ᠠᠷᠪᠠᠨ ᠲᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ ᠲᠠᠯ᠎ᠠ ᠨᠣᠲᠤᠭ᠎ᠤᠨ ᠡᠭᠦᠯᠡ · 2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ ᠨᠡᠷ᠎ᠡ ᠮᠡᠳᠡᠭᠦᠯᠵᠦ᠍ ᠡᠬᠢᠯᠡᠯ᠎ᠡ
2020-07-27 11:04:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠠᠵᠢᠯ᠎ᠳᠤ ᠵᠢᠭᠠᠪᠤᠷᠢᠯᠠᠭ᠍ᠰᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢᠴᠢ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ᠎ᠢ ᠬᠦᠨᠵᠡᠭᠡᠢ ᠨᠠᠢᠳᠠᠪᠤᠷᠢᠵᠢᠭᠤᠯᠵᠤ᠂ ᠪᠦᠬᠦ᠌ ᠤᠷᠤᠨ᠎ᠤ ᠰᠤᠶᠤᠯ᠎ᠤᠨ ᠴᠡᠴᠡᠭ᠌ᠯᠡᠨ ᠬᠦᠭ᠌ᠵᠢᠯᠳᠡ᠎ᠶ᠋ᠢ ᠳᠦᠯᠬᠢᠨ ᠠᠬᠢᠭᠤᠯᠤᠨ᠂ ᠳᠠᠯ᠎ᠠ ᠨᠤᠳᠤᠭ᠎ᠤᠨ ᠠᠷᠠᠳ᠎ᠤᠨ ᠳᠠᠭᠤᠤ᠎ᠶ᠋ᠢ ᠪᠦᠳᠦᠭᠡᠯᠴᠢ᠎ᠪᠠᠷ ᠬᠤᠪᠢᠷᠠᠭᠤᠯᠵᠤ᠂ ᠡᠭᠦᠳᠦᠯᠳᠡ᠎ᠲᠠᠢ᠎ᠪᠠᠷ ᠬᠦᠭ᠌ᠵᠢᠭᠦᠯᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠬᠦ᠌᠎ᠶ᠋ᠢᠨ ᠲᠦᠯᠦᠭᠡ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠲᠤ ᠳᠠᠯ᠎ᠠ ᠨᠤᠳᠤᠭ᠎ᠤᠨ ᠡᠭᠦᠯᠡ · 2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ (ᠳᠤᠤᠷ᠎ᠠ 《ᠤᠷᠤᠯᠳᠤᠭᠠᠨ》 ᠬᠡᠵᠤ ᠳᠦᠭᠦᠮᠴᠢᠯᠡᠨ᠎ᠡ) ᠎ᠢ ᠡᠷᠬᠢᠯᠡᠨ ᠶᠠᠪᠤᠭ᠍ᠳᠠᠭᠤᠯᠬᠤ᠎ᠪᠠᠷ ᠪᠠᠢᠨ᠎ᠠ᠂ ᠤᠷᠤᠯᠳᠤᠭᠠᠨ᠎ᠤ ᠲᠦᠰᠦᠯ ᠳᠤᠤᠷᠠᠬᠢ ᠮᠡᠳᠦ᠃

 

ᠨᠢᠭᠡ᠂ ᠤᠷᠤᠯᠳᠤᠭᠠᠨ᠎ᠤ ᠳᠤᠭᠤᠢ᠍ᠢᠯᠠᠩ᠎ᠤᠨ ᠳᠤᠬᠢᠷᠠᠭᠤᠯᠤᠯᠳᠠ

ᠤᠷᠤᠯᠳᠤᠭᠠᠨ᠎ᠳᠤ ᠤᠯᠠᠮᠵᠢᠯᠠᠯᠳᠤ ᠠᠷᠠᠳ᠎ᠤᠨ ᠳᠠᠭᠤᠤ᠎ᠶ᠋ᠢᠨ ᠭᠤᠴᠤᠯᠠᠯ ᠳᠠᠭᠤᠤ᠎ᠶ᠋ᠢᠨ ᠲᠦᠷᠦᠯ᠂ ᠤᠯᠠᠮᠵᠢᠯᠠᠯᠳᠤ ᠠᠷᠠᠳ᠎ᠤᠨ ᠳᠠᠭᠤᠤ᠎ᠶ᠋ᠢᠨ ᠨᠠᠢᠷᠠᠯ ᠳᠠᠭᠤᠤ᠎ᠶ᠋ᠢᠨ ᠲᠦᠷᠦᠯ᠂ ᠦᠭᠡᠷᠡᠴᠢᠯᠡᠵᠤ ᠨᠠᠢᠷᠠᠭᠤᠯᠤᠭ᠍ᠰᠠᠨ ᠠᠷᠠᠳ᠎ᠤᠨ ᠳᠠᠭᠤᠤ᠎ᠶ᠋ᠢᠨ ᠭᠤᠷᠪᠠᠨ ᠲᠦᠷᠦᠯ ᠵᠡᠷᠭᠡ 6 ᠳᠤᠭᠤᠢ᠍ᠢᠯᠠᠩ ᠬᠤᠪᠢᠶᠠᠨ᠎ᠠ᠃ ᠤᠷᠤᠨ᠎ᠤ ᠳᠤᠳᠤᠭᠠᠳᠤ᠎ᠶ᠋ᠢᠨ 16 — 60 ᠨᠠᠰᠤᠨ (1960 ᠤᠨ᠎ᠤ 7 ᠰᠠᠷ᠎ᠠ᠎ᠶ᠋ᠢᠨ 1 ᠎ᠤ ᠡᠳᠤᠷ᠎ᠠᠴᠠ 2004 ᠤᠨ᠎ᠤ 7 ᠰᠠᠷ᠎ᠠ᠎ᠶ᠋ᠢᠨ 1 ᠎ᠤ ᠡᠳᠤᠷ᠎ᠤᠨ ᠬᠤᠭᠤᠷᠤᠨᠳᠤ ᠮᠡᠨᠳᠦᠯᠡᠭ᠌ᠰᠡᠨ) ᠎ᠤ ᠳᠠᠭᠤᠴᠢᠳ ᠤᠷᠤᠯᠴᠠᠵᠤ ᠪᠤᠯᠤᠨ᠎ᠠ᠃

(ᠨᠢᠭᠡ) ᠤᠯᠠᠮᠵᠢᠯᠠᠯᠳᠤ ᠠᠷᠠᠳ᠎ᠤᠨ ᠳᠠᠭᠤᠤ᠎ᠶ᠋ᠢᠨ ᠭᠤᠴᠤᠯᠠᠯ ᠲᠠᠭᠤᠤ᠎ᠶ᠋ᠢᠨ ᠲᠦᠷᠦᠯ᠃ ᠮᠤᠩᠭᠤᠯ ᠦᠨᠳᠦᠰᠦᠳᠡᠨ᠎ᠤ ᠤᠷᠳᠤ᠎ᠶ᠋ᠢᠨ ᠳᠠᠭᠤᠤ᠂ ᠪᠤᠭᠤᠨᠢ ᠳᠠᠭᠤᠤ᠂ 《ᠭᠤᠷᠪᠠᠨ ᠴᠦᠬᠡᠨ ᠳᠤᠭᠠᠳᠤ》 ᠦᠨᠳᠦᠰᠦᠲᠡᠨ᠎ᠤ ᠠᠷᠠᠳ᠎ᠤᠨ ᠳᠠᠭᠤᠤ᠂ ᠦᠪᠦᠷ ᠮᠤᠩᠭᠤᠯ ᠤᠷᠤᠨ᠎ᠤ ᠬᠢᠳᠠᠳ ᠦᠨᠳᠦᠰᠦᠲᠡᠨ᠎ᠤ ᠠᠷᠠᠳ᠎ᠤᠨ ᠳᠠᠭᠤᠤ (ᠫᠠ ᠱᠠᠨ ᠳ᠋ᠢᠶᠤᠤ ᠠᠶᠠᠯᠭᠤ᠂ ᠮᠠᠩᠬᠠᠨ ᠠᠶᠠᠯᠭᠤ) ᠵᠡᠷᠭᠡ 4 ᠳᠤᠭᠤᠢ᠍ᠢᠯᠠᠩ᠃

(ᠬᠤᠶᠠᠷ) ᠤᠯᠠᠮᠵᠢᠯᠠᠯᠳᠤ ᠠᠷᠠᠳ᠎ᠤᠨ ᠳᠠᠭᠤᠤ᠎ᠶ᠋ᠢᠨ ᠨᠠᠢᠷᠠᠯ ᠳᠠᠭᠤᠤ᠎ᠶ᠋ᠢᠨ ᠲᠤᠭᠤᠢ᠍ᠢᠯᠠᠩ᠃ ᠤᠯᠠᠮᠵᠢᠯᠠᠯᠳᠤ ᠠᠷᠠᠳ᠎ᠤᠨ ᠳᠠᠭᠤᠤ᠎ᠶ᠋ᠢᠨ ᠨᠠᠢᠷᠠᠯ ᠳᠠᠭᠤᠤ᠎ᠶ᠋ᠢᠨ 1 ᠳᠤᠭᠤᠢ᠍ᠢᠯᠠᠩ᠃ ᠴᠤᠭᠤᠷ ᠳᠠᠭᠤᠤ᠂ ᠱᠢᠯᠦᠭ ᠳᠠᠭᠤᠤ᠂ ᠬᠦᠷᠦ᠍ ᠳᠠᠭᠤᠤ ᠵᠡᠷᠭᠡ ᠢᠯᠡ ᠳᠤᠳᠤ ᠤᠷᠤᠨ ᠨᠤᠳᠤᠭ᠎ᠤᠨ ᠤᠨᠴᠠᠯᠢᠭ᠎ᠲᠠᠢ ᠤᠯᠠᠮᠵᠢᠯᠠᠯᠳᠤ ᠨᠠᠢᠷᠠᠯ ᠳᠠᠭᠤᠤ᠎ᠨᠤᠭᠤᠳ ᠪᠦᠷ ᠤᠷᠤᠯᠴᠠᠵᠤ ᠪᠤᠯᠤᠨ᠎ᠠ᠃

