ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ ᠶᠡᠷᠦᠩᠬᠡᠶ ᠱᠦᠵᠢ ᠰᠢ᠎ᠶ᠋ᠢᠨ ᠫᠢᠩ᠎ᠤᠨ 2019 ᠣᠨ᠎ᠤ ᠲᠥᠪ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠵᠢᠭᠠᠪᠤᠷᠢ᠎ᠶ᠋ᠢᠨ ᠵᠤᠷᠢᠭ ᠰᠠᠨᠠᠭ᠎ᠠ ᠪᠠ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠣᠷᠣᠨ ᠪᠦᠰᠡ ᠠᠯᠤᠰᠯᠠᠨ ᠬᠡᠷᠡᠭ ᠳᠠᠩᠰᠠᠯᠠᠬᠤ ᠠᠵᠢᠯ᠎ᠤᠨ ᠳᠣᠬᠠᠢ ᠲᠤᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠭᠦᠨᠵᠡᠭᠡᠢ ᠳᠣᠭᠤᠱᠢᠯᠠᠭᠤᠯᠵᠣ᠂ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠤ᠂ ᠲᠤᠭ᠎ᠠ ᠪᠠᠷᠢᠮᠲᠠ᠎ᠶ᠋ᠢ ᠢᠯᠡᠭᠦᠤ ᠭᠦᠶᠦᠯᠭᠡᠨ ᠣᠯᠠᠨ ᠲᠦᠮᠡᠨ᠎ᠢ ᠳᠤᠲᠠᠭᠤ ᠭᠦᠶᠦᠯᠭᠡᠵᠤ᠂ ᠠᠷᠠᠳ ᠣᠯᠠᠨ᠎ᠤ ᠣᠯᠠᠨ ᠡᠱᠢᠵᠢᠭ᠌ᠰᠡᠨ ᠬᠠᠤᠯᠢ ᠪᠠᠷᠢᠬᠤ ᠬᠡᠷᠡᠭ᠌ᠴᠡᠭᠡ᠎ᠶ᠋ᠢ ᠬᠠᠩᠭᠠᠵᠤ ᠪᠠᠢᠨ᠎ᠠ᠃
ᠨᠢᠭᠡ ᠵᠢᠯ᠎ᠤᠨ ᠲᠤᠷᠰᠢ᠂ ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠤ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠪᠣᠯᠲᠠᠯ᠎ᠠ᠂ ᠬᠤᠶᠠᠷ ᠱᠠᠲᠤᠨ᠎ᠤ ᠱᠢᠭᠦᠬᠦ᠌ ᠬᠤᠷᠢᠶ᠎ᠠ 127 ᠬᠡᠷᠡᠭ᠎ᠢ ᠣᠷᠣᠨ ᠪᠦᠰᠡ ᠠᠯᠤᠰᠯᠠᠨ ᠳᠡᠩᠰᠡᠯᠡᠵᠦ᠍᠂ 57 ᠬᠡᠷᠡᠭ᠎ᠢ ᠤᠷᠤᠨ ᠪᠦᠰᠠ ᠠᠯᠤᠰᠯᠠᠨ ᠡᠶᠡᠳᠡᠭᠦᠯᠵᠦ᠍᠂ 618 ᠤᠳᠠᠭ᠎ᠠ ᠣᠷᠣᠨ ᠪᠦᠰᠡ ᠠᠯᠤᠰᠯᠠᠭ᠍ᠰᠠᠨ ᠮᠠᠲ᠋ᠧᠷᠢᠶᠠᠯ᠎ᠢ ᠳᠠᠮᠵᠢᠭᠤᠯᠵᠤ᠂ 87 ᠤᠳᠠᠭ᠎ᠠ ᠲᠢᠩᠬᠢᠮ᠎ᠤᠨ ᠱᠢᠭᠦᠯᠲᠡ ᠬᠢᠵᠤ᠂ ᠲᠤᠬᠠᠶ᠎ᠶ᠋ᠢᠨ ᠬᠥᠮᠦᠨ᠎ᠤ 50 ᠭᠠᠷᠤᠶ ᠲᠦᠮᠡᠨ ᠲᠥᠭᠦᠷᠢᠭ᠎ᠤᠨ ᠵᠠᠷᠭᠤ᠎ᠶ᠋ᠢᠨ ᠥᠪᠡᠷ᠎ᠤᠨ ᠦᠷᠳᠡᠭ᠎ᠢ ᠠᠷᠪᠢᠯᠠᠨ ᠦᠭ᠌ᠴᠦ᠂ 372 ᠬᠥᠮᠦᠨ ᠤᠳᠠᠭ᠎ᠠ᠎ᠶ᠋ᠢᠨ ᠶᠠᠪᠣᠵᠣ ᠰᠠᠭᠤᠬᠤ ᠴᠠᠭ᠎ᠢ 4984.5 ᠴᠠᠭ ᠠᠷᠪᠢᠯᠠᠨ ᠦᠭ᠌ᠪᠠ; ᠣᠷᠣᠨ ᠪᠦᠰᠡ ᠠᠯᠤᠰᠯᠠᠨ ᠠᠰᠠᠭᠤᠬᠤ᠂ ᠰᠦᠯᠵᠢᠶᠡᠨ ᠳᠡᠭᠡᠷ᠎ᠡ ᠲᠢᠩᠬᠢᠮ᠎ᠤᠨ ᠱᠢᠭᠦᠯᠲᠡ ᠬᠢᠬᠦ᠂ ᠱᠢᠭᠦᠨ ᠲᠠᠰᠤᠯᠤᠯᠲᠠ᠎ᠶ᠋ᠢ ᠵᠠᠷᠯᠠᠬᠤ᠂ ᠬᠦᠷᠭᠡᠬᠦ᠂ ᠭᠦᠶᠴᠡᠳᠭᠡᠬᠦ᠌ ᠵᠡᠷᠭᠡ᠎ᠪᠠᠷ ᠳᠠᠮᠵᠢᠭᠤᠯᠣᠨ ᠠᠯᠪᠠᠨ ᠶᠠᠪᠤᠳᠠᠯ᠎ᠢᠶᠠᠷ ᠭᠠᠳᠠᠭ᠍ᠰᠢ ᠭᠠᠷᠬᠤ ᠴᠠᠭ᠎ᠢ 10016 ᠴᠠᠭ ᠠᠷᠪᠢᠯᠠᠵᠤ᠂ ᠠᠯᠪᠠᠨ ᠶᠠᠪᠤᠳᠠᠯ᠎ᠢᠶᠠᠷ ᠭᠠᠳᠠᠭ᠍ᠰᠢ ᠭᠠᠷᠬᠤ ᠵᠠᠮ᠎ᠢ 26.58 ᠲᠦᠮᠡᠨ ᠺᠢᠯᠣᠮᠧᠲᠷ ᠪᠠᠭᠠᠰᠭᠠᠵᠤ᠂ ᠠᠯᠪᠠᠨ ᠶᠠᠪᠤᠳᠠᠯ᠎ᠢᠶᠠᠷ ᠭᠠᠳᠠᠭ᠍ᠰᠢ ᠭᠠᠷᠬᠤ ᠵᠠᠷᠤᠳᠠᠯ᠎ᠢ 40.77 ᠲᠦᠮᠡᠨ ᠲᠥᠭᠦᠷᠢᠭ ᠠᠷᠪᠢᠯᠠᠪᠠ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ᠎ᠶ᠋ᠢᠨ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠤᠨ ᠬᠡᠷᠡᠭ᠌ᠯᠡᠭᠡᠨ᠎ᠤ ᠬᠦᠷᠢᠶ᠎ᠡ ᠬᠡᠪᠴᠢᠶ᠎ᠡ ᠤᠷᠢᠳ ᠡᠮᠦᠨ᠎ᠡ ᠭᠠᠷᠤᠭ᠎ᠠ ᠦᠭᠡᠢ ᠥᠷᠭᠡᠵᠢᠪᠠ᠃ ᠬᠤᠶᠠᠷ ᠱᠠᠲᠤᠨ᠎ᠤ ᠱᠢᠭᠦᠬᠦ᠌ ᠬᠤᠷᠢᠶ᠎ᠠ ᠱᠢᠨ᠎ᠡ ᠵᠠᠭ᠍ᠪᠤᠷ᠎ᠢ ᠭᠦᠢᠴᠡᠳ ᠠᠱᠢᠬ᠍ᠯᠠᠨ ᠠᠯᠤᠰ᠎ᠠᠴᠠ ᠬᠡᠷᠡᠭ ᠳᠠᠩᠰᠠᠯᠠᠬᠤ᠂ ᠲᠢᠩᠬᠢᠮ᠎ᠤᠨ ᠱᠢᠭᠦᠯᠲᠡ ᠬᠢᠬᠦ᠂ ᠡᠶᠡᠳᠡᠭᠦᠯᠬᠦ᠂ ᠱᠢᠭᠦᠨ ᠲᠠᠰᠤᠯᠤᠯᠲᠠ᠎ᠶ᠋ᠢ ᠵᠠᠷᠯᠠᠬᠤ᠂ ᠬᠦᠷᠭᠡᠬᠦ᠌ ᠵᠡᠷᠭᠡ ᠵᠠᠷᠭᠤ᠎ᠶ᠋ᠢᠨ ᠦᠢᠯᠡᠴᠢᠯᠭᠡ᠎ᠶ᠋ᠢ ᠭᠦᠢᠴᠡᠳᠭᠡᠵᠤ᠂ ᠰᠦᠯᠵᠢᠶᠡᠨ ᠳᠡᠭᠡᠷ᠎ᠡ ᠬᠠᠮᠲᠤᠷᠠᠨ ᠵᠥᠪᠯᠡᠵᠤ᠂ ᠰᠦᠯᠵᠢᠶᠡᠨ ᠳᠡᠭᠡᠷ᠎ᠡ ᠱᠢᠭᠦᠨ ᠲᠠᠰᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠠᠵᠢᠯᠲᠠᠨ᠎ᠢ ᠴᠤᠭ᠍ᠯᠠᠭᠤᠯᠬᠤ ᠦᠭᠡᠢ᠂ ᠵᠠᠷᠭᠤ᠎ᠶ᠋ᠢᠨ ᠦᠢᠯᠡᠴᠢᠯᠡᠭᠡ᠎ᠶ᠋ᠢ ᠲᠠᠰᠤᠯᠳᠠᠭᠤᠯᠬᠤ ᠦᠭᠡᠢ᠂ ᠬᠡᠷᠡᠭ ᠱᠢᠢᠳᠪᠦᠷᠢᠯᠡᠬᠦ᠌ ᠴᠢᠨᠠᠷ ᠴᠢᠨᠰᠠᠭ᠎ᠠ᠂ ᠦᠷ᠎ᠡ ᠪᠦᠲᠦᠮᠵᠢ᠎ᠶ᠋ᠢ ᠳᠤᠷᠤᠭ᠍ᠰᠢᠯᠠᠭᠤᠯᠬᠤ ᠦᠭᠡᠢ ᠪᠠᠢᠬᠤ᠎ᠶ᠋ᠢ ᠪᠠᠳᠣᠯᠠᠵᠠᠢ᠃ ᠪᠦᠷᠢᠳᠭᠡᠯ᠎ᠢᠶᠠᠷ᠂ ᠡᠨᠡ ᠵᠢᠯ᠎ᠤᠨ ᠲᠦᠷᠦᠭᠦᠦ ᠤᠯᠠᠷᠢᠯ᠎ᠳᠤ ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ᠎ᠶ᠋ᠢᠨ ᠬᠡᠷᠡᠭ᠎ᠢ ᠱᠢᠭᠦᠵᠤ ᠳᠠᠭᠤᠰᠭᠠᠭ᠍ᠰᠠᠨ ᠨᠣᠷᠮ᠎ᠠ 62.15% ᠳᠤ ᠬᠦᠷᠴᠤ᠌᠂ ᠠᠳᠠᠯᠢ ᠬᠤᠭᠤᠴᠠᠭᠠᠨ᠎ᠤ᠎ᠬᠢ᠎ᠠᠴᠠ᠎ᠪᠠᠨ ᠵᠠᠭᠤᠨ᠎ᠤ ᠬᠠᠷᠢᠴᠠᠯ᠎ᠢᠶᠠᠷ 3.91 ᠬᠤᠪᠢ ᠳᠡᠭᠡᠭ᠌ᠰᠢᠯᠡᠵᠦ᠍᠂ ᠤᠯᠠᠷᠢᠯ᠎ᠤᠨ ᠳ᠋ᠦᠩᠨᠡᠨ ᠬᠤᠷᠢᠶᠠᠭ᠍ᠰᠠᠨ ᠬᠠᠷᠢᠴᠠᠯ᠎ᠨᠢ 83.79% ᠳᠤ ᠬᠦᠷᠴᠤ᠌᠂ ᠠᠳᠠᠯᠢ ᠬᠤᠭᠤᠴᠠᠭᠠᠨ᠎ᠤ᠎ᠬᠢ᠎ᠠᠴᠠ᠎ᠪᠠᠨ ᠵᠠᠭᠤᠨ᠎ᠤ ᠬᠠᠷᠢᠴᠠᠯ᠎ᠢᠶᠠᠷ 11.32 ᠬᠤᠪᠢ ᠳᠡᠭᠡᠭ᠌ᠰᠢᠯᠡᠵᠦ᠍᠂ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠤᠨ ᠳᠠᠪᠠᠭᠤᠯᠢᠭ᠎ᠢ ᠭᠦᠢᠴᠡᠳ ᠬᠠᠷᠠᠭᠤᠯᠪᠠ᠃
ᠣᠷᠣᠨ ᠪᠦᠰᠠ ᠠᠯᠤᠰᠯᠠᠨ ᠬᠡᠷᠡᠭ ᠳᠠᠩᠰᠠᠯᠠᠵᠤ ᠲᠤᠬᠠᠢ᠎ᠶ᠋ᠢᠨ ᠬᠦᠮᠦᠨ᠎ᠳᠤ ᠳᠦᠬᠦᠮ ᠦᠵᠡᠭᠦᠯᠦᠨ᠎ᠡ
