ᠪᠠᠢᠳᠡᠯ᠎ᠳᠤ ᠵᠦᠪ᠎ᠢᠶᠠᠷ ᠬᠠᠨᠳᠤᠵᠥ᠍ ᠬᠦᠭ᠌ᠵᠢᠯᠳᠡ᠎ᠶ᠋ᠢᠨ ᠢᠳᠡᠬᠡᠯ᠎ᠢᠶᠠᠨ ᠪᠠᠳᠤᠳᠭᠠᠶ᠎ᠠ
2020-07-22 16:36:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠭᠤᠸᠠᠨ ᠴᠢᠦᠢ   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ᠂  ᠰᠤᠳᠤᠯᠤᠭ᠍ᠴᠢ 

2020 ᠤᠨ ᠪᠤᠯ ᠴᠢᠨᠡᠭᠡᠯᠢᠭ ᠨᠡᠢᠬᠡᠮ᠎ᠢ ᠪᠦᠬᠦ᠌ ᠲᠡᠯ᠎ᠡ᠎ᠪᠠᠷ ᠪᠡᠶᠡᠯᠡᠬᠦᠯᠬᠦ᠌ ᠱᠢᠢᠳᠪᠤᠷᠢᠳᠤ ᠢᠯᠠᠯᠳᠠ᠎ᠶ᠋ᠢ ᠤᠯᠬᠤ ᠵᠢᠯ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠦᠯᠥᠪᠵᠢᠬᠦᠯᠬᠡ᠎ᠶ᠋ᠢᠨ ᠰᠡᠬᠦᠯ ᠬᠤᠷᠢᠶᠠᠬᠤ ᠵᠢᠯ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠱᠢᠢᠳᠪᠤᠷᠢᠳᠤ ᠲᠠᠢᠯᠠᠯᠳᠤᠭᠠᠨ ᠬᠢᠬᠦ᠌ ᠵᠢᠯ ᠪᠤᠯᠤᠨ᠎ᠠ᠃ ᠡᠬᠦᠷᠬᠡ ᠪᠡᠷᠬᠡ ᠬᠠᠳᠠᠭᠤᠵᠢᠯᠳᠠᠢ ᠨᠦᠰᠡᠷ ᠬᠦᠨᠳᠤ᠂ ᠦᠷᠢᠰᠦᠯᠳᠦᠬᠡᠨ ᠤᠷᠢᠳᠤ ᠡᠮᠤᠨ᠎ᠡ ᠪᠠᠢᠭ᠎ᠠ ᠦᠬᠡᠢ ᠶᠤᠮ᠃ ᠪᠢᠳᠡ ᠶᠡᠷᠤᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠥ᠍᠂ ᠪᠦᠬᠦ᠌ ᠲᠡᠯ᠎ᠡ᠎ᠶ᠋ᠢᠨ᠂ ᠬᠤᠪᠢᠰᠤᠩᠭᠤᠢ᠂ ᠬᠤᠯᠠ᠎ᠶ᠋ᠢᠨ ᠬᠠᠷᠠᠴᠠ᠎ᠪᠠᠷ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠵᠥ᠍᠂ ᠬᠦᠭ᠌ᠵᠢᠯᠳᠡ᠎ᠶ᠋ᠢᠨ ᠶᠡᠭᠡ ᠬᠠᠨᠳᠤᠰᠢ᠎ᠶ᠋ᠢ ᠡᠵᠡᠮᠱᠢᠵᠥ᠍᠂ ᠪᠦᠬᠦ᠌ ᠨᠡᠢᠬᠡᠮ ᠢᠯᠠᠩᠭᠤᠶ᠎ᠠ ᠡᠯ᠎ᠡ ᠲᠦᠷᠦᠯ᠎ᠤᠨ ᠵᠠᠬ᠎ᠠ ᠲᠡᠯᠬᠡᠬᠦᠷ᠎ᠤᠨ ᠭᠤᠤᠯ ᠴᠤᠭ᠍ᠴᠠ᠎ᠶ᠋ᠢᠨ ᠬᠦᠭ᠌ᠵᠢᠯᠳᠡ᠎ᠶ᠋ᠢᠨ ᠢᠳᠡᠬᠡᠯ᠎ᠢᠶᠠᠨ ᠶᠡᠭᠡ᠎ᠪᠠᠷ ᠨᠡᠮᠡᠭ᠌ᠳᠡᠬᠦᠯᠬᠦ᠌᠎ᠶ᠋ᠢ ᠢᠳᠡᠪᠬᠢᠳᠡᠢ ᠬᠦᠳᠦᠯᠥᠨ ᠵᠢᠯᠤᠭᠤᠳᠴᠦ᠍᠂ ᠠᠵᠥ᠍ ᠠᠬᠤᠢ᠎ᠶ᠋ᠢᠨ ᠲᠤᠭ᠍ᠳᠠᠭᠤᠨ᠎ᠤ ᠲᠤᠮᠳᠠ ᠰᠠᠢᠵᠢᠷᠠᠬᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ᠎ᠢ ᠬᠦᠴᠦᠯᠡᠨ ᠪᠠᠬᠢᠵᠢᠬᠦᠯᠬᠦ᠌ ᠬᠡᠷᠡᠭ᠌ᠳᠡᠢ᠃ ᠤᠳᠤᠬᠠᠨ᠎ᠳᠤ ᠮᠠᠨ᠎ᠤ ᠤᠯᠤᠰ᠎ᠤᠨ ᠠᠵᠥ᠍ ᠠᠬᠤᠢ᠎ᠳᠤ ᠪᠦᠳᠦᠴᠡ᠎ᠶ᠋ᠢᠨ ᠴᠢᠨᠠᠷᠳᠠᠢ᠂ ᠪᠠᠢᠭᠤᠯᠤᠮᠵᠢ᠎ᠶ᠋ᠢᠨ ᠴᠢᠨᠠᠷᠳᠠᠢ᠂ ᠦᠶᠡᠯᠡᠯ᠎ᠤᠨ ᠴᠢᠨᠠᠷᠳᠠᠢ ᠠᠰᠠᠭᠤᠳᠠᠯ ᠰᠤᠯᠪᠢᠴᠠᠭ᠍ᠰᠠᠠ᠎ᠠᠴᠠ ᠪᠤᠯᠤᠬ᠍ᠰᠠᠠ ᠬᠦᠴᠢᠷᠳᠡᠯ ᠪᠤᠯᠤᠨ ᠦᠷᠢᠰᠦᠯᠳᠦᠬᠡᠨ ᠲᠤᠯᠭᠠᠷᠠᠵᠤ ᠪᠠᠢᠬᠤ ᠪᠠ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠲᠠᠭᠠᠷᠢᠯᠳᠡ᠎ᠠᠴᠠ ᠪᠤᠯᠵᠥ᠍ ᠠᠵᠥ᠍ ᠠᠬᠤᠢ᠎ᠶ᠋ᠢᠨ ᠤᠷᠤᠭᠤᠳᠠᠯ᠎ᠤᠨ ᠳᠠᠷᠤᠯᠳᠠ ᠨᠡᠯᠢᠶᠡᠳ ᠶᠡᠭᠡ ᠪᠠᠢᠬᠤ᠎ᠶ᠋ᠢ ᠬᠦᠴᠡᠳ ᠲᠠᠨᠢᠬᠤ ᠬᠡᠷᠡᠭ᠌ᠳᠡᠢ; ᠬᠡᠪᠡᠴᠦ᠍ ᠮᠠᠨ᠎ᠤ ᠤᠯᠤᠰ᠎ᠤᠨ ᠠᠵᠥ᠍ ᠠᠬᠤᠢ᠎ᠶ᠋ᠢᠨ ᠲᠡᠯᠳᠡ ᠬᠦᠴᠦᠨ ᠬᠦᠢᠴᠡᠳ᠂ ᠤᠶᠠᠨ ᠬᠠᠳᠠᠨ ᠴᠢᠨᠠᠷ ᠴᠢᠩᠭ᠎ᠠ᠂ ᠡᠷᠬᠢᠯᠳᠦᠬᠦ᠌ ᠤᠷᠤᠨ ᠵᠠᠢ ᠶᠡᠭᠡ᠂ ᠲᠦᠷᠦ᠎ᠶ᠋ᠢᠨ ᠪᠤᠳᠤᠯᠭ᠎ᠠ᠎ᠶ᠋ᠢᠨ ᠪᠠᠭᠠᠵᠢ ᠤᠯᠠᠨ ᠪᠠᠢᠬᠤ ᠦᠨᠳᠦᠰᠦᠨ ᠤᠨᠴᠠᠯᠢᠭ ᠬᠤᠪᠢᠷᠡᠬ᠍ᠰᠠᠠ ᠦᠬᠡᠢ᠂ ᠮᠠᠨ᠎ᠤ ᠤᠯᠤᠰ ᠪᠦᠬᠦ᠌ ᠪᠦᠮᠪᠦᠷᠴᠡᠭ᠎ᠲᠤ ᠬᠠᠮᠤᠭ᠎ᠤᠨ ᠪᠦᠷᠢᠨ ᠲᠦᠬᠦᠷ ᠠᠵᠥ᠍ ᠦᠢᠯᠡᠳᠪᠤᠷᠢ᠎ᠶ᠋ᠢᠨ ᠱᠢᠰᠲ᠋ᠧᠮ᠂ ᠬᠠᠮᠤᠭ᠎ᠤᠨ ᠶᠡᠭᠡ ᠲᠤᠳᠤᠭᠠᠳᠤ ᠬᠡᠷᠡᠭ᠌ᠴᠡᠭᠡᠨ᠎ᠤ ᠵᠠᠬ᠎ᠠ ᠲᠡᠯᠬᠡᠬᠦᠷ᠎ᠲᠠᠢ ᠪᠠᠢᠵᠥ᠍᠂ ᠠᠵᠥ᠍ ᠠᠬᠤᠢ᠎ᠶ᠋ᠢᠨ ᠬᠦᠭ᠌ᠵᠢᠯᠳᠡ᠎ᠶ᠋ᠢᠨ ᠬᠦᠯᠬᠡ ᠤᠩᠭᠤᠴᠠ ᠰᠠᠯᠬᠢᠨ ᠲᠠᠪᠠᠯᠭᠠᠨ᠎ᠢ ᠵᠦᠰᠦᠵᠥ᠍᠂ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠪᠦᠳᠦᠮᠵᠢᠳᠡᠢ ᠠᠬᠢᠭᠤᠯᠬᠤ᠎ᠳᠤ ᠪᠠᠳᠤ ᠰᠠᠭᠤᠷᠢ ᠲᠠᠯᠪᠢᠵᠥ᠍᠂ ᠪᠦᠷᠢᠨ ᠨᠦᠬᠦᠴᠡᠯ ᠬᠠᠩᠭᠠᠭ᠍ᠰᠠᠠ ᠪᠠᠢᠨ᠎ᠠ᠃

 