(ᠭᠤᠷᠪᠠ) ᠦᠭᠡᠷᠡᠴᠢᠯᠡᠵᠤ ᠨᠠᠢᠷᠠᠭᠤᠯᠤᠭ᠍ᠰᠠᠨ ᠠᠷᠠᠳ᠎ᠤᠨ ᠳᠠᠭᠤᠤ᠎ᠶ᠋ᠢᠨ ᠲᠤᠭᠤᠢ᠍ᠢᠯᠠᠩ᠃ ᠦᠭᠡᠷᠡᠴᠢᠯᠡᠵᠤ ᠨᠠᠢᠷᠠᠭᠤᠯᠤᠭ᠍ᠰᠠᠨ ᠠᠷᠠᠳ᠎ᠤᠨ ᠳᠠᠭᠤᠤ᠎ᠶ᠋ᠢᠨ 1 ᠳᠤᠭᠤᠢ᠍ᠢᠯᠠᠩ᠃ ᠤᠯᠠᠮᠵᠢᠯᠠᠯᠳᠤ ᠠᠷᠠᠳ᠎ᠤᠨ ᠳᠠᠭᠤᠤ᠎ᠶ᠋ᠢ ᠤᠳᠤ ᠦᠶ᠎ᠡ᠎ᠶ᠋ᠢᠨ ᠬᠡᠪ ᠨᠠᠮᠪᠠ᠎ᠪᠠᠷ ᠦᠭᠡᠷᠡᠴᠢᠯᠡᠵᠤ ᠨᠠᠢᠷᠠᠭᠤᠯᠵᠤ ᠵᠤᠬᠢᠶᠠᠭ᠍ᠰᠠᠨ ᠪᠦᠳᠦᠭᠡᠯ ᠪᠦᠷ ᠤᠷᠤᠯᠴᠠᠵᠤ ᠪᠤᠯᠤᠨ᠎ᠠ᠃ ᠭᠤᠴᠤᠯᠠᠯ ᠳᠠᠭᠤᠤ᠂ ᠨᠠᠢᠷᠠᠯ ᠳᠠᠭᠤᠤ᠂ ᠬᠠᠮᠳᠤᠯᠢᠭ ᠵᠡᠷᠭᠡ ᠠᠳᠠᠯᠢ ᠪᠤᠰᠤ᠎ᠶ᠋ᠢᠨ ᠬᠡᠯᠪᠡᠷᠢ᠎ᠲᠠᠢ ᠪᠠᠢᠵᠤ ᠪᠤᠯᠤᠨ᠎ᠠ᠃

ᠬᠤᠶᠠᠷ᠂ ᠳᠠᠭᠤᠤ᠎ᠶ᠋ᠢᠨ ᠱᠠᠭᠠᠷᠳᠠᠯᠭ᠎ᠠ

(ᠨᠢᠭᠡ) ᠠᠩᠬᠠᠨ᠎ᠤ ᠤᠷᠤᠯᠳᠤᠭᠠᠨ

ᠳᠤᠭᠤᠢ᠍ᠢᠯᠠᠩ ᠪᠦᠷᠢ 2 ᠳᠠᠭᠤᠤ᠎ᠶ᠋ᠢ ᠰᠤᠩᠭᠤᠵᠤ ᠤᠷᠤᠯᠳᠤᠨ᠎ᠠ᠃ ᠲᠤᠰ 2 ᠳᠠᠭᠤᠤ᠎ᠨᠢ ᠪᠦᠷ ᠤᠯᠠᠮᠵᠢᠯᠠᠯᠳᠤ ᠠᠷᠠᠳ᠎ᠤᠨ ᠳᠠᠭᠤᠤ ᠪᠠᠢᠬᠤ ᠬᠡᠷᠡᠭ᠌ᠳᠠᠢ᠂ ᠵᠤᠬᠢᠶᠠᠯ᠎ᠤᠨ ᠳᠠᠭᠤᠤ ᠤᠷᠤᠯᠴᠠᠵᠤ ᠪᠤᠯᠬᠤ ᠦᠭᠡᠢ᠃

(ᠬᠤᠶᠠᠷ) ᠱᠢᠭ᠌ᠰᠢᠭᠡ ᠤᠷᠤᠯᠳᠤᠭᠠᠨ ᠬᠢᠬᠡᠳ ᠱᠢᠢᠳᠪᠦᠷᠢᠳᠦ ᠤᠷᠤᠯᠳᠤᠭᠠᠨ

ᠮᠤᠩᠭᠤᠯ ᠦᠨᠳᠦᠰᠦᠲᠡᠨ᠎ᠤ ᠤᠷᠳᠤ᠎ᠶ᠋ᠢᠨ ᠳᠠᠭᠤᠤ᠎ᠶ᠋ᠢᠨ ᠳᠤᠭᠤᠢ᠍ᠢᠯᠠᠩ᠃ ᠳᠠᠭᠤᠴᠢᠳ ᠤᠷᠳᠤ᠎ᠶ᠋ᠢᠨ ᠳᠠᠭᠤᠤ᠎ᠠᠴᠠ 2 ᠎ᠶ᠋ᠢ ᠰᠤᠩᠭᠤᠵᠤ ᠳᠠᠭᠤᠯᠠᠬᠤ ᠪᠦᠭᠡᠳ ᠪᠤᠭᠤᠨᠢ ᠳᠠᠭᠤᠤ᠂ ᠳᠤᠤᠯᠢ᠂ ᠦᠯᠢᠭᠡᠷ᠂ ᠬᠤᠯᠪᠤᠭ᠎ᠠ᠂ ᠦᠭᠡᠷᠡᠴᠢᠯᠡᠵᠤ ᠨᠠᠢᠷᠠᠭᠤᠯᠤᠭ᠍ᠰᠠᠨ ᠠᠷᠠᠳ᠎ᠤᠨ ᠳᠠᠭᠤᠤ ᠵᠡᠷᠭᠡ 5 ᠲᠦᠷᠦᠯ᠎ᠠᠴᠠ 1 ᠲᠦᠷᠦᠯ᠎ᠢ ᠰᠤᠩᠭᠤᠵᠤ ᠳᠠᠭᠤᠯᠠᠨ᠎ᠠ᠃ ᠱᠢᠭ᠌ᠰᠢᠭᠡ ᠤᠷᠤᠯᠳᠤᠭᠠᠨ ᠬᠢᠬᠡᠳ ᠱᠢᠢᠳᠪᠦᠷᠢᠳᠦ ᠤᠷᠤᠯᠳᠤᠭᠠᠨ᠎ᠳᠤ ᠠᠳᠠᠭ ᠪᠠᠭ᠎ᠠ᠎ᠳᠠᠭᠠᠨ 2 ᠪᠦᠳᠦᠭᠡᠯ᠎ᠨᠢ ᠬᠠᠷᠢᠯᠴᠠᠨ ᠳᠠᠪᠬᠤᠷᠳᠠᠵᠤ ᠪᠤᠯᠬᠤ ᠦᠭᠡᠢ᠃

ᠮᠣᠩᠭᠤᠯ ᠦᠨᠳᠦᠰᠦᠲᠡᠨ᠎ᠤ ᠪᠤᠭᠤᠨᠢ ᠳᠠᠭᠤᠤ᠎ᠶ᠋ᠢᠨ ᠳᠤᠭᠤᠢᠯᠠᠩ᠃ ᠳᠠᠭᠤᠴᠢᠳ ᠪᠤᠭᠤᠨᠢ ᠳᠠᠭᠤᠤ᠎ᠠᠴᠠ 2 ᠎ᠢ ᠰᠤᠩᠭᠤᠵᠤ ᠲᠠᠭᠤᠯᠠᠬᠤ᠎ᠶ᠋ᠢ ᠱᠠᠭᠠᠷᠳᠠᠬᠤ᠎ᠶ᠋ᠢᠨ ᠬᠠᠮᠲᠤ ᠤᠷᠲᠤ᠎ᠶ᠋ᠢᠨ ᠳᠠᠭᠤᠤ᠂ ᠲᠤᠤᠯᠢ᠂ ᠦᠯᠢᠬᠡᠷ᠂ ᠬᠤᠯᠪᠣᠭ᠎ᠠ᠂ ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ ᠵᠡᠷᠭᠡ 5 ᠲᠦᠷᠦᠯ᠎ᠤᠨ ᠳᠣᠲᠣᠷ᠎ᠠ᠎ᠠᠴᠠ ᠳᠤᠷ᠎ᠠ᠎ᠶ᠋ᠢᠨ 1 ᠲᠦᠷᠦᠯ᠎ᠢ ᠰᠤᠩᠭᠤᠵᠤ ᠲᠠᠭᠤᠯᠠᠬᠤ ᠬᠡᠷᠡᠭ᠌ᠲᠡᠢ᠃ ᠱᠢᠶᠳᠪᠦᠷᠢᠲᠦ ᠤᠷᠤᠯᠳᠤᠭᠠᠨ᠂ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠪᠦᠲᠦᠭᠡᠯ᠎ᠤᠨ ᠳᠣᠲᠣᠷ᠎ᠠ ᠠᠳᠠᠭ ᠪᠠᠭ᠎ᠠ᠎ᠳᠠᠭᠠᠨ 2 ᠪᠦᠲᠦᠭᠡᠯ ᠬᠠᠷᠢᠯᠴᠠᠨ ᠳᠠᠪᠬᠤᠷᠳᠠᠵᠤ ᠪᠣᠯᠬᠤ ᠦᠭᠡᠢ᠃

《ᠭᠤᠷᠪᠠᠨ ᠴᠥᠭᠡᠨ ᠲᠤᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠳᠤᠭᠤᠢᠯᠠᠩ᠃ ᠳᠠᠭᠤᠴᠢᠳ᠎ᠠᠴᠠ ᠡᠷᠬᠡᠪᠰᠢ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠦᠭᠡ ᠬᠡᠯᠡ᠎ᠶ᠋ᠢᠨ ᠲᠤᠲᠤᠷ᠎ᠠ᠎ᠠᠴᠠ ᠨᠢᠭᠡ ᠲᠦᠷᠦᠯ᠎ᠤᠨ ᠦᠭᠡ ᠬᠡᠯᠡ᠎ᠶ᠋ᠢ ᠰᠤᠩᠭᠤᠵᠤ 2 ᠤᠯᠠᠮᠵᠢᠯᠠᠯᠲᠤ ᠠᠷᠠᠳ᠎ᠤᠨ ᠳᠠᠭᠤᠤ᠎ᠶ᠋ᠢ ᠳᠠᠭᠤᠯᠠᠬᠤ᠎ᠶ᠋ᠢ ᠱᠠᠭᠠᠷᠳᠠᠬᠤ᠎ᠶ᠋ᠢᠨ ᠬᠠᠮᠲᠤ ᠵᠤᠬᠢᠶᠠᠨ ᠪᠦᠲᠦᠭᠡᠭ᠌ᠰᠡᠨ ᠳᠠᠭᠤᠤ ᠬᠦᠭ᠌ᠵᠢᠮ᠂ ᠪᠤᠰᠤᠳ ᠬᠡᠯᠡᠨ᠎ᠤ ᠲᠥᠷᠥᠯ᠎ᠤᠨ ᠳᠠᠭᠤᠤ᠂ ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ ᠵᠡᠷᠭᠡ 3 ᠲᠦᠷᠦᠯ᠎ᠤᠨ ᠳᠣᠲᠣᠷ᠎ᠠ᠎ᠠᠴᠠ ᠳᠤᠷ᠎ᠠ᠎ᠶ᠋ᠢᠨ 1 ᠲᠦᠷᠦᠯ᠎ᠢ ᠰᠤᠩᠭᠤᠵᠤ ᠲᠠᠭᠤᠯᠠᠬᠤ ᠬᠡᠷᠡᠭ᠌ᠲᠡᠢ᠃ ᠱᠢᠢᠳᠪᠦᠷᠢᠲᠦ ᠤᠷᠤᠯᠳᠤᠭᠠᠨ᠂ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠪᠦᠲᠦᠭᠡᠯ᠎ᠤᠨ ᠳᠣᠲᠣᠷ᠎ᠠ ᠠᠳᠠᠭ ᠪᠠᠭ᠎ᠠ᠎ᠳᠠᠭᠠᠨ 2 ᠪᠦᠲᠦᠭᠡᠯ᠎ᠨᠢ ᠬᠠᠷᠢᠯᠴᠠᠨ ᠳᠠᠪᠬᠤᠷᠳᠠᠵᠤ ᠪᠣᠯᠬᠤ ᠦᠭᠡᠢ᠃

ᠥᠪᠥᠷ ᠮᠣᠩᠭᠤᠯ ᠣᠷᠣᠨ᠎ᠤ ᠬᠢᠲᠠᠳ ᠦᠨᠳᠦᠰᠦᠲᠡᠨ᠎ᠤ ᠠᠷᠠᠳ᠎ᠤᠨ ᠳᠠᠭᠤᠤ (ᠫᠠ ᠱᠠᠨ ᠳ᠋ᠢᠶᠤᠤ ᠠᠶᠠᠯᠭᠤ᠂ ᠮᠠᠩᠬᠠᠨ ᠠᠶᠠᠯᠭᠤ) ᠎ᠶ᠋ᠢᠨ ᠳᠤᠭᠤᠢᠯᠠᠩ᠃ ᠳᠠᠭᠤᠴᠢᠳ᠎ᠠᠴᠠ ᠫᠠ ᠱᠠᠨ ᠳ᠋ᠢᠶᠤᠤ ᠠᠶᠠᠯᠭᠤ᠂ ᠮᠠᠩᠬᠠᠨ ᠠᠶᠠᠯᠭᠤ ᠲᠤᠲᠤᠷ᠎ᠠ᠎ᠠᠴᠠ 2 ᠤᠯᠠᠮᠵᠢᠯᠠᠯᠲᠤ ᠠᠷᠠᠳ᠎ᠤᠨ ᠳᠠᠭᠤᠤ᠎ᠶ᠋ᠢ ᠰᠤᠩᠭᠤᠵᠤ ᠲᠠᠭᠤᠯᠠᠬᠤ᠎ᠶ᠋ᠢ ᠱᠠᠭᠠᠷᠳᠠᠬᠤ᠎ᠶ᠋ᠢᠨ ᠬᠠᠮᠲᠤ ᠡᠯ ᠷᠧᠨ᠎ᠲᠠᠢ᠂ ᠡᠯ ᠷᠧᠨ ᠵᠤᠸᠠᠨ᠂ ᠮᠣᠩᠭᠤᠯ ᠦᠨᠳᠦᠰᠦᠲᠡᠨ᠎ᠤ ᠠᠷᠠᠳ᠎ᠤᠨ ᠳᠠᠭᠤᠤ᠂ ᠵᠤᠬᠢᠶᠠᠨ ᠪᠦᠲᠦᠭᠡᠭ᠌ᠰᠡᠨ ᠳᠠᠭᠤᠤ᠂ ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ ᠵᠡᠷᠭᠡ 5 ᠲᠦᠷᠦᠯ᠎ᠤᠨ ᠳᠣᠲᠣᠷ᠎ᠠ᠎ᠠᠴᠠ ᠳᠤᠷ᠎ᠠ᠎ᠶ᠋ᠢᠨ 1 ᠲᠦᠷᠦᠯ᠎ᠢ ᠰᠤᠩᠭᠤᠵᠤ ᠲᠠᠭᠤᠯᠠᠬᠤ ᠬᠡᠷᠡᠭ᠌ᠲᠡᠢ᠃ ᠱᠢᠶᠳᠪᠦᠷᠢᠲᠦ ᠤᠷᠤᠯᠳᠤᠭᠠᠨ᠂ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠪᠦᠲᠦᠭᠡᠯ᠎ᠤᠨ ᠳᠣᠲᠣᠷ᠎ᠠ ᠠᠳᠠᠭ ᠪᠠᠭ᠎ᠠ᠎ᠳᠠᠭᠠᠨ 2 ᠪᠦᠲᠦᠭᠡᠯ᠎ᠨᠢ ᠬᠠᠷᠢᠯᠴᠠᠨ ᠳᠠᠪᠬᠤᠷᠳᠠᠵᠤ ᠪᠣᠯᠬᠤ ᠦᠭᠡᠢ᠃

ᠤᠯᠠᠮᠵᠢᠯᠠᠯᠲᠤ ᠠᠷᠠᠳ᠎ᠤᠨ ᠳᠠᠭᠤᠤ᠎ᠶ᠋ᠢᠨ ᠨᠠᠢᠷᠠᠯ ᠳᠠᠭᠤᠤ᠎ᠶ᠋ᠢᠨ ᠳᠤᠭᠤᠢᠯᠠᠩ᠃ ᠨᠠᠢᠷᠠᠯ ᠳᠠᠭᠤᠤ᠎ᠶ᠋ᠢᠨ ᠲᠥᠷᠥᠯ᠎ᠢ ᠠᠷᠠᠳ᠎ᠤᠨ ᠤᠯᠠᠮᠵᠢᠯᠠᠯᠲᠤ ᠨᠠᠢᠷᠠᠯ ᠳᠠᠭᠤᠤ᠂ ᠬᠠᠮᠳᠤ᠎ᠶ᠋ᠢᠨ ᠳᠠᠭᠤᠤ ᠭᠡᠬᠦ᠌ ᠬᠤᠶᠠᠷ ᠲᠦᠷᠦᠯ᠎ᠢᠶᠠᠷ ᠬᠢᠵᠠᠭᠠᠷᠯᠠᠨ᠎ᠠ᠃ ᠤᠷᠤᠯᠳᠤᠭᠠᠨ᠎ᠳᠤ ᠣᠷᠣᠯᠴᠠᠬᠤ ᠨᠠᠢᠷᠠᠯ ᠲᠠᠭᠤᠤ᠎ᠶ᠋ᠢᠨ ᠪᠦᠯᠬᠦᠮ᠎ᠤᠨ ᠬᠦᠮᠦᠨ᠎ᠤ ᠲᠤᠭ᠎ᠠ᠎ᠶ᠋ᠢ 20 ᠬᠥᠮᠦᠨ᠎ᠤ ᠳᠣᠲᠣᠷ᠎ᠠ ᠬᠢᠵᠠᠭᠠᠷᠯᠠᠬᠤ (20 ᠬᠥᠮᠦᠨ᠎ᠢ ᠪᠠᠭ᠍ᠲᠠᠭᠠᠨ᠎ᠠ) ᠎ᠶ᠋ᠢᠨ ᠬᠠᠮᠲᠤ 3 ᠠᠳᠠᠯᠢ ᠪᠤᠰᠤ ᠤᠯᠠᠮᠵᠢᠯᠠᠯᠲᠤ ᠠᠷᠠᠳ᠎ᠤᠨ ᠳᠠᠭᠤᠤ᠎ᠶ᠋ᠢᠨ ᠪᠦᠯᠬᠦᠮ᠎ᠤᠨ ᠲᠠᠭᠤᠤ ᠪᠡᠯᠡᠳᠭᠡᠬᠦ᠌ ᠴᠢᠬᠤᠯᠠᠲᠠᠶ᠃ ᠳᠠᠭᠤᠯᠠᠬᠤ ᠦᠶ᠎ᠡ᠎ᠳᠤ ᠪᠠᠢᠭᠠᠯᠢᠯᠢᠭ ᠬᠡᠪ ᠨᠠᠮᠪᠠ᠎ᠶ᠋ᠢ ᠳᠡᠯᠭᠡᠨ ᠦᠵᠡᠭᠦᠯᠬᠦ᠌ ᠬᠡᠷᠡᠭ᠌ᠲᠡᠢ᠃ ᠱᠢᠶᠳᠪᠦᠷᠢᠲᠦ ᠤᠷᠤᠯᠳᠤᠭᠠᠨ᠂ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠪᠦᠲᠦᠭᠡᠯ᠎ᠤᠨ ᠳᠣᠲᠣᠷ᠎ᠠ ᠠᠳᠠᠭ ᠪᠠᠭ᠎ᠠ᠎ᠳᠠᠭᠠᠨ 2 ᠪᠦᠲᠦᠭᠡᠯ᠎ᠨᠢ ᠬᠠᠷᠢᠯᠴᠠᠨ ᠳᠠᠪᠬᠤᠷᠳᠠᠵᠤ ᠪᠣᠯᠬᠤ ᠦᠭᠡᠢ᠃

ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠶ᠋ᠢᠨ ᠳᠤᠭᠤᠢᠯᠠᠩ᠃ ᠳᠠᠭᠤᠴᠢᠳ ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠲᠠᠭᠤᠤ᠎ᠠᠴᠠ 2 ᠎ᠢ ᠰᠤᠩᠭᠤᠨ ᠲᠠᠭᠤᠯᠠᠬᠤ᠎ᠶ᠋ᠢᠨ ᠬᠠᠮᠲᠤ ᠤᠷᠲᠤ᠎ᠶ᠋ᠢᠨ ᠳᠠᠭᠤᠤ᠂ ᠪᠣᠭᠤᠨᠢ ᠳᠠᠭᠤᠤ᠂ ᠲᠤᠤᠯᠢ᠂ ᠦᠯᠢᠭᠡᠷ᠂ ᠬᠤᠯᠪᠣᠭ᠎ᠠ ᠵᠡᠷᠭᠡ 5 ᠲᠦᠷᠦᠯ᠎ᠤᠨ ᠳᠣᠲᠣᠷ᠎ᠠ᠎ᠠᠴᠠ ᠳᠤᠷ᠎ᠠ᠎ᠶ᠋ᠢᠨ 1 ᠲᠦᠷᠦᠯ᠎ᠢ ᠰᠤᠩᠭᠤᠵᠤ ᠲᠠᠭᠤᠯᠠᠬᠤ ᠬᠡᠷᠡᠭ᠌ᠲᠡᠢ᠃  ᠱᠢᠢᠳᠪᠦᠷᠢᠲᠦ ᠤᠷᠤᠯᠳᠤᠭᠠᠨ᠂ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠪᠦᠲᠦᠭᠡᠯ᠎ᠤᠨ ᠳᠣᠲᠣᠷ᠎ᠠ ᠠᠳᠠᠭ ᠪᠠᠭ᠎ᠠ᠎ᠳᠠᠭᠠᠨ 2 ᠪᠦᠲᠦᠭᠡᠯ᠎ᠨᠢ ᠬᠠᠷᠢᠯᠴᠠᠨ ᠳᠠᠪᠬᠤᠷᠳᠠᠵᠤ ᠪᠣᠯᠬᠤ ᠦᠭᠡᠢ᠃

 

ᠭᠤᠷᠪᠠ᠂ ᠴᠠᠭ᠎ᠤᠨ ᠲᠣᠬᠢᠷᠠᠭᠤᠯᠤᠯᠲᠠ

ᠤᠷᠤᠯᠳᠤᠭᠠᠨ᠎ᠢ ᠠᠩᠬᠠᠨ᠎ᠤ ᠤᠷᠤᠯᠳᠤᠭᠠᠨ᠂ ᠱᠢᠭ᠌ᠰᠢᠭᠡ ᠤᠷᠤᠯᠳᠤᠭᠠᠨ᠂ ᠰᠦᠯᠵᠢᠶᠡᠨ ᠲᠡᠭᠡᠷ᠎ᠡ ᠪᠢᠯᠧᠲ ᠦᠭ᠌ᠬᠦ᠂ ᠱᠢᠶᠳᠪᠦᠷᠢᠲᠦ ᠤᠷᠤᠯᠳᠤᠭᠠᠨ᠂ ᠲᠠᠯ᠎ᠠ ᠨᠤᠲᠤᠭ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠱᠠᠩᠨᠠᠯ ᠣᠯᠤᠭ᠍ᠰᠠᠨ ᠪᠦᠲᠦᠭᠡᠯ᠎ᠤᠨ ᠦᠳᠡᠱᠢᠯᠡᠭᠡ ᠭᠡᠬᠦ᠌ 5 ᠱᠠᠲᠤ ᠬᠤᠪᠢᠶᠠᠨ᠎ᠠ᠃

(ᠨᠢᠭᠡ) ᠠᠩᠬᠠᠨ᠎ᠤ ᠤᠷᠤᠯᠳᠤᠭᠠᠨ (7 ᠰᠠᠷ᠎ᠠ᠎ᠶ᠋ᠢᠨ 28 ᠎ᠤ ᠡᠳᠦᠷ — 8 ᠰᠠᠷ᠎ᠠ᠎ᠶ᠋ᠢᠨ 16 ᠎ᠤ ᠡᠳᠦᠷ)

① 7 ᠰᠠᠷ᠎ᠠ᠎ᠶ᠋ᠢᠨ 28 ᠎ᠤ ᠡᠳᠦᠷ — 8 ᠰᠠᠷ᠎ᠠ᠎ᠶ᠋ᠢᠨ 12 ᠎ᠤᠨ ᠡᠳᠦᠷ ᠪᠣᠯᠲᠠᠯ᠎ᠠ᠄ ᠤᠷᠤᠯᠳᠤᠭᠠᠨ᠎ᠳᠤ ᠣᠷᠣᠯᠴᠠᠭ᠍ᠰᠠᠳ ᠨᠡᠷ᠎ᠡ ᠮᠡᠳᠡᠭᠦᠯᠬᠦ᠌ ᠬᠦᠰᠦᠨᠦᠭ᠌ᠲᠦ᠎ᠶ᠋ᠢ ᠲᠠᠭ᠍ᠯᠠᠵᠤ᠂ MP4 ᠬᠡᠯᠪᠡᠷᠢ᠎ᠪᠠᠷ 2 ᠠᠷᠠᠳ᠎ᠤᠨ ᠳᠠᠭᠤᠤ᠎ᠶ᠋ᠢᠨ ᠸᠢᠳᠢᠣ᠋᠎ᠶ᠋ᠢ ᠱᠢᠩᠭᠡᠭᠡᠨ ᠦᠢᠯᠡᠳᠴᠦ᠍᠂ ᠨᠡᠷ᠎ᠡ ᠮᠡᠳᠡᠭᠦᠯᠬᠦ᠌ ᠬᠦᠰᠦᠨᠦᠭ᠌ᠲᠦ᠎ᠶ᠋ᠢ ᠸᠢᠳᠢᠣ᠋᠎ᠲᠠᠢ ᠬᠠᠮᠲᠤ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠲᠤ ᠲᠤᠱᠢᠶᠠᠨ᠎ᠠ᠃

② 8 ᠰᠠᠷ᠎ᠠ᠎ᠶ᠋ᠢᠨ 13 ᠎ᠤ ᠡᠳᠦᠷ — 8 ᠰᠠᠷ᠎ᠠ᠎ᠶ᠋ᠢᠨ 15 ᠎ᠤ ᠡᠳᠦᠷ ᠪᠣᠯᠲᠠᠯ᠎ᠠ᠄ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠠᠴᠠ ᠤᠷᠤᠯᠳᠤᠭᠠᠨ᠎ᠳᠤ ᠣᠷᠣᠯᠴᠠᠭ᠍ᠰᠠᠳ᠎ᠤᠨ ᠬᠠᠩᠭᠠᠭ᠍ᠰᠠᠨ ᠸᠢᠳᠢᠣ᠋᠎ᠶ᠋ᠢ ᠬᠢᠨᠠᠨ ᠱᠢᠯᠭᠠᠬᠤ ᠠᠵᠢᠯ᠎ᠢ ᠵᠣᠬᠢᠶᠠᠨ ᠪᠠᠢᠭᠤᠯᠵᠤ᠂ ᠤᠷ᠎ᠠ ᠮᠡᠷᠭᠡᠵᠢᠯ᠂ ᠬᠡᠪ ᠨᠠᠮᠪᠠ᠂ ᠤᠷᠠᠯᠢᠭ᠎ᠤᠨ ᠢᠯᠡᠳᠭᠡᠬᠦ᠌ ᠴᠢᠳᠠᠪᠤᠷᠢ ᠵᠡᠷᠭᠡ ᠭᠤᠷᠪᠠᠨ ᠲᠠᠯ᠎ᠠ᠎ᠶ᠋ᠢ ᠦᠨᠳᠦᠰᠦᠯᠡᠨ᠂ 200 ᠨᠡᠷᠡᠰ ᠤᠷᠤᠯᠴᠠᠭ᠍ᠴᠢ᠎ᠶ᠋ᠢ ᠱᠢᠯᠭᠠᠷᠠᠭᠤᠯᠤᠨ ᠭᠠᠷᠭᠠᠵᠤ ᠱᠢᠭ᠌ᠰᠢᠭᠡ ᠤᠷᠤᠯᠳᠤᠭᠠᠨ᠎ᠳᠤ ᠤᠷᠤᠯᠴᠠᠭᠤᠯᠤᠨ᠎ᠠ᠃

8 ᠰᠠᠷ᠎ᠠ᠎ᠶ᠋ᠢᠨ 16 ᠎ᠤ ᠡᠳᠦᠷ᠂ ᠲᠠᠯ᠎ᠠ ᠨᠤᠲᠤᠭ APP ᠪᠣᠯᠤᠨ ᠬᠦᠯᠦᠭ APP ᠳᠡᠭᠡᠷ᠎ᠡ ᠱᠢᠭ᠌ᠰᠢᠭᠡ ᠤᠷᠤᠯᠳᠤᠭᠠᠨ᠎ᠳᠤ ᠣᠷᠣᠯᠴᠠᠬᠤ ᠨᠡᠷᠡᠰ᠎ᠢ ᠨᠡᠢᠲᠡᠯᠡᠨ᠎ᠡ᠃

(ᠬᠤᠶᠠᠷ) ᠱᠢᠭ᠌ᠰᠢᠭᠡ ᠤᠷᠤᠯᠳᠤᠭᠠᠨ (8 ᠰᠠᠷ᠎ᠠ᠎ᠶ᠋ᠢᠨ 17 ᠎ᠤ ᠡᠳᠦᠷ — 8 ᠰᠠᠷ᠎ᠠ᠎ᠶ᠋ᠢᠨ 31 ᠎ᠤ ᠡᠳᠦᠷ ᠪᠣᠯᠲᠠᠯ᠎ᠠ)

1. 8 ᠰᠠᠷ᠎ᠠ᠎ᠶ᠋ᠢᠨ 17 ᠎ᠤ ᠡᠳᠦᠷ — 8 ᠰᠠᠷ᠎ᠠ᠎ᠶ᠋ᠢᠨ 24 ᠎ᠤ ᠡᠳᠦᠷ ᠪᠣᠯᠲᠠᠯ᠎ᠠ᠃ ᠱᠢᠭ᠌ᠰᠢᠭᠡ ᠤᠷᠤᠯᠳᠤᠭᠠᠨ᠎ᠳᠤ ᠣᠷᠣᠯᠴᠠᠭ᠍ᠰᠠᠳ ᠤᠷᠤᠯᠳᠤᠭᠠᠨ᠎ᠤ ᠡᠯ᠎ᠡ ᠳᠤᠭᠤᠢᠯᠠᠩ᠎ᠤᠨ ᠪᠣᠳᠠᠲᠠᠢ ᠱᠠᠭᠠᠷᠳᠠᠯᠭ᠎ᠠ ᠶᠣᠰᠣᠭᠠᠷ᠂ ᠤᠷᠤᠯᠳᠤᠭᠠᠨ᠎ᠳᠤ ᠣᠷᠣᠯᠴᠠᠬᠤ ᠠᠭᠤᠯᠭ᠎ᠠ᠎ᠳᠠᠭᠠᠨ ᠸᠢᠳᠢᠣ᠋ ᠱᠢᠩᠭᠡᠭᠡᠯᠲᠡ ᠬᠢᠵᠦ᠍᠂ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠲᠤ ᠲᠤᠱᠢᠶᠠᠨ᠎ᠠ (ᠡᠷᠬᠡᠪᠰᠢ 8 ᠰᠠᠷ᠎ᠠ᠎ᠶ᠋ᠢᠨ 24 ᠎ᠤ ᠡᠳᠦᠷ᠎ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠲᠤᠱᠢᠶᠠᠨ᠎ᠠ᠂ ᠡᠰᠡᠪᠡᠯ ᠤᠷᠤᠯᠳᠤᠭᠠᠨ᠎ᠠᠴᠠ ᠤᠭ᠍ᠴᠤᠷᠠᠭ᠍ᠰᠠᠨ᠎ᠢᠶᠠᠷ ᠦᠵᠡᠨ᠎ᠡ)᠃

2. 8 ᠰᠠᠷ᠎ᠠ᠎ᠶ᠋ᠢᠨ 25 ᠎ᠤ ᠡᠳᠦᠷ — 8 ᠰᠠᠷ᠎ᠠ᠎ᠶ᠋ᠢᠨ 30 ᠎ᠤ ᠡᠳᠦᠷ ᠪᠣᠯᠲᠠᠯ᠎ᠠ᠃ ᠵᠣᠬᠢᠶᠠᠨ ᠪᠠᠢᠭᠤᠯᠬᠤ ᠺᠣᠮᠢᠰ᠎ᠠᠴᠠ ᠲᠤᠰᠭᠠᠢ ᠮᠡᠷᠭᠡᠵᠢᠯᠲᠡᠳ᠎ᠢ ᠵᠣᠬᠢᠶᠠᠨ ᠪᠠᠢᠭᠤᠯᠵᠦ᠍ ᠲᠠᠭᠤᠴᠢᠳ᠎ᠤᠨ ᠬᠠᠨᠭ᠌ᠭᠠᠭ᠍ᠰᠠᠨ ᠸᠢᠳᠢᠣ᠋᠎ᠶ᠋ᠢ ᠦᠨᠳᠦᠰᠦᠯᠡᠨ᠂ 30 ᠨᠡᠷᠡᠰ ᠮᠣᠩᠭᠤᠯ ᠦᠨᠳᠦᠰᠦᠲᠡᠨ᠎ᠤ ᠤᠷᠲᠤ᠎ᠶ᠋ᠢᠨ ᠳᠠᠭᠤᠤ᠎ᠶ᠋ᠢᠨ ᠳᠤᠭᠤᠢᠯᠠᠩ᠎ᠤᠨ ᠤᠷᠤᠯᠴᠠᠭ᠍ᠴᠢ᠂ 30 ᠨᠡᠷᠡᠰ ᠮᠣᠩᠭᠤᠯ ᠦᠨᠳᠦᠰᠦᠲᠡᠨ᠎ᠤ ᠪᠤᠭᠤᠨᠢ ᠲᠠᠭᠤᠤ᠎ᠶ᠋ᠢᠨ ᠳᠤᠭᠤᠢᠯᠠᠩ᠎ᠤᠨ ᠤᠷᠤᠯᠴᠠᠭ᠍ᠴᠢ᠂ 15 ᠨᠡᠷᠡᠰ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠳᠤᠭᠤᠢᠯᠠᠩ᠎ᠤᠨ ᠤᠷᠤᠯᠴᠠᠭ᠍ᠴᠢ᠂ 15 ᠨᠡᠷᠡᠰ ᠥᠪᠥᠷ ᠮᠣᠩᠭᠤᠯ ᠣᠷᠣᠨ᠎ᠤ ᠬᠢᠲᠠᠳ ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠲᠤᠭᠤᠢ᠍ᠢᠯᠠᠩ᠎ᠤᠨ ᠤᠷᠤᠯᠴᠠᠭ᠍ᠴᠢ᠂ 10 ᠨᠡᠷᠡᠰ ᠤᠯᠠᠮᠵᠢᠯᠠᠯᠲᠤ ᠨᠠᠢᠷᠠᠯ ᠳᠠᠭᠤᠤ᠎ᠶ᠋ᠢᠨ ᠳᠤᠭᠤᠢᠯᠠᠩ᠎ᠤᠨ ᠤᠷᠤᠯᠴᠠᠭ᠍ᠴᠢ᠂ 20 ᠨᠡᠷᠡᠰ ᠦᠭᠡᠷᠡᠴᠢᠯᠡᠵᠦ᠍ ᠨᠠᠢᠷᠠᠭᠤᠯᠤᠭ᠍ᠰᠠᠨ ᠠᠷᠠᠳ᠎ᠤᠨ ᠳᠠᠭᠤᠤ᠎ᠶ᠋ᠢᠨ ᠳᠤᠭᠤᠢᠯᠠᠩ᠎ᠤᠨ ᠤᠷᠤᠯᠴᠠᠭ᠍ᠴᠢ ᠵᠡᠷᠭᠡ ᠨᠡᠢᠲᠡ 120 ᠨᠡᠷᠡᠰ᠎ᠢ ᠱᠢᠯᠭᠠᠷᠠᠭᠤᠯᠵᠤ ᠱᠢᠢᠳᠪᠦᠷᠢᠲᠦ ᠤᠷᠤᠯᠳᠤᠭᠠᠨ᠎ᠳᠤ ᠤᠷᠤᠯᠴᠠᠭᠤᠯᠤᠨ᠎ᠠ᠃

8 ᠰᠠᠷ᠎ᠠ᠎ᠶ᠋ᠢᠨ 31 ᠎ᠤ ᠡᠳᠦᠷ᠂ ᠲᠠᠯ᠎ᠠ ᠨᠤᠲᠤᠭ APP ᠪᠣᠯᠤᠨ ᠬᠦᠯᠦᠭ APP ᠲᠡᠭᠡᠷ᠎ᠡ ᠱᠢᠢᠳᠪᠦᠷᠢᠲᠦ ᠤᠷᠤᠯᠳᠤᠭᠠᠨ᠎ᠳᠤ ᠣᠷᠣᠯᠴᠠᠬᠤ ᠨᠡᠷᠡᠰ᠎ᠢ ᠨᠡᠢᠲᠡᠯᠡᠨ᠎ᠡ᠃

(ᠭᠤᠷᠪᠠ) ᠰᠦᠯᠵᠢᠶᠡᠨ ᠲᠡᠭᠡᠷ᠎ᠡ ᠪᠢᠯᠧᠲ ᠥᠭ᠌ᠬᠦ (9 ᠰᠠᠷ᠎ᠠ᠎ᠶ᠋ᠢᠨ 1 ᠎ᠤ ᠡᠳᠦᠷ — 9 ᠰᠠᠷ᠎ᠠ᠎ᠶ᠋ᠢᠨ 7 ᠎ᠤ ᠡᠳᠦᠷ ᠪᠣᠯᠲᠠᠯ᠎ᠠ)

ᠰᠦᠯᠵᠢᠶᠡᠨ ᠠᠨᠳᠠ ᠲᠠᠯ᠎ᠠ ᠨᠤᠲᠤᠭ APP ᠪᠣᠯᠤᠨ ᠬᠦᠯᠦᠭ APP ᠲᠡᠭᠡᠷᠡᠬᠢ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠰᠤᠪᠠᠭ᠎ᠲᠤ ᠭᠠᠷᠴᠤ᠌᠂ ᠱᠢᠢᠳᠪᠦᠷᠢᠲᠦ ᠤᠷᠤᠯᠳᠤᠭᠠᠨ᠎ᠳᠤ ᠣᠷᠣᠭ᠍ᠰᠠᠨ 120 ᠤᠷᠤᠯᠴᠠᠭ᠍ᠴᠢ᠎ᠳᠤ ᠰᠦᠯᠵᠢᠶᠡᠨ ᠳᠡᠭᠡᠷ᠎ᠡ ᠪᠢᠯᠧᠲ ᠦᠭ᠌ᠬᠦᠨ᠎ᠡ᠃

(ᠳᠥᠷᠪᠡ) ᠱᠢᠢᠳᠪᠦᠷᠢᠲᠦ ᠤᠷᠤᠯᠳᠤᠭᠠᠨ (9 ᠰᠠᠷ᠎ᠠ᠎ᠶ᠋ᠢᠨ 8 ᠎ᠤ ᠡᠳᠦᠷ — 9 ᠰᠠᠷ᠎ᠠ᠎ᠶ᠋ᠢᠨ 12 ᠎ᠤ ᠡᠳᠦᠷ ᠪᠣᠯᠲᠠᠯ᠎ᠠ)

ᠲᠤᠰᠭᠠᠢ ᠮᠡᠷᠭᠡᠵᠢᠯᠲᠡᠨ᠎ᠤ ᠬᠢᠨᠠᠨ ᠲᠣᠭ᠍ᠲᠠᠭᠠᠬᠤ ᠳᠤᠭᠤᠢᠯᠠᠩ ᠱᠢᠭ᠌ᠰᠢᠭᠡ ᠤᠷᠤᠯᠳᠤᠭᠠᠨ᠎ᠤ ᠪᠦᠲᠦᠭᠡᠯ ᠵᠢᠴᠢ ᠰᠦᠯᠵᠢᠶᠡᠨ᠎ᠤ ᠱᠢᠯᠭᠠᠷᠠᠭᠤᠯᠤᠯᠲᠠ᠎ᠶ᠋ᠢᠨ ᠶᠡᠷᠦᠩᠬᠡᠢ ᠬᠤᠪᠢ᠎ᠶ᠋ᠢ ᠦᠨᠳᠦᠰᠦᠯᠡᠨ᠂ 6 ᠳᠤᠭᠤᠢᠯᠠᠩ᠎ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ᠎ᠤᠨ ᠱᠠᠩᠨᠠᠯ᠎ᠢ ᠦᠨᠡᠯᠡᠨ ᠱᠢᠯᠭᠠᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ᠎ᠤᠨ ᠱᠠᠩᠨᠠᠯ ᠣᠯᠤᠭ᠍ᠰᠠᠨ ᠦᠭᠡᠢ ᠱᠢᠢᠳᠪᠦᠷᠢᠲᠦ ᠤᠷᠤᠯᠳᠤᠭᠠᠨ᠎ᠳᠤ ᠤᠷᠤᠯᠴᠠᠭ᠍ᠰᠠᠳ᠎ᠤᠨ ᠲᠤᠮᠳᠠ᠎ᠠᠴᠠ᠂ ᠳᠤᠭᠤᠢᠯᠠᠩ ᠪᠦᠷᠢ᠎ᠠᠴᠠ 6 ᠨᠡᠷᠡᠰ ᠱᠢᠯᠢᠳᠡᠭ ᠱᠠᠩᠨᠠᠯ ᠬᠦᠷᠳᠡᠭ᠌ᠰᠡᠳ᠎ᠢ ᠱᠢᠯᠭᠠᠷᠠᠭᠤᠯᠤᠨ᠎ᠠ᠃

9 ᠰᠠᠷ᠎ᠠ᠎ᠶ᠋ᠢᠨ 12 ᠎ᠤ ᠡᠳᠦᠷ᠂ ᠲᠠᠯ᠎ᠠ ᠨᠤᠲᠤᠭ APP ᠪᠣᠯᠤᠨ ᠬᠦᠯᠦᠭ APP ᠲᠡᠭᠡᠷ᠎ᠡ ᠱᠢᠢᠳᠪᠦᠷᠢᠲᠦ ᠤᠷᠤᠯᠳᠤᠭᠠᠨ᠎ᠤ ᠱᠠᠩᠨᠠᠯ ᠬᠦᠷᠲᠡᠭ᠌ᠰᠡᠳ᠎ᠤᠨ ᠨᠡᠷᠡᠰ᠎ᠢ ᠨᠡᠢᠲᠡᠯᠡᠨ᠎ᠡ᠃

(ᠲᠠᠪᠤ) ᠲᠠᠯ᠎ᠠ ᠨᠤᠲᠤᠭ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠱᠠᠩᠨᠠᠯ ᠣᠯᠤᠭ᠍ᠰᠠᠨ ᠪᠦᠲᠦᠭᠡᠯ᠎ᠤᠨ ᠦᠳᠡᠱᠢᠯᠡᠭᠡ (9 ᠰᠠᠷ᠎ᠠ᠎ᠶ᠋ᠢᠨ 28 ᠎ᠤ ᠡᠳᠦᠷ᠂ ᠱᠠᠩᠨᠠᠯ ᠣᠯᠭᠤᠬᠤ ᠶᠤᠰᠤᠯᠠᠯ᠎ᠢ ᠪᠠᠭ᠍ᠳᠠᠭᠠᠨ᠎ᠠ)

ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠠᠴᠠ ᠬᠡᠰᠡᠭ ᠨᠢᠭᠡ ᠬᠤᠶᠠᠷ ᠭᠤᠷᠪᠠᠳᠤᠭᠠᠷ ᠳᠡᠰ᠎ᠤᠨ ᠱᠠᠩᠨᠠᠯ᠂ ᠱᠢᠯᠢᠳᠡᠭ ᠱᠠᠩᠨᠠᠯ ᠬᠦᠷᠳᠡᠭ᠌ᠰᠡᠳ᠎ᠢ ᠬᠦᠬᠡᠬᠤᠲᠠ᠎ᠳᠤ ᠤᠷᠢᠨ ᠵᠠᠯᠠᠵᠤ᠂ ᠲᠤᠬᠠᠢ᠎ᠶ᠋ᠢᠨ ᠲᠠᠯᠠᠪᠠᠢ᠎ᠶ᠋ᠢᠨ ᠳᠠᠭᠤᠤ ᠬᠦ᠍ᠭ᠌ᠵᠢᠮ᠎ᠤᠨ ᠦᠳᠡᠱᠢᠯᠡᠭᠡ ᠡᠷᠬᠢᠯᠡᠬᠦ᠌᠎ᠶ᠋ᠢᠨ ᠬᠠᠮᠲᠤ ᠱᠠᠩᠨᠠᠯ᠎ᠤᠨ ᠦᠨᠡᠮᠯᠡᠯ ᠭᠠᠷᠳᠠᠭᠤᠯᠵᠤ᠂ ᠰᠦᠯᠵᠢᠶ᠎ᠡ᠎ᠪᠠᠷ ᠱᠢᠭᠤᠳ ᠨᠡᠪᠲᠡᠷᠡᠭᠦᠯᠭᠡ ᠬᠢᠨ᠎ᠡ᠃

ᠳᠥᠷᠪᠡ᠂ ᠨᠡᠷ᠎ᠡ ᠮᠡᠳᠡᠭᠦᠯᠬᠦ᠌ ᠠᠷᠭ᠎ᠠ

2020 ᠣᠨ᠎ᠤ 7 ᠰᠠᠷ᠎ᠠ᠎ᠶ᠋ᠢᠨ 28 ᠎ᠤ ᠡᠳᠦᠷ — 8 ᠰᠠᠷ᠎ᠠ᠎ᠶ᠋ᠢᠨ 12 ᠎ᠤᠨ ᠡᠳᠦᠷ ᠪᠣᠯᠲᠠᠯ᠎ᠠ᠂ ᠤᠷᠤᠯᠳᠤᠭᠠᠨ᠎ᠳᠤ ᠣᠷᠣᠯᠴᠠᠭ᠍ᠰᠠᠳ ᠲᠠᠯ᠎ᠠ ᠨᠤᠲᠤᠭ APP ᠪᠣᠯᠤᠨ ᠬᠦᠯᠦᠭ APP ᠎ᠶ᠋ᠢ ᠪᠠᠭᠤᠯᠭᠠᠨ᠂ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠰᠤᠪᠠᠭ᠎ᠢ ᠰᠤᠩᠭᠤᠨ ᠲᠤᠪᠴᠢᠳᠠᠵᠦ᠍ ᠨᠡᠷ᠎ᠡ᠎ᠪᠠᠨ ᠮᠡᠳᠡᠭᠦᠯᠦᠨ᠎ᠡ᠃ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ᠌ ᠬᠦᠰᠦᠨᠦᠭ᠌ᠲᠦ᠎ᠶ᠋ᠢ ᠲᠠᠭ᠍ᠯᠠᠵᠤ᠂ ᠤᠷᠤᠯᠳᠤᠭᠠᠨ᠎ᠳᠤ ᠣᠷᠣᠯᠴᠠᠬᠤ ᠸᠢᠳᠢᠣ᠋᠎ᠪᠠᠨ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠲᠤ ᠲᠤᠱᠢᠶᠠᠨ᠎ᠠ᠃

未标题-3.jpg

ᠬᠠᠷᠢᠯᠴᠠᠬᠤ ᠬᠥᠮᠦᠨ᠄ ᠮᠦᠡᠭ᠌ᠭᠦᠨᠬᠤᠸᠠᠷ᠂ ᠰᠦᠮᠪᠦᠷ

ᠬᠠᠷᠢᠯᠴᠠᠬᠤ ᠤᠲᠠᠰᠤ᠄ 0471-6659824

ᠱᠢᠤᠳᠠᠨ᠎ᠤ ᠬᠠᠢᠷᠴᠠᠭ᠄ cyy2020nmgmgds@163.com

 