ᠲᠤᠬᠠᠶ᠎ᠶ᠋ᠢᠨ ᠬᠥᠮᠦᠨ ᠪᠤᠶᠤ ᠲᠤᠬᠠᠢ᠎ᠶ᠋ᠢᠨ ᠬᠦᠮᠦᠨ᠎ᠤ ᠵᠠᠷᠭᠤ᠎ᠶ᠋ᠢᠨ ᠣᠷᠣᠯᠠᠭ᠍ᠴᠢ ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ᠎ᠶ᠋ᠢᠨ ᠳᠤᠷ᠎ᠠ᠎ᠶ᠋ᠢᠨ ᠨᠢᠭᠡ ᠥᠪᠡᠷᠲᠡᠭᠡᠨ ᠬᠡᠷᠡᠭ ᠳᠠᠩᠰᠠᠯᠠᠭᠤᠯᠬᠤ ᠲᠠᠪᠴᠠᠩ᠂ 《ᠳᠤᠮᠳᠠᠳᠤ ᠤᠯᠤᠰ᠎ᠤᠨ ᠨᠡᠭᠦᠳᠡᠯ ᠬᠤᠯᠪᠣᠭᠠᠨ᠎ᠤ ᠪᠢᠴᠢᠯ ᠱᠢᠭᠦᠬᠦ᠌ ᠬᠤᠷᠢᠶ᠎ᠠ》 ᠶ᠋ᠢᠨ ᠭᠠᠷ ᠤᠲᠠᠰᠤᠨ᠎ᠤ ᠦᠵᠦᠭᠦᠷᠯᠢᠭ ᠪᠤᠶᠤ ᠱᠢᠭᠦᠬᠦ᠌ ᠬᠤᠷᠢᠶ᠎ᠠ᠎ᠶ᠋ᠢᠨ ᠵᠠᠷᠭᠤ᠎ᠶ᠋ᠢᠨ ᠦᠢᠯᠡᠴᠢᠯᠡᠭᠡᠨ᠎ᠤ ᠦᠵᠦᠭᠦᠷᠯᠢᠭ ᠳᠡᠭᠡᠷ᠎ᠠ ᠬᠡᠷᠡᠭ ᠳᠠᠩᠰᠠᠯᠠᠭᠤᠯᠬᠤ ᠡᠷᠭᠦᠳᠡᠯ᠎ᠢᠶᠠᠨ ᠳᠡᠪᠱᠢᠭᠦᠯᠪᠡᠯ᠂ ᠬᠠᠮᠢᠶᠠᠷᠤᠨ ᠬᠠᠷᠢᠶᠠᠯᠠᠬᠤ ᠡᠷᠬᠡ ᠪᠦᠬᠦᠢ ᠱᠢᠭᠦᠬᠦ᠌ ᠬᠤᠷᠢᠶ᠎ᠠ᠎ᠨᠢ ᠬᠢᠨᠠᠨ ᠬᠠᠷᠭᠤᠭᠤᠯᠵᠤ ᠪᠠᠲᠤᠯᠠᠭ᠍ᠰᠠᠨ᠎ᠤ ᠳᠠᠷᠠᠭ᠎ᠠ ᠬᠡᠷᠡᠭ᠎ᠢ ᠳᠠᠩᠰᠠᠯᠠᠵᠤ᠂ ᠲᠤᠬᠠᠶ᠎ᠶ᠋ᠢᠨ ᠬᠥᠮᠦᠨ ᠪᠤᠶᠤ ᠲᠤᠬᠠᠢ᠎ᠶ᠋ᠢᠨ ᠬᠦᠮᠦᠨ᠎ᠤ ᠵᠠᠷᠭᠤ᠎ᠶ᠋ᠢᠨ ᠣᠷᠣᠯᠠᠭ᠍ᠴᠢ᠎ᠶ᠋ᠢ ᠵᠣᠬᠢᠬᠤ ᠬᠤᠭᠤᠴᠠᠭᠠᠨ᠎ᠤ ᠳᠣᠲᠣᠷ᠎ᠠ ᠵᠠᠷᠭᠤᠯᠳᠤᠬᠤ (ᠭᠤᠶᠤᠴᠢᠯᠠᠬᠤ) ᠮᠠᠲ᠋ᠧᠷᠢᠶᠠᠯ᠂ ᠬᠤᠯᠪᠤᠭ᠍ᠳᠠᠬᠤ ᠵᠠᠷᠤᠳᠠᠯ᠎ᠢᠶᠠᠨ ᠢᠯᠡᠭᠡᠨ ᠢᠷᠡᠭᠦᠯᠬᠦ᠌᠎ᠶ᠋ᠢ ᠱᠠᠭᠠᠷᠳᠠᠨ᠎ᠠ᠃ ᠲᠤᠬᠠᠶ᠎ᠶ᠋ᠢᠨ ᠬᠥᠮᠦᠨ ᠪᠤᠶᠤ ᠲᠤᠬᠠᠢ᠎ᠶ᠋ᠢᠨ ᠬᠦᠮᠦᠨ᠎ᠤ ᠵᠠᠷᠭᠤ᠎ᠶ᠋ᠢᠨ ᠣᠷᠣᠯᠠᠭ᠍ᠴᠢ ᠪᠠᠰᠠ ᠬᠥᠬᠡᠬᠤᠲᠠ᠎ᠶ᠋ᠢᠨ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ᠎ᠶ᠋ᠢᠨ 《ᠲᠣᠭᠤᠷᠢᠨ ᠱᠢᠭᠦᠨ ᠲᠠᠰᠤᠯᠬᠤ ᠴᠢᠬ ᠵᠢᠴᠢ ᠣᠯᠠᠨ ᠡᠱᠢᠵᠢᠭ᠌ᠰᠡᠨ ᠵᠢᠭᠤᠷᠠᠭᠠᠨ᠎ᠢ ᠱᠢᠶᠳᠪᠦᠷᠢᠯᠡᠬᠦ᠌ ᠲᠥᠪ》 ᠲᠤ ᠬᠦᠷᠴᠤ᠌ ᠣᠷᠣᠨ ᠪᠦᠰᠡ ᠠᠯᠤᠰᠯᠠᠨ ᠬᠡᠷᠡᠭ ᠳᠠᠩᠰᠠᠯᠠᠭᠤᠯᠵᠤ ᠪᠣᠯᠤᠨ᠎ᠠ᠃ ᠡᠳᠡᠭᠡᠷ ᠤᠷᠤᠨ ᠪᠦᠰᠠ ᠠᠯᠤᠰᠯᠠᠨ ᠬᠡᠷᠡᠭ ᠳᠡᠩᠰᠠᠯᠠᠬᠤ ᠵᠠᠷᠭᠤ᠎ᠶ᠋ᠢᠨ ᠦᠢᠯᠡᠴᠢᠯᠡᠭᠡᠨᠢ ᠲᠤᠬᠠᠢ᠎ᠶ᠋ᠢᠨ ᠬᠦᠮᠦᠨ᠎ᠳᠤ ᠳᠦᠬᠦᠮ ᠲᠦᠳᠡ ᠨᠦᠬᠦᠴᠡᠯ ᠬᠠᠨᠭ᠌ᠭᠠᠪᠠ᠃
ᠣᠷᠣᠨ ᠪᠦᠰᠠ ᠠᠯᠤᠰᠯᠠᠨ ᠱᠢᠭᠦᠨ ᠲᠠᠰᠤᠯᠵᠤ ᠲᠤᠬᠠᠢ᠎ᠶ᠋ᠢᠨ ᠬᠦᠮᠦᠨ᠎ᠤ ᠵᠠᠷᠭᠤ᠎ᠳᠤ ᠤᠷᠤᠯᠴᠠᠬᠤ᠎ᠶ᠋ᠢ ᠪᠠᠲᠤᠯᠠᠨ᠎ᠠ
《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠨᠢ 《ᠠᠯᠤᠰ᠎ᠠᠴᠠ ᠱᠢᠢᠳᠪᠦᠷᠢᠯᠡᠬᠦ᠌᠎ᠪᠠᠷ ᠰᠠᠭᠤᠷᠢ ᠪᠣᠯᠭᠠᠬᠤ᠂ ᠱᠢᠭᠦᠨ ᠲᠠᠰᠤᠯᠬᠤ᠎ᠪᠠᠷ ᠭᠤᠣᠯᠳᠠᠯᠭ᠎ᠠ ᠪᠣᠯᠭᠠᠬᠤ᠂ ᠠᠷᠠᠳ᠎ᠲᠤ ᠳᠥᠭᠦᠮ ᠦᠵᠡᠭᠦᠯᠬᠦ᠌᠎ᠪᠠᠷ ᠵᠤᠷᠢᠯᠭ᠎ᠠ ᠪᠣᠯᠭᠠᠬᠤ᠂ ᠢᠯᠡ ᠲᠣᠳᠣ ᠪᠠᠢᠬᠤ᠎ᠪᠠᠷ ᠪᠠᠲᠤᠯᠠᠭ᠎ᠠ ᠪᠣᠯᠭᠠᠬᠤ᠂ ᠴᠢᠨᠠᠷ ᠴᠢᠨᠰᠠᠭ᠎ᠠ ᠦᠷ᠎ᠠ ᠪᠦᠲᠦᠮᠵᠢ᠎ᠪᠠᠷ ᠪᠠᠷᠢᠮᠵᠢᠶ᠎ᠠ ᠪᠣᠯᠭᠠᠬᠤ》 ᠶ᠋ᠢ ᠪᠠᠷᠢᠮᠲᠠᠯᠠᠵᠤ᠂ ᠲᠤᠬᠠᠶ᠎ᠶ᠋ᠢᠨ ᠬᠥᠮᠦᠨ᠎ᠳᠤ ᠨᠢᠭᠡ ᠴᠤᠭ᠍ᠴᠠᠵᠢᠭ᠍ᠰᠠᠨ᠂ ᠨᠢᠭᠡ ᠥᠷᠲᠡᠭᠡᠴᠢᠯᠡᠭ᠌ᠰᠡᠨ ᠵᠠᠷᠭᠤ᠎ᠶ᠋ᠢᠨ ᠦᠢᠯᠡᠴᠢᠯᠡᠭᠡ ᠬᠠᠩᠭᠠᠳᠠᠭ᠃ ᠲᠤᠬᠠᠶ᠎ᠶ᠋ᠢᠨ ᠬᠥᠮᠦᠨ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠢᠶᠠᠷ ᠳᠠᠮᠵᠢᠨ ᠬᠡᠷᠡᠭ ᠳᠠᠩᠰᠠᠯᠠᠭᠤᠯᠬᠤ᠂ ᠭᠡᠷᠡᠴᠢ ᠳᠤᠷᠠᠳᠭᠤ᠂ ᠡᠶᠡᠳᠡᠭᠦᠯᠬᠦ᠂ ᠲᠢᠩᠬᠢᠮ᠎ᠤᠨ ᠱᠢᠭᠦᠯᠲᠡ᠂ ᠬᠦᠷᠭᠡᠬᠦ᠂ ᠭᠦᠢᠴᠡᠳᠭᠡᠬᠦ᠌ ᠵᠡᠷᠭᠡ ᠱᠢᠭᠦᠨ ᠲᠠᠰᠤᠯᠵᠤ ᠭᠦᠶᠴᠡᠳᠭᠡᠬᠦ᠌ ᠪᠦᠬᠦ᠌ ᠶᠠᠪᠤᠴᠠ᠎ᠳᠤ ᠣᠷᠣᠯᠴᠠᠵᠤ᠂ ᠲᠣᠨᠤᠭ ᠲᠥᠬᠦᠭᠡᠷᠦᠮᠵᠢ᠂ ᠭᠠᠵᠠᠷ ᠣᠷᠣᠨ᠎ᠳᠤ ᠬᠢᠵᠠᠭᠠᠷᠯᠠᠭ᠍ᠳᠠᠬᠤ ᠦᠭᠡᠢ᠂ ᠬᠡᠷᠡᠭ᠎ᠤᠨ ᠲᠥᠷᠥᠯ ᠵᠦᠢᠯ᠂ ᠳᠡᠰ ᠳᠠᠷᠠᠭᠠᠯᠠᠯ᠎ᠳᠤ ᠬᠢᠵᠠᠭᠠᠷᠯᠠᠭ᠍ᠳᠠᠬᠤ ᠦᠭᠡᠢ᠎ᠪᠠᠷ ᠡᠯ᠎ᠡ ᠵᠦᠢᠯ᠎ᠤᠨ ᠵᠠᠷᠭᠤ᠎ᠶ᠋ᠢᠨ ᠦᠢᠯᠡᠴᠢᠯᠡᠭᠡ᠎ᠶ᠋ᠢ ᠣᠷᠣᠨ ᠪᠦᠰᠡ ᠠᠯᠤᠰᠯᠠᠨ ᠭᠦᠢᠴᠡᠳᠭᠡᠵᠤ ᠴᠢᠳᠠᠬᠤ ᠪᠤᠯᠤᠭ᠍ᠰᠠᠨ᠎ᠠᠴᠠ ᠳᠦᠬᠦᠮ ᠠᠮᠢᠳᠤᠯᠢᠭ ᠪᠤᠯᠵᠤ᠂ ᠴᠠᠭ ᠲᠤᠬᠠᠢ᠎ᠳᠠᠭᠠᠨ ᠵᠠᠷᠭᠤ᠎ᠳᠤ ᠤᠷᠤᠯᠴᠠᠵᠤ ᠴᠢᠳᠠᠬᠤ ᠪᠤᠯᠪᠠ᠃
ᠬᠦᠬᠡᠬᠤᠲᠠ᠎ᠶ᠋ᠢᠨ ᠲᠡᠮᠤᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠤᠶᠤᠨᠲᠤ ᠱᠢᠭᠦᠬᠦ᠌ ᠬᠤᠷᠢᠶ᠎ᠠ᠎ᠶ᠋ᠢᠨ ᠪᠠᠢᠭᠤᠯᠤᠯᠲᠠ᠎ᠶ᠋ᠢᠨ ᠨᠢᠭᠡᠳᠦᠯᠲᠡᠶ ᠲᠦᠯᠦᠪᠵᠢᠭᠦᠯᠭᠡ ᠳᠣᠣᠷ᠎ᠠ᠂ ᠱᠢᠭᠦᠨ ᠲᠠᠰᠤᠯᠬᠤ ᠠᠷᠭ᠎ᠠ ᠬᠡᠯᠪᠡᠷᠢ ᠪᠠ ᠰᠡᠳᠭᠢᠬᠦᠢ᠎ᠪᠠᠨ ᠬᠤᠪᠢᠷᠠᠭᠤᠯᠤᠨ ᠠᠯᠤᠰ᠎ᠠᠴᠠ ᠵᠠᠯᠭᠠᠵᠤ ᠪᠣᠯᠬᠤ ᠮᠥᠷᠲᠡᠭᠡᠨ ᠲᠤᠬᠠᠶ᠎ᠶ᠋ᠢᠨ ᠲᠠᠯᠠᠪᠤᠷ᠎ᠲᠤ ᠣᠷᠣᠯᠴᠠᠵᠤ ᠪᠣᠯᠬᠤ ᠣᠯᠠᠨ ᠡᠱᠢᠲᠦ ᠬᠡᠷᠡᠭ᠌ᠯᠡᠭᠡᠨ᠎ᠤ ᠱᠢᠭᠦᠬᠦ᠌ ᠲᠢᠩᠬᠢᠮ ᠪᠠᠢᠭᠤᠯᠵᠤ᠂ ᠲᠤᠬᠠᠶ᠎ᠶ᠋ᠢᠨ ᠬᠥᠮᠦᠨ᠎ᠤ ᠵᠠᠷᠭᠤᠯᠳᠤᠬᠤ ᠡᠷᠬᠡ᠎ᠶ᠋ᠢ ᠬᠠᠤᠯᠢ ᠶᠣᠰᠣᠭᠠᠷ ᠪᠠᠲᠤᠯᠠᠵᠤ᠂ ᠲᠤᠬᠠᠶ᠎ᠶ᠋ᠢᠨ ᠬᠥᠮᠦᠨ ᠪᠠ ᠱᠢᠭᠦᠭ᠌ᠴᠢ ᠲᠤᠱᠢᠶᠠᠯᠲᠠᠨ᠎ᠳᠤ ᠨᠡᠮᠡᠭ᠌ᠳᠡᠯ ᠦᠢᠯᠡᠴᠢᠯᠡᠭᠡ ᠬᠠᠩᠭᠠᠵᠤ᠂ ᠵᠠᠷᠭᠤ᠎ᠶ᠋ᠢᠨ ᠡᠯ᠎ᠡ ᠭᠤᠭ᠍ᠴᠤᠭ᠎ᠠ᠎ᠶ᠋ᠢ ᠵᠢᠩᠬᠢᠨᠢᠴᠢᠯᠡᠬᠦ᠂ ᠪᠠᠷᠢᠮᠵᠢᠶᠠᠵᠢᠭᠤᠯᠬᠤ᠎ᠶ᠋ᠢ ᠦᠨᠡᠨ ᠬᠦ᠌ ᠪᠠᠲᠤᠯᠠᠭ᠍ᠰᠠᠨ ᠪᠠᠢᠨ᠎ᠠ᠃ ᠡᠭᠦᠨ᠎ᠤ ᠬᠠᠮᠲᠤ᠌᠂ ᠬᠤᠶᠠᠷ ᠱᠠᠲᠤᠨ᠎ᠤ ᠱᠢᠭᠦᠬᠦ᠌ ᠬᠤᠷᠢᠶ᠎ᠠ ᠪᠠᠰᠠ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠵᠠᠭ᠍ᠪᠤᠷ᠎ᠢᠶᠠᠷ ᠬᠠᠷᠢᠶ᠎ᠠ ᠣᠷᠣᠨ᠎ᠤ᠎ᠪᠠᠨ ᠲᠡᠮᠦᠷ ᠵᠠᠮ᠎ᠤᠨ ᠰᠠᠬᠢᠨ ᠬᠠᠷᠠᠬᠤ ᠭᠠᠵᠠᠷ᠎ᠲᠤ ᠱᠢᠭᠦᠬᠦ᠌ ᠲᠢᠩᠬᠢᠮ ᠪᠠᠢᠭᠤᠯᠵᠤ᠂ ᠣᠷᠣᠨ ᠪᠦᠰᠡ ᠠᠯᠤᠰᠯᠠᠨ ᠠᠰᠠᠭᠤᠬᠤ᠂ ᠲᠢᠩᠬᠢᠮ᠎ᠤᠨ ᠱᠢᠭᠦᠯᠲᠡ ᠬᠢᠬᠦ᠂ ᠲᠤᠯᠭᠠᠨ ᠭᠡᠷᠡᠴᠢᠯᠡᠬᠦ᠂ ᠰᠦᠯᠵᠢᠶᠠᠨ ᠳᠡᠭᠡᠷ᠎ᠠ ᠱᠢᠭᠤᠳ ᠨᠡᠪᠲᠡᠷᠡᠭᠦᠯᠬᠦ᠂ ᠱᠢᠭᠦᠨ ᠲᠠᠰᠤᠯᠤᠯᠲᠠ᠎ᠶ᠋ᠢ ᠨᠡᠢᠲᠡᠯᠡᠬᠦ᠂ ᠬᠦᠷᠭᠡᠬᠦ᠌ ᠵᠡᠷᠭᠡ ᠵᠠᠷᠭᠤᠯᠳᠤᠬᠤ ᠠᠵᠢᠯ᠎ᠢ ᠦᠷᠨᠢᠭᠦᠯᠵᠦ᠍᠂ ᠨᠢᠭᠡ ᠪᠦᠯᠦᠭ ᠡᠷᠡᠭᠦᠦ᠎ᠶ᠋ᠢᠨ ᠬᠡᠷᠡᠭ᠎ᠢ ᠰᠦᠯᠵᠢᠶᠠᠨ ᠳᠡᠭᠡᠷ᠎ᠠ ᠱᠢᠭᠦᠨ ᠲᠠᠰᠤᠯᠵᠤ᠂ ᠲᠤᠭ᠎ᠠ ᠪᠠᠷᠢᠮᠲᠠ᠎ᠶ᠋ᠢᠨ ᠠᠮᠤᠷ ᠲᠦᠪᠱᠢᠨ᠂ ᠪᠦᠲᠦᠮᠵᠢᠲᠡᠶ᠂ ᠬᠠᠷᠢᠯᠴᠠᠨ ᠰᠣᠯᠢᠯᠴᠠᠬᠤ᠎ᠶ᠋ᠢ ᠪᠠᠲᠤᠯᠠᠵᠤ᠂ ᠡᠷᠡᠭᠦᠤ᠎ᠶ᠋ᠢᠨ ᠬᠡᠷᠡᠭ᠎ᠢ ᠱᠢᠭᠦᠬᠦ᠌ ᠱᠢᠨ᠎ᠡ ᠵᠠᠭ᠍ᠪᠤᠷ᠎ᠢ ᠡᠭᠦᠳᠪᠠ᠃
ᠵᠦᠷᠢᠴᠡᠯ ᠵᠢᠭᠤᠷᠠᠭᠠᠨ᠎ᠢ ᠣᠯᠠᠨ ᠡᠱᠢᠵᠢᠬᠦᠯᠦᠨ ᠱᠢᠶᠳᠪᠦᠷᠢᠯᠡᠵᠤ᠂ ᠬᠠᠤᠯᠢ ᠪᠠᠷᠢᠬᠤ 《ᠡᠴᠦᠰ᠎ᠤᠨ ᠨᠢᠭᠡ ᠺᠢᠯᠣᠮᠧᠲᠷ》 ᠢ ᠨᠡᠪᠲᠡᠷᠡᠭᠦᠯᠦᠨ᠎ᠡ
ᠬᠦᠬᠡᠬᠤᠲᠠ᠎ᠶ᠋ᠢᠨ ᠲᠡᠮᠤᠷ ᠵᠠᠮ᠎ᠤᠨ ᠲᠡᠭᠡᠭᠡᠪᠦᠷᠢ᠎ᠶ᠋ᠢᠨ ᠬᠤᠶᠠᠷ ᠱᠠᠲᠤᠨ᠎ᠤ ᠱᠢᠭᠦᠬᠦ᠌ ᠬᠤᠷᠢᠶ᠎ᠠ 《ᠣᠯᠠᠨ ᠡᠱᠢᠵᠢᠭ᠌ᠰᠡᠨ ᠵᠢᠭᠤᠷᠠᠭᠠᠨ᠎ᠢ ᠥᠨᠳᠥᠷ ᠪᠦᠲᠦᠮᠵᠢᠲᠡᠢ᠂ ᠤᠨᠤᠪᠴᠢᠲᠠᠢ ᠱᠢᠢᠳᠪᠦᠷᠢᠯᠡᠵᠤ᠂ ᠠᠷᠠᠳ᠎ᠲᠤ ᠳᠥᠭᠦᠮ ᠦᠵᠡᠭᠦᠯᠵᠦ᠍ ᠠᠷᠠᠳ᠎ᠲᠤ ᠠᠱᠢᠭ᠍ᠲᠠᠢ ᠪᠠᠢᠬᠤ᠂ ᠨᠡᠭᠡᠭᠡᠯᠲᠡ ᠬᠢᠵᠦ᠍ ᠬᠠᠷᠢᠯᠴᠠᠨ ᠬᠥᠳᠡᠯᠦᠯᠴᠡᠬᠦ᠂ ᠠᠭᠤᠰᠤᠯᠴᠠᠵᠤ ᠬᠠᠮᠲᠤ᠎ᠪᠠᠷ ᠡᠳ᠋ᠯᠡᠬᠦ᠌》 ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠤᠯ᠎ᠤᠨ ᠲᠡᠮᠦᠷ ᠵᠠᠮ ᠳᠠᠭᠠᠤ᠎ᠶ᠋ᠢᠨ 《ᠲᠣᠭᠤᠷᠢᠨ ᠱᠢᠭᠦᠨ ᠲᠠᠰᠤᠯᠬᠤ ᠬᠤᠯᠪᠣᠭ᠎ᠠ ᠠᠪᠬᠤ ᠴᠢᠭ᠋》 ᠢᠶᠠᠨ 《ᠲᠣᠭᠤᠷᠢᠨ ᠱᠢᠭᠦᠨ ᠲᠠᠰᠤᠯᠬᠤ ᠴᠢᠬ ᠵᠢᠴᠢ ᠣᠯᠠᠨ ᠡᠱᠢᠵᠢᠭ᠌ᠰᠡᠨ ᠵᠢᠭᠤᠷᠠᠭᠠᠨ᠎ᠢ ᠱᠢᠢᠳᠪᠦᠷᠢᠯᠡᠬᠦ᠌ ᠲᠥᠪ》 ᠪᠣᠯᠭᠠᠨ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠦᠨ ᠳᠡᠰ ᠳᠡᠪᠱᠢᠭᠦᠯᠵᠦ᠍᠂ 《ᠣᠷᠣᠨ ᠪᠦᠰᠡ ᠠᠯᠤᠰᠯᠠᠨ ᠱᠢᠭᠦᠨ ᠲᠠᠰᠤᠯᠬᠤ +》 ᠲᠣᠭᠤᠷᠢᠨ ᠭᠦᠢᠴᠡᠳᠭᠡᠬᠦ᠌ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠣᠯᠠᠨ ᠲᠠᠯ᠎ᠠ ᠬᠤᠯᠪᠣᠭᠠᠯᠠᠨ ᠬᠥᠳᠡᠯᠦᠯᠴᠡᠭ᠌ᠰᠡᠨ᠂ ᠬᠠᠮᠵᠢᠯᠴᠠᠨ ᠬᠠᠮᠲᠤ᠎ᠪᠠᠷ ᠵᠠᠰᠠᠭ᠍ᠰᠠᠨ ᠰᠦᠯᠵᠢᠶᠡᠨ ᠳᠡᠭᠡᠷ᠎ᠠ ᠵᠢᠭᠤᠷᠠᠭᠠᠨ᠎ᠢ ᠱᠢᠢᠳᠪᠦᠷᠢᠯᠡᠬᠦ᠌ ᠲᠠᠪᠴᠠᠩ ᠪᠠᠢᠭᠤᠯᠵᠤ᠂ ᠣᠷᠣᠨ ᠪᠦᠰᠡ ᠠᠯᠤᠰᠯᠠᠨ ᠬᠡᠷᠡᠭ ᠳᠠᠩᠰᠠᠯᠠᠭᠤᠯᠬᠤ᠂ ᠡᠶᠡᠳᠡᠭᠦᠯᠬᠦ᠂ ᠬᠦᠷᠭᠡᠬᠦ᠂ ᠲᠢᠩᠬᠢᠮ᠎ᠤᠨ ᠱᠢᠭᠦᠯᠲᠡ ᠬᠢᠬᠦ᠂ ᠬᠠᠮᠵᠢᠯᠴᠠᠨ ᠭᠦᠢᠴᠡᠳᠭᠡᠬᠦ᠂ ᠰᠤᠷᠪᠤᠯᠵᠢᠯᠠᠭ᠎ᠠ᠎ᠶ᠋ᠢ ᠬᠦᠯᠢᠶᠡᠨ ᠠᠪᠬᠤ ᠵᠡᠷᠭᠡ ᠵᠠᠷᠭᠤ᠎ᠶ᠋ᠢᠨ ᠦᠢᠯᠡᠴᠢᠯᠡᠭᠡ ᠬᠠᠨᠭ᠌ᠭᠠᠵᠤ᠂ ᠬᠠᠤᠯᠢ ᠪᠠᠷᠢᠬᠤ 《ᠡᠴᠦᠰ᠎ᠤᠨ ᠨᠢᠭᠡ ᠺᠢᠯᠣᠮᠧᠲᠷ》 ᠢ ᠨᠡᠪᠲᠡᠷᠡᠭᠦᠯᠦᠨ᠎ᠡ