ᠠᠵᠦ᠍ ᠠᠬᠤᠢ ᠨᠡᠢᠭᠡᠮ᠎ᠤᠨ ᠠᠵᠢᠯᠯᠠᠭ᠎ᠠ ᠡᠬᠢ ᠳᠢᠭ᠌ᠯᠢᠮ᠎ᠲᠠᠢ ᠰᠡᠷᠬᠦᠵᠦ᠍᠂ ᠪᠠᠢᠳᠠᠯ ᠮᠠᠰᠢ ᠰᠠᠢᠨ ᠪᠠᠢᠨ᠎ᠠ᠃ ᠬᠡᠨᠡᠳᠳᠡ᠎ᠪᠠᠷ ᠡᠭᠦᠰᠦᠭ᠌ᠰᠡᠨ ᠱᠢᠨ᠎ᠠ ᠳᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠠᠵᠦ᠍ ᠠᠬᠤᠢ ᠨᠡᠢᠭᠡᠮ᠎ᠤᠨ ᠬᠦᠭ᠌ᠵᠢᠯᠳᠡ᠎ᠳᠤ ᠠᠪᠴᠢᠷᠠᠭ᠍ᠰᠠᠨ ᠠᠱᠢᠬ ᠦᠬᠡᠢ ᠨᠦᠯᠦᠬᠡ᠎ᠶ᠋ᠢᠨ ᠡᠮᠤᠨ᠎ᠠ᠂ ᠪᠦᠬᠦ᠌ ᠤᠷᠤᠨ᠎ᠤ ᠦᠷᠬᠡᠨ ᠤᠯᠠᠨ ᠺᠠᠳ᠋ᠷ ᠤᠯᠠᠨ ᠳᠦᠮᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠬ ᠰᠠᠨᠠᠭᠠᠨ᠎ᠤ ᠵᠢᠯᠤᠭᠤᠳᠤᠯᠭ᠎ᠠ ᠲᠤᠤᠷ᠎ᠠ᠂ ᠨᠠᠮ᠎ᠤᠨ ᠳᠦᠪ ᠬᠤᠷᠢᠶ᠎ᠠ᠂ ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠪᠤᠯᠤᠨ ᠳᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠶ᠋ᠢ ᠳᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ ᠪᠤᠳᠠᠳᠠᠢ ᠠᠳᠭᠤᠨ ᠰᠠᠢᠳᠤᠷ ᠠᠳᠭᠤᠵᠦ᠍᠂ ᠪᠦᠯᠬᠦᠮᠳᠡᠨ ᠨᠢᠬᠡᠳᠴᠤ᠌᠂ ᠬᠠᠮᠳᠤ᠎ᠪᠠᠷ ᠳᠡᠮᠡᠴᠡᠵᠦ᠍᠂ ᠪᠡᠷᠬᠡ᠎ᠶ᠋ᠢ ᠳᠠᠪᠠᠨ ᠬᠦᠴᠢᠷ᠎ᠢ ᠳᠤᠭᠤᠯᠵᠦ᠍᠂ ᠵᠤᠷᠢᠬ᠍ᠳᠠᠢ᠎ᠪᠠᠷ ᠨᠡᠬᠡᠬᠡᠯᠳᠡ ᠬᠢᠵᠦ᠍᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠬᠤ᠎ᠶ᠋ᠢ ᠪᠦᠳᠦᠮᠵᠢᠳᠡᠢ ᠬᠢᠭ᠌ᠰᠡᠨ᠎ᠤ ᠬᠠᠮᠳᠤ᠂ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠳᠤᠬ᠍ᠳᠠᠭᠤᠨ᠎ᠤ ᠳᠤᠮᠳᠠ ᠰᠠᠢᠵᠢᠷᠠᠬᠤ ᠪᠡ ᠳᠦᠷᠬᠡᠨ ᠰᠡᠷᠬᠦᠬᠦ᠌ ᠰᠠᠢᠨ ᠰᠠᠢᠬᠠᠨ ᠬᠠᠨᠳᠤᠰᠢ᠎ᠶ᠋ᠢ ᠠᠬᠢᠭᠤᠯᠵᠦ᠍᠂ ᠪᠠᠢᠳᠠᠯ ᠮᠠᠱᠢᠳᠠ ᠪᠠᠶᠠᠷᠯᠠᠭᠤᠱᠢᠳᠠᠢ ᠪᠤᠯᠵᠠᠢ᠃ 2020 ᠤᠨ᠎ᠤ 1 ᠎ᠠᠴᠠ 5 ᠰᠠᠷ᠎ᠠ ᠪᠤᠯᠳᠠᠯ᠎ᠠ᠂ ᠪᠦᠬᠦ᠌ ᠤᠷᠤᠨ᠎ᠤ ᠠᠵᠦ᠍ ᠠᠬᠤᠢ᠍ᠢᠯᠡᠯ᠎ᠤᠨ ᠠᠵᠢᠯ ᠦᠢᠯᠡᠳᠪᠤᠷᠢᠯᠡᠯ᠎ᠢᠶᠠᠨ ᠰᠡᠷᠬᠦᠬᠡᠭᠦ᠌᠂ ᠬᠤᠳᠠᠯᠳᠤᠭ᠎ᠠ ᠡᠵᠡᠩᠨᠡᠯᠳᠡ᠎ᠪᠠᠨ ᠰᠡᠷᠬᠦᠬᠡᠬᠦ᠌ ᠠᠬᠢᠴᠠ ᠦᠷᠬᠦᠯᠵᠢᠯᠡᠨ ᠰᠠᠢᠵᠢᠷᠠᠵᠦ᠍᠂ ᠪᠦᠬᠦ᠌ ᠤᠷᠤᠨ᠎ᠤ ᠠᠵᠦ᠍ ᠠᠬᠤᠢ ᠨᠡᠢᠭᠡᠮ᠎ᠤᠨ ᠠᠵᠢᠯᠯᠠᠭ᠎ᠠ ᠡᠮᠬᠢ ᠳᠢᠭ᠌ᠯᠢᠮ᠎ᠲᠠᠢ ᠰᠡᠷᠬᠦᠵᠦ᠍᠂ 5 ᠰᠠᠷ᠎ᠠ᠎ᠶ᠋ᠢᠨ ᠭᠤᠤᠯ ᠪᠤᠯᠬᠤ ᠠᠵᠦ᠍ ᠠᠬᠤᠢ᠎ᠶ᠋ᠢᠨ ᠬᠦᠢᠴᠡᠳᠭᠡᠯ ᠳᠤᠭᠠᠨ᠎ᠤ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠤᠭ᠍ᠰᠠᠨ ᠨᠡᠮᠡᠭ᠌ᠳᠡᠯ᠎ᠤᠨ ᠬᠤᠷᠳᠤᠴᠠ᠎ᠨᠢ ᠶᠡᠬᠡᠩᠬᠢ᠎ᠳᠡᠭᠡᠨ ᠦᠷᠬᠦᠯᠵᠢᠯᠡᠨ ᠳᠡᠬᠡᠭ᠌ᠰᠢᠯᠡᠬᠦ᠌ ᠬᠠᠨᠳᠤᠰᠢ᠎ᠲᠠᠢ ᠪᠤᠯᠪᠠ; ᠠᠵᠦ᠍ ᠦᠢᠯᠡᠳᠪᠤᠷᠢ᠎ᠶ᠋ᠢᠨ ᠦᠢᠯᠡᠳᠪᠤᠷᠢᠯᠡᠯ ᠳᠤᠬ᠍ᠳᠠᠭᠤᠨ ᠪᠠᠢᠬᠤ᠎ᠪᠠᠨ ᠪᠠᠳᠤᠯᠠᠵᠦ᠍᠂ ᠦᠢᠯᠡᠳᠬᠦ᠌ ᠦᠢᠯᠡᠰ᠎ᠤᠨ ᠳᠤᠯᠭᠠᠭᠤᠷᠢᠯᠠᠬᠤ ᠦᠢᠯᠡᠳᠦᠯ ᠮᠡᠳᠡᠭ᠌ᠳᠡᠮ᠎ᠠ ᠴᠢᠩᠭᠠᠷᠠᠵᠦ᠍᠂ ᠱᠢᠨ᠎ᠠ ᠡᠨᠧᠷᠬᠢ᠎ᠶ᠋ᠢᠨ ᠴᠠᠬᠢᠯᠭᠠᠨ ᠭᠠᠷᠭᠠᠬᠤ ᠬᠡᠮᠵᠢᠶᠡᠨ᠎ᠤ ᠡᠵᠡᠯᠡᠵᠦ᠍ ᠪᠦᠬᠦᠢ ᠬᠠᠷᠢᠴᠠᠯ ᠦᠷᠬᠦᠯᠵᠢᠯᠡᠨ ᠳᠡᠬᠡᠭ᠌ᠰᠢᠯᠡᠵᠦ᠍᠂ ᠴᠢᠨᠠᠷ ᠰᠠᠢᠳᠠᠢ ᠬᠦᠭ᠌ᠵᠢᠯᠳᠡ ᠳᠦᠷᠬᠡᠨ ᠠᠬᠢᠪᠠ; ᠦᠢᠯᠡᠴᠢᠯᠡᠬᠡᠨ᠎ᠤ ᠦᠢᠯᠡᠰ᠎ᠤᠨ ᠰᠠᠢᠵᠢᠷᠠᠬᠤ ᠬᠠᠨᠳᠤᠰᠢ ᠤᠯᠠᠮ ᠨᠢᠭᠡ ᠠᠯᠬᠤᠮ ᠮᠡᠳᠡᠭ᠌ᠳᠡᠮ᠎ᠠ ᠪᠤᠯᠵᠤ᠂ ᠠᠵᠦ᠍ ᠠᠬᠤᠢ᠍ᠢᠯᠡᠯ᠎ᠤᠨ ᠡᠵᠡᠩᠨᠡᠯᠳᠡ᠎ᠶ᠋ᠢᠨ ᠪᠠᠢᠳᠠᠯ᠎ᠤᠨ ᠵᠢᠱ᠌ᠢᠭ᠌ᠰᠡᠨ ᠬᠦᠢᠴᠡᠳᠭᠡᠯ ᠳᠤᠭ᠎ᠠ ᠬᠦᠭ᠌ᠵᠢᠯ ᠪᠠᠳᠠᠷᠠᠯ᠎ᠤᠨ ᠦᠶ᠎ᠠ᠎ᠶ᠋ᠢᠨ ᠬᠡᠮᠵᠢᠶᠡᠨ᠎ᠳᠤ ᠬᠦᠷᠴᠡᠢ; ᠳᠤᠬ᠍ᠳᠠᠮᠠᠯ ᠬᠦᠷᠦᠩᠬᠡ᠎ᠶ᠋ᠢᠨ ᠪᠡᠯᠡ ᠤᠷᠤᠭᠤᠯᠤᠯᠳᠠ᠎ᠶ᠋ᠢᠨ ᠪᠠᠭᠤᠷᠠᠯᠳᠠ ᠴᠢᠨᠠᠬ᠍ᠰᠢᠳᠠ ᠪᠠᠭᠠᠰᠴᠤ᠌᠂ ᠠᠷᠠᠳ᠎ᠤᠨ ᠪᠡᠯᠡ ᠤᠷᠤᠭᠤᠯᠤᠯᠳᠠ᠎ᠶ᠋ᠢᠨ ᠬᠠᠷᠢᠴᠠᠯ ᠳᠡᠬᠡᠭ᠌ᠰᠢᠯᠡᠪᠠ; ᠠᠵᠦ᠍ ᠠᠬᠤᠢ᠎ᠶ᠋ᠢᠨ ᠠᠮᠢᠵᠢᠷᠠᠯ᠎ᠤᠨ ᠬᠦᠴᠦᠨ᠎ᠤ ᠬᠦᠢᠴᠡᠳᠭᠡᠯ ᠳᠤᠭ᠎ᠠ ᠨᠡᠮᠡᠭ᠌ᠳᠡᠵᠦ᠍᠂ ᠪᠠᠷᠠᠭᠠᠨ᠎ᠤ ᠬᠦᠢᠯᠬᠡᠬᠡ᠎ᠶ᠋ᠢᠨ ᠵᠢᠭᠠᠯᠳᠠ ᠳᠤᠭ᠎ᠠ ᠳᠤᠬ᠍ᠳᠠᠭᠤᠨ᠎ᠢᠶᠠᠷ ᠳᠡᠬᠡᠭ᠌ᠰᠢᠯᠡᠪᠠ᠃ 1 — 5 ᠰᠠᠷ᠎ᠠ᠎ᠳᠤ ᠪᠦᠬᠦ᠌ ᠤᠷᠤᠨ᠎ᠤ ᠪᠦᠬᠦ᠌ ᠨᠡᠢᠭᠡᠮ᠎ᠤᠨ ᠴᠠᠬᠢᠯᠭᠠᠨ ᠬᠡᠷᠡᠭ᠌ᠯᠡᠭ᠌ᠰᠡᠨ ᠬᠡᠮᠵᠢᠶ᠎ᠠ 1543.5 ᠳ᠋ᠦᠩᠱᠢᠭᠤᠷ ᠺᠢᠯᠦᠸᠠᠲ ᠴᠠᠬ᠎ᠲᠤ ᠬᠦᠷᠴᠦ᠍᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 4.9% ᠨᠡᠮᠡᠭ᠌ᠳᠡᠵᠦ᠍᠂ 5 ᠰᠠᠷ᠎ᠠ᠎ᠳᠤ ᠪᠠᠷᠠᠭᠠᠨ᠎ᠤ ᠬᠦᠢᠯᠬᠡᠬᠡ᠎ᠶ᠋ᠢᠨ ᠦᠢᠯᠡᠰ᠎ᠤᠨ ᠬᠦᠭ᠌ᠵᠢᠶᠠᠨ᠎ᠲᠠᠢ ᠬᠡᠮᠵᠢᠶ᠎ᠠ᠎ᠶ᠋ᠢᠨ ᠵᠢᠭᠠᠯᠳᠠ ᠳᠤᠭ᠎ᠠ᠎ᠨᠢ 51.5% ᠎ᠳᠤ ᠬᠦᠷᠴᠦ᠍᠂ 4 ᠰᠠᠷ᠎ᠠ᠎ᠶ᠋ᠢᠨ᠎ᠬᠢ᠎ᠠᠴᠠ ᠵᠠᠭᠤᠨ᠎ᠤ ᠬᠠᠷᠢᠴᠠᠯ᠎ᠢᠶᠠᠷ 0.8 ᠬᠤᠪᠢ ᠨᠡᠮᠡᠭ᠌ᠳᠡᠵᠡᠢ᠃ ᠪᠢᠳᠡ ᠢᠲᠡᠭᠡᠯ ᠲᠡᠭᠦᠯᠳᠡᠷ ᠪᠠᠢᠵᠤ᠂ ᠪᠦᠬᠦ᠌ ᠬᠦᠴᠦ᠎ᠪᠠᠷ᠎ᠢᠶᠠᠨ ᠴᠢᠷᠮᠠᠢᠵᠤ᠂ ᠱᠢᠷᠭᠠᠭᠤ ᠠᠵᠢᠯᠯᠠᠨ ᠪᠤᠳᠠᠲᠠᠢ᠎ᠪᠠᠷ ᠠᠵᠢᠯᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠭᠤᠷᠪᠠᠨ ᠶᠡᠭᠡ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠤᠷᠢᠳᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ᠎ᠶ᠋ᠢ ᠤᠯᠬᠤ ᠬᠠᠷᠠᠯᠲᠠ ᠡᠭᠦᠷᠭᠡ᠎ᠶ᠋ᠢ ᠦᠨᠡᠨ ᠬᠦ᠌ ᠪᠡᠶᠡᠯᠡᠭᠦᠯᠬᠦ᠌᠎ᠶ᠋ᠢ ᠪᠠᠲᠤᠯᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ 《ᠬᠤᠣᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌ ᠬᠡᠷᠡᠭ᠌ᠲᠡᠢ᠃

《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠭᠡᠷᠡᠭ᠌ᠲᠡᠢ᠃ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠪᠦᠬᠦ᠌ ᠬᠦᠴᠦᠨ᠎ᠢᠶᠠᠷ ᠴᠢᠩᠭᠠᠳᠭᠠᠵᠤ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢ ᠬᠦᠴᠦᠯᠡᠨ ᠴᠢᠩᠭᠠᠳᠭᠠᠵᠤ᠂ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠦᠶᠯᠡᠴᠢᠯᠡᠭᠡᠨ᠎ᠤ ᠲᠣᠭ᠍ᠲᠠᠭᠤᠨ ᠡᠮᠬᠢ ᠵᠢᠷᠦᠮ᠎ᠲᠠᠢ ᠪᠠᠢᠬᠤ᠎ᠶ᠋ᠢ ᠬᠦᠴᠦᠯᠡᠨ ᠠᠬᠢᠭᠤᠯᠵᠤ᠂ ᠠᠮᠤ ᠪᠤᠳᠠᠭᠠᠨ᠎ᠤ ᠦᠶᠯᠡᠳᠪᠦᠷᠢᠯᠡᠯ᠎ᠳᠤ ᠲᠣᠭ᠍ᠲᠠᠭᠤᠨ᠎ᠢ ᠲᠡᠷᠢᠭᠦᠨ᠎ᠳᠤ ᠲᠠᠯᠪᠢᠬᠤ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠱᠢᠲᠠᠮᠠᠬᠠᠢ ᠬᠡᠢ᠎ᠶ᠋ᠢᠨ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠪᠠᠳᠤᠯᠠᠬᠤ ᠵᠡᠷᠭᠡ᠎ᠶ᠋ᠢ ᠪᠡᠶᠡᠯᠡᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠶᠳᠪᠦᠷᠢᠯᠡᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠪᠤᠶᠠᠨ ᠦᠶᠯᠡᠳᠴᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠠᠷᠠᠯᠲᠠ ᠡᠭᠦᠷᠭᠡ᠎ᠶ᠋ᠢ ᠱᠠᠭᠠᠷᠳᠠᠯᠭ᠎ᠠ ᠶᠤᠰᠤᠭᠠᠷ ᠪᠡᠶᠡᠯᠡᠭᠦᠯᠬᠦ᠌᠎ᠶ᠋ᠢᠨ ᠬᠠᠮᠲᠤ ᠶᠠᠳᠠᠭᠤ᠎ᠠᠴᠠ ᠠᠩᠭᠢᠵᠢᠷᠠᠭᠤᠯᠤᠬ᠍ᠰᠠᠨ ᠦᠷ᠎ᠡ ᠪᠦᠲᠦᠭᠡᠯ᠎ᠢ ᠦᠨᠡᠨ ᠬᠦ᠌ ᠪᠠᠬᠢᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠵᠣᠯᠭᠠᠭᠤᠯᠬᠤ᠎ᠶ᠋ᠢ ᠠᠬᠢᠭᠤᠯᠵᠤ᠂ ᠬᠠᠷᠢᠴᠠᠩᠭᠤᠶ ᠶᠠᠳᠠᠭᠤ ᠬᠦᠴᠢᠷᠳᠡᠯ᠎ᠢ ᠠᠯᠭᠤᠷ᠎ᠢᠶᠠᠷ ᠪᠠᠭᠠᠰᠭᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠦᠷᠭᠡᠪᠴᠢᠯᠡᠨ ᠪᠤᠢ ᠪᠣᠯᠭᠠᠬᠤ ᠬᠡᠷᠡᠭ᠌ᠲᠡᠢ᠃ ᠠᠶᠤᠯ ᠲᠦᠭ᠌ᠰᠢᠭᠦᠷᠢ᠎ᠶ᠋ᠢᠨ ᠳᠤᠮᠳᠠ ᠱᠢᠨ᠎ᠡ ᠠᠵᠠ ᠲᠤᠬᠢᠶᠠᠯ᠎ᠢ ᠪᠤᠢ ᠪᠤᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠨᠡᠭᠡᠭᠡᠬᠦ᠌ ᠭᠡᠷᠡᠭ᠌ᠲᠡᠢ᠃ ᠮᠠᠨ᠎ᠤ ᠤᠯᠤᠰ᠎ᠤᠨ ᠳᠡᠯᠡᠬᠡᠶ᠎ᠶ᠋ᠢᠨ ᠬᠠᠮᠤᠭ᠎ᠤᠨ ᠲᠤᠮᠤ ᠵᠠᠬ᠎ᠠ ᠳᠡᠯᠭᠡᠭᠦᠷ ᠪᠣᠯᠬᠤ ᠳᠠᠯᠳᠠ ᠬᠦᠴᠦᠨ ᠪᠣᠯᠤᠨ ᠦᠶᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯ᠎ᠢ ᠪᠠᠷᠢᠮᠲᠠᠯᠠᠵᠤ᠂ ᠠᠵᠤ ᠦᠶᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠤᠯᠤᠰ᠎ᠤᠨ ᠳᠣᠲᠣᠭᠠᠳᠤ ᠪᠠ ᠳᠡᠯᠡᠬᠡᠢ᠎ᠶ᠋ᠢᠨ ᠵᠠᠬ᠎ᠠ ᠳᠡᠯᠭᠡᠭᠦᠷ᠎ᠤᠨ ᠬᠡᠷᠡᠭ᠌ᠴᠡᠭᠡ᠎ᠶ᠋ᠢ ᠪᠦᠲᠦᠮᠵᠢᠲᠡᠶ ᠬᠠᠩᠭᠠᠨᠬᠤ ᠭᠡᠷᠡᠭ᠌ᠲᠡᠢ᠃ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠬᠦᠴᠢᠷᠳᠡᠯ᠎ᠢ ᠬᠦᠴᠦᠯᠡᠨ ᠱᠢᠶᠳᠪᠦᠷᠢᠯᠡᠵᠦ᠍᠂ ᠣᠷᠣᠱᠢᠨ ᠲᠣᠭ᠍ᠲᠠᠨᠢᠬᠤ ᠪᠠ ᠬᠥᠭ᠌ᠵᠢᠬᠦ᠌ ᠣᠷᠴᠢᠨ ᠲᠣᠭᠤᠷᠢᠨ ᠨᠥᠬᠦᠴᠡᠯ᠎ᠢ᠎ᠨᠢ ᠤᠯᠠᠮ ᠴᠢᠨᠠᠬ᠍ᠰᠢᠲᠠ ᠰᠠᠢᠵᠢᠷᠠᠭᠤᠯᠵᠤ᠂ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢᠯᠠᠯ᠎ᠢ ᠬᠠᠪᠰᠤᠷᠤᠨ ᠲᠡᠳᠬᠦᠵᠦ᠍ ᠬᠦᠴᠢᠷ᠎ᠢ ᠲᠤᠭᠤᠯᠵᠤ ᠪᠡᠷᠬᠡ᠎ᠶ᠋ᠢ ᠳᠠᠪᠠᠨ᠂ 《ᠲᠠᠯᠪᠢᠬᠤ ᠬᠠᠮᠢᠶᠠᠷᠬᠤ ᠦᠢᠯᠡᠴᠢᠯᠡᠬᠦ᠌》 ᠵᠡᠷᠭᠡ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠬᠦᠭ᠌ᠵᠢᠨ ᠪᠤᠵᠠᠭᠠᠢᠷᠠᠬᠤ ᠳᠠᠯᠳᠠ ᠬᠦᠴᠦᠨ ᠪᠠ ᠠᠮᠢᠵᠢᠷᠠᠯ᠎ᠤᠨ ᠬᠦᠴᠦᠨ᠎ᠢ᠎ᠨᠢ ᠪᠦᠲᠦᠮᠵᠢᠲᠡᠶ ᠬᠥᠭ᠌ᠵᠢᠭᠡᠬᠦ᠌ ᠬᠡᠷᠡᠭ᠌ᠲᠡᠢ᠃

ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠤᠭ᠍ᠳᠠᠯ ᠬᠦᠴᠦᠨ᠎ᠢᠶᠠᠨ ᠪᠠᠳᠤᠯᠠᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭ᠌ᠵᠢᠬᠦᠯᠬᠦ᠌᠎ᠶ᠋ᠢ ᠪᠦᠳᠦᠮᠵᠢᠳᠠᠢ ᠠᠬᠢᠭᠤᠯᠬᠤ ᠭᠡᠷᠡᠭ᠌ᠲᠡᠢ᠃ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠠ᠎ᠶ᠋ᠢᠨ ᠴᠢᠬᠤᠯᠠ ᠴᠢᠨᠠᠷ᠎ᠢ ᠬᠦᠢᠴᠡᠳ ᠲᠠᠨᠢᠵᠦ᠍᠂ ᠪᠤᠬᠢᠷᠳᠤᠯ ᠦᠭᠡᠢ ᠬᠦᠭ᠌ᠵᠢᠯᠳᠠ᠂ ᠵᠤᠬᠢᠴᠠᠩᠭᠤᠢ ᠬᠦᠭ᠌ᠵᠢᠯᠳᠠ ᠵᠢᠴᠢ ᠨᠡᠬᠦᠷᠡᠰᠦᠳᠦ᠋ᠷᠦᠭ᠌ᠴᠢ ᠪᠠᠭ᠎ᠠ ᠬᠦᠭ᠌ᠵᠢᠯᠳᠠ᠎ᠶ᠋ᠢᠨ ᠲᠡᠷᠢᠬᠦᠨ᠎ᠤ ᠤᠢ᠍ᠢᠯᠠᠭᠠᠭ᠍ᠳᠠᠬᠤᠨ᠎ᠢ ᠪᠠᠳᠤ ᠪᠤᠢ ᠪᠤᠯᠭᠠᠬᠤ ᠭᠡᠷᠡᠭ᠌ᠲᠡᠢ᠃ ᠬᠦᠭ᠌ᠵᠢᠬᠦᠯᠬᠦ᠌᠎ᠳᠤ ᠵᠠᠪᠠᠯ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠤᠬᠢᠷᠳᠤᠯ ᠦᠭᠡᠢ᠎ᠶ᠋ᠢ ᠤᠷᠢᠳ᠎ᠢᠶᠠᠷ ᠪᠤᠳᠤᠯᠬᠢᠯᠠᠬᠤ᠂ ᠤᠷᠴᠢᠨ ᠲᠤᠭᠤᠷᠢᠨ᠎ᠢ ᠬᠠᠮᠠᠭᠠᠯᠠᠬᠤ᠎ᠶ᠋ᠢ ᠤᠷᠢᠳ᠎ᠢᠶᠠᠷ ᠪᠤᠳᠤᠯᠬᠢᠯᠠᠬᠤ᠎ᠶ᠋ᠢ ᠵᠢᠷᠤᠮᠯᠠᠵᠦ᠍᠂ ᠬᠦᠭ᠌ᠵᠢᠬᠦᠯᠬᠦ᠌᠎ᠳᠤ ᠵᠠᠪᠠᠯ ᠪᠤᠬᠢᠷᠳᠦᠯ ᠦᠭᠡᠢ᠎ᠪᠠᠷ ᠵᠢᠯᠤᠭᠤᠳᠤᠮᠵᠢ ᠪᠤᠯᠭᠠᠵᠦ᠍᠂ ᠬᠦᠭ᠌ᠵᠢᠬᠦᠯᠬᠦ᠌᠎ᠳᠤ ᠵᠠᠪᠠᠯ ᠬᠦᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠯ᠎ᠢ ᠠᠬᠢᠭᠤᠯᠵᠦ᠍᠂ ᠬᠦᠭ᠌ᠵᠢᠬᠦᠯᠬᠦ᠌᠎ᠳᠤ ᠵᠠᠪᠠᠯ ᠠᠮᠢ ᠠᠬᠤᠢ᠎ᠶ᠋ᠢᠨ ᠰᠠᠢᠵᠢᠷᠠᠯᠲᠠ᠂ ᠨᠡᠢᠭᠡᠮ᠎ᠤᠨ ᠲᠠᠪᠱᠢᠯᠳᠠ᠂ ᠠᠵᠤ ᠠᠬᠤᠢ᠎ᠶ᠋ᠢᠨ ᠨᠡᠮᠡᠭ᠌ᠳᠡᠯ᠂ ᠭᠡᠷ ᠤᠷᠤᠨ᠎ᠤ ᠪᠤᠬᠢᠷᠳᠤᠯ ᠦᠭᠡᠢ ᠦᠵᠡᠰᠭᠦᠯᠡᠩᠳᠦ ᠰᠠᠢᠬᠠᠨ ᠪᠠᠢᠬᠤ ᠵᠡᠷᠭᠡ ᠤᠯᠠᠨ ᠲᠠᠯ᠎ᠠ᠎ᠶ᠋ᠢᠨ ᠠᠮᠵᠢᠯᠳᠠ᠎ᠶ᠋ᠢ ᠪᠡᠶᠡᠯᠡᠬᠦᠯᠬᠦ᠌ ᠭᠡᠷᠡᠭ᠌ᠲᠡᠢ᠃ ᠡᠭᠡ ᠪᠠᠢᠭᠠᠯᠢ᠎ᠶ᠋ᠢᠨ ᠠᠯᠢᠪᠠ ᠬᠦᠷᠳᠡᠭᠡᠯ ᠪᠤᠯ ᠴᠦᠮ ᠡᠬᠢ ᠪᠠᠶᠠᠯᠢᠭ᠂ ᠡᠳ᠋ ᠡᠷᠳᠡᠨᠢᠰ ᠶᠤᠮ᠂ ᠪᠢᠳᠠ ᠡᠷᠭᠡᠪᠰᠢ ᠡᠭᠡ ᠪᠠᠢᠭᠠᠯᠢ᠎ᠲᠠᠢ ᠵᠤᠬᠢᠴᠠᠵᠦ᠍᠂ ᠡᠭᠡ ᠪᠠᠢᠭᠠᠯᠢ᠎ᠪᠠᠷ ᠳᠠᠭᠤᠷᠢᠶᠠᠯ ᠪᠤᠯᠭᠠᠵᠦ᠍᠂ ᠪᠠᠢᠭᠠᠯᠢ᠎ᠶ᠋ᠢᠨ ᠵᠢᠮ᠎ᠠ ᠶᠤᠰᠤ᠎ᠶ᠋ᠢ ᠵᠢᠷᠤᠮᠯᠠᠨ ᠠᠵᠢᠯ ᠶᠠᠪᠤᠳᠠᠯ᠎ᠢᠶᠠᠨ ᠬᠢᠬᠦ᠌ ᠭᠡᠷᠡᠭ᠌ᠲᠡᠢ᠃ ᠪᠤᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ᠎ᠢ ᠶᠡᠭᠡ᠎ᠪᠠᠷ ᠬᠦᠭ᠌ᠵᠢᠬᠦᠯᠬᠦ᠌ ᠭᠡᠷᠡᠭ᠌ᠲᠡᠢ᠃ 《ᠲᠠᠷᠢᠶᠠᠯᠠᠬᠤ᠎ᠶ᠋ᠢ ᠵᠤᠬ᠍ᠰᠤᠭᠠᠵᠦ᠍ ᠤᠢ ᠱᠢᠭᠤᠢ ᠡᠪᠡᠰᠦ ᠪᠡᠯᠴᠢᠭᠡᠷ᠎ᠢ ᠰᠡᠷᠭᠦᠭᠡᠬᠦ᠌》 ᠎ᠶ᠋ᠢ ᠦᠷᠬᠦᠯᠵᠢᠯᠡᠨ ᠭᠡᠷᠡᠭ᠌ᠵᠢᠬᠦᠯᠵᠦ᠍᠂ ᠬᠦᠷᠦᠰᠦ ᠱᠢᠷᠤᠢ᠎ᠶ᠋ᠢᠨ ᠢᠳᠡᠭ᠌ᠳᠡᠯ ᠬᠦᠨᠳᠦ ᠨᠤᠴᠢᠳᠠᠢ᠂ ᠤᠨᠠᠯᠳᠠ ᠪᠠᠭ᠎ᠠ ᠪᠦᠭᠡᠳ ᠲᠤᠭ᠍ᠳᠠᠪᠤᠷᠢ ᠦᠭᠡᠢ ᠵᠤ ᠭᠠᠵᠠᠷ ᠵᠢᠴᠢ ᠡᠯᠡᠰᠦᠷᠭᠡᠭ᠌ᠵᠢᠭ᠌ᠰᠡᠨ ᠲᠠᠷᠢᠶᠠᠨ ᠭᠠᠵᠠᠷ ᠵᠡᠷᠭᠡ᠎ᠶ᠋ᠢ ᠡᠯ᠎ᠠ ᠵᠦᠢᠯ᠎ᠤᠨ ᠱᠢᠯᠳᠠᠬ᠎ᠢᠶᠠᠷ ᠲᠠᠷᠢᠶᠠᠯᠠᠬᠤ᠎ᠶ᠋ᠢ ᠰᠡᠷᠬᠦᠭᠡᠬᠦ᠌ ᠪᠤᠶᠤ ᠠᠳᠠᠷ ᠬᠠᠭᠠᠯᠪᠤᠷᠢᠯᠠᠬᠤ᠎ᠶ᠋ᠢ ᠡᠷᠡᠰ ᠬᠤᠷᠢᠬ᠍ᠯᠠᠵᠦ᠍᠂ ᠨᠤᠳᠤᠭ ᠪᠡᠯᠴᠢᠭᠡᠷ᠂ ᠱᠢᠭᠤᠢ᠍ᠢᠳᠦ ᠭᠠᠵᠠᠷ᠎ᠲᠤ ᠠᠳᠠᠷ ᠬᠠᠭᠠᠯᠪᠤᠷᠢᠯᠠᠬᠤ᠎ᠶ᠋ᠢ ᠡᠷᠡᠰ ᠬᠤᠷᠢᠬ᠍ᠯᠠᠨ᠂ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠎ᠤᠨ ᠨᠦᠬᠦᠴᠡᠯ ᠪᠠ ᠮᠠᠯᠵᠢᠬᠤ ᠲᠠᠷᠢᠶᠠᠯᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠢ ᠪᠦᠳᠦᠮᠵᠢᠳᠠᠢ ᠬᠠᠮᠠᠭᠠᠯᠠᠨ ᠰᠠᠢᠵᠢᠷᠠᠭᠤᠯᠬᠤ ᠭᠡᠷᠡᠭ᠌ᠲᠡᠢ; ᠮᠠᠯ ᠠᠵᠤ ᠠᠬᠤᠢ ᠲᠠᠷᠢᠶᠠᠯᠠᠩ᠎ᠤᠨ ᠶᠡᠷᠦᠩᠭᠡᠢᠯᠡᠭ᠌ᠰᠡᠨ ᠦᠢᠯᠡᠳᠪᠤᠷᠢᠯᠡᠯ᠎ᠤᠨ ᠴᠢᠳᠠᠪᠤᠷᠢ᠂ ᠠᠶᠦᠯ ᠲᠦᠭ᠌ᠰᠢᠬᠦᠷᠢ᠎ᠶ᠋ᠢ ᠡᠰᠡᠷᠭᠦᠴᠡᠬᠦ᠌ ᠴᠢᠳᠠᠪᠤᠷᠢ᠂ ᠵᠠᠬ᠎ᠠ ᠳᠡᠯᠭᠡᠬᠦᠷ᠎ᠤᠨ ᠦᠷᠢᠰᠦᠯᠳᠦᠬᠦ᠌ ᠴᠢᠳᠠᠪᠤᠷᠢ᠎ᠶ᠋ᠢ ᠳᠡᠭᠡᠭ᠌ᠰᠢᠯᠡᠬᠦᠯᠵᠦ᠍᠂ ᠢᠯᠠᠩᠭᠤᠶ᠎ᠠ ᠪᠤᠬᠢᠷᠳᠤᠯ ᠦᠭᠡᠢ ᠲᠠᠷᠢᠮᠠᠯ᠎ᠤᠨ ᠦᠢᠯᠡᠰ᠂ ᠪᠤᠬᠢᠷᠳᠤᠯ ᠦᠭᠡᠢ ᠮᠠᠯ ᠠᠵᠤ ᠠᠬᠤᠢ᠂ ᠪᠤᠬᠢᠷᠳᠤᠯ ᠦᠭᠡᠢ ᠤᠢ ᠱᠢᠭᠤᠢ ᠡᠪᠡᠰᠦᠨ᠎ᠤ ᠦᠢᠯᠡᠰ᠂ ᠪᠤᠬᠢᠷᠳᠤᠯ ᠦᠭᠡᠢ ᠢᠳᠡᠭᠡᠨ᠎ᠤ ᠠᠵᠤ ᠦᠢᠯᠡᠰ ᠵᠢᠴᠢ ᠲᠦᠬᠦᠭᠡᠷᠤᠮᠵᠢᠳᠦ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ ᠵᠡᠷᠭᠡ᠎ᠶ᠋ᠢ ᠶᠡᠭᠡ᠎ᠪᠠᠷ ᠬᠦᠭ᠌ᠵᠢᠬᠦᠯᠬᠦ᠌ ᠭᠡᠷᠡᠭ᠌ᠲᠡᠢ; ᠮᠠᠯ ᠠᠵᠤ ᠠᠬᠤᠢ ᠲᠡᠷᠢᠶᠠᠯᠠᠩ᠎ᠤᠨ ᠡᠷᠴᠢᠮᠵᠢᠭ᠌ᠰᠡᠨ᠂ ᠬᠡᠪᠴᠢᠶᠠᠵᠢᠭ᠍ᠰᠡᠨ᠂ ᠪᠠᠷᠢᠮᠵᠢᠶᠠᠵᠢᠭ᠍ᠰᠠᠨ᠂ ᠪᠤᠬᠢᠷᠳᠤᠯ ᠦᠭᠡᠢ ᠬᠦᠭ᠌ᠵᠢᠯᠳᠡ᠎ᠶ᠋ᠢᠨ ᠲᠦᠪᠱᠢᠨ᠎ᠢ ᠲᠡᠭᠡᠭ᠌ᠰᠢᠯᠡᠬᠦᠯᠵᠤ᠂ ᠪᠤᠬᠢᠷᠳᠤᠯ ᠦᠭᠡᠢ ᠨᠠᠷᠠᠳᠤ ᠲᠡᠮᠳᠡᠭ᠎ᠢ ᠡᠬᠦᠳᠴᠤ᠌᠂ ᠪᠤᠬᠢᠷᠳᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠳᠦᠭᠡᠭ᠌ᠳᠡᠬᠦᠨ᠎ᠤ ᠭᠠᠷᠤᠯᠳᠠ᠎ᠶ᠋ᠢᠨ ᠤᠷᠤᠨ᠎ᠢ ᠭᠡᠷᠡᠴᠢᠯᠡᠬᠦ᠌ ᠠᠵᠢᠯ᠎ᠢ ᠴᠢᠬᠤᠯᠠᠴᠢᠯᠠᠵᠤ᠂ ᠡᠬᠦᠨ᠎ᠤ ᠤᠯᠠᠮ᠎ᠢᠶᠠᠷ ᠨᠡᠩ ᠤᠯᠠᠨ ᠪᠤᠬᠢᠷᠳᠤᠯ ᠦᠭᠡᠢ ᠢᠳᠡᠭᠡᠨ᠂ ᠤᠷᠭᠠᠨᠢᠭ ᠢᠳᠡᠭᠡᠨ ᠵᠢᠴᠢ ᠤᠨᠴᠠᠯᠢᠬ᠍ᠳᠤ ᠦᠢᠯᠡᠳᠬᠦᠨ᠎ᠢ ᠦᠢᠯᠡᠳᠪᠤᠷᠢᠯᠡᠵᠤ᠂ ᠦᠨᠳᠤᠷ ᠤᠨᠠᠯᠳᠠᠳᠤ᠂ ᠴᠢᠨᠠᠷ ᠰᠠᠢᠳᠠᠢ᠂ ᠦᠨᠳᠤᠷ ᠦᠷ᠎ᠡ ᠠᠱᠢᠬ᠍ᠳᠤ᠂ ᠠᠮᠤᠷ ᠲᠦᠪᠱᠢᠨ᠂ ᠠᠮᠢ ᠠᠬᠤᠢ᠎ᠶ᠋ᠢᠨ᠂ ᠪᠤᠬᠢᠷᠳᠤᠯ ᠦᠭᠡᠢ ᠮᠠᠯ ᠠᠵᠤ ᠠᠬᠤᠢ ᠲᠡᠷᠢᠶᠠᠯᠠᠩ᠎ᠢ ᠬᠦᠭ᠌ᠵᠢᠬᠦᠯᠵᠤ᠂ ᠮᠠᠯ ᠠᠵᠤ ᠠᠬᠤᠢ ᠲᠡᠷᠢᠶᠠᠯᠠᠩ ᠦᠢᠯᠡᠳᠪᠤᠷᠢᠯᠡᠯ᠎ᠤᠨ ᠬᠦᠭ᠌ᠵᠢᠯᠳᠠ ᠪᠠ ᠠᠮᠢ ᠠᠬᠤᠢ᠎ᠶ᠋ᠢᠨ ᠬᠠᠮᠠᠭᠠᠯᠠᠯᠳᠠ᠎ᠶ᠋ᠢᠨ ᠵᠤᠬᠢᠴᠠᠩᠭᠤᠢ ᠨᠢᠭᠡᠳᠦᠯᠳᠠᠢ᠂ ᠰᠠᠢᠨ ᠰᠠᠢᠨ ᠬᠤᠷᠱᠢᠯᠴᠠᠭ᠎ᠠ᠎ᠶ᠋ᠢ ᠪᠠᠶᠠᠯᠡᠬᠦᠯᠬᠦ᠌ ᠭᠡᠷᠡᠭ᠌ᠳᠠᠢ᠃ ᠠᠮᠢ ᠠᠬᠤᠢ᠎ᠶ᠋ᠢᠨ ᠦᠢᠯᠡᠳᠪᠤᠷᠢ ᠠᠭᠤᠷᠬᠠᠢ᠎ᠶ᠋ᠢᠨ ᠦᠢᠯᠡᠰ᠎ᠢ ᠪᠦᠳᠦᠮᠵᠢᠳᠠᠢ ᠦᠷᠭᠡᠳᠭᠡᠬᠦ᠌ ᠭᠡᠷᠡᠭ᠌ᠳᠠᠢ᠃ ᠠᠭᠤᠷᠬᠠᠢ᠎ᠶ᠋ᠢᠨ ᠭᠠᠷᠤᠯᠳᠠ᠎ᠶ᠋ᠢᠨ ᠡᠬᠢ ᠪᠠᠶᠠᠯᠢᠭ᠎ᠤᠨ ᠨᠡᠭᠡᠭᠡᠯᠳᠠ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠠᠮᠢ ᠠᠬᠤᠢ ᠤᠷᠴᠢᠨ ᠲᠤᠭᠤᠷᠢᠨ᠎ᠤ ᠪᠠᠭ᠍ᠳᠠᠭᠠᠮᠵᠢ᠎ᠲᠠᠢ ᠵᠤᠬᠢᠴᠠᠭᠤᠯᠤᠨ ᠨᠡᠢᠴᠡᠭᠦᠯᠵᠦ᠍᠂ ᠠᠮᠢ ᠠᠬᠤᠢ ᠤᠷᠴᠢᠨ ᠲᠤᠭᠤᠷᠢᠨ᠎ᠢ ᠦᠨᠡᠨ ᠬᠦ᠌ ᠬᠠᠮᠠᠭᠠᠯᠠᠬ᠍ᠰᠠᠨ ᠤᠷᠢᠳᠠᠯ ᠲᠤᠤᠷ᠎ᠡ᠂ ᠠᠭᠤᠷᠬᠠᠢ᠎ᠶ᠋ᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠵᠤ᠂ ᠤᠷᠤᠬᠤ᠎ᠶ᠋ᠢ ᠵᠦᠪᠱᠢᠶᠡᠷᠡᠬᠦ᠌ ᠨᠦᠬᠦᠴᠡᠯ᠎ᠢ ᠤᠯᠠᠮ ᠴᠢᠨᠠᠬ᠍ᠰᠢᠳᠠ ᠲᠡᠭᠡᠭ᠌ᠰᠢᠯᠡᠬᠦᠯᠤᠨ᠂ ᠠᠮᠢ ᠠᠬᠤᠢ᠎ᠶ᠋ᠢᠨ ᠮᠠᠶᠢᠭ᠎ᠢᠶᠠᠷ᠂ ᠡᠷᠴᠢᠮᠵᠢᠭᠦᠯᠦᠨ᠂ ᠪᠠᠭ᠎ᠠ ᠬᠡᠮᠵᠢᠶ᠎ᠠ᠎ᠪᠠᠷ ᠠᠯᠬᠤᠮ ᠠᠯᠬᠤᠮ᠎ᠢᠶᠠᠷ ᠨᠡᠭᠡᠭᠡᠬᠦ᠌᠎ᠶ᠋ᠢ ᠪᠠᠶᠠᠯᠡᠬᠦᠯᠬᠦ᠌ ᠪᠦᠭᠡᠳ ᠮᠠᠯᠵᠢᠬᠤ ᠤᠷᠤᠨ᠎ᠤ ᠨᠡᠯᠢᠶᠡᠳ ᠶᠡᠭᠡ ᠭᠡᠰᠡᠭ ᠠᠭᠤᠷᠬᠠᠢ᠎ᠶ᠋ᠢᠨ ᠡᠬᠢ ᠪᠠᠶᠠᠯᠢᠭ᠎ᠢ ᠤᠯᠤᠰ᠎ᠤᠨ ᠤᠷᠳᠤ ᠬᠤᠭᠤᠴᠠᠭᠠᠨ᠎ᠤ ᠨᠦᠭᠡᠴᠠ ᠡᠬᠢ ᠪᠠᠶᠠᠯᠢᠭ ᠪᠤᠯᠭᠠᠬᠤ ᠭᠡᠷᠡᠭ᠌ᠳᠠᠢ᠃ ᠰᠠᠯᠬᠢᠨ᠎ᠤ ᠡᠨᠧᠷᠬᠢ᠂ ᠨᠠᠷᠠᠨ᠎ᠤ ᠡᠨᠧᠷᠬᠢ᠂ ᠠᠮᠢᠳᠤ ᠪᠤᠳᠠᠰ᠎ᠤᠨ ᠮᠠᠰ ᠡᠨᠧᠷᠬᠢ ᠵᠡᠷᠭᠡ ᠪᠤᠬᠢᠷᠳᠤᠯ ᠦᠭᠡᠢ ᠡᠨᠧᠷᠬᠢ ᠪᠠ ᠴᠡᠪᠡᠷ ᠡᠨᠧᠷᠬᠢ᠎ᠶ᠋ᠢ ᠢᠳᠡᠪᠬᠢᠳᠠᠢ ᠨᠡᠭᠡᠭᠡᠵᠤ᠂ ᠠᠮᠤᠷ ᠲᠦᠪᠱᠢᠨ᠂ ᠲᠤᠬ᠍ᠳᠠᠭᠤᠨ᠂ ᠦᠨ᠎ᠠ ᠬᠠᠩᠰᠢ ᠵᠤᠬᠢᠰᠳᠠᠢ᠂ ᠠᠷᠢᠭᠤᠨ ᠴᠡᠪᠡᠷ ᠤᠳᠤ ᠦᠶ᠎ᠡ᠎ᠶ᠋ᠢᠨ ᠡᠨᠧᠷᠬᠢ᠎ᠶ᠋ᠢᠨ ᠠᠵᠤ ᠦᠢᠯᠡᠰ᠎ᠤᠨ ᠱᠢᠰᠲᠧᠮ᠎ᠢ ᠬᠦᠴᠤᠯᠠᠨ ᠪᠠᠢᠭᠤᠯᠬᠤ ᠭᠡᠷᠡᠭ᠌ᠳᠠᠢ᠃ ᠮᠠᠨ᠎ᠤ ᠤᠷᠤᠨ᠎ᠤ ᠨᠡᠬᠦᠷᠡᠰᠤ᠂ ᠴᠠᠬᠢᠯᠭᠠᠨ ᠬᠦᠴᠤ᠌᠂ ᠬᠢᠮᠢ᠎ᠶ᠋ᠢᠨ ᠠᠵᠤ ᠦᠢᠯᠡᠳᠪᠤᠷᠢ᠂ ᠲᠠᠮᠦᠷᠯᠢᠭ ᠪᠤᠯᠪᠠᠰᠤᠷᠠᠭᠤᠯᠬᠤ᠂ ᠪᠠᠷᠢᠯᠭ᠎ᠠ᠎ᠶ᠋ᠢᠨ ᠮᠠᠲᠧᠷᠢᠶᠠᠯ ᠵᠡᠷᠭᠡ ᠭᠤᠤᠯᠳᠠᠯᠭ᠎ᠠ᠎ᠲᠠᠢ ᠠᠵᠢᠯ ᠲᠦᠷᠦᠯ ᠪᠠ ᠤᠨᠴᠠᠯᠢᠬ᠍ᠳᠤ ᠠᠵᠤ ᠦᠢᠯᠡᠰ᠎ᠤᠨ ᠲᠤᠭᠤᠷᠢᠨ᠎ᠳᠤ᠂ ᠡᠷᠬᠢᠯᠳᠡᠳᠦ ᠠᠵᠤ ᠠᠬᠤᠢ᠂ ᠠᠮᠢ ᠠᠬᠤᠢ᠎ᠶ᠋ᠢᠨ ᠠᠵᠤ ᠠᠬᠤᠢ᠎ᠶ᠋ᠢᠨ ᠠᠵᠤ ᠦᠢᠯᠡᠰ᠎ᠤᠨ ᠪᠦᠯᠦᠭ᠌ᠵᠢᠯ᠎ᠢ ᠢᠳᠡᠪᠬᠢᠳᠠᠢ ᠪᠤᠢ ᠪᠤᠯᠭᠠᠵᠤ᠂ ᠨᠢᠭᠡ ᠪᠦᠯᠦᠭ ᠡᠷᠬᠢᠯᠳᠡᠳᠦ ᠠᠵᠤ ᠠᠬᠤᠢ᠎ᠶ᠋ᠢᠨ ᠲᠤᠷᠱᠢᠯᠳᠠ᠎ᠶ᠋ᠢᠨ ᠴᠡᠭ᠎ᠤᠨ ᠵᠢᠱ᠌ᠢᠶ᠎ᠡ ᠦᠵᠡᠬᠦᠯᠬᠦ᠌ ᠲᠦᠷᠦᠯ ᠵᠦᠢᠯ᠎ᠢ ᠪᠠᠢᠭᠤᠯᠬᠤ ᠭᠡᠷᠡᠭ᠌ᠳᠠᠢ᠃

  ᠵᠠᠭᠤᠨ ᠣᠨ᠎ᠤ ᠬᠦᠰᠡᠯ ᠡᠷᠡᠮᠡᠯᠵᠡᠯ᠎ᠤᠨ᠎ᠢᠶᠠᠨ ᠵᠦᠭ ᠵᠣᠷᠢᠭ ᠡᠷᠴᠢᠯᠡᠨ ᠡᠷᠡᠮᠡᠭᠡᠢᠯᠡᠨ ᠤᠷᠤᠭ᠍ᠰᠢᠯᠠᠶ᠎ᠠ

《ᠠᠷᠪᠠᠨ ᠭᠤᠷᠪᠠᠳᠤᠭᠠᠷ ᠲᠠᠪᠤᠨ ᠵᠢᠯ》 ᠱᠢᠪᠲᠤᠷᠭᠠᠨ᠎ᠳᠠᠭᠠᠨ ᠤᠷᠤᠬᠤ ᠬᠡᠵᠦ᠍ ᠪᠠᠢᠭ᠎ᠠ ᠡᠨᠡ ᠬᠦ᠌ ᠴᠠᠭ ᠮᠦᠴᠡ᠎ᠳᠤ᠂ ᠱᠢᠨ᠎ᠠ ᠲᠢᠳᠢᠮᠯᠢᠭ ᠠᠭᠤᠰᠭᠢᠨ ᠦᠷᠪᠢᠰᠦᠯ ᠬᠡᠨᠡᠳᠳᠡ ᠲᠠᠭᠠᠷᠢᠨ ᠢᠷᠡᠪᠡ᠃ ᠡᠨᠡ ᠬᠦ᠌ ᠤᠨᠴᠠᠭᠠᠢ ᠪᠠᠢᠳᠡᠯ ᠲᠤᠤᠷ᠎ᠠ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠱᠢᠢᠳᠪᠦᠷᠢᠳᠤ ᠲᠠᠢᠯᠠᠯᠳᠤᠭᠠᠨ᠎ᠤ ᠱᠢᠢᠳᠪᠦᠷᠢᠳᠤ ᠢᠯᠠᠯᠳᠠ᠎ᠶ᠋ᠢ ᠤᠯᠬᠤ ᠬᠠᠷᠠᠯᠳᠠ ᠡᠬᠦᠷᠬᠡ ᠵᠢᠴᠢ ᠴᠢᠨᠡᠬᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌᠎ᠶ᠋ᠢ ᠲᠤᠭ᠍ᠳᠠᠭ᠍ᠰᠠᠨ ᠬᠤᠭᠤᠴᠠᠭᠠᠨ᠎ᠳᠤ ᠪᠡᠶᠡᠯᠡᠬᠦᠯᠵᠦ᠍ ᠲᠡᠢᠯᠬᠦ᠌ ᠡᠰᠡᠬᠦ᠌᠎ᠨᠢ ᠪᠢᠳᠡᠨ᠎ᠳᠤ ᠠᠪᠴᠤ᠌ ᠬᠡᠯᠡᠪᠡᠯ ᠲᠤᠮᠤ ᠱᠢᠯᠭᠠᠯᠳᠠ ᠪᠤᠯᠬᠤ ᠶᠤᠮ᠃ ᠡᠨᠡ ᠬᠦ᠌ ᠱᠢᠯᠭᠠᠯᠳᠠ᠎ᠶ᠋ᠢ ᠰᠠᠢᠳᠤᠷ ᠠᠷᠭᠠᠴᠠᠭᠠᠬᠤ᠎ᠳᠤ᠂ ᠪᠢᠳᠡ ᠪᠠᠢᠳᠠᠯ ᠪᠠ ᠬᠠᠨᠳᠤᠰᠢ᠎ᠶ᠋ᠢᠨ ᠬᠤᠪᠢᠰᠤᠩᠭᠤᠢ ᠨᠢᠬᠡᠳᠦᠯ᠎ᠤᠨ ᠲᠤᠮᠳᠠ ᠢᠳᠡᠬᠡᠯ᠎ᠢᠶᠠᠨ ᠪᠠᠳᠤᠳᠭᠠᠨ᠂ ᠨᠡᠩ ᠶᠡᠭᠡ ᠴᠢᠷᠮᠠᠢᠯᠭ᠎ᠠ ᠭᠠᠷᠭᠠᠬᠤ ᠴᠢᠬᠤᠯᠠᠳᠠᠢ᠃

 

ᠡᠩ ᠲᠡᠷᠢᠬᠦᠨ᠎ᠳᠤ᠂ ᠪᠠᠢᠳᠠᠯ᠎ᠢ ᠶᠠᠭᠠᠬᠢᠵᠦ᠍ ᠦᠵᠡᠬᠦ᠌ ᠪᠤᠢ? ᠵᠠᠭᠤᠨ ᠵᠢᠯ ᠲᠤᠬᠢᠶᠠᠯᠳᠤᠭ᠎ᠠ ᠦᠬᠡᠢ ᠬᠢᠵᠢᠭ᠎ᠤᠨ ᠪᠠᠢᠳᠠᠯ᠎ᠨᠢ ᠤᠯᠠᠨ ᠲᠠᠯ᠎ᠠ᠎ᠳᠤ ᠬᠤᠪᠢᠷᠠᠯᠳᠠ ᠭᠠᠷᠭᠠᠵᠠᠢ᠂ ᠵᠢᠱ᠌ᠢᠶᠡᠯᠡᠪᠡᠯ ᠮᠠᠨ᠎ᠤ ᠤᠷᠤᠨ᠎ᠤ ᠬᠦᠭ᠌ᠵᠢᠯᠳᠡ᠎ᠶ᠋ᠢᠨ ᠲᠤᠮᠳᠠ ᠤᠤᠯ᠎ᠠᠴᠠ᠎ᠪᠠᠨ ᠤᠷᠤᠱᠢᠵᠦ᠍ ᠪᠠᠢᠬ᠍ᠰᠠᠨ ᠵᠦᠷᠢᠴᠡᠯ ᠪᠠ ᠠᠰᠠᠭᠤᠳᠠᠯ᠎ᠨᠢ ᠬᠢᠵᠢᠭ᠎ᠤᠨ ᠲᠠᠭᠠᠷᠢᠯᠳᠠ ᠲᠤᠤᠷ᠎ᠠ ᠲᠤᠪᠤᠢᠵᠦ᠍ ᠱᠢᠷᠦᠬᠦᠰᠴᠤ᠌ ᠮᠡᠳᠡᠨ᠎ᠠ᠂ ᠰᠠᠢᠳᠤᠷ ᠠᠷᠭᠠᠴᠠᠭᠠᠵᠦ᠍ ᠴᠢᠳᠠᠬᠤ ᠦᠬᠡᠢ᠎ᠳᠤ ᠬᠦᠷᠪᠡᠯ᠂ ᠨᠢᠬᠡ ᠯᠡ ᠲᠤᠤᠷ᠎ᠠ ᠲᠦᠪᠯᠡᠷᠡᠩᠬᠦᠢ ᠡᠬᠦᠰᠴᠤ᠌ ᠮᠡᠳᠡᠨ᠎ᠠ᠃ ᠭᠡᠪᠡᠴᠤ᠌ ᠬᠢᠵᠢᠭ᠎ᠤᠨ ᠲᠠᠭᠠᠷᠢᠯᠳᠠ᠎ᠶ᠋ᠢᠨ ᠡᠮᠦᠨ᠎ᠡ ᠬᠤᠪᠢᠷᠠᠰᠢ ᠦᠬᠡᠢ ᠵᠦᠢᠯ ᠪᠠᠰᠠ ᠪᠠᠢᠨ᠎ᠠ᠂ ᠵᠢᠱ᠌ᠢᠶᠡᠯᠡᠪᠡᠯ ᠠᠵᠦ᠍ ᠠᠬᠤᠢ᠎ᠶ᠋ᠢᠨ ᠲᠤᠭ᠍ᠳᠠᠭᠤᠨ᠎ᠤ ᠲᠤᠮᠳᠠ ᠰᠠᠢᠵᠢᠷᠠᠯᠳᠠ᠎ᠲᠠᠢ᠂ ᠤᠷᠳᠤ ᠬᠤᠭᠤᠴᠠᠭ᠎ᠠ ᠰᠠᠢᠵᠢᠷᠠᠯᠳᠠ᠎ᠲᠠᠢ ᠪᠠᠢᠬᠤ ᠦᠨᠳᠦᠰᠦᠨ ᠬᠠᠨᠳᠤᠰᠢ᠂ ᠨᠡᠢᠬᠡᠮ᠎ᠤᠨ ᠡᠶ᠎ᠡ ᠵᠤᠬᠢᠴᠠᠩᠭᠤᠢ ᠲᠤᠭ᠍ᠳᠠᠭᠤᠨ ᠪᠠᠢᠬᠤ ᠶᠡᠭᠡ ᠲᠠᠯ᠎ᠠ ᠬᠤᠪᠢᠷᠠᠬᠤ ᠦᠬᠡᠢ ᠶᠤᠮ᠂ ᠡᠨᠡ᠎ᠨᠢ ᠪᠢᠳᠡᠨ᠎ᠤ ᠨᠡᠩ ᠶᠡᠭᠡ ᠬᠦᠭ᠌ᠵᠢᠯᠳᠡ᠎ᠳᠤ ᠰᠠᠭᠤᠷᠢ ᠲᠠᠯᠪᠢᠵᠦ᠍ ᠦᠭ᠌ᠴᠤ ᠪᠠᠢᠨ᠎ᠠ᠃ ᠪᠢᠳᠡ ᠪᠠᠢᠳᠠᠯ᠎ᠤᠨ 《ᠬᠤᠪᠢᠷᠠᠯᠳᠠ ᠪᠠ ᠬᠤᠪᠢᠷᠠᠰᠢ ᠦᠬᠡᠢ》 ᠎ᠶ᠋ᠢ ᠬᠤᠪᠢᠰᠤᠩᠭᠤᠢ᠎ᠪᠠᠷ ᠦᠵᠡᠵᠦ᠍᠂ ᠬᠤᠪᠢᠷᠠᠯᠳᠠ᠎ᠶ᠋ᠢ ᠵᠦᠪ ᠤᠨᠤᠪᠴᠢᠳᠠᠢ᠎ᠪᠠᠷ ᠲᠠᠨᠢᠨ᠂ ᠬᠤᠪᠢᠷᠠᠯᠳᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠷᠭᠠᠴᠠᠭᠠᠨ᠂ ᠰᠠᠨᠠᠭᠠᠴᠢᠯᠠᠭ᠎ᠠ᠎ᠠᠴᠠ᠎ᠪᠠᠨ ᠬᠤᠪᠢᠷᠠᠨ᠂ ᠲᠦᠭ᠌ᠰᠢᠬᠦᠷᠢ᠎ᠶ᠋ᠢᠨ ᠲᠤᠮᠳᠠ ᠱᠢᠨ᠎ᠠ ᠠᠵᠠ ᠲᠤᠬᠢᠶᠠᠯ᠎ᠢ ᠲᠦᠯᠵᠢᠬᠦᠯᠦᠨ᠂ ᠬᠤᠪᠢᠷᠠᠯᠳᠠ᠎ᠶ᠋ᠢᠨ ᠲᠤᠮᠳᠠ ᠱᠢᠨ᠎ᠠ ᠪᠠᠢᠳᠠᠯ᠎ᠢ ᠡᠬᠦᠳᠬᠦ᠌ ᠬᠡᠷᠡᠭ᠌ᠳᠡᠢ᠃

ᠲᠠᠷᠠᠭᠠᠯᠠᠪᠠᠯ᠂ ᠠᠵᠢᠯ᠎ᠢᠶᠠᠨ ᠶᠠᠭᠠᠭᠢᠵᠦ᠍ ᠬᠢᠬᠦ᠌ ᠪᠤᠢ? ᠲᠤᠳᠤᠷᠬᠠᠢᠯᠠᠬᠤ ᠴᠢᠬᠤᠯᠠᠳᠠᠢ ᠨᠢᠬᠡ ᠵᠦᠢᠯ ᠬᠡᠪᠡᠯ᠂ ᠪᠠᠢᠳᠠᠯ ᠬᠡᠳᠦᠢ ᠶᠡᠭᠡ ᠪᠤᠳᠤᠯᠢᠶᠠᠨᠳᠠᠢ᠂ ᠦᠷᠢᠰᠦᠯᠳᠦᠬᠡᠨ ᠶᠠᠮᠠᠷ ᠶᠡᠭᠡ ᠬᠡᠴᠡᠭᠦᠦ ᠪᠠᠢᠬ᠍ᠰᠠᠨ ᠴᠤ᠌᠂ ᠴᠢᠨᠡᠬᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ ᠪᠠ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠤ ᠱᠢᠢᠳᠪᠦᠷᠢᠳᠤ ᠲᠠᠢᠯᠠᠯᠳᠤᠭᠠᠨ ᠬᠢᠬᠦ᠌ ᠬᠠᠷᠠᠯᠳᠠ ᠪᠦᠷ ᠬᠤᠪᠢᠷᠠᠬᠤ ᠦᠬᠡᠢ᠂ ᠭᠤᠤᠯᠳᠠᠯᠭ᠎ᠠ ᠱᠢᠯᠵᠢᠬᠦ᠌ ᠦᠬᠡᠢ ᠶᠤᠮ᠂ ᠡᠷᠬᠡᠪᠰᠢ ᠴᠢᠨᠠᠷ ᠪᠠ ᠲᠤᠭ᠎ᠠ᠎ᠶ᠋ᠢ ᠪᠠᠳᠤᠯᠠᠵᠦ᠍ ᠬᠠᠷᠠᠯᠳᠠ᠎ᠶ᠋ᠢ ᠪᠡᠶᠡᠯᠡᠬᠦᠯᠬᠦ᠌ ᠬᠡᠷᠡᠭ᠌ᠳᠡᠢ᠃ ᠡᠨᠡ᠎ᠨᠢ ᠪᠢᠳᠡᠨ᠎ᠤ ᠠᠷᠠᠳ ᠲᠦᠮᠡᠨ᠎ᠢᠶᠠᠷ ᠭᠤᠤᠯ ᠪᠤᠯᠭᠠᠬᠤ ᠡᠨᠡ ᠬᠦ᠌ ᠦᠨᠳᠦᠰᠦᠨ ᠪᠠᠢᠷᠢᠱᠢᠯ᠂ ᠲᠤᠭ᠍ᠳᠠᠭᠤᠨ ᠪᠠᠢᠯᠭᠠᠬᠤ ᠮᠦᠷᠳᠡᠭᠡᠨ ᠤᠷᠤᠬ᠍ᠰᠢᠯᠠᠨ ᠲᠠᠪᠱᠢᠬᠤ ᠡᠨᠡ ᠬᠦ᠌ ᠠᠵᠢᠯ᠎ᠤᠨ ᠦᠨᠳᠦᠰᠦᠨ ᠬᠦᠭ ᠠᠶᠠᠰ ᠪᠠ ᠠᠵᠦ᠍ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠬᠦᠭ᠌ᠵᠢᠬᠦᠯᠬᠦ᠌ ᠡᠨᠡ ᠬᠦ᠌ ᠶᠡᠭᠡ ᠴᠢᠭ᠌ᠯᠡᠯ᠎ᠢ ᠪᠠᠳᠤ ᠡᠵᠡᠮᠳᠡᠨ᠂ ᠤᠬᠤᠷᠬᠠᠨ ᠬᠤᠭᠤᠴᠠᠭᠠᠨ᠎ᠳᠤ ᠬᠦᠴᠢᠷᠳᠡᠯ᠎ᠢ ᠲᠠᠪᠠᠭ᠍ᠤ ᠬᠢᠬᠡᠳ ᠤᠷᠳᠤ ᠬᠤᠭᠤᠴᠠᠭ᠎ᠠ ᠬᠦᠴᠢᠷᠳᠡᠯ᠎ᠢ ᠲᠠᠢᠯᠬᠤ 《ᠬᠤᠶᠠᠷ ᠵᠠᠮ᠎ᠢᠶᠠᠷ ᠵᠠᠮᠨᠠᠬᠤ》 ᠎ᠶ᠋ᠢ ᠪᠠᠷᠢᠮᠳᠠᠯᠠᠨ᠂ ᠤᠬᠤᠷ ᠬᠤᠭᠤᠴᠠᠭᠠᠨ᠎ᠤ ᠲᠦᠷᠦ᠎ᠶ᠋ᠢᠨ ᠪᠤᠳᠤᠯᠭ᠎ᠠ᠎ᠶ᠋ᠢᠨ ᠬᠦᠴᠦᠯᠡᠴᠡ᠎ᠶ᠋ᠢ ᠪᠠᠳᠤᠯᠠᠬᠤ᠎ᠶ᠋ᠢᠨ ᠬᠠᠮᠳᠤ᠂ ᠠᠯᠤᠰ ᠬᠡᠳᠤ᠎ᠳᠤ ᠰᠠᠭᠤᠷᠢᠯᠠᠨ ᠬᠦᠭ᠌ᠵᠢᠯᠳᠡ᠎ᠶ᠋ᠢ ᠲᠦᠯᠦᠪᠵᠢᠬᠦᠯᠵᠦ᠍᠂ ᠨᠡᠩ ᠪᠦᠲᠦᠭᠡᠯᠴᠢ ᠱᠢᠨ᠎ᠠ ᠪᠠᠢᠳᠠᠯ᠎ᠢ ᠪᠠᠳᠠᠷᠠᠭᠠᠨ᠂ ᠨᠡᠩ ᠪᠦᠲᠦᠮᠵᠢᠳᠡᠢ ᠱᠢᠨ᠎ᠠ ᠠᠷᠭ᠎ᠠ ᠠᠪᠴᠤ᠌᠂ ᠨᠡᠩ ᠴᠢᠩᠭ᠎ᠠ ᠬᠦᠴᠦᠨ ᠪᠦᠬᠦᠢ ᠱᠢᠨ᠎ᠠ ᠬᠦᠳᠡᠯᠬᠡᠬᠦ᠌ ᠴᠢᠳᠠᠪᠤᠷᠢ᠎ᠶ᠋ᠢ ᠪᠤᠢᠵᠢᠭᠤᠯᠤᠨ᠂ ᠴᠢᠨᠠᠷ ᠰᠠᠢᠳᠠᠢ ᠱᠢᠨ᠎ᠠ ᠬᠦᠭ᠌ᠵᠢᠯᠳᠡ᠎ᠶ᠋ᠢ ᠠᠬᠢᠭᠤᠯᠬᠤ᠎ᠶ᠋ᠢ ᠱᠠᠭᠠᠷᠳᠠᠵᠦ᠍ ᠪᠠᠢᠨ᠎ᠠ᠃

ᠰᠠᠯᠬᠢ ᠪᠤᠷᠤᠭᠠᠨ᠎ᠢ ᠰᠦᠷᠦᠨ ᠡᠷᠡᠮᠡᠬᠡᠢᠯᠡᠨ ᠤᠷᠤᠬ᠍ᠰᠢᠯᠠᠬᠤ᠎ᠳᠤ᠂ ᠤᠬ ᠰᠠᠨᠠᠭ᠎ᠠ ᠬᠡᠵᠢᠶᠡᠳᠡ ᠬᠤᠪᠢᠷᠠᠰᠢ ᠦᠬᠡᠢ᠃ ᠪᠢᠳᠡᠨ ᠪᠠᠢᠯᠳᠤᠬᠤ ᠪᠤᠳᠤᠯᠭ᠎ᠠ᠎ᠶ᠋ᠢᠨ ᠲᠤᠬ᠍ᠳᠠᠯ ᠬᠦᠴᠦᠨ᠎ᠢᠶᠠᠨ ᠪᠠᠳᠤᠳᠭᠠᠨ᠂ ᠬᠦᠭ᠌ᠵᠢᠯᠳᠡ᠎ᠶ᠋ᠢᠨ ᠢᠳᠡᠬᠡᠯ᠎ᠢᠶᠠᠨ ᠪᠠᠳᠤᠳᠭᠠᠨ᠂ ᠢᠳᠡᠪᠬᠢᠳᠡᠢ ᠰᠠᠨᠠᠭᠠᠴᠢᠯᠠᠭ᠎ᠠ᠎ᠲᠠᠢ᠎ᠪᠠᠷ ᠠᠵᠢᠯᠯᠠᠬᠤ᠎ᠳᠤ ᠬᠦᠷᠪᠡᠯ᠂ ᠵᠠᠭᠤᠨ ᠤᠨ᠎ᠤ ᠬᠦᠰᠡᠯ ᠡᠷᠡᠮᠡᠯᠵᠡᠯ᠎ᠢᠶᠠᠨ ᠤᠷᠤᠬ᠍ᠰᠢᠳᠠᠢ᠎ᠪᠠᠷ ᠲᠡᠷᠭᠡᠯᠱᠢᠬᠦᠯᠵᠦ᠍ ᠴᠢᠳᠠᠬᠤ᠎ᠨᠢ ᠯᠠᠪᠳᠠᠢ!

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号