ᠲᠠᠪᠤ᠂ ᠱᠢᠯᠭᠠᠷᠠᠭᠤᠯᠬᠤ ᠲᠦᠷᠢᠮ

ᠤᠷᠤᠯᠳᠤᠭᠠᠨ᠎ᠳᠤ ᠣᠷᠣᠯᠴᠠᠭ᠍ᠴᠢ᠎ᠶ᠋ᠢᠨ ᠬᠠᠩᠭᠠᠭ᠍ᠰᠠᠨ ᠸᠢᠳᠢᠣ᠋ ᠱᠢᠩᠭᠡᠭᠡᠯᠲᠡ᠎ᠶ᠋ᠢ ᠵᠠᠰᠠᠨ ᠨᠠᠢᠷᠠᠭᠤᠯᠵᠤ ᠪᠣᠯᠬᠤ ᠦᠭᠡᠢ᠂ ᠡᠷᠬᠡᠪᠰᠢ ᠠᠳᠠᠯᠢ ᠬᠤᠭᠤᠴᠠᠭᠠᠨ᠎ᠳᠤ ᠱᠢᠩᠭᠡᠭᠡᠭ᠌ᠰᠡᠨ ᠪᠠᠢᠬᠤ ᠬᠡᠷᠡᠭ᠌ᠲᠡᠶ᠂ ᠬᠡᠷᠪᠡ ᠳᠦᠷᠢᠮ᠎ᠠᠴᠠ ᠵᠦᠷᠢᠴᠡᠵᠦ᠍ ᠱᠢᠩᠭᠡᠭᠡᠭ᠌ᠰᠡᠨ ᠪᠠᠢᠪᠠᠯ ᠵᠣᠬᠢᠶᠠᠨ ᠪᠠᠢᠭᠤᠯᠬᠤ ᠺᠣᠮᠢᠰ᠎ᠠᠴᠠ ᠲᠣᠰ ᠣᠷᠣᠯᠴᠠᠭ᠍ᠴᠢ᠎ᠶ᠋ᠢᠨ ᠣᠷᠣᠯᠳᠤᠭᠠᠨ᠎ᠳᠤ ᠣᠷᠣᠯᠴᠠᠬᠤ ᠡᠷᠭᠡ᠎ᠶ᠋ᠢ ᠬᠠᠰᠤᠨ᠎ᠠ᠃ ᠪᠣᠳᠠᠲᠠᠶ ᠱᠠᠭᠠᠷᠳᠠᠯᠭ᠎ᠠ ᠳᠣᠤᠷᠠᠬᠢ ᠮᠡᠲᠦ᠍᠄

1. ᠤᠷᠤᠯᠳᠤᠭᠠᠨ᠎ᠳᠤ ᠣᠷᠣᠯᠴᠠᠭ᠍ᠴᠢ᠎ᠠᠴᠠ ᠡᠷᠬᠡᠪᠰᠢ ᠱᠢᠩᠭᠡᠭᠡᠯᠲᠡ᠎ᠶ᠋ᠢᠨ ᠮᠠᠱᠢᠨ ᠪᠤᠶᠤ ᠭᠠᠷ ᠤᠳᠠᠰᠤ᠎ᠪᠠᠷ ᠬᠠᠭᠠᠰ ᠪᠡᠶ᠎ᠡ᠎ᠪᠠᠨ ᠰᠡᠭᠦᠳᠡᠷᠯᠡᠨ᠂ ᠳᠦᠷᠰᠦ ᠱᠢᠩᠭᠡᠭᠡᠯᠲᠡ᠎ᠶ᠋ᠢᠨ ᠲᠣᠳᠤᠷᠬᠠᠢ ᠪᠠᠢᠬᠤ᠎ᠶ᠋ᠢ ᠪᠠᠲᠤᠯᠠᠬᠤ ᠬᠡᠷᠡᠭ᠌ᠲᠡᠶ᠃

2. ᠸᠢᠳᠢᠣ᠋ ᠱᠢᠩᠭᠡᠭᠡᠯᠲᠡ᠎ᠪᠠᠨ ᠶᠠᠪᠤᠭᠤᠯᠬᠤ᠎ᠳᠠᠭᠠᠨ ᠡᠷᠬᠡᠪᠰᠢ ᠬᠤᠪᠢ ᠬᠥᠮᠦᠨ ᠪᠤᠶᠤ ᠪᠦᠯᠬᠦᠮ ᠨᠡᠢᠲᠡ᠎ᠶ᠋ᠢᠨ᠎ᠢᠶᠠᠨ ᠨᠡᠷ᠎ᠡ ᠪᠣᠯᠤᠨ ᠳᠠᠭᠤᠤ᠎ᠶ᠋ᠢᠨ ᠭᠠᠷᠴᠠᠭ᠂ ᠴᠠᠭ᠎ᠤᠨ ᠤᠷᠳᠤ ᠵᠡᠷᠭᠡ ᠮᠡᠳᠡᠭᠡ ᠵᠠᠩᠭᠢ᠎ᠪᠠᠨ ᠲᠣᠳᠣᠷᠬᠠᠢᠯᠠᠬᠤ ᠬᠡᠷᠡᠭ᠌ᠲᠡᠢ᠃ ᠸᠢᠳᠢᠣ᠋ ᠱᠢᠩᠭᠡᠭᠡᠯᠲᠡ᠎ᠳᠤ ᠮᠡᠳᠡᠭᠦᠯᠦᠨ ᠬᠦᠷᠭᠡᠭ᠌ᠰᠡᠨ ᠨᠢᠭᠡᠴᠢ᠂ ᠤᠷᠤᠯᠳᠤᠭᠠᠨ᠎ᠳᠤ ᠣᠷᠣᠯᠴᠠᠭ᠍ᠰᠠᠳ᠎ᠤᠨ ᠮᠡᠳᠡᠭᠡ ᠵᠠᠩᠭᠢ᠎ᠲᠠᠢ ᠳᠡᠯᠭᠡᠴᠡ ᠪᠠ ᠲᠠᠯᠠᠪᠤᠷ᠎ᠤᠨ ᠦᠵᠡᠮᠵᠢ ᠪᠠᠢᠵᠤ ᠪᠣᠯᠬᠤ ᠥᠬᠡᠶ᠃

3. ᠸᠢᠳᠢᠣ᠋ ᠱᠢᠩᠭᠡᠭᠡᠯᠲᠡ᠎ᠪᠠᠨ ᠶᠠᠪᠤᠭᠤᠯᠬᠤ᠎ᠳᠤ᠎ᠪᠠᠨ ᠲᠣᠰ ᠪᠦᠲᠦᠭᠡᠯ᠎ᠤᠨ᠎ᠢᠶᠠᠨ ᠪᠦᠳᠦᠭᠡᠯ᠎ᠤᠨ ᠨᠡᠷ᠎ᠡ᠂ ᠤᠯᠠᠮᠵᠢᠯᠠᠵᠤ ᠳᠡᠯᠭᠡᠷᠡᠭ᠌ᠰᠡᠨ ᠭᠠᠵᠠᠷ ᠣᠷᠣᠨ᠂ ᠤᠯᠠᠮᠵᠢᠯᠠᠭ᠍ᠴᠢ᠂ ᠴᠠᠭ᠎ᠤᠨ ᠤᠷᠲᠤ ᠵᠡᠷᠭᠡ ᠮᠡᠳᠡᠭᠡ ᠵᠠᠩᠭᠢ᠎ᠶ᠋ᠢ ᠳᠠᠭᠠᠯᠳᠤᠭᠤᠯᠬᠤ ᠬᠡᠷᠡᠭ᠌ᠲᠡᠶ᠃

4. ᠸᠢᠳᠢᠣ᠋ ᠱᠢᠩᠭᠡᠭᠡᠯᠲᠡ᠎ᠪᠠᠨ ᠶᠠᠪᠤᠭᠤᠯᠬᠤ᠎ᠳᠠᠭᠠᠨ ᠵᠢᠷᠤᠭ ᠳᠦᠷᠰᠦ ᠪᠠ ᠳᠠᠭᠤᠨ ᠳᠠᠪᠲᠠᠮᠵᠢ᠎ᠳᠤ ᠤᠷᠠᠯᠢᠭ᠍ᠵᠢᠭᠤᠯᠤᠭ᠍ᠰᠠᠨ ᠴᠢᠨᠠᠷ᠎ᠲᠠᠢ ᠨᠠᠢᠷᠠᠭᠤᠯᠭ᠎ᠠ ᠬᠢᠵᠦ᠍ ᠪᠣᠯᠬᠤ ᠦᠭᠡᠢ ᠮᠥᠷᠲᠡᠭᠡᠨ ᠳᠠᠭᠤ ᠳᠦᠷᠰᠦ᠎ᠪᠠᠨ ᠬᠠᠮᠲᠤ᠎ᠳᠤᠨᠢ ᠱᠢᠩᠭᠡᠭᠡᠭ᠌ᠰᠡᠨ ᠪᠠᠢᠵᠤ᠂ ᠳᠠᠭᠤ ᠳᠦᠷᠰᠦ ᠨᠢᠭᠡᠳᠦᠯ᠎ᠲᠠᠢ ᠪᠠᠢᠬᠤ᠎ᠶ᠋ᠢ ᠴᠢᠩᠭ᠎ᠠ ᠱᠠᠭᠠᠷᠳᠠᠨ᠎ᠠ᠃

