ᠱᠢᠨ ᠫᠧᠩ ᠪᠥᠸᠧ᠄ ᠨᠠᠮ᠎ᠤᠨ ᠰᠦᠯᠳᠡ᠎ᠶ᠋ᠢ ᠵᠡᠭᠦᠵᠤ ᠪᠠᠢᠬ᠍ᠰᠠᠨ ᠴᠠᠭ᠎ᠲᠤ ᠡᠭᠦᠷᠭᠡ ᠬᠠᠷᠢᠭᠤᠴᠠᠯᠭ᠎ᠠ᠎ᠪᠠᠨ ᠵᠠᠪᠠᠯ ᠭᠦᠢᠴᠡᠳᠭᠡᠨ᠎ᠡ
2020-07-06 11:34:54
ᠵᠣᠬᠢᠶᠠᠭ᠍ᠴᠢ᠄
​ ᠯᠢ ᠢᠣᠢ ᠵᠦᠸᠧ ᠬᠠᠨ ᠯᠧᠩ
ᠣᠩᠱᠢᠭ᠍ᠰᠠᠨ ᠣᠳᠠᠭ᠎ᠠ᠄
★★★☆☆

《ᠨᠠᠮ᠎ᠤᠨ ᠰᠦᠯᠳᠡ᠎ᠶ᠋ᠢ ᠵᠡᠭᠦᠵᠤ ᠪᠠᠢᠬ᠍ᠰᠠᠨ ᠴᠠᠭ᠎ᠲᠤ ᠡᠭᠦᠷᠭᠡ ᠬᠠᠷᠢᠭᠤᠴᠠᠯᠭ᠎ᠠ᠎ᠪᠠᠨ ᠵᠠᠪᠠᠯ ᠭᠦᠢᠴᠡᠳᠭᠡᠨ᠎ᠠ᠃ ᠨᠠᠮ᠎ᠤᠨ ᠲᠤᠭ ᠦᠨᠳᠦᠰᠦᠨ ᠱᠠᠲᠤᠨ᠎ᠳᠤ ᠨᠠᠮᠢᠷᠠᠵᠤ ᠪᠠᠢᠬ᠍ᠰᠠᠨ ᠴᠠᠭ᠎ᠲᠤ ᠠᠷᠠᠳ ᠲᠦᠮᠡᠨ᠎ᠳᠤ ᠨᠠᠮ᠎ᠤᠨ ᠪᠤᠶᠠᠨ ᠵᠢᠷᠭᠠᠯ᠎ᠢ ᠵᠠᠪᠠᠯ ᠡᠳ᠋ᠯᠡᠭᠦᠯᠦᠨ᠎ᠠ!》 ᠬᠥᠯᠥᠨ ᠪᠤᠢᠷ᠎ᠤᠨ ᠵᠠᠯᠠᠨ ᠠᠢᠯ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠴᠢᠩᠭᠢᠰ ᠬᠠᠭᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠡᠳ᠋ ᠳᠠᠷᠤᠭ᠎ᠠ ᠱᠢᠨ ᠫᠧᠩ ᠪᠥᠸᠧ ᠲᠣᠰᠭᠤᠨ᠎ᠳᠤ ᠰᠠᠭᠤᠬ᠍ᠰᠠᠨ ᠠᠵᠢᠯ᠎ᠤᠨ ᠥᠩᠭᠡᠷᠡᠯᠲᠡ᠎ᠪᠠᠨ ᠡᠷᠭᠢᠴᠡᠭᠦᠯᠬᠦ᠌᠎ᠳᠡᠭᠡᠨ ᠢᠡᠭ᠌ᠬᠢᠵᠤ ᠬᠡᠯᠡᠪᠡ᠃

2016 ᠣᠨ᠎ᠤ 4 ᠰᠠᠷ᠎ᠠ᠎ᠳᠤ᠂ ᠱᠢᠨ ᠫᠧᠩ ᠪᠥᠸᠧ ᠵᠠᠯᠠᠨ ᠠᠢᠯ ᠬᠤᠲᠠ᠎ᠶ᠋ᠢᠨ ᠴᠢᠩᠭᠢᠰ ᠬᠠᠭᠠᠨ ᠪᠠᠯᠭᠠᠰᠤ᠎ᠶ᠋ᠢᠨ ᠹᠠᠨ ᠷᠦᠩ ᠲᠣᠰᠭᠤᠨ᠎ᠳᠤ ᠰᠠᠭᠤᠬᠤ ᠨᠢᠭᠡᠳᠦᠭᠡᠷ ᠱᠦᠵᠢ᠎ᠪᠠᠷ ᠲᠣᠮᠢᠯᠠᠭ᠍ᠳᠠᠪᠠ᠃ 4 ᠵᠢᠯ᠎ᠤᠨ ᠲᠤᠷᠰᠢ᠂ ᠲᠡᠷᠡ ᠲᠣᠰᠭᠤᠨ᠎ᠤ 321 ᠶᠠᠳᠠᠭᠤ ᠬᠦᠴᠢᠷᠳᠡᠯᠲᠡᠢ ᠡᠷᠦᠬᠡ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠲᠣᠰᠭᠤᠨ᠎ᠤ ᠠᠷᠠᠳ᠎ᠤᠨ ᠠᠮᠢᠳᠤᠷᠠᠯ᠎ᠢ ᠠᠭᠠᠵᠢᠮ᠎ᠢᠶᠠᠷ ᠰᠠᠢᠵᠢᠷᠠᠭᠤᠯᠪᠠ᠃ ᠲᠣᠰᠭᠤᠨ᠎ᠨᠢ ᠭᠤᠷᠪᠠᠳᠤᠭᠠᠷ ᠲᠥᠷᠥᠯ᠎ᠤᠨ ᠲᠣᠰᠭᠤᠨ᠎ᠠᠴᠠ ᠨᠢᠭᠡᠳᠦᠭᠡᠷ ᠲᠥᠷᠥᠯ᠎ᠤᠨ ᠲᠣᠰᠭᠤᠨ᠎ᠳᠤ ᠣᠷᠣᠵᠤ᠂ 2018 ᠣᠨ᠎ᠳᠤ ᠬᠥᠯᠥᠨ ᠪᠤᠢᠷ ᠬᠤᠳᠠ᠎ᠶ᠋ᠢᠨ ᠪᠣᠯᠪᠠᠰᠤᠨ ᠲᠣᠰᠭᠤᠨ᠎ᠢᠶᠠᠷ ᠦᠨᠡᠯᠡᠭ᠌ᠳᠡᠵᠦ᠍᠂ ᠲᠣᠰᠭᠤᠨ᠎ᠤ ᠨᠠᠮ᠎ᠤᠨ ᠡᠭᠦᠷ᠎ᠨᠢ 3 ᠵᠢᠯ ᠳᠠᠷᠠᠭᠠᠯᠠᠨ ᠦᠨᠳᠦᠰᠦᠨ ᠱᠠᠲᠤᠨ᠎ᠤ ᠲᠡᠷᠢᠭᠦᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠢᠷᠠᠭᠤ ᠠᠯᠳᠠᠷ᠎ᠢ ᠬᠦᠷᠳᠡᠪᠡ᠃

ᠹᠠᠨ ᠷᠦᠩ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠬᠡᠪᠴᠢᠶ᠎ᠡ ᠪᠠᠭ᠎ᠠ᠂ ᠬᠥᠮᠦᠨ ᠳᠤᠮᠳᠠᠴᠢ᠎ᠳᠤ ᠨᠣᠭ᠍ᠳᠠᠬᠤ ᠭᠠᠵᠠᠷ ᠱᠢᠷᠣᠶ ᠪᠠᠭ᠎ᠠ ᠪᠠᠢᠳᠠᠭ᠃ ᠲᠣᠰᠭᠤᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠣᠯᠠᠨ᠂ ᠡᠬᠢ ᠪᠠᠶᠠᠯᠢᠭ ᠳᠤᠲᠠᠮᠠᠭ ᠪᠠᠢᠶᠬᠤ ᠪᠣᠳᠠᠲᠤ ᠵᠥᠷᠢᠴᠡᠯ᠎ᠢ ᠪᠦᠲᠦᠮᠵᠢᠲᠡᠶ ᠱᠢᠶᠳᠪᠦᠷᠢᠯᠡᠬᠦ᠌᠎ᠶ᠋ᠢᠨ ᠲᠥᠯᠥᠭᠡ᠂ ᠱᠢᠨ ᠫᠧᠩ ᠪᠥᠸᠧ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠲᠠᠢ ᠤᠶᠠᠯᠳᠤᠭᠤᠯᠵᠤ᠂ ᠲᠣᠰᠭᠤᠨ᠎ᠤ ᠬᠤᠶᠠᠷ ᠵᠥᠪᠯᠡᠯ᠎ᠢ ᠬᠦᠳᠤᠯᠤᠨ ᠳᠠᠭᠠᠭᠤᠯᠤᠨ 《ᠨᠢᠭᠡ ᠲᠣᠰᠭᠤᠨ ᠤᠯᠠᠨ ᠪᠦᠲᠦᠭᠡᠭ᠌ᠳᠡᠭᠦᠨ》 ᠎ᠤ ᠬᠥᠭ᠌ᠵᠢᠯᠲᠡ᠎ᠶ᠋ᠢᠨ ᠰᠡᠳᠭᠢᠴᠡ᠎ᠶ᠋ᠢ ᠲᠣᠭ᠍ᠲᠠᠭᠠᠪᠠ᠃

ᠱᠢᠨ ᠫᠧᠩ ᠪᠥᠸᠧ ᠪᠦᠬᠦ᠌ ᠲᠣᠰᠭᠤᠨ᠎ᠳᠤ ᠴᠠᠨ᠎ᠠ ᠴᠡᠴᠡᠭ ᠲᠠᠷᠢᠬᠤ᠎ᠶ᠋ᠢ ᠶᠡᠭᠡ᠎ᠪᠠᠷ ᠳᠡᠯᠭᠡᠷᠡᠭᠦᠯᠵᠦ᠍᠂ ᠣᠳᠣ ᠨᠢᠭᠡᠨᠲᠡ 120 ᠨᠠᠮ᠎ᠤᠨ ᠭᠡᠱᠢᠭᠦᠨ ᠵᠢᠴᠢ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ 100 ᠮᠦ᠍ ᠴᠠᠨ᠎ᠠ ᠴᠡᠴᠡᠭ ᠲᠠᠷᠢᠭ᠍ᠰᠠᠨ ᠪᠥᠭᠡᠳ ᠪᠡᠭᠡᠵᠢᠩ᠎ᠤᠨ ᠲᠦᠩ ᠷᠧᠨ ᠲᠠᠩ᠎ᠲᠠᠢ ᠬᠤᠷᠢᠶᠠᠨ ᠠᠪᠬᠤ ᠭᠡᠷ᠎ᠡ ᠲᠣᠭ᠍ᠲᠠᠵᠠᠶ᠃

ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠳᠤᠮᠳᠠ᠂ ᠱᠢᠨ ᠫᠧᠩ ᠪᠥᠸᠧ ᠱᠢᠨ᠎ᠡ ᠲᠢᠶᠠᠨ ᠯᠢ ᠵᠢᠮᠢᠰ ᠢᠳᠡᠱᠢᠨ ᠨᠣᠭᠤᠭ᠎ᠠ ᠲᠠᠷᠢᠬᠤ ᠬᠤᠷᠱᠢᠶ᠎ᠠ᠎ᠶ᠋ᠢ ᠭᠤᠤᠯᠳᠠᠯᠭ᠎ᠠ᠎ᠲᠠᠢ ᠪᠠᠢᠭᠤᠯᠵᠤ᠂ 180 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ 108 ᠭᠦᠯᠡᠮᠵᠢ ᠪᠠᠢᠭᠤᠯᠵᠤ᠂ ᠱᠢᠨᠵᠢᠶᠠᠩ ᠲᠤᠭᠤᠷ᠂ ᠲᠠᠷᠪᠤᠰ᠂ ᠦᠵᠦᠮ ᠵᠡᠷᠭᠡ ᠵᠢᠮᠢᠰ ᠪᠠ ᠢᠳᠡᠱᠢᠨ ᠨᠣᠭᠤᠭ᠎ᠠ ᠳᠠᠷᠢᠵᠤ᠂ ᠵᠢᠯ᠎ᠤᠨ ᠪᠤᠷᠤᠯᠠᠭᠤᠯᠭ᠎ᠠ 200 ᠲᠦᠮᠡᠨ ᠲᠥᠭᠦᠷᠢᠭ᠎ᠲᠤ ᠬᠦᠷᠴᠦ᠍᠂ 40 ᠭᠠᠷᠤᠢ ᠲᠣᠰᠭᠤᠨ᠎ᠤ ᠠᠷᠠᠳ ᠪᠠ ᠶᠠᠳᠠᠭᠤ ᠬᠦᠴᠢᠷᠳᠡᠯᠲᠡᠢ ᠡᠷᠦᠬᠡ᠎ᠶ᠋ᠢ ᠳᠠᠢᠴᠢᠯᠠᠨ ᠬᠦᠯᠡᠮᠵᠢ᠎ᠶ᠋ᠢ ᠳᠠᠭᠠᠭᠠᠴᠢᠯᠠᠭᠤᠯᠤᠭ᠍ᠰᠠᠨ ᠪᠤᠶᠤ ᠬᠤᠷᠱᠢᠶᠠᠨ᠎ᠳᠤ ᠬᠥᠯᠥᠰᠥᠨ ᠠᠵᠢᠯ ᠬᠢᠯᠭᠡᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠪᠡ᠃ 2016 ᠣᠨ᠎ᠠᠴᠠ 2018 ᠣᠨ ᠪᠣᠯᠲᠠᠯ᠎ᠠ᠂ ᠶᠠᠳᠠᠭᠤ ᠬᠦᠴᠢᠷᠳᠡᠯᠲᠡᠶ ᠡᠷᠦᠬᠡ ᠨᠡᠢᠲᠡ 35 ᠲᠦᠮᠡᠨ ᠲᠥᠭᠦᠷᠢᠭ᠎ᠤᠨ ᠠᠱᠢᠭ ᠬᠤᠪᠢᠶᠠᠪᠠ᠃

ᠹᠠᠨ ᠷᠦᠩ ᠲᠣᠰᠭᠤᠨ᠎ᠤ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠱᠢᠨ ᠫᠧᠩ ᠪᠥᠸᠧ ᠪᠣᠯᠤᠨ ᠲᠣᠰᠭᠤᠨ᠎ᠤ ᠬᠤᠶᠠᠷ ᠵᠥᠪᠯᠡᠯ ᠤᠯᠠᠨ ᠭᠠᠵᠠᠷ᠎ᠲᠤ ᠬᠦᠷᠴᠦ᠍ ᠱᠢᠨᠵᠢᠯᠡᠨ ᠪᠠᠢᠴᠠᠭᠠᠭ᠍ᠰᠠᠨ᠎ᠤ ᠳᠠᠷᠠᠭ᠎ᠠ᠂ ᠬᠠᠮᠤᠭ ᠡᠴᠦᠰ᠎ᠲᠤ ᠬᠠᠷ᠎ᠠ ᠭᠠᠭ᠍ᠠᠢ ᠪᠣᠯᠤᠨ ᠤᠢ᠎ᠶ᠋ᠢᠨ ᠮᠡᠯᠡᠬᠡᠢ ᠭᠡᠬᠦ᠌ ᠬᠤᠶᠠᠷ ᠣᠨᠴᠠᠯᠢᠭ᠎ᠲᠠᠢ ᠲᠦᠷᠦᠯ ᠵᠦᠢᠯ᠎ᠢ ᠰᠣᠩᠭᠤᠵᠤ᠂ 8 ᠶᠠᠳᠠᠭᠤ ᠬᠦᠴᠢᠷᠳᠡᠯᠲᠡᠶ ᠡᠷᠦᠬᠡ᠎ᠶ᠋ᠢ ᠵᠢᠯᠣᠭᠤᠳᠤᠨ 90 ᠭᠠᠭ᠍ᠠᠢ ᠲᠡᠵᠢᠭᠡᠯᠬᠡᠪᠡ᠂ ᠭᠠᠭ᠍ᠠᠢ ᠳᠤᠮᠳᠠᠴᠢ᠎ᠠᠴᠠ ᠤᠯᠬᠤ ᠣᠷᠣᠯᠭ᠎ᠠ 1000 ᠲᠥᠭᠦᠷᠢᠭ᠎ᠢ ᠳᠠᠪᠠᠵᠤ᠂ ᠡᠨᠡ᠎ᠨᠢ ᠡᠩ᠎ᠤᠨ ᠴᠠᠭᠠᠨ ᠭᠠᠭ᠍ᠠᠶ ᠲᠡᠵᠢᠭᠡᠬᠦ᠌ ᠠᠱᠢᠭ ᠬᠤᠨᠵᠢᠪᠣᠷᠢ᠎ᠶ᠋ᠢᠨ 3 ~ 5 ᠳᠠᠬᠢᠨ ᠪᠣᠯᠤᠨ᠎ᠠ᠃ ᠣᠳᠣᠬᠠᠨ᠎ᠳᠤ᠂ ᠹᠠᠨ ᠷᠦᠩ ᠲᠣᠰᠭᠤᠨ᠎ᠤ ᠶᠡᠷᠦᠩᠬᠡᠶ ᠪᠡᠯᠡ ᠣᠷᠣᠭᠤᠯᠤᠯᠲᠠ 75 ᠲᠦᠮᠡᠨ ᠲᠥᠭᠦᠷᠢᠭ᠎ᠤᠨ ᠣᠶ᠎ᠶ᠋ᠢᠨ ᠮᠡᠯᠡᠬᠡᠶ ᠲᠡᠵᠢᠭᠡᠨ ᠦᠷᠡᠵᠢᠭᠦᠯᠬᠦ᠌ ᠰᠠᠭᠤᠷᠢᠨ᠎ᠤ ᠨᠢᠭᠡᠳᠦᠭᠡᠷ ᠬᠤᠭᠤᠴᠠᠭ᠎ᠠ᠎ᠶ᠋ᠢᠨ ᠪᠠᠷᠢᠯᠭ᠎ᠠ ᠳᠠᠭᠤᠰᠭᠠᠵᠤ᠂ 