ᠵᠦᠪ ᠡᠷᠬᠡ᠎ᠶ᠋ᠢᠨ ᠦᠵᠡᠯᠳᠡ ᠠᠵᠢᠯ᠎ᠤᠨ ᠠᠮᠵᠢᠯᠳᠠ᠎ᠶ᠋ᠢᠨ ᠦᠵᠡᠯᠳᠡ ᠠᠵᠢᠯ ᠦᠢᠯᠡᠰ᠎ᠤᠨ ᠦᠵᠡᠯᠳᠡ᠎ᠶ᠋ᠢ ᠱᠤᠭᠤᠶ᠎ᠠ
2020-07-26 10:04:09
ᠵᠣᠬᠢᠶᠠᠭ᠍ᠴᠢ᠄
ᠰᠦᠨ ᠵᠢᠶᠧ
ᠣᠩᠱᠢᠭ᠍ᠰᠠᠨ ᠣᠳᠠᠭ᠎ᠠ᠄
★★★☆☆

ᠤᠳᠤᠷᠢᠳᠭᠤ ᠺᠠᠳ᠋ᠷ᠎ᠤᠨ ᠡᠷᠬᠡ᠎ᠶ᠋ᠢᠨ ᠦᠵᠡᠯᠳᠡ᠂ ᠠᠵᠢᠯ᠎ᠤᠨ ᠠᠮᠵᠢᠯᠳᠠ᠎ᠶ᠋ᠢᠨ ᠦᠵᠡᠯᠳᠡ᠂ ᠠᠵᠢᠯ ᠦᠢᠯᠡᠰ᠎ᠤᠨ ᠦᠵᠡᠯᠳᠡ ᠪᠤᠯ ᠶᠢᠷᠳᠢᠨᠴᠤ᠎ᠶ᠋ᠢᠨ ᠦᠵᠡᠯᠳᠡ᠂ ᠠᠮᠢᠳᠤᠷᠠᠬᠤᠢ᠎ᠶ᠋ᠢᠨ ᠦᠵᠡᠯᠳᠡ᠂ ᠦᠷᠳᠡᠭ᠎ᠤᠨ ᠦᠵᠡᠯᠳᠡ᠎ᠶ᠋ᠢᠨ ᠴᠢᠬᠤᠯᠠ ᠢᠯᠡᠷᠡᠬᠦᠯᠦᠯ ᠮᠦᠨ᠃ ᠡᠷᠬᠡ᠎ᠶ᠋ᠢᠨ ᠦᠵᠡᠯᠳᠡ ᠪᠤᠯ ᠠᠵᠢᠯ᠎ᠤᠨ ᠠᠮᠵᠢᠯᠳᠠ᠎ᠶ᠋ᠢᠨ ᠦᠵᠡᠯᠳᠡ᠂ ᠠᠵᠢᠯ ᠦᠢᠯᠡᠰ᠎ᠤᠨ ᠠᠮᠵᠢᠯᠳᠠ᠎ᠶ᠋ᠢᠨ ᠦᠵᠡᠯᠳᠡ᠎ᠶ᠋ᠢᠨ ᠰᠠᠭᠤᠷᠢ ᠪᠠ ᠤᠷᠢᠳᠠᠯ ᠮᠦᠨ᠂ ᠠᠵᠢᠯ᠎ᠤᠨ ᠠᠮᠵᠢᠯᠳᠠ᠎ᠶ᠋ᠢᠨ ᠦᠵᠡᠯᠳᠡ ᠪᠠ ᠠᠵᠢᠯ ᠦᠢᠯᠡᠰ᠎ᠤᠨ ᠦᠵᠡᠯᠳᠡ ᠪᠤᠯ ᠡᠷᠬᠡ᠎ᠶ᠋ᠢᠨ ᠦᠵᠡᠯᠳᠡ᠎ᠶ᠋ᠢᠨ ᠢᠯᠡᠷᠡᠯ ᠪᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠳᠤ᠂ ᠡᠯ᠎ᠠ ᠱᠠᠳᠤᠨ᠎ᠤ ᠤᠳᠤᠷᠢᠳᠭᠤ ᠺᠠᠳ᠋ᠷᠴᠤᠳ᠎ᠢ ᠵᠦᠪ ᠡᠷᠬᠡ᠎ᠶ᠋ᠢᠨ ᠦᠵᠡᠯᠳᠡ᠂ ᠠᠵᠢᠯ᠎ᠤᠨ ᠠᠮᠵᠢᠯᠳᠠ᠎ᠶ᠋ᠢᠨ ᠦᠵᠡᠯᠳᠡ᠂ ᠠᠵᠢᠯ ᠦᠢᠯᠡᠰ᠎ᠤᠨ ᠦᠵᠡᠯᠳᠡ᠎ᠶ᠋ᠢ ᠱᠤᠭᠤᠵᠦ᠍᠂ ᠬᠤᠭᠤᠰᠤᠨ ᠠᠯᠳᠠᠷ᠎ᠲᠤ ᠱᠢᠨᠤᠬᠤ ᠦᠬᠡᠢ᠂ ᠬᠤᠭᠤᠰᠤᠨ ᠭᠠᠪᠢᠶ᠎ᠠ᠎ᠶ᠋ᠢ ᠬᠦᠬᠡᠬᠡᠴᠡᠯᠳᠦᠬᠦ᠌ ᠦᠬᠡᠢ᠂ ᠬᠤᠭᠤᠰᠤᠨ ᠨᠡᠷ᠎ᠠ᠎ᠳᠤ ᠲᠤᠷᠠᠯᠠᠬᠤ ᠦᠬᠡᠢ ᠪᠠᠢᠵᠦ᠍᠂ ᠨᠤᠶᠠᠨ ᠰᠠᠭᠤᠬ᠍ᠰᠠᠨ ᠭᠠᠵᠠᠷ᠎ᠲᠠᠭᠠᠨ ᠪᠤᠶᠠᠨ ᠵᠢᠷᠭᠠᠯ ᠦᠢᠯᠡᠳᠬᠦ᠌ ᠬᠡᠷᠡᠭ᠌ᠳᠡᠢ ᠬᠡᠵᠦ᠍ ᠴᠢᠬᠤᠯᠠᠴᠢᠯᠠᠵᠠᠢ᠃ ᠡᠨᠡ᠎ᠨᠢ ᠤᠳᠤᠷᠢᠳᠭᠤ ᠺᠠᠳ᠋ᠷᠴᠤᠳ᠎ᠲᠤ ᠲᠠᠯᠪᠢᠬ᠍ᠰᠠᠨ ᠡᠷᠬᠢᠮ ᠨᠠᠨᠳᠢᠨ ᠨᠠᠢᠳᠠᠯᠭ᠎ᠠ ᠪᠤᠯᠬᠤ ᠮᠦᠷᠳᠡᠭᠡᠨ ᠪᠠᠰᠠ ᠴᠤ᠌ ᠨᠠᠮ᠎ᠤᠨ ᠪᠠᠢᠭᠤᠯᠤᠯᠳᠠ᠎ᠶ᠋ᠢᠨ ᠱᠢᠨ᠎ᠠ ᠠᠭᠤᠤ ᠶᠡᠭᠡ ᠢᠨᠵᠧᠨᠧᠷᠢᠩ᠎ᠤᠨ ᠲᠤᠬᠠᠢ ᠱᠢᠨ᠎ᠠ ᠲᠠᠢᠯᠪᠤᠷᠢᠯᠠᠯᠳᠠ ᠪᠤᠯᠤᠨ᠎ᠠ᠃