5. ᠤᠷᠤᠯᠳᠤᠭᠠᠨ᠎ᠳᠤ ᠣᠷᠣᠯᠴᠠᠭ᠍ᠰᠠᠳ ᠬᠠᠪᠰᠤᠷᠤᠯ ᠬᠦᠭ᠌ᠵᠢᠮ ᠬᠡᠷᠡᠭ᠌ᠯᠡᠵᠦ᠍ ᠪᠣᠯᠬᠤ ᠦᠭᠡᠢ᠂ ᠬᠠᠪᠰᠤᠷᠤᠯ ᠬᠦᠭ᠌ᠵᠢᠮ ᠬᠡᠷᠡᠭ᠌ᠰᠡᠬᠦ᠌ ᠴᠢᠬᠤᠯᠠᠲᠠᠶ ᠪᠣᠯ ᠡᠷᠬᠡᠪᠰᠢ ᠲᠤᠬᠠᠶ᠎ᠶ᠋ᠢᠨ ᠲᠠᠯᠠᠪᠤᠷ᠎ᠲᠤ ᠬᠠᠪᠰᠤᠷᠤᠨ ᠬᠦᠭ᠌ᠵᠢᠮᠳᠡᠭ᠌ᠰᠡᠨ ᠪᠠᠢᠬᠤ ᠬᠡᠷᠡᠭ᠌ᠲᠡᠶ᠃ ᠲᠤᠬᠠᠶ᠎ᠶ᠋ᠢᠨ ᠲᠠᠯᠠᠪᠤᠷ᠎ᠤᠨ ᠬᠠᠪᠰᠤᠷᠤᠨ ᠬᠥᠭ᠌ᠵᠢᠮᠳᠡᠭ᠌ᠴᠢ ᠡᠷᠬᠡᠪᠰᠢ ᠤᠷᠤᠯᠳᠤᠭᠠᠨ᠎ᠳᠤ ᠣᠷᠣᠯᠴᠠᠭ᠍ᠰᠠᠳ᠎ᠲᠠᠢ ᠬᠠᠮᠲᠤ ᠸᠢᠳᠢᠣ᠋ ᠱᠢᠩᠭᠡᠭᠡᠯᠲᠡ᠎ᠳᠤ ᠢᠯᠡᠷᠡᠬᠦ᠌ ᠬᠡᠷᠡᠭ᠌ᠲᠡᠶ᠃ ᠬᠠᠮᠲᠤᠯᠢᠭ᠂ ᠬᠠᠮᠲᠤᠷᠠᠨ ᠲᠣᠭ᠍ᠯᠠᠭ᠍ᠴᠢ᠎ᠶ᠋ᠢᠨ ᠪᠦᠬᠦ᠌ ᠭᠡᠱᠢᠭᠦᠳ ᠬᠠᠮᠲᠤ᠎ᠪᠠᠷ ᠳᠦᠷᠰᠦ ᠱᠢᠩᠭᠡᠭᠡᠯᠲᠡ᠎ᠳᠤ ᠢᠯᠡᠷᠡᠬᠦ᠌ ᠬᠡᠷᠡᠭ᠌ᠲᠡᠢ᠃

6. ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ᠎ᠢ ᠪᠤᠴᠠᠭᠠᠬᠤ ᠦᠭᠡᠢ᠃ ᠤᠷᠤᠯᠳᠤᠭᠠᠨ᠎ᠳᠤ ᠣᠷᠣᠯᠴᠠᠭ᠍ᠰᠠᠨ ᠪᠦᠲᠦᠭᠡᠯ᠎ᠤᠨ ᠬᠡᠪᠯᠡᠯ᠎ᠤᠨ ᠡᠷᠬᠡ᠎ᠨᠢ ᠣᠷᠣᠯᠴᠠᠭ᠍ᠰᠠᠳ᠎ᠲᠤ ᠥᠮᠴᠢᠯᠡᠭ᠌ᠳᠡᠨ᠎ᠡ᠃ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠠᠴᠠ ᠤᠷᠤᠯᠳᠤᠭᠠᠨ᠎ᠳᠤ ᠣᠷᠣᠯᠴᠠᠭ᠍ᠰᠠᠳ᠎ᠤᠨ ᠮᠡᠳᠡᠭᠡ ᠵᠠᠩᠭᠢ᠎ᠶ᠋ᠢ ᠬᠡᠷᠡᠭ᠌ᠯᠡᠨ ᠱᠠᠩᠨᠠᠯ ᠱᠢᠯᠭᠠᠷᠠᠭᠤᠯᠬᠤ ᠠᠵᠢᠯᠯᠠᠭ᠎ᠠ᠎ᠲᠠᠢ ᠬᠤᠯᠪᠣᠭ᠍ᠳᠠᠬᠤ ᠤᠬᠠᠭᠤᠯᠭ᠎ᠠ᠎ᠶ᠋ᠢᠨ ᠠᠵᠢᠯᠯᠠᠭ᠎ᠠ ᠬᠢᠬᠦ᠌ ᠡᠷᠬᠡ᠎ᠲᠠᠢ᠂ ᠵᠢᠱ᠌ᠢᠶᠡᠯᠡᠪᠡᠯ ᠱᠠᠩᠨᠠᠯ ᠣᠯᠤᠭ᠍ᠰᠠᠨ ᠪᠦᠲᠦᠭᠡᠯ᠎ᠤᠨ ᠮᠡᠳᠡᠭᠡ ᠵᠠᠩᠭᠢ᠎ᠶ᠋ᠢ ᠨᠡᠢᠲᠡᠯᠡᠬᠦ᠌ ᠵᠡᠷᠭᠡ᠃ ᠵᠣᠬᠢᠶᠠᠨ ᠪᠠᠢᠭᠤᠯᠬᠤ ᠺᠣᠮᠢᠰ᠎ᠠᠴᠠ ᠱᠠᠩᠨᠠᠯ ᠤᠯᠤᠭ᠍ᠰᠠᠨ ᠪᠦᠳᠦᠭᠡᠯ ᠵᠢᠴᠢ ᠳᠡᠯᠭᠡᠨ ᠦᠵᠡᠭᠦᠯᠬᠦ᠌ ᠪᠦᠲᠦᠭᠡᠯ᠎ᠳᠤ ᠬᠡᠪᠯᠡᠯ᠎ᠤᠨ ᠡᠷᠭᠡ (ᠡᠯᠧᠺᠲᠷᠤᠨ ᠬᠡᠪᠯᠡᠯ ᠪᠠᠭ᠍ᠲᠠᠨ᠎ᠠ) ᠎ᠲᠠᠢ᠃

ᠵᠢᠷᠭᠤᠭ᠎ᠠ᠂ ᠳᠠᠮᠵᠢᠭᠤᠯᠭ᠎ᠠ᠎ᠶ᠋ᠢᠨ ᠲᠠᠪᠴᠠᠩ

ᠤᠷᠤᠯᠳᠤᠭᠠᠨ᠎ᠤ ᠠᠯᠪᠠᠨ᠎ᠤ ᠲᠠᠯ᠎ᠠ᠎ᠶ᠋ᠢᠨ ᠵᠠᠭᠤᠴᠢᠯᠠᠭᠤᠷ ᠪᠣᠯ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠲᠠᠯ᠎ᠠ ᠨᠤᠲᠤᠭ᠎ᠤᠨ ᠡᠭᠦᠯᠡ · ᠲᠠᠯ᠎ᠠ ᠨᠤᠲᠤᠭ APP ᠪᠠ ᠲᠠᠯ᠎ᠠ ᠨᠤᠲᠤᠭ᠎ᠤᠨ ᠡᠭᠦᠯᠡ · ᠬᠦᠯᠦᠭ APP ᠪᠣᠯᠤᠨ᠎ᠠ᠃ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠪᠦᠷᠢᠨ ᠵᠠᠭᠤᠴᠢᠯᠠᠭᠤᠷ᠎ᠤᠨ ᠲᠠᠪᠴᠠᠩ᠎ᠢᠶᠠᠷ ᠵᠡᠷᠭᠡ᠎ᠪᠠᠷ ᠮᠡᠳᠡᠭᠡᠯᠡᠨ᠎ᠡ᠃

ᠳᠣᠯᠤᠭ᠎ᠠ᠂ ᠱᠠᠩᠨᠠᠯ᠎ᠤᠨ ᠲᠦᠷᠦᠯ ᠵᠦᠢᠯ

(ᠨᠢᠭᠡ) ᠨᠢᠭᠡ ᠬᠤᠶᠠᠷ ᠭᠤᠷᠪᠠᠳᠤᠭᠠᠷ ᠳᠡᠰ᠎ᠤᠨ ᠱᠠᠩᠨᠠᠯ (48)

ᠨᠢᠭᠡᠳᠦᠭᠡᠷ ᠳᠡᠰ᠎ᠤᠨ ᠱᠠᠩᠨᠠᠯ (6)᠂ ᠳᠤᠭᠤᠢᠯᠠᠩ ᠪᠦᠷᠢ᠎ᠳᠤ 1 ᠨᠡᠷᠡᠰ᠃

ᠬᠤᠶᠠᠳᠤᠭᠠᠷ ᠳᠡᠰ᠎ᠤᠨ ᠱᠠᠩᠨᠠᠯ (12)᠂ ᠳᠤᠭᠤᠢᠯᠠᠩ ᠪᠦᠷᠢ᠎ᠳᠤ 2 ᠨᠡᠷᠡᠰ᠃

ᠭᠤᠷᠪᠠᠳᠤᠭᠠᠷ ᠳᠡᠰ᠎ᠤᠨ ᠱᠠᠩᠨᠠᠯ (30)᠂ ᠳᠤᠭᠤᠢᠯᠠᠩ ᠪᠦᠷᠢ᠎ᠳᠤ 5 ᠨᠡᠷᠡᠰ᠃

(ᠬᠤᠶᠠᠷ) ᠱᠢᠯᠢᠳᠡᠭ ᠱᠠᠩᠨᠠᠯ (36)

ᠳᠤᠭᠤᠢ᠍ᠢᠯᠠᠩ ᠪᠦᠷᠢ᠎ᠳᠤ 6 ᠨᠡᠷᠡᠰ᠃

ᠵᠡᠭᠦᠯᠲᠡ᠄ ᠲᠤᠰ ᠤᠳᠠᠭᠠᠨ᠎ᠤ ᠠᠵᠢᠯᠯᠠᠭ᠎ᠠ᠎ᠳᠤ ᠶᠠᠮᠠᠷ ᠴᠤ᠌ ᠰᠦᠢᠳᠭᠡᠯ ᠬᠤᠷᠢᠶᠠᠬᠤ ᠦᠭᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号