100 ᠲᠦᠮᠡᠨ ᠣᠶ᠎ᠶ᠋ᠢᠨ ᠮᠡᠯᠡᠬᠡᠶ ᠲᠡᠵᠢᠭᠡᠨ ᠦᠷᠡᠵᠢᠭᠦᠯᠵᠤ ᠪᠤᠢ᠃ ᠵᠢᠱ᠌ᠢᠯᠲᠡ᠎ᠪᠠᠷ ᠵᠢᠯ᠎ᠤᠨ ᠠᠱᠢᠭ ᠣᠷᠣᠯᠭ᠎ᠠ᠎ᠨᠢ 500 ᠲᠦᠮᠡᠨ ᠲᠥᠭᠦᠷᠢᠭ᠎ᠲᠤ ᠬᠦᠷᠬᠦ᠌ ᠪᠣᠯᠤᠨ᠎ᠠ᠃

ᠱᠢᠨ ᠫᠧᠩ ᠪᠥᠸᠧ ᠦᠷᠭᠦᠯᠵᠢ ᠲᠣᠰᠭᠤᠨ᠎ᠤ ᠠᠷᠠᠳ᠎ᠤᠨ ᠭᠡᠷ᠎ᠲᠤ ᠬᠦᠷᠴᠦ᠍᠂ ᠲᠡᠳᠡᠨ᠎ᠤ ᠪᠤᠳᠤᠯ ᠰᠠᠨᠠᠯ᠎ᠢ ᠣᠢᠯᠠᠭᠠᠵᠤ᠂ ᠤᠯᠤᠰ᠎ᠤᠨ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠵᠤ᠂ ᠠᠷᠠᠳ ᠤᠯᠠᠨ᠎ᠤ ᠪᠣᠳᠠᠲᠠᠶ ᠠᠰᠠᠭᠤᠳᠠᠯ᠎ᠢ ᠱᠢᠶᠳᠪᠦᠷᠢᠯᠡᠨ ᠦᠭ᠌ᠴᠤ ᠪᠠᠢᠳᠠᠭ᠃

ᠲᠣᠰᠭᠤᠨ᠎ᠤ ᠠᠷᠠᠳ ᠮᠠ ᠭᠦᠸᠧ ᠢ᠎ᠶ᠋ᠢᠨ᠎ᠬᠢᠨ ᠤᠳᠠᠭ᠎ᠠ ᠳᠠᠷᠠᠭᠠᠯᠠᠨ ᠭᠠᠶ ᠭᠠᠮᠱᠢᠭ᠎ᠲᠤ ᠳᠠᠭᠠᠷᠢᠭ᠍ᠳᠠᠵᠤ᠂ ᠥᠬᠢᠨ ᠪᠣᠯᠤᠨ ᠵᠢᠭᠡ ᠣᠮᠪᠣᠯᠣ ᠥᠬᠢᠨ᠎ᠨᠢ ᠬᠤᠶᠠᠷ ᠵᠢᠯ᠎ᠤᠨ ᠬᠤᠭᠤᠷᠤᠨᠳᠤ ᠲᠡᠷᠭᠡᠨ ᠠᠳᠡᠯ ᠭᠠᠷᠴᠤ᠌᠂ ᠡᠷ᠎ᠡ ᠡᠮ᠎ᠡ ᠬᠤᠶᠠᠭᠤᠯᠠ᠎ᠪᠠᠨ ᠬᠡᠦᠬᠡᠳ᠎ᠤᠨ᠎ᠢᠶᠠᠨ ᠡᠮᠨᠡᠯᠭᠡ᠎ᠶ᠋ᠢᠨ ᠵᠠᠷᠤᠳᠠᠯ᠎ᠤᠨ ᠲᠥᠯᠥᠭᠡ 50 ᠲᠦᠮᠡᠨ ᠲᠥᠭᠦᠷᠢᠭ᠎ᠤᠨ ᠥᠷᠢ᠎ᠲᠠᠢ ᠪᠤᠯᠵᠤ᠂ ᠥᠷᠢ᠎ᠪᠠᠨ ᠲᠥᠯᠥᠬᠦ᠌᠎ᠶ᠋ᠢᠨ ᠲᠥᠯᠥᠭᠡ 60 ᠭᠠᠷᠤᠬ᠍ᠰᠠᠨ ᠨᠠᠰᠤᠲᠠᠨ ᠠᠷᠭ᠎ᠠ ᠪᠤᠰᠤ ᠭᠠᠵᠠᠷ ᠪᠣᠯᠭᠠᠨ᠎ᠳᠤ ᠬᠦᠴᠦ᠍ ᠶᠠᠪᠤᠵᠤ᠂ ᠲᠣᠭ᠍ᠲᠠᠭ᠍ᠰᠠᠨ ᠣᠷᠣᠨ ᠰᠠᠭᠤᠴᠠ ᠴᠤ᠌ ᠦᠭᠡᠶ ᠪᠣᠯᠵᠠᠶ᠃

