ᠨᠠᠮ᠎ᠤᠨ ᠰᠠᠭᠤᠷᠢ ᠠᠷᠠᠳ ᠲᠦᠮᠡᠨ᠎ᠳᠤ ᠪᠤᠢ᠂ ᠨᠠᠮ᠎ᠤᠨ ᠬᠦᠴᠦᠨ ᠠᠷᠠᠳ ᠲᠦᠮᠡᠨ᠎ᠳᠤ ᠪᠤᠢ᠃ ᠠᠯᠢᠪᠠ ᠪᠦᠬᠦᠨ ᠠᠷᠠᠳ ᠲᠦᠮᠡᠨ᠎ᠤ ᠲᠥᠯᠥᠭᠡ ᠪᠠᠢᠪᠠᠯ ᠠᠷᠠᠳ ᠲᠦᠮᠡᠨ᠎ᠤ ᠬᠦᠷᠢᠶᠡᠯᠡᠯ ᠪᠠ ᠳᠡᠮᠵᠢᠯᠭᠡ᠎ᠶ᠋ᠢ ᠣᠯᠵᠤ ᠴᠢᠳᠠᠨ᠎ᠠ; ᠠᠷᠠᠳ ᠲᠦᠮᠡᠨ᠎ᠳᠤ ᠨᠢᠬ᠍ᠲᠠ ᠲᠦᠱᠢᠭ᠌ᠯᠡᠪᠡᠯ ᠠᠯᠢᠪᠠ ᠪᠡᠷᠬᠡᠱᠢᠶᠡᠯ ᠪᠠ ᠦᠷᠢᠰᠦᠯᠲᠦᠭᠡᠨᠢ ᠢᠯᠠᠵᠤ ᠴᠢᠳᠠᠨ᠎ᠠ᠃
《ᠠᠷᠠᠳ ᠲᠦᠮᠡᠨ ᠪᠣᠯ ᠮᠠᠨ᠎ᠤ ᠨᠠᠮ᠎ᠤᠨ ᠲᠥᠷᠥ᠍ ᠪᠠᠷᠢᠬᠤ ᠬᠠᠮᠤᠭ᠎ᠤᠨ ᠶᠡᠭᠡ ᠦᠮᠦᠭ ᠲᠦᠱᠢᠭ ᠮᠥᠨ》 ᠭᠡᠵᠦ᠍ ᠴᠢᠬᠤᠯᠠᠴᠢᠯᠠᠵᠤ᠂ 《ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠬᠦᠯᠬᠦ᠌ ᠠᠵᠢᠯ᠎ᠢ ᠰᠠᠢᠲᠤᠷ ᠬᠢᠬᠦ᠌᠎ᠳᠤ᠂ ᠠᠷᠠᠳ ᠲᠦᠮᠡᠨ᠎ᠳᠤ ᠨᠢᠬ᠍ᠲᠠ ᠲᠦᠱᠢᠭ᠌ᠯᠡᠬᠦ᠌ ᠬᠡᠷᠡᠭ᠌ᠲᠡᠢ》 ᠬᠡᠵᠦ᠍ ᠵᠢᠭᠠᠵᠦ᠍ ᠭᠠᠷᠭᠠᠪᠠ ᠁ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠠᠷᠠᠳ ᠲᠦᠮᠡᠨ᠎ᠤ ᠠᠤᠭ᠎ᠠ ᠬᠦᠴᠦᠨ᠎ᠢ ᠭᠦᠨ ᠰᠡᠳᠭᠢᠯᠭᠡ᠎ᠪᠠᠷ ᠮᠠᠭ᠍ᠲᠠᠨ ᠰᠠᠢᠱᠢᠶᠠᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠢ ᠬᠠᠯᠠᠭᠤᠨ᠎ᠢᠶᠠᠷ ᠮᠠᠭ᠍ᠲᠠᠨ ᠳᠠᠭᠤᠯᠠᠪᠠ᠃ ᠠᠷᠠᠳ ᠲᠦᠮᠡᠨ ᠪᠣᠯ ᠮᠠᠨ᠎ᠤ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠮᠥᠨ᠂ ᠮᠠᠨ᠎ᠤ ᠪᠥᠬᠦᠳᠡ ᠨᠠᠢᠷᠠᠮᠳᠠᠬᠤ ᠤᠯᠤᠰ᠎ᠤᠨ ᠪᠠᠲᠤ ᠪᠠᠬᠢ ᠦᠨᠳᠦᠰᠦ ᠰᠠᠭᠤᠷᠢ ᠮᠥᠨ᠂ ᠮᠠᠨ᠎ᠤ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨ ᠦᠨᠳᠦᠰᠦᠨ ᠵᠦᠢᠯ ᠮᠥᠨ᠃