ᠵᠦᠪ ᠡᠷᠬᠡ᠎ᠶ᠋ᠢᠨ ᠦᠵᠡᠯᠳᠡ᠂ ᠠᠵᠢᠯ᠎ᠤᠨ ᠠᠮᠵᠢᠯᠳᠠ᠎ᠶ᠋ᠢᠨ ᠦᠵᠡᠯᠳᠡ᠂ ᠠᠵᠢᠯ ᠦᠢᠯᠡᠰ᠎ᠤᠨ ᠦᠵᠡᠯᠳᠡ᠎ᠶ᠋ᠢ ᠱᠤᠭᠤᠬᠤ᠎ᠳᠤ᠂ ᠡᠷᠬᠡᠪᠰᠢ ᠨᠠᠮᠴᠢ ᠴᠢᠨᠠᠷ᠎ᠤᠨ ᠬᠡᠪ ᠪᠤᠯᠪᠠᠰᠤᠷᠠᠯ᠎ᠢᠶᠠᠨ ᠴᠢᠩᠭᠠᠳᠭᠠᠬᠤ ᠬᠡᠷᠡᠭ᠌ᠳᠡᠢ᠃ ᠨᠠᠮᠴᠢ ᠴᠢᠨᠠᠷ᠎ᠢᠶᠠᠨ ᠴᠢᠩᠭᠠᠳᠭᠠᠬᠤ᠎ᠨᠢ ᠲᠠᠷᠤᠢ ᠡᠪ ᠬᠠᠮᠳᠤ ᠨᠠᠮ᠎ᠤᠨ ᠬᠡᠱᠢᠬᠦᠨ᠎ᠤ 《ᠰᠡᠳᠭᠢᠯ᠎ᠤᠨ ᠰᠤᠷᠢᠭ᠎ᠠ》 ᠎ᠶ᠋ᠢ ᠰᠠᠢᠳᠤᠷ ᠬᠢᠬᠦ᠌ ᠶᠠᠪᠤᠳᠠᠯ ᠮᠦᠨ᠃ ᠡᠩ ᠲᠡᠷᠢᠬᠦᠨ᠎ᠳᠤ᠂ ᠡᠷᠬᠡ᠎ᠶ᠋ᠢᠨ ᠬᠠᠷᠢᠶ᠎ᠠ ᠴᠢᠨᠠᠷ᠎ᠢ ᠵᠦᠪ᠎ᠢᠶᠠᠷ ᠲᠠᠨᠢᠬᠤ ᠬᠡᠷᠡᠭ᠌ᠳᠡᠢ᠃ ᠡᠷᠬᠡ ᠪᠤᠯ ᠬᠤᠤᠰ ᠢᠷᠳᠤ ᠰᠡᠯᠡᠮ᠎ᠠ ᠪᠠᠢᠵᠦ᠍᠂ ᠠᠷᠠᠳ᠎ᠲᠤ ᠪᠤᠶᠠᠨ ᠵᠢᠷᠭᠠᠯ ᠦᠢᠯᠡᠳᠴᠤ᠌ ᠪᠤᠯᠬᠤ ᠮᠦᠷᠳᠡᠭᠡᠨ ᠪᠠᠰᠠ ᠡᠷᠬᠡ᠎ᠶ᠋ᠢ ᠠᠱᠢᠬ᠍ᠯᠠᠨ ᠬᠤᠪᠢ᠎ᠪᠠᠨ ᠪᠤᠷᠳᠤᠵᠦ᠍ ᠪᠤᠯᠳᠠᠬ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠡᠷᠬᠡᠪᠰᠢ ᠦᠵᠡᠯ ᠰᠠᠨᠠᠭᠠᠨ ᠲᠡᠬᠡᠷ᠎ᠠ᠎ᠠᠴᠠ ᠡᠷᠬᠡ᠎ᠶ᠋ᠢ ᠬᠡᠨ᠎ᠤ ᠲᠦᠯᠦᠬᠡ ᠬᠡᠷᠡᠭ᠌ᠯᠡᠬᠦ᠂ ᠠᠵᠢᠯ᠎ᠤᠨ ᠠᠮᠵᠢᠯᠳᠠ᠎ᠶ᠋ᠢ ᠬᠡᠨ᠎ᠤ ᠲᠦᠯᠦᠬᠡ ᠱᠤᠭᠤᠬᠤ᠂ ᠠᠵᠢᠯ ᠦᠢᠯᠡᠰ᠎ᠢ ᠬᠡᠨ᠎ᠤ ᠲᠦᠯᠦᠬᠡ ᠬᠢᠬᠦ᠌ ᠠᠰᠠᠭᠤᠳᠠᠯ᠎ᠢ ᠰᠠᠢᠳᠤᠷ ᠱᠢᠢᠳᠪᠦᠷᠢᠯᠡᠬᠦ᠌ ᠬᠡᠷᠡᠭ᠌ᠳᠡᠢ᠃ ᠡᠷᠬᠡ᠎ᠶ᠋ᠢᠨ ᠦᠵᠡᠯᠳᠡ᠂ ᠠᠵᠢᠯ᠎ᠤᠨ ᠠᠮᠵᠢᠯᠳᠠ᠎ᠶ᠋ᠢᠨ ᠦᠵᠡᠯᠳᠡ᠂ ᠠᠵᠢᠯ ᠦᠢᠯᠡᠰ᠎ᠤᠨ ᠦᠵᠡᠯᠳᠡ ᠪᠤᠯ ᠮᠦᠨ ᠴᠢᠨᠠᠷ ᠲᠡᠬᠡᠷ᠎ᠠ᠎ᠪᠠᠨ ᠲᠠᠷᠤᠢ ᠤᠳᠤᠷᠢᠳᠭᠤ ᠺᠠᠳ᠋ᠷᠴᠤᠳ᠎ᠤᠨ ᠵᠠᠰᠠᠬ᠎ᠤᠨ ᠮᠤᠷᠠᠯ᠎ᠤᠨ ᠠᠰᠠᠭᠤᠳᠠᠯ ᠪᠠᠢᠵᠦ᠍᠂ ᠤᠳᠤᠷᠢᠳᠭᠤ ᠺᠠᠳ᠋ᠷᠴᠤᠳ ᠵᠠᠰᠠᠬ᠎ᠤᠨ ᠮᠤᠷᠠᠯ᠎ᠢ ᠡᠷᠬᠢᠮᠯᠡᠬᠦ᠌ ᠬᠡᠷᠡᠭ᠌ᠳᠡᠢ᠂ ᠵᠠᠰᠠᠬ᠎ᠤᠨ ᠮᠤᠷᠠᠯ ᠪᠤᠯ ᠪᠦᠬᠦ᠋ᠢᠯᠡ ᠨᠡᠢᠬᠡᠮ᠎ᠤᠨ ᠶᠤᠰᠤ ᠮᠤᠷᠠᠯ᠎ᠤᠨ ᠪᠠᠢᠭᠤᠯᠤᠯᠳᠠ᠎ᠶ᠋ᠢᠨ ᠵᠦᠭ᠌ᠯᠡᠬᠦᠷ ᠮᠦᠨ᠃ ᠵᠠᠰᠠᠬ᠎ᠤᠨ ᠮᠤᠷᠠᠯ᠎ᠢ ᠡᠷᠬᠢᠮᠯᠡᠬᠦ᠌᠎ᠳᠤ᠂ ᠡᠷᠬᠢᠮ ᠮᠤᠷᠠᠯ᠎ᠢ ᠮᠡᠳᠡᠵᠦ᠍᠂ ᠨᠡᠢᠳᠡ᠎ᠶ᠋ᠢᠨ ᠮᠤᠷᠠᠯ᠎ᠢ ᠰᠠᠬᠢᠵᠦ᠍᠂ ᠬᠤᠪᠢ᠎ᠶ᠋ᠢᠨ ᠮᠤᠷᠠᠯ᠎ᠢ ᠴᠢᠩᠳᠠᠯᠠᠬᠤ ᠬᠡᠷᠡᠭ᠌ᠳᠡᠢ᠃ ᠡᠷᠬᠢᠮ ᠮᠤᠷᠠᠯ᠎ᠢ ᠮᠡᠳᠡᠬᠦ᠌ ᠪᠤᠯ ᠲᠠᠷᠤᠢ ᠦᠵᠡᠯ ᠰᠠᠨᠠᠭ᠎ᠠ ᠢᠳᠡᠬᠡᠯ ᠪᠢᠱᠢᠷᠡᠯ᠎ᠢᠶᠠᠨ ᠪᠠᠳᠤᠳᠭᠠᠨ᠂ ᠪᠠᠳᠤ ᠴᠢᠩᠭ᠎ᠠ ᠨᠠᠮᠴᠢ ᠴᠢᠨᠠᠷ᠎ᠢᠶᠠᠨ ᠴᠢᠩᠳᠠᠯᠠᠵᠦ᠍᠂ ᠵᠠᠷᠴᠢᠮ᠎ᠤᠨ ᠴᠢᠨᠠᠷᠳᠠᠢ ᠠᠰᠠᠭᠤᠳᠠᠯ᠎ᠤᠨ ᠡᠮᠦᠨ᠎ᠠ ᠲᠤᠭ ᠲᠡᠮᠳᠡᠭ ᠲᠤᠳᠤᠷᠬᠠᠢ ᠪᠠᠢᠵᠦ᠍᠂ ᠬᠤᠷᠴᠨ ᠱᠢᠷᠦᠬᠦᠨ ᠱᠢᠯᠭᠠᠯᠳᠠ᠎ᠶ᠋ᠢᠨ ᠡᠮᠦᠨ᠎ᠠ ᠤᠬ᠍ᠳᠤ ᠰᠦᠷᠳᠡᠬᠦ᠌ ᠦᠬᠡᠢ ᠪᠠᠢᠵᠦ᠍᠂ ᠡᠯ᠎ᠠ ᠵᠦᠢᠯ᠎ᠤᠨ ᠲᠦᠭᠡᠷᠢᠭ᠌ᠳᠡᠭᠦᠯᠦᠯ᠎ᠤᠨ ᠡᠮᠦᠨ᠎ᠠ ᠵᠤᠬ᠍ᠰᠤᠯᠳᠠ ᠪᠠᠳᠤ ᠪᠠᠢᠬᠤ ᠪᠤᠯ ᠤᠳᠤᠷᠢᠳᠭᠤ ᠺᠠᠳ᠋ᠷᠴᠤᠳ᠎ᠤᠨ ᠡᠩ ᠲᠡᠷᠢᠬᠦᠨ᠎ᠳᠤ ᠪᠦᠷᠢᠯᠳᠦᠬᠦᠯᠬᠦ᠌ 《ᠡᠷᠬᠢᠮ ᠮᠤᠷᠠᠯ》 ᠮᠦᠨ᠃ ᠨᠡᠢᠳᠡ᠎ᠶ᠋ᠢᠨ ᠮᠤᠷᠠᠯ᠎ᠢ ᠰᠠᠬᠢᠬᠤ᠎ᠨᠢ ᠲᠠᠷᠤᠢ ᠵᠤᠷᠢᠯᠳᠠ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠪᠦᠬᠦ᠌ ᠰᠡᠳᠭᠢᠯ ᠪᠦᠬᠦ᠌ ᠵᠤᠷᠢᠬ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠨ᠂ ᠨᠡᠢᠳᠡ᠎ᠶ᠋ᠢᠨ ᠲᠦᠯᠦᠬᠡ ᠨᠠᠮ ᠪᠠᠢᠭᠤᠯᠬᠤ᠂ ᠠᠷᠠᠳ᠎ᠤᠨ ᠲᠦᠯᠦᠬᠡ ᠲᠦᠷᠦ᠍ ᠪᠠᠷᠢᠬᠤ ᠤᠢ᠍ᠢᠯᠠᠭᠠᠬ᠍ᠳᠠᠬᠤᠨ᠎ᠢ ᠪᠠᠳᠤ ᠰᠠᠬᠢᠵᠦ᠍᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠤᠯ ᠲᠠᠷᠤᠢ ᠪᠢᠳᠡᠨ᠎ᠤ ᠲᠡᠮᠡᠴᠡᠬᠦ᠌ ᠬᠠᠷᠠᠯᠳᠠ ᠮᠦᠨ ᠬᠡᠬᠦ᠌ ᠠᠮᠠᠯᠳᠠᠭ᠎ᠠ᠎ᠶ᠋ᠢ ᠤᠬᠠᠮᠰᠠᠷ᠎ᠠᠴᠠ᠎ᠪᠠᠨ ᠦᠢᠯᠡᠳᠦᠯᠬᠡᠵᠢᠬᠦᠯᠦᠨ᠂ ᠰᠡᠳᠭᠢᠯ᠎ᠤᠨ ᠤᠬ᠎ᠠᠴᠠ᠎ᠪᠠᠨ ᠬᠤᠪᠢ᠎ᠶ᠋ᠢᠨ ᠠᠱᠢᠬ᠎ᠢᠶᠠᠨ ᠦᠯᠦ᠍ ᠪᠤᠳᠤᠬᠤ ᠬᠡᠷᠡᠭ᠌ᠳᠡᠢ᠃ ᠬᠤᠪᠢ᠎ᠶ᠋ᠢᠨ ᠮᠤᠷᠠᠯ᠎ᠢ ᠴᠢᠩᠳᠠᠯᠠᠬᠤ᠎ᠨᠢ ᠲᠠᠷᠤᠢ ᠦᠪᠡᠷ᠎ᠤᠨ ᠰᠠᠬᠢᠯᠭ᠎ᠠ ᠪᠠ ᠠᠵᠢᠯᠯᠠᠭᠠᠨ᠎ᠢᠶᠠᠨ ᠴᠢᠩᠭ᠎ᠠ ᠬᠦᠯᠢᠶᠡᠰᠦᠯᠡᠵᠦ᠍᠂ ᠨᠠᠮᠴᠢ ᠴᠢᠨᠠᠷ᠎ᠢ ᠡᠷᠬᠢᠮᠯᠡᠨ᠂ ᠵᠠᠩ ᠰᠤᠷᠳᠠᠯ᠎ᠢᠶᠠᠨ ᠴᠢᠬᠤᠯᠠᠴᠢᠯᠠᠵᠦ᠍᠂ ᠬᠡᠪ ᠲᠠᠭᠤᠷᠢᠶᠠᠯ ᠪᠤᠯᠬᠤ᠎ᠶ᠋ᠢ ᠦᠨᠡᠨ ᠬᠦ᠌ ᠪᠡᠶᠡᠯᠡᠬᠦᠯᠬᠦ᠌ ᠶᠠᠪᠤᠳᠠᠯ ᠪᠤᠯᠤᠨ᠎ᠠ᠃ ᠬᠤᠶᠠᠳᠤᠭᠠᠷ᠎ᠲᠤ᠌᠂ ᠤᠳᠤᠷᠢᠳᠭᠤ ᠺᠠᠳ᠋ᠷᠴᠤᠳ᠎ᠤᠨ ᠨᠠᠮᠴᠢ ᠴᠢᠨᠠᠷ᠎ᠤᠨ ᠬᠡᠪ ᠪᠤᠯᠪᠠᠰᠤᠷᠠᠯ᠎ᠨᠢ ᠲᠤᠱᠢᠶᠠᠯ ᠲᠡᠭᠡᠭ᠌ᠰᠢᠯᠡᠬᠦ᠌᠎ᠶ᠋ᠢ ᠲᠠᠭᠠᠯᠳᠤᠨ ᠠᠶᠠᠨᠳᠠᠭᠠᠨ ᠲᠡᠭᠡᠭ᠌ᠰᠢᠯᠡᠴᠢᠬᠡᠳᠡᠭ ᠪᠢᠰᠢ᠂ ᠨᠠᠮᠴᠢ ᠴᠢᠨᠠᠷ᠎ᠤᠨ ᠬᠡᠪ ᠪᠤᠯᠪᠠᠰᠤᠷᠠᠯ ᠪᠤᠯ ᠤᠳᠤᠷᠢᠳᠭᠤ ᠺᠠᠳ᠋ᠷᠴᠤᠳ᠎ᠤᠨ ᠨᠠᠰᠤᠨ ᠲᠤᠷᠱᠢᠳᠠ᠎ᠶ᠋ᠢᠨ ᠬᠢᠴᠢᠶᠡᠯ ᠪᠠᠢᠵᠦ᠍᠂ ᠨᠠᠰᠤᠨ ᠲᠤᠷᠱᠢᠳᠠ᠎ᠪᠠᠨ ᠴᠢᠷᠮᠠᠢᠬᠤ ᠴᠢᠬᠤᠯᠠᠳᠠᠢ᠃ ᠭᠤᠷᠪᠠᠳᠤᠭᠠᠷ᠎ᠲᠤ᠌᠂ ᠤᠳᠤᠷᠢᠳᠭᠤ ᠺᠠᠳ᠋ᠷᠴᠤᠳ ᠨᠠᠮᠴᠢ ᠴᠢᠨᠠᠷ᠎ᠤᠨ ᠬᠡᠪ ᠪᠤᠯᠪᠠᠰᠤᠷᠠᠯ᠎ᠢᠶᠠᠨ ᠴᠢᠩᠭᠠᠳᠭᠠᠬᠤ᠎ᠳᠤ᠂ ᠡᠷᠬᠡᠪᠰᠢ ᠵᠢᠵᠢᠭ ᠰᠠᠵᠢᠭ᠎ᠠᠴᠠ ᠬᠢᠴᠢᠶᠡᠨ ᠰᠡᠷᠡᠮᠵᠢᠯᠡᠵᠦ᠍᠂ ᠤᠬᠠᠮᠰᠠᠷ᠎ᠠᠴᠠ᠎ᠪᠠᠨ ᠬᠢᠴᠢᠶᠡᠵᠦ᠍᠂ ᠡᠬᠢᠯᠡᠮᠡᠭ᠌ᠴᠠ᠎ᠪᠠᠨ ᠬᠢᠴᠢᠶᠡᠵᠦ᠍᠂ ᠱᠢᠨᠤᠯ᠎ᠠᠴᠠ ᠬᠢᠴᠢᠶᠡᠬᠦ᠌ ᠬᠡᠷᠡᠭ᠌ᠳᠡᠢ᠃ ᠢᠯᠠᠩᠭᠤᠶ᠎ᠠ ᠦᠪᠡᠷ᠎ᠢ᠎ᠪᠠᠨ ᠬᠦᠯᠢᠶᠡᠰᠦᠯᠡᠬᠦ᠂ ᠦᠪᠡᠷ᠎ᠢ᠎ᠪᠠᠨ ᠡᠵᠡᠮᠳᠡᠬᠦ᠌ ᠤᠬᠠᠮᠰᠠᠷ ᠪᠠ ᠴᠢᠳᠠᠪᠤᠷᠢ᠎ᠶ᠋ᠢ ᠬᠦᠮᠦᠵᠢᠬᠦᠯᠬᠦ᠌ ᠪᠠ ᠴᠢᠩᠭᠠᠳᠭᠠᠬᠤ᠎ᠳᠤ᠂ 《ᠵᠢᠭᠠᠬᠠᠨ ᠠᠱᠢᠬ᠎ᠲᠤ ᠰᠡᠳᠭᠢᠯ ᠬᠦᠳᠡᠯᠬᠦ᠌ ᠦᠬᠡᠢ᠂ ᠡᠯᠳᠡᠪ ᠵᠦᠢᠯᠡᠰ᠎ᠲᠤ ᠬᠠᠷᠠᠭ᠎ᠠ ᠲᠦᠬᠡᠷᠢᠬᠦ᠌ ᠦᠬᠡᠢ》 ᠪᠠᠢᠬᠤ ᠬᠡᠷᠡᠭ᠌ᠳᠡᠢ᠃ ᠰᠡᠳᠭᠢᠯ᠎ᠳᠡᠭᠡᠨ ᠴᠡᠬᠡᠷ᠎ᠲᠠᠢ᠂ ᠬᠢᠵᠦ᠍ ᠡᠰᠡ ᠪᠤᠯᠬᠤ᠎ᠶ᠋ᠢ ᠦᠯᠦ᠍ ᠬᠢᠵᠦ᠍᠂ ᠪᠡᠶ᠎ᠠ᠎ᠪᠠᠨ ᠪᠠᠷᠢᠵᠦ᠍᠂ ᠶᠠᠪᠤᠳᠠᠯ᠎ᠢᠶᠠᠨ ᠡᠵᠡᠮᠳᠡᠵᠦ᠍᠂ ᠠᠷᠢᠭᠤᠨ ᠴᠢᠬᠡᠴᠢ᠎ᠶ᠋ᠢ ᠰᠠᠬᠢᠵᠦ᠍ ᠴᠢᠳᠠᠬᠤ ᠬᠡᠷᠡᠭ᠌ᠳᠡᠢ᠃ ᠦᠪᠡᠷ᠎ᠤᠨ ᠠᠮᠢᠳᠤᠷᠠᠯ᠎ᠤᠨ ᠲᠤᠭᠤᠷᠢᠬ᠂ ᠶᠠᠪᠤᠯᠴᠠᠭᠠᠨ᠎ᠤ ᠲᠤᠭᠤᠷᠢᠬ᠂ ᠵᠤᠭ᠎ᠠ ᠴᠡᠩᠬᠡᠯ᠎ᠤᠨ ᠲᠤᠭᠤᠷᠢᠬ᠎ᠢᠶᠠᠨ ᠰᠠᠢᠳᠤᠷ ᠬᠠᠮᠢᠶᠠᠷᠴᠤ᠌᠂ ᠤᠯᠠᠨ᠎ᠤ ᠨᠢᠳᠦᠨ ᠲᠠᠯᠳᠠ ᠪᠠᠢᠬᠤ᠎ᠳᠤ᠂ ᠵᠢᠵᠢᠭ ᠰᠠᠵᠢᠬ ᠵᠦᠢᠯᠡᠰ᠎ᠲᠤ ᠨᠡᠩ ᠢᠯᠡᠬᠦᠦ ᠬᠢᠴᠢᠶᠡᠨ ᠰᠡᠷᠡᠮᠵᠢᠯᠡᠵᠦ᠍᠂ ᠭᠡᠵᠢᠶᠡᠳᠠ ᠪᠡᠶ᠎ᠠ᠎ᠪᠠᠨ ᠰᠤᠯᠠ ᠲᠠᠯᠪᠢᠬᠤ ᠦᠬᠡᠢ᠂ ᠬᠤᠷᠢᠭ᠎ᠠ᠎ᠶ᠋ᠢ ᠲᠠᠪᠠᠭ᠍ᠤ ᠦᠬᠡᠢ᠂ ᠶᠤᠰᠤ᠎ᠠᠴᠠ ᠵᠦᠷᠢᠴᠡᠬᠦ᠌ ᠦᠬᠡᠢ ᠪᠠᠢᠵᠦ᠍᠂ ᠢᠯᠵᠠᠷᠡᠵᠦ᠍ ᠴᠢᠨᠠᠷ ᠬᠤᠪᠢᠷᠠᠬᠤ᠎ᠶ᠋ᠢ ᠰᠡᠷᠬᠡᠢᠯᠡᠬᠦ᠌ ᠴᠢᠳᠠᠪᠤᠷᠢ᠎ᠪᠠᠨ ᠲᠡᠭᠡᠭ᠌ᠰᠢᠯᠡᠬᠦᠯᠬᠦ᠌ ᠬᠡᠷᠡᠭ᠌ᠳᠡᠢ᠃

ᠵᠥᠪ ᠡᠷᠬᠡ᠎ᠶ᠋ᠢᠨ ᠦᠵᠡᠯᠲᠡ᠂ ᠠᠵᠢᠯ᠎ᠤᠨ ᠠᠮᠵᠢᠯᠳᠠ᠎ᠶ᠋ᠢᠨ ᠦᠵᠡᠯᠲᠡ᠂ ᠠᠵᠢᠯ ᠦᠢᠯᠡᠰ᠎ᠤᠨ ᠦᠵᠡᠯᠲᠡ᠎ᠶ᠋ᠢ ᠱᠤᠭᠤᠬᠤ᠎ᠳᠤ ᠡᠷᠬᠡᠪᠰᠢ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠬᠡᠷᠡᠭ᠌ᠲᠡᠶ᠃ ᠠᠷᠠᠳ ᠲᠦᠮᠡᠨ ᠪᠣᠯ ᠲᠦᠷᠦ᠎ᠶ᠋ᠢᠨ ᠦᠨᠳᠦᠰᠦ ᠮᠥᠨ᠂ ᠦᠨᠳᠦᠰᠦ ᠪᠠᠬᠢᠵᠢᠪᠡᠯ ᠲᠦᠷᠦ᠍ ᠬᠦᠷᠦᠨ ᠲᠦᠪᠱᠢᠨ ᠠᠮᠤᠭᠤᠯᠠᠩ ᠪᠠᠢᠳᠠᠬ᠃ ᠡᠷᠲᠡᠨ᠎ᠠᠴᠠ ᠠᠪᠤᠭᠠᠳ ᠠᠷᠠᠳ᠎ᠤᠨ ᠰᠡᠳᠭᠢᠯ᠎ᠳᠤ ᠨᠡᠢᠴᠡᠭᠦᠯᠵᠦ᠍᠂ ᠠᠷᠠᠳ ᠲᠦᠮᠡᠨ᠎ᠤ ᠳᠡᠮᠵᠢᠯᠭᠡ ᠪᠠ ᠬᠦᠷᠢᠶᠡᠯᠡᠯ᠎ᠢ ᠤᠯᠬᠤ ᠪᠤᠯ ᠨᠢᠭᠡᠨ ᠵᠠᠰᠠᠭ᠎ᠤᠨ ᠡᠷᠬᠡ᠎ᠶ᠋ᠢ ᠥᠨᠢ ᠤᠳᠠᠭᠠᠨ ᠠᠮᠤᠷ ᠲᠤᠭ᠍ᠳᠠᠭᠤᠨ ᠪᠠᠢᠯᠭᠠᠬᠤ᠎ᠶ᠋ᠢᠨ ᠬᠠᠮᠤᠭ᠎ᠤᠨ ᠴᠢᠬᠤᠯᠠ ᠰᠠᠭᠤᠷᠢ ᠮᠥᠨ᠃ ᠠᠷᠠᠳ ᠲᠦᠮᠡᠨ ᠪᠣᠯ ᠮᠠᠨ᠎ᠤ ᠨᠠᠮ᠎ᠤᠨ ᠲᠦᠷᠦ᠍ ᠪᠠᠷᠢᠬᠤ ᠬᠠᠮᠤᠭ᠎ᠤᠨ ᠶᠡᠭᠡ ᠢᠲᠡᠭᠡᠯ ᠵᠣᠷᠢᠭ ᠮᠥᠨ᠂ ᠡᠷᠬᠡᠪᠰᠢ ᠠᠷᠠᠳ ᠲᠦᠮᠡᠨ᠎ᠢ ᠲᠡᠭᠡᠳᠦᠯᠡᠬᠦ᠌ ᠦᠨᠳᠦᠰᠦᠨ ᠦᠷᠳᠡᠭ᠎ᠤᠨ ᠤᠢ᠍ᠢᠯᠠᠭᠠᠭ᠍ᠳᠠᠬᠤᠨ᠎ᠢ ᠪᠠᠷᠢᠮᠲᠠᠯᠠᠬᠤ ᠬᠡᠷᠡᠭ᠌ᠲᠡᠶ᠃ ᠠᠷᠠᠳ ᠲᠦᠮᠡᠨ᠎ᠤ ᠵᠣᠭ᠍ᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠦᠷᠦ᠎ᠶ᠋ᠢᠨ ᠵᠤᠭ᠍ᠰᠤᠯᠳᠠ ᠮᠥᠨ᠂ ᠮᠠᠷᠺᠰ᠎ᠤᠨ ᠦᠵᠡᠯ᠎ᠤᠨ ᠲᠦᠷᠦ᠎ᠶ᠋ᠢᠨ ᠨᠠᠮ᠎ᠤᠨ ᠪᠤᠰᠤᠳ ᠲᠦᠷᠦ᠎ᠶ᠋ᠢᠨ ᠨᠠᠮ᠎ᠠᠴᠠ ᠢᠯᠭᠠᠭ᠍ᠳᠠᠬᠤ ᠬᠠᠮᠤᠭ᠎ᠤᠨ ᠢᠯᠡ ᠲᠤᠳᠤ ᠱᠢᠨᠵᠢ ᠲᠡᠮᠳᠡᠭ ᠮᠥᠨ᠃ ᠠᠯᠢᠪᠠ ᠪᠦᠬᠦᠨ᠎ᠳᠤ ᠠᠷᠠᠳ ᠲᠦᠮᠡᠨ᠎ᠢ ᠲᠦᠱᠢᠭ᠌ᠯᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠯᠢᠪᠠ ᠬᠦᠴᠢᠷ ᠪᠡᠷᠬᠡᠱᠢᠶᠡᠯ ᠪᠠ ᠠᠶᠤᠯ ᠲᠦᠭ᠌ᠰᠢᠭᠦᠷᠢ᠎ᠶ᠋ᠢ ᠢᠯᠠᠨ ᠳᠠᠪᠠᠵᠤ᠂ ᠠᠮᠵᠢᠯᠲᠠ ᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠃ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠳᠠᠯᠠᠬᠤ ᠪᠤᠯ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠦᠨᠳᠦᠰᠦᠨ ᠵᠣᠭ᠍ᠰᠣᠯᠲᠠ ᠪᠠ ᠦᠷᠳᠡᠭ᠎ᠤᠨ ᠭᠤᠤᠯ ᠴᠥᠮ᠎ᠡ ᠪᠠᠢᠵᠤ᠂ ᠨᠠᠮ᠎ᠤᠨ ᠬᠦᠰᠡᠯᠡᠩ ᠢᠲᠡᠭᠡᠯ ᠪᠢᠱᠢᠷᠡᠯ᠂ ᠱᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠵᠡᠢ᠃ ᠮᠠᠨ᠎ᠤ ᠨᠠᠮ ᠪᠣᠯ ᠠᠷᠠᠳ ᠲᠦᠮᠡᠨ᠎ᠤ ᠳᠤᠮᠳᠠ᠎ᠠᠴᠠ ᠢᠷᠡᠵᠦ᠍᠂ ᠠᠷᠠᠳ ᠲᠦᠮᠡᠨ᠎ᠳᠤ ᠦᠨᠳᠦᠰᠦᠯᠡᠵᠦ᠍᠂ ᠠᠷᠠᠳ ᠲᠦᠮᠡᠨ᠎ᠳᠤ ᠦᠢᠯᠡᠴᠢᠯᠡᠳᠡᠭ᠂ ᠨᠠᠮ᠎ᠤᠨ ᠦᠨᠳᠦᠰᠦ ᠰᠠᠭᠤᠷᠢ᠎ᠨᠢ ᠠᠷᠠᠳ ᠲᠦᠮᠡᠨ᠎ᠤ ᠳᠤᠮᠳᠠ ᠪᠤᠢ᠂ ᠠᠮᠢᠨ ᠰᠤᠳᠠᠰᠤ᠎ᠨᠢ ᠠᠷᠠᠳ ᠲᠦᠮᠡᠨ᠎ᠤ ᠳᠤᠮᠳᠠ ᠪᠤᠢ᠂ ᠬᠦᠴᠦᠨ ᠴᠢᠳᠠᠯ᠎ᠨᠢ ᠠᠷᠠᠳ ᠲᠦᠮᠡᠨ᠎ᠤ ᠳᠤᠮᠳᠠ ᠪᠤᠢ᠃ ᠠᠷᠠᠳ ᠲᠦᠮᠡᠨ᠎ᠤ ᠬᠦᠷᠢᠶᠡᠯᠡᠯ ᠪᠠ ᠳᠡᠮᠵᠢᠯᠭᠡ᠎ᠶ᠋ᠢ ᠠᠯᠳᠠᠪᠠᠯ ᠨᠠᠮ᠎ᠤᠨ ᠦᠢᠯᠡᠰ ᠪᠠ ᠠᠵᠢᠯ ᠵᠠᠪᠤᠭ᠍ᠳᠠᠬᠤ᠎ᠶ᠋ᠢᠨ ᠠᠷᠭ᠎ᠠ ᠦᠭᠡᠢ ᠪᠣᠯᠤᠨ᠎ᠠ᠃ ᠠᠷᠠᠳ ᠲᠦᠮᠡᠨ᠎ᠤ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠦᠨᠡᠨ ᠬᠦ᠌ ᠬᠦᠨᠳᠦᠳᠭᠡᠵᠦ᠍᠂ ᠠᠷᠠᠳ ᠣᠯᠠᠨ᠎ᠤ ᠳᠤᠮᠳᠠ ᠬᠠᠳᠠᠭᠠᠯᠠᠭ᠍ᠳᠠᠵᠤ ᠪᠠᠢᠶᠭ᠎ᠠ ᠬᠢᠵᠠᠭᠠᠯᠠᠰᠢ ᠦᠭᠡᠢ ᠣᠶᠤᠨ ᠤᠬᠠᠭᠠᠨ ᠪᠠ ᠬᠢᠵᠠᠭᠠᠯᠠᠰᠢ ᠦᠭᠡᠢ ᠬᠦᠴᠦᠨ ᠴᠢᠳᠠᠯ᠎ᠢ ᠭᠦᠶᠴᠡᠳ ᠲᠠᠨᠢᠵᠤ᠂ ᠤᠬᠠᠮᠰᠠᠷ᠎ᠠᠴᠠ᠎ᠪᠠᠨ ᠠᠷᠠᠳ ᠲᠦᠮᠡᠨ᠎ᠢ ᠪᠠᠭ᠍ᠰᠢ ᠪᠠᠷᠢᠵᠤ᠂ ᠠᠷᠠᠳ ᠲᠦᠮᠡᠨ᠎ᠠᠴᠠ ᠰᠤᠷᠤᠯᠴᠠᠵᠤ᠂ ᠵᠠᠰᠠᠭ᠎ᠤᠨ ᠶᠠᠪᠤᠳᠠᠯ᠎ᠢ ᠠᠷᠠᠳ᠎ᠠᠴᠠ ᠠᠰᠠᠭᠤᠬᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠠᠴᠠ ᠠᠰᠠᠭᠤᠬᠤ᠂ ᠠᠷᠭ᠎ᠠ ᠪᠣᠳᠣᠯᠭ᠎ᠠ᠎ᠶ᠋ᠢ ᠠᠷᠠᠳ᠎ᠠᠴᠠ ᠠᠰᠠᠭᠤᠬᠤ᠎ᠶ᠋ᠢ ᠪᠠᠷᠢᠮᠲᠠᠯᠠᠵᠤ᠂ ᠱᠢᠨ᠎ᠡ ᠪᠠᠢᠳᠠᠯ ᠳᠣᠣᠷᠠᠬᠢ ᠣᠯᠠᠨ ᠲᠦᠮᠡᠨ᠎ᠤ ᠠᠵᠢᠯ᠎ᠢ ᠰᠠᠢᠲᠤᠷ ᠬᠢᠬᠦ᠌ ᠠᠷᠭ᠎ᠠ ᠮᠠᠶᠢᠭ ᠠᠷᠭ᠎ᠠ ᠪᠠᠷᠢᠯ᠎ᠢᠶᠠᠨ ᠰᠠᠢᠵᠢᠷᠠᠭᠤᠯᠵᠤ᠂ ᠠᠷᠠᠳ ᠤᠯᠠᠨ᠎ᠢ ᠨᠡᠩ ᠰᠠᠢᠨ ᠪᠦᠯᠬᠦᠮᠳᠡᠭᠦᠯᠦᠨ ᠨᠢᠭ᠍ᠲᠠᠷᠠᠭᠤᠯᠵᠤ᠂ ᠤᠯᠠᠨ᠎ᠤ ᠬᠦᠴᠦ᠍᠂ ᠤᠯᠠᠨ᠎ᠤ ᠤᠶᠤᠨ ᠤᠬᠠᠭᠠᠨ᠎ᠢᠶᠠᠷ ᠠᠵᠢᠯ᠎ᠢᠶᠠᠨ ᠰᠠᠢᠲᠤᠷ ᠬᠢᠵᠦ᠍᠂ ᠬᠥᠭ᠌ᠵᠢᠯᠲᠡ᠎ᠶ᠋ᠢ ᠠᠬᠢᠭᠤᠯᠬᠤ᠎ᠳᠠᠭᠠᠨ ᠴᠢᠳᠠᠮᠠᠭᠠᠶ ᠪᠠᠢᠬᠤ ᠬᠡᠷᠡᠭ᠌ᠲᠡᠶ᠃

ᠵᠥᠪ ᠡᠷᠬᠡ᠎ᠶ᠋ᠢᠨ ᠦᠵᠡᠯᠲᠡ᠂ ᠠᠵᠢᠯ᠎ᠤᠨ ᠠᠮᠵᠢᠯᠳᠠ᠎ᠶ᠋ᠢᠨ ᠦᠵᠡᠯᠲᠡ᠂ ᠠᠵᠢᠯ ᠦᠢᠯᠡᠰ᠎ᠤᠨ ᠦᠵᠡᠯᠳᠡ᠎ᠶ᠋ᠢ ᠱᠤᠭᠤᠵᠦ᠍᠂ ᠠᠷᠠᠳ ᠲᠦᠮᠡᠨ᠎ᠳᠤ ᠪᠤᠶᠠᠨ ᠦᠢᠯᠡᠳᠬᠦ᠌ ᠶᠠᠪᠤᠳᠠᠯ᠎ᠢ ᠡᠷᠬᠡᠪᠰᠢ ᠬᠠᠮᠤᠭ᠎ᠤᠨ ᠴᠢᠬᠤᠯᠠ ᠠᠵᠢᠯ᠎ᠤᠨ ᠠᠮᠵᠢᠯᠲᠠ ᠪᠣᠯᠭᠠᠬᠤ ᠬᠡᠷᠡᠭ᠌ᠲᠡᠶ᠃ ᠤᠳᠤᠷᠢᠳᠭᠤ ᠺᠠᠳ᠋ᠷᠴᠤᠳ ᠡᠷᠬᠡᠪᠰᠢ ᠠᠷᠠᠳ᠎ᠤᠨ ᠠᠮᠢᠳᠤᠷᠠᠯ᠎ᠤᠨ ᠵᠣᠪᠠᠨᠢᠯ ᠰᠠᠨᠠᠭᠠᠱᠢᠷᠠᠯ᠎ᠢ ᠢᠯᠡᠭᠦᠬᠡᠨ ᠱᠢᠢᠳᠪᠦᠷᠢᠯᠡᠵᠦ᠍᠂ ᠠᠷᠠᠳ᠎ᠲᠤ ᠪᠣᠳᠠᠲᠤ ᠶᠠᠪᠤᠳᠠᠯ ᠢᠯᠡᠭᠦᠬᠡᠨ ᠬᠢᠵᠦ᠍ ᠦᠭ᠌ᠴᠦ᠂ ᠢᠷᠡᠭᠡᠳᠦᠢ᠎ᠳᠤ ᠰᠠᠭᠤᠷᠢ ᠲᠠᠯᠪᠢᠬᠤ ᠠᠱᠢᠭ᠍ᠳᠠᠢ ᠠᠵᠢᠯ᠎ᠢ ᠢᠯᠡᠭᠦᠬᠡᠨ ᠬᠢᠬᠦ᠌ ᠬᠡᠷᠡᠭ᠌ᠳᠡᠢ᠃ ᠣᠳᠣᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠨᠢᠭᠡᠳᠦᠯᠲᠡᠶ ᠲᠦᠯᠦᠪᠵᠢᠭᠦᠯᠬᠦ᠌ ᠳᠤᠮᠳᠠ᠂ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠌᠂ ᠠᠷᠠᠳ ᠲᠦᠮᠡᠨ᠎ᠤ ᠠᠮᠤᠷ ᠲᠦᠪᠱᠢᠨ ᠠᠶᠤᠯ ᠲᠦᠭ᠌ᠰᠢᠭᠦᠷᠢ ᠬᠦᠴᠢᠷ ᠵᠤᠪᠠᠭᠤᠷᠢ᠎ᠳᠤ ᠰᠠᠨᠠᠭ᠎ᠠ ᠲᠠᠯᠪᠢᠵᠦ᠍᠂ ᠣᠯᠠᠨ ᠲᠦᠮᠡᠨ᠎ᠤ ᠠᠩᠬᠠᠷᠤᠨ ᠬᠠᠯᠠᠮᠵᠢᠯᠠᠵᠤ ᠪᠠᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠢᠭᠡᠮ᠎ᠤᠨ ᠪᠠᠳᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠢᠳᠡᠭᠡᠨ᠎ᠤ ᠠᠮᠤᠷ ᠲᠦᠪᠱᠢᠨ᠂ ᠨᠡᠢᠭᠡᠮ᠎ᠤᠨ ᠠᠮᠤᠷ ᠲᠦᠪᠱᠢᠨ ᠵᠡᠷᠭᠡ ᠪᠣᠳᠠᠲᠠᠶ ᠠᠰᠠᠭᠤᠳᠠᠯ᠎ᠳᠤ ᠰᠡᠳᠭᠢᠯ ᠲᠠᠯᠪᠢᠨ ᠪᠦᠬᠦ᠌ ᠬᠦᠴᠦᠨ᠎ᠢᠶᠠᠷ᠎ᠢᠶᠠᠨ ᠱᠢᠢᠳᠪᠦᠷᠢᠯᠡᠪᠡᠯ ᠵᠤᠬᠢᠨ᠎ᠠ᠃ ᠨᠢᠭᠡᠳ ᠨᠢᠭᠡ᠎ᠪᠠᠷ ᠨᠠᠢᠳᠠᠪᠤᠷᠢᠵᠢᠭᠤᠯᠵᠦ᠍᠂ ᠵᠢᠯ ᠳᠠᠷᠠᠭᠠᠯᠠᠨ ᠬᠢᠵᠦ᠍᠂ ᠤᠯᠠᠨ ᠲᠦᠮᠡᠨ᠎ᠳᠤ ᠬᠤᠪᠢᠷᠠᠯᠳᠠ᠎ᠶ᠋ᠢ ᠤᠯᠵᠦ᠍ ᠦᠵᠡᠭᠦᠯᠬᠦ᠌᠎ᠪᠠᠷ ᠴᠢᠷᠮᠠᠢᠵᠦ᠍᠂ ᠪᠣᠳᠠᠲᠠᠶ ᠠᠱᠢᠭ ᠬᠦᠷᠲᠡᠭᠡᠨ᠂ ᠠᠷᠠᠳ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠨᠡᠮᠡᠭ᠌ᠳᠡᠭᠦᠯᠦᠨ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠱᠢᠨ᠎ᠡ ᠬᠡᠷᠡᠭ᠌ᠴᠡᠭᠡ ᠱᠠᠭᠠᠷᠳᠠᠯᠭ᠎ᠠ᠂ ᠱᠢᠨ᠎ᠡ ᠬᠦᠰᠡᠯ ᠡᠷᠡᠮᠡᠯᠵᠡᠯ᠎ᠢ ᠬᠠᠩᠭᠠᠪᠠᠯ ᠵᠤᠬᠢᠨ᠎ᠠ᠃ ᠺᠠᠳ᠋ᠷ᠎ᠢ ᠬᠢᠨᠠᠨ ᠱᠢᠯᠭᠠᠬᠤ ᠱᠢᠰᠲ᠋ᠧᠮ ᠪᠠ ᠬᠠᠷᠢᠭᠤᠴᠠᠯᠭ᠎ᠠ ᠨᠡᠬᠡᠮᠵᠢᠯᠡᠬᠦ᠌ ᠲᠣᠭ᠍ᠲᠠᠴᠠ᠎ᠶ᠋ᠢ ᠡᠷᠬᠡᠪᠰᠢ ᠴᠢᠩᠭᠠᠳᠭᠠᠨ ᠲᠡᠭᠦᠯᠳᠡᠷᠵᠢᠭᠦᠯᠬᠦ᠌ ᠬᠡᠷᠡᠭ᠌ᠲᠡᠶ᠃ ᠨᠢᠳᠦᠨ ᠡᠮᠦᠨᠡᠬᠢ᠎ᠪᠠᠨ ᠯᠡ ᠪᠣᠳᠣᠵᠤ᠂ ᠠᠯᠤᠰ ᠬᠤᠯᠠ᠎ᠶ᠋ᠢ ᠪᠣᠳᠣᠯᠬᠢᠯᠠᠬᠤ ᠦᠭᠡᠢ ᠪᠠᠢᠵᠤ ᠪᠣᠯᠬᠤ ᠦᠭᠡᠢ᠂ ᠲᠡᠳᠡᠭᠡᠷ ᠦᠵᠡᠬᠦ᠌᠎ᠳᠤ ᠰᠠᠢᠬᠠᠨ ᠴᠤ᠌ ᠦᠨᠡᠨ᠎ᠳᠡᠭᠡᠨ ᠭᠡᠷᠡᠭ ᠦᠬᠡᠢ ᠯᠠᠷᠵᠠ ᠶᠠᠩᠪᠠ᠎ᠶ᠋ᠢ ᠲᠠᠳᠠᠵᠦ᠍ ᠶᠠᠭᠠᠬᠢᠭ᠍ᠰᠠᠨ ᠴᠤ᠌ ᠪᠣᠯᠬᠤ ᠦᠭᠡᠢ᠂ ᠠᠷᠠᠳ᠎ᠢ ᠵᠦᠳᠡᠭᠡᠵᠦ᠍ ᠡᠳ᠋᠎ᠢ ᠰᠦᠢᠳᠭᠡᠬᠦ᠌ 《ᠲᠦᠷᠢ ᠲᠥᠷᠬᠦ᠌᠎ᠶ᠋ᠢᠨ ᠢᠨᠵᠧᠨᠧᠷᠢᠩ》᠂ ᠠᠵᠢᠯ᠎ᠤᠨ ᠠᠮᠵᠢᠯᠲᠠ᠎ᠶ᠋ᠢᠨ ᠢᠨᠵᠧᠨᠧᠷᠢᠩ》 ᠎ᠢ ᠡᠷᠡᠰ ᠬᠤᠷᠢᠬ᠍ᠯᠠᠨ ᠵᠣᠭ᠍ᠰᠣᠭᠠᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠲᠡᠦᠬᠡ᠂ ᠴᠠᠭ ᠦᠶ᠎ᠡ᠂ ᠦᠢᠯᠡᠳᠦᠯᠭᠡ ᠪᠠ ᠠᠷᠠᠳ ᠲᠦᠮᠡᠨ᠎ᠤ ᠱᠢᠯᠭᠠᠯᠲᠠ᠎ᠶ᠋ᠢ ᠳᠠᠭᠠᠭᠠᠵᠤ ᠴᠢᠳᠠᠬᠤ ᠪᠣᠯᠭᠠᠵᠤ᠂ ᠬᠤᠭᠤᠰᠤᠨ ᠠᠯᠳᠠᠷ᠎ᠲᠤ ᠱᠢᠨᠤᠬᠤ ᠦᠬᠡᠢ᠂ ᠬᠤᠭᠤᠰᠣᠨ ᠭᠠᠪᠢᠶ᠎ᠠ᠎ᠶ᠋ᠢ ᠬᠥᠭᠡᠭᠡᠴᠡᠯᠳᠦᠬᠦ᠌ ᠦᠭᠡᠢ᠂ ᠬᠤᠭᠤᠰᠣᠨ ᠨᠡᠷ᠎ᠡ᠎ᠳᠤ ᠲᠤᠷᠠᠯᠠᠬᠤ ᠦᠭᠡᠢ᠂ ᠨᠤᠶᠠᠨ ᠰᠠᠭᠤᠬ᠍ᠰᠠᠨ ᠭᠠᠵᠠᠷ᠎ᠲᠠᠭᠠᠨ ᠪᠤᠶᠠᠨ ᠵᠢᠷᠭᠠᠯ ᠦᠢᠯᠡᠳᠬᠦ᠌᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠳᠡᠢ᠃ ᠡᠷᠬᠡᠪᠰᠢ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠣᠪᠣᠷ ᠰᠤᠷᠲᠠᠯ ᠴᠢᠩᠭ᠎ᠠ ᠪᠠᠢᠬᠤ ᠬᠡᠷᠡᠭ᠌ᠲᠡᠶ᠃ ᠣᠳᠣᠬᠠᠨ᠎ᠳᠤ 《ᠳᠥᠷᠪᠡᠨ ᠰᠤᠷᠲᠠᠯ》 ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠪᠣᠳᠠᠲᠠᠢ ᠠᠵᠢᠯᠯᠠᠬᠤ᠎ᠶ᠋ᠢ ᠡᠷᠬᠢᠮᠯᠡᠬᠦ᠂ ᠪᠣᠳᠠᠲᠤ ᠠᠮᠵᠢᠯᠲᠠ᠎ᠶ᠋ᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ᠎ᠶ᠋ᠢ ᠪᠤᠢ ᠪᠣᠯᠭᠠᠵᠤ᠂ ᠬᠢᠵᠦ᠍ ᠪᠦᠳᠦᠭᠡᠭ᠌ᠰᠡᠨ᠎ᠨᠢ ᠭᠠᠭ᠍ᠴᠠ ᠮᠢᠨᠤᠬᠢ ᠪᠢᠰᠢ ᠤᠶᠤᠨ ᠰᠠᠨᠠᠭᠠᠨ᠎ᠤ ᠰᠠᠨᠠᠭ᠎ᠠ ᠠᠬᠤᠢ ᠪᠣᠯᠤᠨ ᠬᠢᠵᠦ᠍ ᠪᠦᠳᠦᠭᠡᠬᠦ᠌᠎ᠳᠤ ᠪᠢ ᠵᠠᠪᠠᠯ ᠤᠷᠤᠯᠴᠠᠬᠤ ᠬᠠᠷᠢᠭᠤᠴᠠᠯᠭ᠎ᠠ ᠡᠭᠦᠷᠭᠡᠯᠡᠯ᠎ᠲᠠᠢ ᠪᠠᠢᠵᠦ᠍᠂ ᠱᠢᠨ᠎ᠡ ᠴᠠᠭ ᠦᠶ᠎ᠡ᠎ᠶ᠋ᠢᠨ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠶᠠᠨ ᠵᠠᠮ ᠳᠡᠭᠡᠷ᠎ᠡ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠳᠡᠢ᠃

(ᠰᠦᠨ ᠵᠢᠶᠧ ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠤᠬᠡ ᠨᠠᠮ᠎ᠤᠨ ᠪᠠᠢᠭᠤᠯᠤᠯᠳᠠ᠎ᠶ᠋ᠢᠨ ᠵᠢᠭᠠᠬᠤ᠎ᠶ᠋ᠢ ᠰᠤᠳᠤᠯᠬᠤ ᠬᠡᠯᠳᠡᠰ᠎ᠤᠨ ᠡᠷᠬᠢᠯᠡᠭ᠌ᠴᠢ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号