ᠱᠢᠨ ᠫᠧᠩ ᠪᠥᠸᠧ ᠮᠠ ᠭᠦᠸᠧ ᠢ ᠨᠠᠰᠤᠲᠠᠨ᠎ᠢ ᠬᠠᠪᠰᠤᠷᠤᠨ ᠣᠷᠣᠨ ᠰᠠᠭᠤᠴᠠ᠎ᠶ᠋ᠢᠨ ᠠᠰᠠᠭᠤᠳᠠᠯ᠎ᠢ᠎ᠨᠢ  ᠱᠢᠢᠳᠪᠦᠷᠢᠯᠡᠵᠦ᠍ ᠦᠭᠦᠭ᠌ᠰᠡᠨ ᠪᠦᠭᠡᠳ ᠪᠠᠰᠠ ᠭᠤᠶᠤᠴᠢᠯᠠᠵᠤ ᠪᠠᠢᠭᠠᠳ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ᠎ᠶ᠋ᠢᠨ ᠡᠷᠦᠬᠡ ᠪᠤᠯᠭᠠᠵᠤ᠂ ᠡᠷᠡᠭᠦᠯ ᠮᠡᠨᠳᠦ᠎ᠪᠠᠷ ᠶᠠᠳᠠᠭᠤ᠎ᠶ᠋ᠢ ᠲᠡᠳᠬᠦᠬᠦ᠌ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠭᠠᠯᠵᠠᠯ᠎ᠢ ᠬᠦᠷᠳᠡᠭᠡᠭᠦ᠎ᠶ᠋ᠢᠨ ᠬᠠᠮᠲᠤ ᠡᠪᠦᠭᠡᠨ ᠬᠦᠭ᠌ᠰᠢᠨ ᠬᠤᠶᠠᠭᠤᠯᠠ᠎ᠳᠤ ᠬᠦᠡᠭ᠌ᠭᠡᠨ ᠱᠢᠭ ᠠᠵᠢᠯ ᠤᠯᠵᠤ ᠦᠭ᠌ᠭᠦᠨ᠂ ᠲᠡᠳᠡᠨ᠎ᠤ ᠭᠡᠷ᠎ᠤᠨ ᠠᠵᠤ ᠠᠬᠤᠢ᠎ᠶ᠋ᠢᠨ ᠳᠠᠷᠤᠭᠠᠰᠤ᠎ᠶ᠋ᠢ ᠶᠡᠭᠡ᠎ᠪᠠᠷ ᠬᠥᠩᠭᠡᠷᠡᠭᠦᠯᠪᠡ᠃

ᠠᠷᠠᠳ ᠲᠦᠮᠡᠨ᠎ᠤ ᠬᠠᠨᠤᠮᠵᠢ᠎ᠶ᠋ᠢᠨ ᠠᠷᠤ᠎ᠳᠤ ᠱᠢᠨ ᠫᠧᠩ ᠪᠥᠸᠧ ᠡᠬᠡᠨᠡᠷ᠎ᠲᠠᠢ᠎ᠪᠠᠨ ᠠᠭᠤᠯᠵᠠᠵᠤ ᠤᠴᠠᠷᠠᠬᠤ᠎ᠨᠢ ᠴᠦᠭᠡᠨ᠂ 5 ᠨᠠᠰᠤᠲᠠᠢ ᠥᠬᠢᠨ᠎ᠢᠶᠠᠨ ᠬᠠᠳᠠᠮ ᠠᠪᠤ ᠡᠵᠢ᠎ᠳᠡᠭᠡᠨ ᠨᠠᠢᠳᠠᠬ᠍ᠰᠠᠨ ᠵᠡᠷᠭᠡ ᠤᠴᠢᠷ ᠨᠢᠭᠤᠬ᠍ᠳᠠᠵᠤ ᠪᠠᠢᠳᠠᠭ᠃

