ᠮᠣᠩᠭᠤᠯ ᠮᠣᠷᠢᠨ᠎ᠤ ᠵᠣᠷᠢᠭ ᠰᠠᠨᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠲᠡᠮᠡᠴᠡᠯ᠎ᠤᠨ ᠠᠤᠭ᠎ᠠ ᠬᠦᠴᠦᠨ᠎ᠢ ᠨᠢᠭ᠍ᠲᠠᠷᠠᠭᠤᠯᠤᠶ᠎ᠠ
2020-07-26 10:13:18
ᠵᠣᠬᠢᠶᠠᠭ᠍ᠴᠢ᠄
ᠭᠤᠤ ᠱᠢᠶᠤᠤ ᠲᠤᠤ
ᠣᠩᠱᠢᠭ᠍ᠰᠠᠨ ᠣᠳᠠᠭ᠎ᠠ᠄
★★★☆☆

ᠬᠦᠴᠢᠷ ᠪᠡᠷᠬᠡ᠎ᠶ᠋ᠢ ᠲᠡᠰᠪᠦᠷᠢᠯᠡᠵᠦ᠍᠂ ᠴᠤᠴᠠᠯᠳᠠ ᠦᠭᠡᠢ ᠤᠷᠤᠭ᠍ᠰᠢᠯᠠᠵᠤ᠂ ᠵᠤᠷᠢᠬ᠍ᠰᠠᠨ᠎ᠳᠠᠭᠠᠨ ᠬᠦᠷᠬᠦ᠌ ᠦᠭᠡᠢ ᠪᠣᠯ ᠶᠠᠭᠠᠬᠢᠭ᠍ᠰᠠᠨ ᠴᠤ᠌ ᠵᠣᠭ᠍ᠰᠣᠬᠤ ᠦᠭᠡᠢ᠎ᠪᠠᠷ ᠭᠤᠣᠯ ᠠᠭᠤᠯᠬᠤᠨ ᠪᠤᠯᠭᠠᠬ᠍ᠰᠠᠨ ᠮᠣᠩᠭᠤᠯ ᠮᠣᠷᠢᠨ᠎ᠤ ᠵᠣᠷᠢᠭ ᠰᠠᠨᠠᠭ᠎ᠠ᠎ᠨᠢ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠦᠨᠳᠦᠰᠦᠲᠡᠨ᠎ᠤ ᠱᠢᠯᠢᠳᠡᠭ ᠤᠯᠠᠮᠵᠢᠯᠠᠯᠲᠤ ᠰᠣᠶᠣᠯ᠎ᠳᠤ ᠭᠦᠨ ᠦᠨᠳᠦᠰᠦᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠯ᠎ᠠ ᠨᠤᠲᠤᠭ᠎ᠤᠨ ᠬᠥᠪᠡᠭᠦᠳ ᠥᠬᠢᠳ᠎ᠢ ᠤᠳᠤᠷᠢᠳᠤᠨ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠭ᠌ᠰᠡᠨ ᠠᠭᠤᠤ ᠶᠡᠭᠡ ᠲᠡᠮᠡᠴᠡᠯ᠎ᠤᠨ ᠲᠡᠤᠬᠡᠨ ᠶᠠᠪᠤᠴᠠ᠎ᠳᠤ ᠳᠡᠯᠭᠡᠷᠡᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠬᠢᠭ᠌ᠰᠡᠨ ᠠᠭᠤᠤ ᠶᠡᠭᠡ ᠨᠡᠢᠭᠡᠮ᠎ᠤᠨ ᠦᠶᠯᠡᠳᠦᠯᠭᠡ᠎ᠳᠤ ᠠᠭᠤᠰᠤᠨ ᠬᠦᠭ᠌ᠵᠢᠵᠤ᠂ ᠥᠪᠥᠷ ᠮᠣᠩᠭᠤᠯ᠎ᠤᠨ ᠲᠠᠰᠤᠷᠠᠯᠲᠠ ᠦᠭᠡᠢ ᠢᠯᠠᠯᠲᠠ᠎ᠠᠴᠠ ᠢᠯᠠᠯᠲᠠ ᠲᠡᠢᠰᠢ ᠤᠷᠤᠭ᠍ᠰᠢᠯᠠᠵᠤ᠂ ᠭᠡᠷᠡᠯ ᠰᠠᠴᠤᠷᠠᠩᠭᠤᠢ ᠠᠮᠵᠢᠯᠲᠠ ᠣᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠬᠤ᠎ᠳᠤ ᠳᠣᠲᠣᠭᠠᠳᠤ ᠬᠥᠳᠡᠯᠭᠡᠬᠦ᠌ ᠬᠦᠴᠦᠨ ᠪᠤᠯᠤᠬ᠍ᠰᠠᠨ ᠶᠤᠮ᠃ ᠱᠢᠨ᠎ᠡ ᠴᠠᠭ ᠣᠢᠶ᠎ᠠ᠎ᠳᠤ ᠮᠣᠩᠭᠤᠯ ᠮᠣᠷᠢᠨ᠎ᠤ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠴᠢᠬᠤᠯᠠ ᠥᠷᠲᠡᠭ ᠪᠠ ᠯᠤᠲᠤ ᠶᠡᠭᠡ ᠢᠳᠡᠪᠬᠢ ᠬᠦᠴᠦᠨ᠎ᠢ ᠭᠦᠨᠵᠡᠭᠡᠶ ᠠᠭᠤᠳᠠᠯᠬᠤ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠮᠠᠨ᠎ᠤ ᠣᠷᠣᠨ᠎ᠳᠤ ᠲᠠᠯᠪᠢᠵᠤ ᠪᠠᠢᠭ᠎ᠠ ᠴᠢᠩ ᠰᠡᠳᠭᠢᠯ᠎ᠤᠨ ᠬᠠᠯᠠᠮᠵᠢᠯᠠᠯ ᠪᠠ ᠡᠷᠬᠢᠮ ᠨᠠᠨᠳᠢᠨ ᠨᠠᠢᠳᠠᠯᠭ᠎ᠠ᠎ᠳᠤ ᠰᠠᠭᠤᠷᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠠ ᠤᠯᠤᠰ᠎ᠤᠨ ᠮᠠᠨ᠎ᠤ ᠣᠷᠣᠨ᠎ᠤ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠪᠠ ᠪᠠᠢᠯᠳᠤᠬᠤ ᠪᠣᠳᠣᠯᠭ᠎ᠠ᠎ᠶ᠋ᠢᠨ ᠪᠣᠳᠣᠯᠬᠢᠯᠠᠯ᠎ᠳᠤ ᠰᠠᠭᠤᠷᠢᠯᠠᠵᠤ᠂ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠰᠠᠭᠤᠷᠢᠯᠠᠵᠤ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ 2500 ᠭᠠᠷᠤᠢ ᠲᠦᠮᠡᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠬᠠᠮᠲᠤ᠎ᠪᠠᠷ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠵᠤ᠂ ᠱᠢᠨ᠎ᠡ ᠠᠮᠵᠢᠯᠲᠠ ᠪᠦᠲᠦᠮᠵᠢ ᠡᠭᠦᠳᠬᠦ᠌᠎ᠶ᠋ᠢ ᠲᠠᠰᠤᠷᠠᠯᠲᠠ ᠦᠭᠡᠢ ᠤᠷᠮᠠᠱᠢᠭᠤᠯᠤᠨ ᠵᠣᠷᠢᠭ᠍ᠵᠢᠭᠤᠯᠵᠤ ᠪᠠᠢᠨ᠎ᠠ᠃

ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠦᠨ᠎ᠡ᠃ ᠬᠦᠴᠢᠷ ᠪᠡᠷᠬᠡ᠎ᠶ᠋ᠢ ᠲᠡᠰᠪᠦᠷᠢᠯᠡᠵᠦ᠍᠂ ᠲᠡᠰᠪᠦᠷᠢ ᠬᠠᠲᠠᠭᠤᠵᠢᠯᠲᠠᠶ ᠲᠡᠮᠡᠴᠡᠬᠦ᠌ ᠪᠤᠯ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠱᠢᠯᠢᠳᠡᠭ ᠵᠠᠩ ᠴᠢᠨᠠᠷ ᠪᠠ ᠣᠶᠤᠨ ᠰᠠᠨᠠᠭᠠᠨ᠎ᠤ ᠤᠭ ᠦᠩᠭᠡ ᠪᠠᠢᠵᠤ᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠬᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠣᠯᠭᠠᠨ ᠪᠥᠲᠥᠭᠡᠨ ᠪᠠᠢᠭᠤᠯᠬᠤ᠎ᠶ᠋ᠢᠨ ᠪᠠᠷᠠᠭ᠍ᠳᠠᠰᠢ ᠥᠬᠡᠶ ᠬᠥᠳᠡᠯᠭᠡᠬᠦ᠌ ᠬᠦᠴᠦᠨ ᠮᠥᠨ᠃ ᠶᠡᠷᠦᠩᠬᠡᠶ ᠱᠦᠵᠢ ᠰᠢ᠎ᠶ᠋ᠢᠨ ᠫᠢᠩ᠄ 《ᠮᠠᠨ᠎ᠤ ᠤᠯᠤᠰ ᠬᠥᠭ᠌ᠵᠢᠭᠡᠳ ᠶᠠᠮᠠᠷ ᠬᠡᠮᠵᠢᠶᠡᠨ᠎ᠳᠤ ᠬᠦᠷᠦᠭ᠌ᠰᠡᠨ ᠴᠦ᠍᠂ ᠠᠷᠠᠳ᠎ᠤᠨ ᠠᠮᠢᠳᠤᠷᠠᠯ ᠶᠠᠮᠠᠷ ᠬᠡᠮᠵᠢᠶᠡᠨ᠎ᠳᠤ ᠬᠦᠷᠲᠡᠯ᠎ᠡ ᠰᠠᠢᠵᠢᠷᠠᠭ᠍ᠰᠠᠨ ᠴᠤ᠌ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠪᠤᠷᠤᠬ᠍ᠵᠢᠭᠤᠨ ᠠᠷᠪᠢᠯᠠᠨ ᠭᠠᠮᠨᠠᠬᠤ ᠦᠵᠡᠯ ᠰᠠᠨᠠᠭ᠎ᠠ᠎ᠪᠠᠨ ᠬᠡᠵᠢᠶᠡᠳᠡ ᠤᠷᠬᠢᠵᠦ᠍ ᠪᠣᠯᠬᠤ ᠤᠢ᠍ᠭᠡᠢ᠃ ᠲᠡᠰᠪᠦᠷᠢ ᠬᠠᠲᠠᠭᠤᠵᠢᠯᠲᠠᠶ ᠲᠡᠮᠡᠴᠡᠵᠦ᠍᠂ ᠠᠵᠢᠯᠴᠢ ᠪᠤᠷᠤᠬ᠍ᠵᠢᠭᠤᠨ ᠠᠷᠪᠢᠯᠠᠨ ᠭᠠᠮᠨᠠᠬᠤ ᠪᠤᠯ ᠪᠢᠳᠡᠨ᠎ᠤ ᠬᠥᠭ᠌ᠵᠢᠨ ᠪᠤᠵᠠᠭᠠᠢᠷᠠᠬᠤ᠎ᠶ᠋ᠢᠨ ᠴᠢᠬᠤᠯᠠ ᠪᠠᠲᠤᠯᠠᠭ᠎ᠠ ᠪᠣᠯᠬᠤ ᠪᠦ᠍ᠬᠡᠳ ᠪᠠᠰᠠ ᠴᠤ᠌ ᠪᠢᠳᠡᠨ᠎ᠤ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠳᠠᠬᠢᠨᠲᠠ ᠭᠡᠷᠡᠯ ᠰᠠᠴᠤᠷᠠᠩᠭᠤᠶ ᠠᠮᠵᠢᠯᠲᠠ ᠣᠯᠬᠤ᠎ᠶ᠋ᠢᠨ ᠴᠢᠬᠤᠯᠠ ᠪᠠᠲᠤᠯᠠᠭ᠎ᠠ ᠪᠣᠯᠤᠨ᠎ᠠ》 ᠭᠡᠪᠡ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠢ ᠠᠬᠢᠭᠤᠯᠬᠤ ᠠᠭᠤᠤ ᠶᠡᠭᠡ ᠠᠶᠠᠨ᠎ᠳᠤ ᠥᠪᠥᠷ ᠮᠣᠩᠭᠤᠯ᠎ᠤᠨ ᠠᠵᠤ ᠠᠬᠤᠶ ᠨᠡᠢᠭᠡᠮ᠎ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠬᠤ ᠳᠤᠮᠳᠠ ᠪᠠᠰᠠ ᠡᠯ᠎ᠡ ᠵᠦᠶᠯ᠎ᠤᠨ ᠬᠦᠴᠢᠷ ᠵᠣᠪᠠᠯᠠᠩ ᠪᠠ ᠨᠤᠭᠤᠷᠠᠯ ᠪᠦᠳᠦᠷᠢᠯ᠎ᠳᠤ ᠲᠤᠯᠭᠠᠷᠠᠵᠤ᠂ ᠪᠠᠰᠠ ᠴᠥᠭᠡᠨ ᠪᠤᠰᠤ ᠳᠡᠪᠡᠨ ᠱᠢᠪᠳᠤᠯᠬᠤ 《ᠯᠧᠦ ᠱᠠᠨ ᠭᠤᠸᠠᠨ ᠪᠣᠭᠤᠮᠲᠠ》᠂ 《ᠯᠠ ᠽᠢ ᠺᠸᠦ ᠬᠠᠪᠴᠢᠯ》 ᠪᠠᠢᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠭ᠍ᠲᠠᠭᠠᠭ᠍ᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮᠲᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠬᠤ ᠶᠠᠪᠤᠴᠠ᠎ᠳᠤ ᠪᠠᠰᠠ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠨᠡᠢᠴᠡᠬᠦ᠌ ᠦᠭᠡᠢ ᠬᠠᠭᠤᠴᠢᠨ ᠦᠵᠡᠯ ᠰᠠᠨᠠᠭ᠎ᠠ ᠦᠵᠡᠯᠲᠡ ᠤᠢ᠍ᠢᠯᠠᠭᠠᠬ᠍ᠳᠠᠬᠤᠨ ᠪᠠ ᠪᠠᠢᠭᠤᠯᠤᠯ ᠲᠣᠭ᠍ᠲᠠᠴᠠ᠎ᠶ᠋ᠢᠨ ᠬᠡᠮ ᠰᠣᠭᠤᠭ ᠵᠢᠴᠢ ᠠᠱᠢᠭ ᠲᠤᠰᠠ᠎ᠶ᠋ᠢᠨ ᠲᠣᠭ᠍ᠲᠠᠪᠤᠷᠢᠵᠢᠭ᠍ᠰᠠᠨ ᠬᠠᠯᠬᠠᠪᠴᠢ᠎ᠨᠢ ᠪᠢᠳᠡᠨ᠎ᠤ ᠱᠢᠪᠲᠤᠯᠬᠤ᠎ᠶ᠋ᠢ ᠬᠦᠯᠢᠶᠡᠵᠦ᠍ ᠪᠠᠢᠨ᠎ᠠ᠃ ᠡᠭᠦᠨ᠎ᠳᠤ ᠪᠢᠳᠡ ᠲᠡᠰᠪᠦᠷᠢ ᠬᠠᠲᠠᠭᠤᠵᠢᠯᠲᠠᠶ ᠲᠡᠮᠡᠴᠡᠬᠦ᠌ ᠣᠪᠣᠷ ᠰᠤᠷᠲᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠦᠷᠭᠦᠯᠵᠢᠯᠡᠨ ᠲᠡᠮᠡᠴᠡᠬᠦ᠌ ᠣᠪᠣᠷ ᠪᠠᠢᠳᠠᠯ᠎ᠢᠶᠠᠨ ᠪᠠᠲᠤᠯᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠬᠦ᠌ ᠴᠢᠬᠤᠯᠠᠲᠠᠶ ᠪᠠᠢᠨ᠎ᠠ᠃

