ᠲᠦᠷᠥ᠎ᠶ᠋ᠢᠨ ᠪᠣᠳᠣᠯᠭ᠎ᠠ᠎ᠶ᠋ᠢᠨ ᠬᠦᠴᠦᠲᠦ ᠳᠡᠮᠵᠢᠯᠭᠡ᠎ᠪᠠᠷ ᠤᠯᠠᠮᠵᠢᠯᠠᠯᠲᠤ ᠴᠠᠭᠠᠨ ᠢᠳᠡᠭᠡᠨ᠎ᠤ ᠠᠵᠦ᠍ ᠦᠢᠯᠡᠰ ᠬᠦᠭ᠌ᠵᠢᠯᠲᠡ᠎ᠶ᠋ᠢᠨ ᠲᠦᠷᠭᠡᠨ ᠵᠠᠮ᠎ᠳᠤ ᠣᠷᠣᠯ᠎ᠠ ᠮᠠᠨ᠎ᠤ ᠤᠷᠤᠨ᠎ᠤ ᠤᠯᠠᠮᠵᠢᠯᠠᠯᠳᠤ ᠴᠠᠭᠠᠨ ᠢᠳᠡᠭᠡᠨ᠎ᠤ ᠵᠢᠯ᠎ᠤᠨ ᠦᠢᠯᠡᠳᠬᠦᠨ᠎ᠤ ᠦᠷᠳᠡᠭ 6 ᠳ᠋ᠦᠩᠱᠢᠭᠤᠷ ᠲᠦᠬᠦᠷᠢᠭ᠎ᠢ ᠲᠠᠪᠠᠪᠠ
2020-07-27 10:12:28
ᠵᠣᠬᠢᠶᠠᠭ᠍ᠴᠢ᠄
ᠬᠠᠢ ᠴᠢᠤᠧᠠᠨ ᠬᠠᠢᠷᠬᠠᠨ
ᠣᠩᠱᠢᠭ᠍ᠰᠠᠨ ᠣᠳᠠᠭ᠎ᠠ᠄
★★★☆☆

ᠦᠩᠬᠡ᠎ᠶ᠋ᠢᠨ ᠲᠡᠷᠯᠢᠭ᠎ᠢᠶᠠᠷ ᠭᠤᠶᠤᠯᠠᠬ᠍ᠰᠠᠨ ᠠᠷᠪᠠᠭᠠᠳ ᠮᠠᠯᠴᠢᠨ᠎ᠤ ᠨᠤᠳᠤᠬ ᠤᠰᠤ᠎ᠠᠴᠠ᠎ᠪᠠᠨ ᠠᠪᠴᠢᠷᠠᠭ᠍ᠰᠠᠨ ᠬᠤᠷᠤᠳ᠂ ᠦᠷᠤᠮ᠎ᠠ ᠵᠡᠷᠬᠡ ᠴᠠᠭᠠᠨ ᠢᠳᠡᠭᠡᠨ᠎ᠤᠳ ᠰᠤᠨᠢᠨ ᠮᠡᠳᠡᠭᠡ ᠨᠡᠢᠳᠡᠯᠡᠬᠦ᠌ ᠬᠤᠷᠠᠯ᠎ᠤᠨ ᠠᠬᠤᠢ ᠲᠠᠯᠠᠪᠠᠢ᠎ᠶ᠋ᠢᠨ ᠤᠨᠴᠠᠭᠠᠢ ᠨᠢᠬᠡ ᠦᠵᠡᠮᠦᠷᠢ ᠪᠤᠯᠵᠦ᠍᠂ ᠬᠤᠷᠠᠬ᠍ᠰᠠᠨ ᠤᠯᠠᠨ᠎ᠤ ᠬᠠᠷᠠᠭ᠎ᠠ᠎ᠶ᠋ᠢ ᠪᠤᠯᠢᠶᠠᠨ᠎ᠠ᠃ 《ᠦᠪᠡᠷᠳᠡᠭᠡᠨ ᠵᠠᠰᠠᠬᠤ ᠤᠷᠤᠨ᠎ᠠᠴᠠ ᠬᠡᠷᠡᠭ᠌ᠵᠢᠭᠦᠯᠵᠦ᠍ ᠪᠠᠢᠭ᠎ᠠ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠢ ᠬᠦᠭ᠌ᠵᠢᠬᠦᠯᠬᠦ᠌ ᠲᠦᠷᠦ᠎ᠶ᠋ᠢᠨ ᠪᠤᠳᠤᠯᠭ᠎ᠠ᠎ᠨᠢ ᠮᠠᠨᠤᠰ᠎ᠤᠨ ᠤᠯᠠᠮᠵᠢᠯᠠᠯᠳᠤ ᠴᠠᠭᠠᠨ ᠢᠳᠡᠭᠡᠨ᠎ᠢᠶᠠᠨ ᠨᠡᠩ ᠰᠠᠢᠨ ᠬᠢᠬᠦ᠌᠎ᠳᠤ ᠮᠠᠰᠢ ᠶᠡᠭᠡ ᠲᠤᠰᠠ ᠵᠤᠷᠢᠬ᠍ᠵᠢᠭᠤᠯᠤᠯ ᠪᠤᠯᠵᠦ᠍᠂ ᠢᠳᠡᠬᠡᠯ ᠵᠤᠷᠢᠭ᠎ᠢ ᠤᠯᠠᠮ ᠬᠦᠪᠴᠢᠯᠡᠯ᠎ᠠ》 ᠬᠡᠵᠤ ᠰᠤᠨᠢᠨ ᠮᠡᠳᠡᠭᠡ ᠨᠡᠢᠳᠡᠯᠡᠬᠦ᠌ ᠬᠤᠷᠠᠯ᠎ᠳᠤ ᠤᠷᠤᠯᠴᠠᠭ᠍ᠰᠠᠨ ᠡᠷᠬᠢᠮᠪᠠᠶᠠᠷ ᠪᠠᠶᠡᠷᠳᠡᠢ ᠶᠠᠷᠢᠨ᠎ᠠ᠃ ᠱᠢᠯᠤᠭᠤᠨ ᠬᠦᠬᠡ ᠬᠤᠱᠢᠭᠤᠨ᠎ᠳᠤ ᠨᠤᠳᠤᠬ᠎ᠲᠠᠢ ᠮᠠᠯᠴᠢᠨ ᠡᠷᠬᠢᠮᠪᠠᠶᠠᠷ ᠪᠤᠯ ᠦᠪᠦᠷ ᠮᠤᠩᠭᠤᠯ᠎ᠤᠨ ᠰᠦ᠎ᠲᠠᠢ ᠴᠠᠭᠠᠨ ᠢᠳᠡᠭᠡᠨ᠎ᠤ ᠳᠡᠯᠭᠡᠭᠦᠷ᠎ᠤᠨ ᠡᠵᠡᠨ᠂ ᠤᠳᠤ ᠪᠤᠳᠠᠳᠤ ᠳᠡᠯᠭᠡᠭᠦᠷ᠎ᠠᠴᠠ᠎ᠪᠠᠨ ᠭᠠᠳᠠᠨ᠎ᠠ ᠵᠢᠷᠭᠢᠶ᠎ᠡ᠂ ᠴᠤᠤᠷᠢᠶ᠎ᠠ᠂ ᠪᠤᠱᠢᠭᠤ ᠭᠠᠷ᠎ᠢ ᠠᠱᠢᠬ᠍ᠯᠠᠵᠤ ᠴᠠᠭᠠᠨ ᠢᠳᠡᠭᠡᠨ᠎ᠢᠶᠠᠨ ᠪᠤᠷᠤᠯᠠᠭᠤᠯᠤᠭᠠᠳ ᠵᠢᠯ᠎ᠤᠨ 100 ᠭᠠᠷᠤᠢ ᠲᠦᠮᠡᠨ ᠲᠦᠭᠦᠷᠢᠭ᠎ᠤᠨ ᠤᠷᠤᠯᠭ᠎ᠠ ᠤᠯᠵᠤ᠂ ᠭᠠᠨᠵᠤᠭ᠎ᠠ ᠰᠠᠢᠳᠠᠢ ᠬᠢᠯᠠᠷᠠᠭᠤᠯᠵᠤ ᠶᠠᠪᠤᠨ᠎ᠠ᠃

ᠡᠷᠬᠢᠮᠪᠠᠶᠠᠷ ᠪᠤᠯ ᠮᠠᠨ᠎ᠤ ᠤᠷᠤᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠤ ᠦᠢᠯᠡᠰ᠎ᠤᠨ ᠦᠷᠨᠢᠬᠦᠨ ᠬᠦᠭ᠌ᠵᠢᠯᠳᠡ᠎ᠠᠴᠠ ᠠᠱᠢᠬ ᠬᠦᠷᠳᠡᠭ᠌ᠰᠡᠨ ᠦᠢ ᠤᠯᠠᠨ ᠬᠦᠮᠦᠨ᠎ᠤ ᠨᠢᠬᠡ᠎ᠨᠢ ᠶᠤᠮ᠃ ᠲᠦᠷᠦᠬᠦᠬᠡᠨ ᠶᠠᠪᠤᠬ᠍ᠳᠠᠬ᠍ᠰᠠᠨ ᠦᠪᠡᠷᠳᠡᠭᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠬᠡᠷ᠎ᠤᠨ ᠰᠤᠨᠢᠨ ᠮᠡᠳᠡᠭᠡ ᠨᠡᠢᠳᠡᠯᠡᠬᠦ᠌ ᠬᠤᠷᠠᠯ᠎ᠠᠴᠠ ᠤᠢ᠍ᠢᠯᠠᠭᠠᠬ᠍ᠰᠠᠨ᠎ᠢᠶᠠᠷ᠂ ᠮᠠᠨ᠎ᠤ ᠤᠷᠤᠨ ᠤᠯᠠᠮᠵᠢᠯᠠᠯᠳᠤ ᠴᠠᠭᠠᠨ ᠢᠳᠡᠭᠡᠨ᠎ᠤ ᠲᠦᠬᠦᠬᠡᠢ ᠰᠦ᠎ᠶ᠋ᠢᠨ ᠢᠷᠡᠯᠳᠡ ᠬᠦᠢᠴᠡᠳ ᠦᠬᠡᠢ᠂ ᠡᠳ᠋ᠱᠢᠬᠦᠯᠦᠨ ᠪᠤᠯᠪᠠᠰᠤᠷᠠᠭᠤᠯᠬᠤ ᠲᠦᠪᠱᠢᠨ ᠦᠨᠳᠦᠷ ᠪᠤᠰᠤ᠂ ᠲᠦᠷᠦᠯ ᠲᠡᠮᠳᠡᠭ᠎ᠤᠨ ᠠᠯᠳᠠᠷᠱᠢᠯ ᠪᠠᠷᠤᠬ᠍ᠳᠠᠢ ᠵᠡᠷᠬᠡ ᠪᠠᠢᠳᠠᠯ᠎ᠢ ᠴᠢᠷᠮᠠᠢᠨ ᠬᠤᠪᠢᠷᠠᠭᠤᠯᠵᠦ᠍᠂ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠶᠡᠭᠡ ᠬᠦᠴᠦ᠍ ᠤᠷᠤᠭᠤᠯᠤᠨ ᠢᠳᠡᠪᠬᠢᠳᠡᠢ ᠠᠬᠢᠭᠤᠯᠵᠦ᠍᠂ ᠤᠳᠤ ᠪᠦᠬᠦ᠌ ᠤᠷᠤᠨ᠎ᠳᠤ ᠢᠳᠡᠭᠡᠨ᠎ᠤ ᠦᠢᠯᠡᠳᠪᠤᠷᠢᠯᠡᠯ᠎ᠤᠨ ᠵᠦᠪᠱᠢᠶᠡᠷᠡᠯ᠎ᠤᠨ ᠦᠨᠡᠮᠯᠡᠯ᠎ᠲᠠᠢ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ ᠡᠳ᠋ᠱᠢᠬᠦᠯᠦᠨ ᠪᠤᠯᠪᠠᠰᠤᠷᠠᠭᠤᠯᠬᠤ ᠠᠵᠦ᠍ ᠠᠬᠤᠢ᠍ᠢᠯᠠᠯ 16᠂ ᠲᠠᠩᠰᠠᠯᠠᠭᠤᠯᠤᠬ᠍ᠰᠠᠨ ᠴᠠᠭᠠᠨ ᠢᠳᠡᠭᠡᠨ᠎ᠤ ᠦᠢᠯᠡᠳᠭᠡᠯ᠎ᠤᠨ ᠭᠠᠵᠠᠷ 746 ᠪᠤᠯᠵᠦ᠍᠂ ᠲᠤᠮᠳᠠᠴᠢ᠎ᠪᠠᠷ ᠡᠳᠦᠷ ᠪᠦᠷᠢ 393 ᠭᠠᠷᠤᠢ ᠲᠤᠨ ᠲᠦᠬᠦᠬᠡᠢ ᠰᠦ ᠡᠳ᠋ᠱᠢᠬᠦᠯᠦᠨ ᠪᠤᠯᠪᠠᠰᠤᠷᠠᠭᠤᠯᠵᠦ᠍᠂ ᠵᠢᠯ᠎ᠤᠨ ᠦᠢᠯᠡᠳᠬᠦᠨ᠎ᠤ ᠦᠷᠳᠡᠭ᠎ᠨᠢ 6.07 ᠳ᠋ᠦᠩᠱᠢᠭᠤᠷ ᠲᠦᠬᠦᠷᠢᠭ᠎ᠲᠤ ᠬᠦᠷᠴᠤ᠌᠂ 2000 ᠱᠢᠬᠠᠮ ᠬᠦᠮᠦᠨ᠎ᠳᠤ ᠠᠵᠢᠯ ᠤᠯᠭᠤᠬ᠍ᠰᠠᠨ ᠪᠠᠢᠨ᠎ᠠ᠃

ᠦᠪᠡᠷᠮᠢᠴᠡ ᠤᠨᠴᠠᠭᠠᠢ ᠪᠠᠢᠭᠠᠯᠢ᠎ᠶ᠋ᠢᠨ ᠨᠦᠬᠦᠴᠡᠯ ᠪᠠ ᠦᠪ ᠵᠤᠵᠠᠭᠠᠨ ᠦᠨᠳᠦᠰᠦᠳᠡᠨ᠎ᠤ ᠰᠤᠶᠤᠯ ᠪᠤᠯ ᠮᠠᠨ᠎ᠤ ᠤᠷᠤᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠤ ᠦᠢᠯᠡᠰ᠎ᠤᠨ ᠬᠦᠭ᠌ᠵᠢᠯᠳᠡ᠎ᠶ᠋ᠢᠨ ᠠᠨᠢᠰᠤ ᠮᠦᠨ᠃ ᠦᠪᠡᠷᠳᠡᠭᠡᠨ ᠵᠠᠰᠠᠬᠤ ᠤᠷᠤᠨ᠎ᠠᠴᠠ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠲᠡᠬᠡᠳᠤ ᠬᠡᠮᠵᠢᠶ᠎ᠠ᠎ᠪᠠᠷ ᠴᠢᠬᠤᠯᠠᠴᠢᠯᠠᠵᠦ᠍᠂ ᠨᠢᠳᠤᠨᠤᠨ᠎ᠤ 12 ᠰᠠᠷ᠎ᠠ᠎ᠳᠤ ᠦᠪᠡᠷᠳᠡᠭᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠠᠴᠠ 《ᠪᠦᠬᠦ᠌ ᠤᠷᠤᠨ᠎ᠤ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠠᠷᠭ᠎ᠠ ᠬᠡᠮᠵᠢᠶ᠎ᠠ᠎ᠨᠦᠭᠦᠳ᠎ᠤᠨ ᠲᠤᠬᠠᠢ ᠮᠡᠳᠡᠭ᠌ᠳᠡᠯ》 ᠎ᠢ ᠲᠠᠷᠤᠮᠠᠯᠯᠠᠨ ᠲᠠᠷᠬᠠᠭᠠᠵᠦ᠍᠂ 《ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠲᠤᠰᠭᠠᠢ ᠲᠦᠷᠦᠯ᠎ᠤᠨ ᠠᠵᠢᠯᠯᠠᠭᠠᠨ᠎ᠤ ᠲᠦᠰᠦᠯ》 ᠲᠤᠭ᠍ᠳᠠᠭᠠᠨ᠂ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠠᠷᠪᠠᠨ ᠵᠤᠷᠪᠤᠰ ᠪᠤᠳᠠᠳᠠᠢ ᠠᠷᠭ᠎ᠠ ᠬᠡᠮᠵᠢᠶ᠎ᠠ᠎ᠶ᠋ᠢ ᠬᠡᠷᠡᠭ᠌ᠵᠢᠬᠦᠯᠵᠤ᠂ ᠲᠦᠷᠦ᠎ᠶ᠋ᠢᠨ ᠪᠤᠳᠤᠯᠭ᠎ᠠ᠎ᠶ᠋ᠢᠨ ᠲᠡᠮᠵᠢᠯᠬᠡ᠎ᠶ᠋ᠢᠨ ᠡᠷᠴᠢᠮ᠎ᠢᠶᠠᠨ ᠤᠷᠢᠳᠤ ᠭᠠᠷᠤᠭ᠎ᠠ ᠦᠬᠡᠢ ᠴᠢᠩᠭᠠᠷᠠᠭᠤᠯᠤᠭ᠍ᠰᠠᠨ ᠪᠠᠢᠨ᠎ᠠ᠃ ᠤᠳᠤᠬᠠᠨ᠎ᠳᠤ ᠦᠪᠡᠷᠳᠡᠭᠡᠨ ᠵᠠᠰᠠᠬᠤ ᠤᠷᠤᠨ᠎ᠠᠴᠠ ᠬᠤᠷᠤᠳ᠂ ᠦᠷᠦᠮ᠎ᠠ᠂ ᠴᠡᠭᠡ᠂ ᠴᠤᠷ᠎ᠠ᠂ ᠪᠢᠱᠢᠯᠠᠬ᠂ ᠠᠭᠠᠷᠤᠤᠯ᠂ ᠵᠦᠬᠡᠬᠡᠢ 7 ᠵᠦᠢᠯ᠎ᠤᠨ ᠤᠯᠠᠮᠵᠢᠯᠠᠯᠳᠤ ᠴᠠᠭᠠᠨ ᠢᠳᠡᠭᠡᠨ᠎ᠳᠤ ᠨᠢᠬᠡᠨᠳᠡ ᠠᠮᠤᠷ ᠲᠦᠪᠱᠢᠨ᠎ᠤ ᠤᠷᠤᠨ ᠨᠤᠳᠤᠬ᠎ᠤᠨ ᠪᠠᠷᠢᠮᠵᠢᠶ᠎ᠠ ᠲᠤᠭ᠍ᠳᠠᠭᠠᠪᠠ᠃

ᠡᠨᠡ ᠵᠢᠯ ᠦᠪᠡᠷᠳᠡᠭᠡᠨ ᠵᠠᠰᠠᠬᠤ ᠤᠷᠤᠨ᠎ᠠᠴᠠ ᠲᠤᠮᠳᠠ ᠪᠠᠭ᠎ᠠ ᠬᠡᠪᠴᠢᠶᠡᠵᠢᠯ᠎ᠲᠠᠢ ᠰᠠᠭᠠᠯᠢ᠎ᠶ᠋ᠢᠨ ᠦᠨᠢᠶᠡᠨ᠎ᠤ ᠲᠡᠵᠢᠬᠡᠪᠦᠷᠢ᠎ᠶ᠋ᠢᠨ ᠲᠠᠯᠠᠪᠠᠢ᠎ᠶ᠋ᠢ ᠦᠬᠡᠷᠡᠴᠢᠯᠡᠨ ᠪᠠᠢᠭᠤᠯᠬᠤ ᠪᠡᠯᠡ ᠮᠦᠩᠬᠦ᠌᠎ᠶ᠋ᠢ 2 ᠳ᠋ᠦᠩᠱᠢᠭᠤᠷ ᠲᠦᠬᠦᠷᠢᠭ ᠲᠤᠬᠢᠷᠠᠭᠤᠯᠵᠦ᠍᠂ ᠮᠠᠯᠵᠢᠬᠤ ᠤᠷᠤᠨ᠎ᠤ ᠰᠦ ᠮᠢᠬᠠᠨ᠎ᠤ ᠭᠠᠷᠤᠯᠳᠠ᠎ᠶ᠋ᠢ ᠬᠤᠤᠰᠯᠠᠭᠤᠯᠤᠬ᠍ᠰᠠᠨ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠪᠤᠯᠤᠨ ᠲᠤᠰᠭᠠᠢ ᠬᠤᠷᠱᠢᠶ᠎ᠠ᠎ᠶ᠋ᠢ ᠭᠤᠤᠯᠳᠠᠯᠭ᠎ᠠ᠎ᠲᠠᠢ ᠲᠡᠮᠵᠢᠵᠦ᠍᠂ ᠤᠨᠴᠠᠭᠠᠢᠯᠠᠨ ᠱᠢᠯᠢ᠎ᠶ᠋ᠢᠨ ᠭᠤᠤᠯ ᠠᠢᠮᠠᠬ ᠪᠠ ᠬᠦᠯᠦᠨ ᠪᠤᠢᠷ ᠬᠤᠳᠠ᠎ᠶ᠋ᠢᠨ ᠰᠦ ᠮᠢᠬ᠎ᠠ᠎ᠶ᠋ᠢᠨ ᠬᠤᠤᠰ ᠬᠡᠷᠡᠭ᠌ᠴᠡᠭᠡ᠎ᠲᠠᠢ ᠱᠢᠮᠧᠨ᠋ᠳᠠᠷ ᠦᠬᠡᠷ ᠪᠤᠯᠤᠨ ᠭᠤᠷᠪᠠᠨ ᠭᠤᠤᠯ᠎ᠤᠨ ᠦᠬᠡᠷ᠎ᠢ ᠲᠤᠬᠢᠷᠠᠮᠵᠢᠳᠠᠢ᠎ᠪᠠᠷ ᠬᠡᠪᠴᠢᠶᠡᠵᠢᠬᠦᠯᠦᠨ ᠲᠡᠵᠢᠬᠡᠬᠦ᠌᠎ᠶ᠋ᠢ ᠠᠬᠢᠭᠤᠯᠵᠤ᠂ ᠤᠯᠠᠮᠵᠢᠯᠠᠯᠳᠤ ᠴᠠᠭᠠᠨ ᠢᠳᠡᠭᠡᠨ ᠡᠳ᠋ᠱᠢᠬᠦᠯᠦᠨ ᠪᠤᠯᠪᠠᠰᠤᠷᠠᠭᠤᠯᠬᠤ᠎ᠳᠤ ᠰᠦ᠎ᠶ᠋ᠢᠨ ᠢᠷᠡᠯᠳᠡ ᠬᠦᠷᠦᠯᠴᠡᠬᠦ᠌ ᠦᠬᠡᠢ ᠠᠰᠠᠭᠤᠳᠠᠯ᠎ᠢ ᠬᠦᠴᠦᠯᠡᠨ ᠱᠢᠢᠳᠪᠦᠷᠢᠯᠡᠵᠤ ᠪᠤᠢ; ᠤᠯᠠᠮᠵᠢᠯᠠᠯᠳᠤ ᠴᠠᠭᠠᠨ ᠢᠳᠡᠭᠡᠨ ᠡᠳ᠋ᠱᠢᠬᠦᠯᠦᠨ ᠪᠤᠯᠪᠠᠰᠤᠷᠠᠭᠤᠯᠬᠤ ᠦᠢᠯᠡᠳᠪᠦᠷᠢ ᠪᠤᠯᠤᠨ ᠦᠢᠯᠡᠳᠭᠡᠯ᠎ᠤᠨ ᠭᠠᠵᠠᠷ᠎ᠤᠨ ᠰᠦ᠎ᠶ᠋ᠢᠨ ᠢᠷᠡᠯᠳᠡ᠎ᠶ᠋ᠢᠨ ᠰᠠᠭᠤᠷᠢᠨ᠎ᠢ ᠪᠦᠲᠦᠬᠡᠨ ᠪᠠᠢᠭᠤᠯᠬᠤ᠎ᠶ᠋ᠢ ᠲᠡᠮᠵᠢᠵᠦ᠍᠂ ᠤᠯᠠᠮᠵᠢᠯᠠᠯᠳᠤ ᠴᠠᠭᠠᠨ ᠢᠳᠡᠭᠡᠨ ᠡᠳ᠋ᠱᠢᠬᠦᠯᠦᠨ ᠪᠤᠯᠪᠠᠰᠤᠷᠠᠭᠤᠯᠬᠤ ᠬᠦᠷᠢᠶᠡᠯᠡᠩ ᠲᠤᠭᠤᠷᠢᠬ ᠪᠦᠲᠦᠬᠡᠨ ᠪᠠᠢᠭᠤᠯᠬᠤ᠎ᠶ᠋ᠢ ᠵᠤᠷᠢᠬ᠍ᠵᠢᠭᠤᠯᠤᠨ᠂ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠠᠬᠤᠢ᠍ᠢᠯᠠᠯ᠎ᠤᠳ᠎ᠢ ᠲᠠᠢᠴᠢᠯᠠᠨ ᠬᠦᠷᠢᠶᠡᠯᠡᠩ ᠲᠤᠭᠤᠷᠢᠬ᠎ᠲᠤ ᠨᠤᠳᠤᠬ᠍ᠰᠢᠭᠤᠯᠵᠦ᠍ ᠪᠠᠢᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠪᠠᠰᠠ 3000 ᠲᠦᠮᠡᠨ ᠲᠦᠬᠦᠷᠢᠭ᠎ᠤᠨ ᠲᠤᠰᠭᠠᠢ ᠪᠡᠯᠡ ᠮᠦᠩᠬᠦ᠌ ᠲᠤᠬᠢᠷᠠᠭᠤᠯᠤᠨ᠂ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ 100 ᠦᠢᠯᠡᠳᠭᠡᠯ᠎ᠤᠨ ᠭᠠᠵᠠᠷ᠎ᠢ ᠪᠠᠷᠢᠮᠵᠢᠶᠠᠵᠢᠭᠤᠯᠵᠦ᠍ ᠲᠡᠰ ᠲᠡᠪᠱᠢᠬᠦᠯᠦᠨ ᠦᠬᠡᠷᠡᠴᠢᠯᠠᠨ ᠪᠠᠢᠭᠤᠯᠬᠤ᠎ᠶ᠋ᠢ ᠲᠡᠮᠵᠢᠵᠦ᠍᠂ ᠱᠢᠯᠢ᠎ᠶ᠋ᠢᠨ ᠭᠤᠤᠯ᠎ᠤᠨ ᠠᠭᠠᠷᠤᠤᠯ᠎ᠤᠨ ᠤᠷᠤᠨ ᠪᠦᠰᠡ᠎ᠶ᠋ᠢᠨ ᠲᠦᠷᠦᠯ ᠲᠡᠮᠳᠡᠭ᠎ᠢ ᠴᠤᠬ᠍ᠴᠠᠯᠠᠬᠤ ᠠᠵᠢᠯ᠎ᠢ ᠢᠳᠡᠪᠬᠢᠳᠡᠢ ᠠᠬᠢᠭᠤᠯᠵᠦ᠍᠂ ᠱᠢᠯᠢ᠎ᠶ᠋ᠢᠨ ᠭᠤᠤᠯ᠎ᠤᠨ ᠴᠠᠭᠠᠨ ᠢᠳᠡᠭᠡᠨ᠎ᠢᠶᠠᠷ ᠭᠤᠤᠯᠯᠠᠬ᠍ᠰᠠᠨ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠲᠦᠷᠦᠯ ᠲᠡᠮᠳᠡᠭ᠎ᠤᠨ ᠨᠦᠯᠦᠬᠡᠯᠡᠬᠦ᠌ ᠬᠦᠴᠦᠨ᠎ᠢ ᠴᠢᠩᠭᠠᠳᠭᠠᠬᠤ᠎ᠪᠠᠷ ᠬᠦᠴᠦᠯᠡᠨ ᠴᠢᠷᠮᠠᠢᠵᠦ᠍ ᠪᠠᠢᠨ᠎ᠠ᠃ ᠪᠡᠯᠡ ᠮᠦᠩᠬᠦ᠌᠎ᠶ᠋ᠢᠨ ᠲᠠᠯ᠎ᠠ᠎ᠪᠠᠷ ᠴᠦ᠍ ᠬᠦᠴᠦᠨ ᠪᠦᠬᠦᠢ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ ᠠᠪᠴᠦ᠍᠂ ᠨᠦᠬᠦᠴᠡᠯ᠎ᠳᠤ ᠨᠡᠢᠴᠡᠬᠦ᠌ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠦ᠍ ᠠᠬᠤᠢ᠍ᠢᠯᠠᠯ ᠪᠠ ᠲᠦᠷᠦᠯ ᠵᠦᠢᠯ᠎ᠳᠤ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠂ ᠮᠡᠷᠬᠡᠵᠢᠯ᠎ᠤᠨ ᠦᠬᠡᠷᠡᠴᠢᠯᠡᠯᠳᠡ ᠬᠢᠵᠦ᠍ ᠲᠡᠰ ᠲᠡᠪᠱᠢᠬᠦᠯᠬᠦ᠂ ᠪᠤᠬᠢᠷᠳᠤᠯ ᠦᠬᠡᠢ ᠦᠢᠯᠡᠳᠭᠡᠯ᠂ ᠤᠶᠤᠨᠴᠢ ᠦᠢᠯᠡᠳᠭᠡᠯ ᠵᠡᠷᠬᠡ ᠲᠠᠯ᠎ᠠ᠎ᠪᠠᠷ ᠪᠡᠯᠡ ᠮᠦᠩᠬᠦᠨ᠎ᠤ ᠲᠡᠮᠵᠢᠯᠬᠡ ᠦᠵᠡᠬᠦᠯᠵᠤ᠂ ᠨᠦᠬᠦᠴᠡᠯ᠎ᠳᠤ ᠨᠡᠢᠴᠡᠬᠦ᠌ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠲᠦᠷᠦᠯ ᠵᠦᠢᠯ᠎ᠳᠤ ᠬᠠᠪᠰᠤᠷᠤᠨ ᠲᠠᠭᠠᠭᠠᠬᠤ ᠵᠢᠬᠡᠯᠡᠯᠬᠡ᠎ᠶ᠋ᠢᠨ ᠪᠡᠯᠡ ᠬᠤᠷᠠᠮᠳᠤᠭᠤᠯᠬᠤ ᠦᠢᠯᠡᠴᠢᠯᠡᠬᠡᠨ᠎ᠤ ᠲᠡᠮᠵᠢᠯᠬᠡ ᠦᠵᠡᠬᠦᠯᠬᠦ᠌ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号