠭᠦᠯᠬᠦ᠌ ᠱᠠᠲᠤᠨ᠎ᠳᠤ ᠣᠷᠣᠬᠤ ᠪᠣᠯᠤᠨ᠎ᠠ᠃

ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ ᠡᠯ᠎ᠡ ᠵᠦᠢᠯ᠎ᠤᠨ ᠠᠷᠭ᠎ᠠ ᠬᠡᠮᠵᠢᠶ᠎ᠡ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠢᠭ᠎ᠢ ᠡᠰᠡᠷᠭᠦᠴᠡᠬᠦ᠌ ᠲᠡᠷᠢᠭᠦᠨ᠎ᠤ ᠮᠡᠷᠭᠡᠵᠢᠯ᠎ᠢ ᠨᠡᠢᠭᠡᠮ᠎ᠤᠨ ᠨᠡᠭᠡᠭᠡᠯᠲᠡ᠎ᠲᠠᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠦᠷ᠎ᠡ ᠪᠦᠲᠦᠭᠡᠯ᠎ᠢ ᠤᠨᠳᠤᠤᠱᠢᠭᠤᠯᠤᠨ ᠪᠣᠳᠠᠲᠠᠢᠵᠢᠭᠤᠯᠬᠤ᠎ᠶ᠋ᠢ ᠠᠬᠢᠭᠤᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠡ᠎ᠶ᠋ᠢᠨ ᠪᠤᠶᠠᠨ ᠵᠢᠷᠭᠠᠯ ᠪᠣᠯᠤᠨ ᠠᠱᠢᠭ ᠲᠤᠰᠠ᠎ᠶ᠋ᠢ ᠣᠯᠠᠨ ᠲᠦᠮᠡᠨ᠎ᠳᠤ ᠠᠯᠢ ᠲᠦᠷᠭᠡᠨ ᠬᠦ᠍ᠷᠲᠡᠭᠡᠬᠦ᠌᠎ᠪᠠᠷ ᠵᠤᠷᠢᠵᠤ ᠪᠠᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号