ᠳᠠᠯᠠᠢ᠎ᠶ᠋ᠢ ᠤᠷᠤᠰᠭᠠᠯ ᠤᠰᠤ ᠨᠢᠭᠡ ᠨᠢᠭᠡ ᠲᠤᠰᠤᠯ᠎ᠢᠶᠠᠷ ᠪᠦᠷᠢᠯᠳᠦᠭᠦᠯᠦᠭ᠌ᠰᠡᠨ ᠶᠤᠮ; ᠲᠤᠤᠯᠢᠰ᠎ᠢ ᠠᠷᠠᠳ ᠲᠦᠮᠡᠨ ᠨᠢᠭᠡ ᠨᠢᠭᠡ ᠊ᠦᠰᠦᠭᠢᠶᠠᠷ ᠪᠢᠴᠢᠭ᠌ᠯᠡᠭ᠌ᠰᠡᠨ ᠶᠤᠮ᠃ ᠦᠡᠭ᠌ᠭᠡᠷᠡᠭ᠌ᠰᠡᠨ᠎ᠢᠶᠠᠨ ᠡᠷᠭᠢᠴᠡᠭᠦᠯᠬᠦᠶ᠎ᠡ᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠤᠭᠤᠴᠠᠭ᠎ᠠ ᠪᠦᠷᠢ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠨᠢᠭᠡ᠎ᠳᠤ ᠶᠠᠳᠠᠭᠤ ᠬᠤᠶᠠᠷ᠎ᠲᠤ ᠬᠤᠭᠤᠰᠣᠨ᠂ ᠱᠢᠷᠬ᠎ᠠ ᠰᠣᠷᠪᠢ᠎ᠪᠠᠷ ᠳᠦᠭᠦᠷᠦᠭ᠌ᠰᠡᠨ ᠪᠠᠢᠲᠠᠯ᠎ᠠᠴᠠ᠂ ᠲᠡᠰᠪᠦᠷᠢ ᠬᠠᠲᠠᠭᠤᠵᠢᠯᠲᠠᠶ ᠲᠡᠮᠡᠴᠡᠵᠦ᠍᠂ ᠠᠯᠢ ᠤᠯᠠᠨ ᠰᠠᠭᠠᠳ᠎ᠢ ᠳᠠᠪᠠᠵᠤ᠂ ᠠᠯᠢ ᠤᠯᠠᠨ ᠢᠯᠠᠯᠲᠠ᠎ᠶ᠋ᠢ ᠣᠯᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠮᠵᠢᠯᠲᠠ ᠪᠦᠲᠦᠮᠵᠢ᠎ᠶ᠋ᠢ ᠡᠭᠦᠳᠪᠡ; ᠢᠷᠡᠭᠡᠳᠤᠢ᠎ᠪᠠᠨ ᠪᠠᠷᠠᠯᠠᠬᠤᠶ᠎ᠠ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠦᠨᠳᠦ ᠡᠭᠦᠷᠭᠡ ᠪᠢᠳᠡᠨ᠎ᠤ ᠪᠡᠶᠡᠯᠡᠭᠦᠯᠬᠦ᠌᠎ᠶ᠋ᠢ ᠬᠦᠯᠢᠶᠡᠵᠦ᠍ ᠪᠠᠢᠨ᠎ᠠ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠡᠭᠦᠷᠭᠡ ᠪᠢᠳᠡᠨ᠎ᠤ ᠪᠡᠶᠡᠯᠡᠬᠦᠯᠬᠦ᠌᠎ᠶ᠋ᠢ ᠬᠦᠯᠢᠶᠡᠵᠦ᠍ ᠪᠠᠢᠨ᠎ᠠ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠰᠡᠭᠦᠯ ᠬᠤᠷᠢᠶᠠᠬᠤ ᠪᠡᠷᠬᠡ ᠪᠣᠭᠤᠮᠲᠠ᠎ᠶ᠋ᠢ ᠪᠠᠰᠠ ᠱᠢᠪᠲᠤᠯᠬᠤ ᠴᠢᠬᠤᠯᠠᠲᠠᠢ ᠪᠠᠢᠨ᠎ᠠ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠌᠎ᠳᠤ ᠪᠠᠰᠠ ᠱᠢᠢᠳᠪᠦᠷᠢᠯᠡᠬᠦ᠌ ᠠᠰᠠᠭᠤᠳᠠᠯ ᠣᠷᠣᠱᠢᠵᠤ ᠪᠠᠢᠨ᠎ᠠ᠂ ᠪᠢᠳᠡ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠲᠠᠷᠠᠭᠤᠯᠤᠨ᠂ ᠠᠷᠠᠳ ᠣᠯᠠᠨ᠎ᠤ ᠢᠳᠡᠪᠬᠢᠵᠢᠯ ᠰᠠᠨᠠᠭᠠᠴᠢᠯᠠᠭᠠᠲᠤ ᠴᠢᠨᠠᠷ᠎ᠢ ᠳᠠᠢᠴᠢᠯᠠᠵᠤ᠂ ᠠᠷᠠᠳ ᠣᠯᠠᠨ᠎ᠤ ᠣᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠡᠤᠬᠡ᠎ᠶ᠋ᠢᠨ ᠱᠢᠨ᠎ᠡ ᠠᠭᠤᠤ ᠦᠢᠯᠡᠰ᠎ᠢ ᠬᠠᠮᠲᠤ᠎ᠪᠠᠷ ᠡᠭᠦᠳᠦᠨ ᠪᠦᠲᠦᠭᠡᠬᠦ᠌ ᠴᠢᠬᠤᠯᠠᠲᠠᠢ᠃
ᠬᠥᠮᠦᠨ᠎ᠤ ᠰᠡᠳᠭᠢᠯ᠎ᠠᠴᠠ ᠨᠡᠩ ᠪᠠᠲᠤ ᠰᠠᠭᠤᠷᠢ ᠭᠡᠵᠦ᠍ ᠪᠠᠢᠬᠤ ᠦᠭᠡᠢ᠂ ᠠᠷᠠᠳ ᠲᠦᠮᠡᠨ᠎ᠠᠴᠠ ᠨᠡᠩ ᠬᠦᠴᠦᠷᠬᠡᠭ ᠬᠦᠴᠦᠨ ᠭᠡᠵᠦ᠍ ᠪᠠᠢᠬᠤ ᠦᠭᠡᠢ᠃ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠢᠴᠡᠭᠦᠯᠦᠨ᠂ ᠠᠷᠠᠳ ᠲᠦᠮᠡᠨ᠎ᠤ ᠠᠤᠭ᠎ᠠ ᠬᠦᠴᠦᠨ᠎ᠢ ᠬᠥᠭ᠌ᠵᠢᠭᠡᠵᠦ᠍᠂ ᠠᠷᠠᠳ ᠲᠦᠮᠡᠨ᠎ᠤ ᠡᠷᠴᠢ ᠵᠣᠷᠢᠭ᠎ᠢ ᠪᠠᠳᠠᠷᠠᠭᠤᠯᠪᠠᠯ ᠶᠠᠮᠠᠷᠪᠠ ᠬᠦᠴᠢᠷ ᠪᠡᠷᠬᠡᠱᠢᠶᠡᠯ ᠪᠢᠳᠡᠨ᠎ᠤ ᠡᠷᠡᠯᠬᠡᠭ᠌ᠯᠡᠨ ᠤᠷᠤᠭ᠍ᠰᠢᠯᠠᠬᠤ ᠠᠶᠠᠨ ᠵᠠᠮ᠎ᠢ ᠬᠤᠷᠢᠭ᠍ᠯᠠᠵᠤ ᠴᠢᠳᠠᠬᠤ ᠦᠭᠡᠢ᠂ ᠶᠠᠮᠠᠷ ᠴᠤ᠌ ᠬᠦᠴᠦᠨ ᠪᠢᠲᠡᠨ᠎ᠤ ᠤᠷᠤᠭ᠍ᠰᠢᠯᠠᠬᠤ ᠠᠯᠬᠤᠭ᠎ᠠ᠎ᠶ᠋ᠢ ᠤᠳᠠᠭᠠᠱᠢᠷᠠᠭᠤᠯᠵᠤ ᠴᠢᠳᠠᠬᠤ ᠦᠭᠡᠢ ᠶᠤᠮ᠃