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠡᠷᠴᠢ ᠵᠣᠷᠢᠭ᠎ᠢᠶᠠᠨ ᠬᠥᠭ᠌ᠵᠢᠭᠡᠵᠦ᠍᠂ ᠢᠷᠡᠭᠡᠳᠦᠢ᠎ᠪᠠᠨ ᠲᠡᠮᠡᠴᠡᠨ ᠤᠯᠬᠤ ᠢᠲᠡᠭᠡᠯ ᠪᠢᠱᠢᠷᠡᠯ ᠪᠠ ᠰᠥᠰᠥ᠍ ᠵᠣᠷᠢᠭ᠎ᠢ ᠪᠠᠲᠤᠳᠭᠠᠨ᠎ᠠ᠃ 《ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠵᠦ᠍ ᠪᠠᠢᠭ᠎ᠠ᠎ᠶ᠋ᠢᠨ ᠦᠨᠳᠦᠰᠦᠨ ᠵᠣᠷᠢᠯᠭ᠎ᠠ᠎ᠨᠢ ᠳᠠᠷᠤᠶ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠂ ᠬᠡᠳᠦᠶ ᠶᠡᠭᠡ ᠥᠷᠢᠰᠥᠯᠳᠦᠭᠡᠨ ᠪᠠ ᠳᠠᠷᠤᠯᠲᠠ ᠲᠤᠯᠭᠠᠷᠠᠵᠦ᠍᠂ ᠬᠡᠳᠦᠶ ᠶᠡᠭᠡ ᠦᠷᠡᠭ᠌ᠳᠡᠯ ᠰᠦᠶᠳᠦᠯ ᠭᠠᠷᠭᠠᠭ᠍ᠰᠠᠨ ᠴᠤ᠌ ᠡᠨᠡ ᠲᠠᠯ᠎ᠠ᠎ᠨᠢ ᠢᠮᠠᠭ᠍ᠲᠠ ᠬᠤᠪᠢᠷᠠᠰᠢ ᠦᠭᠡᠢ᠂ ᠥᠴᠦᠬᠡᠨ ᠴᠦ᠍ ᠭᠤᠢᠪᠢᠰᠢ ᠦᠭᠡᠢ ᠶᠤᠮ》᠃ 2020 ᠣᠨ ᠪᠣᠯ ᠶᠡᠷᠦ᠍ ᠪᠤᠰᠤ᠎ᠶ᠋ᠢᠨ ᠨᠢᠭᠡ ᠵᠢᠯ ᠮᠥᠨ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨ᠎ᠤ ᠢᠯᠠᠯᠳᠠ᠎ᠶ᠋ᠢ ᠤᠯᠬᠤ ᠵᠡᠷᠭᠡ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠦᠬᠦ᠌ ᠲᠠᠯ᠎ᠠ᠎ᠪᠠᠷ ᠢᠯᠠᠯᠲᠠ ᠤᠯᠬᠤ ᠭᠡᠵᠦ᠍ ᠪᠠᠢᠭ᠎ᠠ ᠰᠡᠬᠦᠯ ᠬᠤᠷᠢᠶᠠᠬᠤ ᠵᠢᠯ ᠪᠣᠯᠬᠤ ᠮᠥᠷᠲᠡᠭᠡᠨ ᠪᠠᠰᠠ ᠴᠤ᠌ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠤᠬᠡᠨ ᠠᠭᠤᠯᠵᠠᠷ᠎ᠤᠨ ᠵᠢᠯ ᠪᠣᠯᠬᠤ ᠶᠤᠮ᠃ ᠡᠭᠦᠨ᠎ᠤ ᠬᠠᠮᠲᠤ ᠪᠠᠰᠠ ᠴᠦ᠍ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ ᠠᠵᠤ ᠠᠬᠤᠶ ᠨᠡᠢᠭᠡᠮ᠎ᠳᠤ ᠵᠠᠢᠯᠠᠰᠢ ᠦᠭᠡᠢ ᠨᠡᠯᠢᠶᠡᠳ ᠶᠡᠭᠡ ᠳᠠᠭᠠᠷᠢᠯᠲᠠ ᠪᠣᠯᠤᠭ᠍ᠰᠠᠨ ᠶᠡᠷᠦ᠍ ᠪᠤᠰᠤ᠎ᠶ᠋ᠢᠨ ᠵᠢᠯ ᠪᠣᠯᠤᠨ᠎ᠠ᠃ ᠶᠡᠷᠦ᠍ ᠪᠤᠰᠤ᠎ᠶ᠋ᠢᠨ ᠵᠢᠯ᠎ᠳᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠬᠦᠯᠬᠦ᠌ ᠠᠵᠢᠯ᠎ᠢ ᠰᠠᠢᠲᠤᠷ ᠬᠢᠵᠦ᠍᠂ ᠬᠢᠮᠤᠷᠠᠯ᠎ᠤᠨ ᠳᠤᠮᠳᠠ ᠱᠢᠨ᠎ᠡ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠨᠡᠭᠡᠭᠡᠬᠦ᠌᠎ᠪᠠᠷ ᠴᠢᠷᠮᠠᠢᠬᠤ᠎ᠳᠤ ᠴᠤᠴᠠᠯᠲᠠ ᠦᠭᠡᠢ ᠤᠷᠤᠭ᠍ᠰᠢᠯᠠᠬᠤ᠂ ᠬᠦᠴᠦᠯᠡᠨ ᠴᠢᠷᠮᠠᠢᠬᠤ ᠡᠷᠡᠰ ᠬᠠᠲᠠᠭᠤ ᠵᠣᠷᠢᠭ ᠪᠠ ᠣᠮᠤᠭ ᠵᠣᠷᠢᠭ ᠨᠡᠩ ᠱᠠᠭᠠᠷᠳᠠᠭ᠍ᠳᠠᠨ᠎ᠠ᠃ ᠶᠡᠷᠦ᠍ ᠪᠤᠰᠤ᠎ᠶ᠋ᠢᠨ ᠵᠢᠯ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠬᠤ ᠱᠢᠢᠳᠪᠦᠷᠢᠲᠦ ᠢᠯᠠᠯᠲᠠ᠎ᠶ᠋ᠢ ᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠳᠤ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠬᠤ ᠬᠡᠷᠡᠭ᠌ᠲᠡᠢ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠲᠣᠭ᠍ᠲᠠᠭᠤᠨ ᠪᠠᠢᠯᠭᠠᠬᠤ ᠪᠥᠭᠡᠳ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠠᠱᠢᠭ ᠦᠭᠡᠢ ᠨᠥᠯᠥᠭᠡ᠎ᠶ᠋ᠢ ᠡᠷᠡᠰ ᠢᠯᠠᠨ ᠳᠠᠪᠠᠨ᠎ᠠ᠂ ᠡᠳᠡᠭᠡᠷ᠎ᠨᠢ ᠴᠦᠮ ᠪᠢᠳᠡᠨ᠎ᠢ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠦ᠍᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠱᠢᠨ᠎ᠡ ᠴᠠᠭ ᠦᠶ᠎ᠡ᠎ᠳᠤ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠡᠷᠴᠢ ᠵᠣᠷᠢᠭ ᠪᠣᠯᠤᠨ ᠬᠦᠴᠦᠯᠡᠨ ᠴᠢᠷᠮᠠᠢᠬᠤ ᠡᠷᠴᠢ ᠵᠣᠷᠢᠭ᠎ᠢ ᠬᠥᠭ᠌ᠵᠢᠭᠡᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠲᠡᠮᠡᠴᠡᠯ᠎ᠢᠶᠠᠷ ᠢᠷᠡᠭᠡᠳᠦᠢ᠎ᠶ᠋ᠢ ᠲᠡᠮᠡᠴᠡᠨ ᠤᠯᠬᠤ ᠢᠲᠡᠭᠡᠯ ᠵᠣᠷᠢᠭ᠎ᠢ ᠪᠠᠲᠤᠳᠭᠠᠬᠤ᠎ᠶ᠋ᠢ ᠱᠠᠭᠠᠷᠳᠠᠵᠦ᠍ ᠪᠠᠢᠨ᠎ᠠ᠃

ᠲᠡᠰᠪᠦᠷᠢ ᠬᠠᠲᠠᠭᠤᠵᠢᠯᠲᠠᠶ ᠲᠡᠮᠡᠴᠡᠬᠦ᠂ ᠡᠷᠡᠯᠬᠡᠭ᠌ᠯᠡᠨ ᠤᠷᠤᠬ᠍ᠰᠢᠯᠠᠵᠤ ᠬᠠᠷᠢᠭᠤᠴᠠᠯᠭ᠎ᠠ ᠡᠭᠦᠷᠭᠡᠯᠡᠬᠦ᠌ ᠡᠷᠡᠰ ᠬᠠᠲᠠᠭᠤ ᠵᠣᠷᠢᠭ ᠰᠠᠨᠠᠭ᠎ᠠ᠎ᠪᠠᠨ ᠪᠠᠲᠤᠳᠭᠠᠵᠤ᠂ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠬᠦᠴᠢᠷ᠎ᠢ ᠰᠦᠷᠦᠨ ᠤᠷᠤᠭ᠍ᠰᠢᠯᠠᠬᠤ ᠲᠡᠮᠡᠴᠡᠯ᠎ᠤᠨ ᠵᠣᠷᠢᠭ ᠰᠠᠨᠠᠭ᠎ᠠ᠎ᠪᠠᠨ ᠪᠠᠷᠢᠮᠲᠠᠯᠠᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠪᠠᠢᠳᠠᠯ᠎ᠤᠨ ᠳᠤᠮᠳᠠ ᠮᠠᠰᠢ ᠣᠯᠠᠨ ᠱᠢᠨ᠎ᠡ ᠪᠠᠢᠳᠠᠯ ᠱᠢᠨ᠎ᠡ ᠠᠰᠠᠭᠤᠳᠠᠯ ᠱᠢᠨ᠎ᠡ ᠥᠷᠢᠰᠥᠯᠳᠦᠭᠡᠨ ᠭᠠᠷᠴᠤ᠌ ᠢᠷᠡᠵᠦ᠍ ᠪᠠᠢᠨ᠎ᠠ᠂ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠨᠢ ᠠᠷᠠᠳ ᠤᠯᠠᠨ᠎ᠤ ᠪᠡᠶ᠎ᠡ ᠮᠠᠬᠠᠪᠣᠳ ᠡᠳ᠋ ᠬᠦᠷᠦᠩᠭᠡ᠎ᠶ᠋ᠢᠨ ᠠᠮᠤᠷ ᠲᠦᠪᠱᠢᠨ᠎ᠳᠤ ᠯᠤᠲᠤ ᠶᠡᠭᠡ ᠰᠦᠷᠳᠡᠭᠦᠯᠦᠯ ᠤᠴᠠᠷᠠᠭᠤᠯᠬᠤ᠎ᠶ᠋ᠢᠨ ᠬᠠᠮᠲᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠢᠷᠡᠭᠡᠳᠦᠶ᠎ᠳᠤ ᠴᠦ᠍ ᠱᠢᠨ᠎ᠡ ᠬᠤᠪᠢᠷᠠᠯᠲᠠ ᠭᠠᠷᠭᠠᠵᠠᠢ᠃ ᠬᠦᠨᠳᠦ ᠬᠡᠴᠡᠭᠦᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠳᠠᠷᠤᠯᠲᠠ᠎ᠶ᠋ᠢᠨ ᠡᠮᠦᠨ᠎ᠡ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠪᠤᠳᠤᠯᠢᠶᠠᠨᠲᠠᠶ ᠪᠠᠢᠳᠠᠯ᠎ᠢ ᠡᠷᠬᠡᠱᠢᠶᠡᠬᠦ᠂ ᠪᠤᠳᠤᠯᠢᠶᠠᠨᠲᠠᠶ ᠠᠰᠠᠭᠤᠳᠠᠯ᠎ᠢ ᠱᠢᠶᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠪᠦᠬᠦ᠌ ᠲᠠᠯ᠎ᠠ᠎ᠶ᠋ᠢᠨ ᠬᠤᠪᠢᠰᠤᠩᠭᠤᠶ ᠠᠯᠤᠰ ᠬᠡᠳᠦ᠎ᠶ᠋ᠢᠨ ᠬᠠᠷᠠᠴᠠ᠎ᠪᠠᠷ ᠠᠵᠤ ᠠᠬᠤᠶ᠎ᠶ᠋ᠢᠨ ᠪᠠᠢᠳᠠᠯ᠎ᠢ ᠵᠠᠳᠠᠯᠬᠤ᠎ᠶ᠋ᠢ ᠪᠠᠷᠢᠮᠲᠠᠯᠠᠬᠤ ᠬᠡᠷᠡᠭ᠌ᠲᠡᠶ᠂ ᠬᠢᠮᠤᠷᠠᠯ᠎ᠨᠢ ᠱᠢᠨ᠎ᠡ ᠠᠵᠠ ᠲᠣᠬᠢᠶᠠᠯ᠎ᠢ ᠪᠤᠢ ᠪᠣᠯᠭᠠᠵᠤ᠂ ᠮᠠᠨ᠎ᠤ ᠤᠯᠤᠰ᠎ᠤᠨ ᠠᠵᠤ ᠠᠬᠤᠶ ᠲᠣᠭ᠍ᠲᠠᠭᠤᠨ ᠪᠠᠢᠬᠤ᠎ᠶ᠋ᠢᠨ ᠵᠡᠷᠭᠡ᠎ᠪᠠᠷ ᠰᠠᠢᠵᠢᠷᠠᠵᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠬᠠᠰᠠᠨ ᠦᠭᠡᠢ ᠭᠡᠳᠡᠭ᠎ᠢ ᠤᠯᠵᠦ᠍ ᠲᠠᠨᠢᠬᠤ ᠭᠡᠷᠡᠭ᠌ᠳᠠᠢ; ᠬᠢᠮᠤᠷᠠᠯ᠎ᠢ ᠠᠷᠭᠠᠴᠠᠭᠠᠬᠤ ᠳᠤᠮᠳᠠ ᠠᠵᠢᠯ᠎ᠤᠨ ᠰᠠᠨᠠᠭᠠᠴᠢᠯᠠᠭᠠᠲᠤ ᠡᠷᠬᠡ᠎ᠶ᠋ᠢ ᠡᠵᠡᠮᠱᠢᠵᠦ᠍᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠳᠠᠢᠨ᠎ᠢ ᠰᠠᠢᠲᠤᠷ ᠬᠢᠵᠦ᠍᠂ ᠴᠢᠬᠤᠯᠠ ᠪᠦᠬᠦᠢ ᠠᠴᠢ ᠲᠤᠰᠠᠳᠠᠢ ᠠᠷᠭ᠎ᠠ ᠬᠡᠮᠵᠢᠶ᠎ᠡ ᠠᠪᠴᠤ᠌᠂ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠪᠠᠢᠷᠢᠱᠢᠭᠤᠯᠤᠯᠳᠠ᠎ᠶ᠋ᠢ ᠰᠠᠢᠳᠤᠷ ᠬᠢᠨ᠎ᠡ; ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠨ᠂ ᠠᠷᠠᠳ ᠲᠦᠮᠡᠨ᠎ᠳᠤ ᠨᠢᠭ᠍ᠳᠠ ᠲᠦᠱᠢᠭ᠌ᠯᠡᠨ᠂ ᠠᠷᠠᠳ ᠲᠦᠮᠡᠨ᠎ᠳᠤ ᠲᠠᠰᠤᠷᠠᠯᠲᠠ ᠤᠢ᠍ᠭᠡᠢ ᠪᠤᠶᠠᠨ ᠦᠶᠯᠡᠳᠴᠦ᠍᠂ ᠠᠷᠠᠳ ᠲᠦᠮᠡᠨ᠎ᠤ ᠳᠤᠮᠳᠠ ᠪᠠᠲᠤ ᠦᠨᠳᠦᠰᠦᠯᠡᠵᠦ᠍᠂ ᠠᠷᠠᠳ ᠲᠦᠮᠡᠨ᠎ᠤ ᠤᠶᠤᠨ ᠤᠬᠠᠭᠠᠨ ᠪᠠ ᠬᠦᠴᠦᠨ ᠴᠢᠳᠠᠯ᠎ᠢ ᠨᠠᠮ ᠪᠠ ᠠᠷᠠᠳ ᠲᠦᠮᠡᠨ᠎ᠤ ᠦᠢᠯᠡᠰ᠎ᠲᠤ ᠨᠡᠩ ᠰᠠᠢᠲᠤᠷ ᠨᠢᠭ᠍ᠲᠠᠷᠠᠭᠤᠯᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ ᠬᠡᠷᠡᠭ᠌ᠲᠡᠶ; ᠨᠠᠮ᠎ᠤᠨ ᠥᠪᠡᠷ᠎ᠤᠨ ᠬᠤᠪᠢᠰᠭᠠᠯ᠎ᠢᠶᠠᠷ ᠨᠡᠢᠭᠡᠮ᠎ᠤᠨ ᠬᠤᠪᠢᠰᠭᠠᠯ᠎ᠢ ᠲᠠᠰᠤᠷᠠᠯᠲᠠ ᠦᠭᠡᠢ ᠠᠬᠢᠭᠤᠯᠵᠤ᠂ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠪᠠᠷᠢᠯᠳᠤᠯᠭ᠎ᠠ᠎ᠪᠠᠨ ᠡᠭᠦᠷᠢᠳᠡ ᠬᠠᠳᠠᠭᠠᠯᠠᠨ᠎ᠠ᠃ ᠡᠳᠡᠭᠡᠷ᠎ᠨᠢ ᠴᠥᠮ ᠪᠢᠳᠡᠨ᠎ᠢ 《ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠤᠭ᠍ᠳᠤ ᠪᠤᠴᠠᠬᠤ ᠦᠭᠡᠢ》 ᠢᠲᠡᠭᠡᠯ ᠵᠤᠷᠢᠭ ᠪᠠ ᠰᠥᠰᠥ᠍ ᠵᠣᠷᠢᠭ᠎ᠲᠠᠢ ᠪᠠᠢᠬᠤ᠎ᠶ᠋ᠢ ᠱᠠᠭᠠᠷᠳᠠᠵᠤ᠂ ᠴᠦᠮ ᠪᠢᠳᠡᠨ᠎ᠤ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠦ᠍᠂ ᠲᠡᠰᠪᠦᠷᠢ ᠬᠠᠲᠠᠭᠤᠵᠢᠯᠲᠠᠶ ᠲᠡᠮᠡᠴᠡᠬᠦ᠂ ᠡᠷᠡᠯᠬᠡᠭ᠌ᠯᠡᠨ ᠲᠡᠮᠡᠴᠡᠵᠦ᠍ ᠬᠠᠷᠢᠭᠤᠴᠠᠯᠭ᠎ᠠ ᠡᠭᠦᠷᠭᠡᠯᠡᠬᠦ᠌ ᠡᠷᠡᠰ ᠬᠠᠲᠠᠭᠤ ᠵᠣᠷᠢᠭ ᠰᠠᠨᠠᠭ᠎ᠠ᠎ᠪᠠᠨ ᠪᠠᠲᠤᠳᠭᠠᠵᠤ᠂ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠬᠦᠴᠢᠷ᠎ᠢ ᠰᠦᠷᠦᠨ ᠤᠷᠤᠭ᠍ᠰᠢᠯᠠᠬᠤ ᠲᠡᠮᠡᠴᠡᠯ᠎ᠤᠨ ᠵᠣᠷᠢᠭ ᠰᠠᠨᠠᠭ᠎ᠠ᠎ᠪᠠᠨ ᠪᠠᠷᠢᠮᠲᠠᠯᠠᠬᠤ᠎ᠶ᠋ᠢ ᠱᠠᠭᠠᠷᠳᠠᠵᠦ᠍ ᠪᠠᠢᠨ᠎ᠠ᠃

ᠥᠪᠥᠷ ᠮᠣᠩᠭᠤᠯ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠨ᠎ᠡ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠨᠠᠮ ᠪᠣᠯᠤᠨ ᠤᠯᠤᠰ᠎ᠠᠴᠠ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠦᠮᠡᠨ ᠠᠷᠠᠳ ᠰᠡᠳᠭᠢᠯ ᠨᠢᠭᠡᠳᠴᠦ᠍᠂ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠦᠷᠡᠭ᠌ᠳᠡᠯ ᠰᠦᠶᠳᠦᠯ᠎ᠠᠴᠠ ᠠᠶᠤᠬᠤ ᠦᠭᠡᠢ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠬᠤᠯᠠ ᠶᠡᠭᠡ ᠢᠯᠠᠯᠲᠠ ᠣᠯᠤᠭ᠍ᠰᠠᠨ᠎ᠨᠢ ᠮᠣᠩᠭᠤᠯ ᠮᠣᠷᠢᠨ᠎ᠤ ᠵᠣᠷᠢᠭ ᠰᠠᠨᠠᠭᠠᠨ᠎ᠤ ᠲᠤᠬᠠᠶ ᠬᠠᠮᠤᠭ᠎ᠤᠨ ᠰᠠᠢᠨ ᠲᠠᠢᠯᠪᠤᠷᠢᠯᠠᠯᠲᠠ ᠪᠣᠯᠤᠨ᠎ᠠ᠂ ᠳᠤᠮᠳᠠᠳᠤ ᠤᠯᠤᠰ᠎ᠤᠨ ᠦᠯᠢᠬᠡᠷ᠎ᠢ ᠰᠠᠢᠲᠤᠷ ᠶᠠᠷᠢᠬᠤ ᠴᠢᠬᠤᠯᠠ ᠡᠬᠢ ᠪᠠᠶᠠᠯᠢᠭ ᠮᠥᠨ᠂ ᠮᠦᠨ ᠴᠦ᠍ ᠥᠷᠥᠨᠡᠳᠠᠬᠢᠨ᠎ᠤ ᠵᠠᠷᠢᠮ ᠤᠯᠤᠰ ᠪᠣᠯᠤᠨ ᠥᠷᠥᠨᠡᠳᠠᠬᠢᠨ᠎ᠤ ᠵᠠᠭᠤᠴᠢᠯᠠᠭᠤᠷ᠎ᠤᠨ᠎ᠬᠢᠨ᠎ᠤ ᠬᠢᠵᠢᠭ᠎ᠤᠨ ᠪᠠᠢᠳᠠᠯ᠎ᠢ ᠠᠱᠢᠬ᠍ᠯᠠᠨ ᠦᠨᠡᠨ ᠬᠤᠳᠠᠯ᠎ᠢ ᠬᠤᠳᠭᠤᠯᠳᠤᠭᠤᠯᠤᠭ᠍ᠰᠠᠨ᠂ ᠳᠤᠮᠳᠠᠳᠤ ᠤᠯᠤᠰ᠎ᠤᠨ ᠨᠡᠷ᠎ᠡ ᠲᠦᠷᠦ᠎ᠶ᠋ᠢ ᠭᠤᠲᠤᠭᠠᠭ᠍ᠰᠠᠨ ᠮᠠᠭᠤ ᠨᠦᠯᠦᠭᠡ᠎ᠶ᠋ᠢ ᠠᠷᠢᠯᠭᠠᠬᠤ ᠬᠦᠴᠦᠲᠦ ᠵᠡᠪᠰᠡᠭ ᠮᠥᠨ᠃ ᠥᠪᠥᠷ ᠮᠣᠩᠭᠤᠯ ᠴᠤ᠌ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠢᠯᠠᠯᠲᠠ ᠣᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠍᠂ 2500 ᠭᠠᠷᠤᠶ ᠲᠦᠮᠡᠨ ᠲᠠᠯ᠎ᠠ ᠨᠤᠲᠤᠭ᠎ᠤᠨ ᠬᠥᠪᠡᠭᠦᠳ ᠥᠬᠢᠳ ᠠᠭᠤᠳᠠᠮ ᠪᠠᠭ᠍ᠲᠠᠭᠠᠮᠵᠢᠳᠦ ᠭᠤᠶᠠᠴᠢ ᠦᠭᠡᠢ ᠰᠡᠳᠭᠢᠯᠭᠡ ᠪᠣᠯᠤᠨ ᠰᠡᠳᠭᠢᠯ ᠬᠥᠳᠡᠯᠭᠡᠮ᠎ᠡ ᠪᠠᠭᠠᠲᠤᠷᠯᠢᠭ ᠦᠢᠯᠡ ᠠᠵᠢᠯᠯᠠᠭ᠎ᠠ᠎ᠪᠠᠷ ᠪᠦᠬᠦ᠌ ᠤᠯᠤᠰ᠎ᠤᠨ ᠠᠷᠠᠳ ᠲᠦᠮᠡᠨ ᠴᠢᠨᠠᠭ᠍ᠰᠢᠯᠠᠪᠠᠯ ᠪᠦᠬᠦ᠌ ᠳᠡᠯᠡᠬᠡᠶ᠎ᠶ᠋ᠢᠨ ᠠᠷᠠᠳ ᠲᠦᠮᠡᠨ᠎ᠳᠤ ᠶᠠᠮᠠᠷ᠎ᠨᠢ ᠰᠠᠶᠢ 《ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠨ᠂ ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠤᠭ᠍ᠳᠦ ᠪᠤᠴᠠᠬᠤ ᠦᠭᠡᠢ》 ᠮᠣᠩᠭᠤᠯ ᠮᠣᠷᠢᠨ᠎ᠤ ᠵᠣᠷᠢᠭ ᠰᠠᠨᠠᠭ᠎ᠠ ᠮᠦᠨ ᠭᠡᠳᠡᠭ᠎ᠢ ᠠᠮᠢᠳᠤᠯᠢᠭ᠎ᠢᠶᠠᠷ ᠵᠢᠷᠤᠭ᠍ᠯᠠᠨ ᠬᠠᠷᠠᠭᠤᠯᠪᠠ᠃ ᠱᠢᠨ᠎ᠡ ᠴᠠᠭ ᠣᠢᠶ᠎ᠠ᠎ᠳᠤ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠨᠢᠭᠡᠨ ᠴᠢᠬᠤᠯᠠ ᠬᠦᠴᠦᠯᠡᠬᠦ᠌ ᠴᠡᠭ ᠪᠠ ᠱᠢᠪᠲᠤᠯᠤᠯᠲᠠ᠎ᠶ᠋ᠢᠨ ᠴᠡᠭ᠎ᠨᠢ ᠳᠠᠷᠤᠢ ᠥᠪᠥᠷ ᠮᠣᠩᠭᠤᠯ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠰᠦᠷ ᠳᠠᠯᠠᠢᠴᠠᠲᠠᠢ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠬᠦ᠌ ᠪᠤᠯᠤᠨ᠎ᠠ᠃

( ᠭᠤᠤ ᠱᠢᠶᠤᠤ ᠲᠤᠤ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠳᠡᠳ᠋ ᠰᠤᠳᠤᠯᠤᠭ᠍ᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号