ᠲᠣᠰᠭᠤᠨ᠎ᠳᠤ ᠰᠠᠭᠤᠬ᠍ᠰᠠᠨ 900 ᠭᠠᠷᠤᠶ ᠡᠳᠦᠷ ᠬᠤᠨᠤᠭ᠎ᠲᠤ ᠱᠢᠨ ᠫᠧᠩ ᠪᠥᠸᠧ ᠡᠳᠦᠷ ᠪᠦᠷᠢ ᠰᠥᠨᠢ ᠳᠦᠯᠢ ᠪᠣᠯᠳᠠᠯ᠎ᠠ ᠠᠵᠢᠯᠯᠠᠬ᠍ᠰᠠᠭᠠᠷ ᠢᠷᠡᠭ᠌ᠰᠡᠨ ᠶᠤᠮ᠃ 《ᠠᠪᠤ ᠡ! ᠬᠡᠵᠢᠶ᠎ᠡ ᠬᠠᠷᠢᠵᠤ ᠢᠷᠡᠬᠦ᠌ ᠪᠤᠢ? ᠨᠠᠮ᠎ᠠ᠎ᠶ᠋ᠢ ᠠᠪᠬᠤ ᠦᠭᠡᠢ ᠪᠣᠯᠤᠭ᠍ᠰᠠᠨ ᠤᠤ?》 ᠭᠡᠬᠦ᠌ ᠦᠬᠢᠨ᠎ᠤ᠎ᠪᠠᠨ ᠠᠰᠠᠭᠤᠯᠳᠠ᠎ᠳᠤ ᠲᠡᠷᠡ ᠲᠣᠪ ᠳᠤᠭᠤᠶ ᠨᠢᠯᠪᠤᠰᠤ ᠤᠨᠠᠭᠠᠳᠠᠭ᠃ ᠭᠡᠷ᠎ᠤᠨ ᠬᠥᠮᠦᠰ᠎ᠢᠶᠠᠨ ᠶᠠᠷᠢᠬᠤ ᠣᠢᠶ᠎ᠠ᠎ᠳᠤ᠂ ᠱᠢᠨ ᠫᠧᠩ ᠪᠥᠸᠧ ᠮᠠᠰᠢ ᠶᠡᠭᠡ ᠦᠷᠢᠳᠦᠭ᠌ᠰᠡᠨ ᠱᠢᠭ ᠪᠤᠳᠤᠬ᠍ᠳᠠᠳᠠᠭ᠃ ᠭᠡᠪᠡᠴᠦ᠍ ᠲᠡᠷᠡ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠢᠯᠡᠰ᠎ᠲᠤ ᠥᠪᠡᠷ᠎ᠤᠨ ᠬᠦᠴᠦᠨ ᠴᠢᠳᠠᠯ᠎ᠢᠶᠠᠨ ᠡᠷᠭᠦᠬᠦ᠌᠎ᠨᠢ ᠮᠠᠰᠢ ᠦᠨ᠎ᠡ ᠴᠡᠨ᠎ᠠ᠎ᠲᠠᠢ ᠭᠡᠵᠤ ᠦᠵᠡᠳᠡᠭ ᠪᠦᠬᠡᠳ ᠢᠡᠭ᠌ᠬᠢᠵᠤ ᠠᠵᠢᠯᠯᠠᠳᠠᠬ ᠪᠠᠢᠯ᠎ᠠ᠃

 

       〔 ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ 〕

ᠱᠢᠨ ᠫᠧᠩ ᠪᠥᠸᠧ᠎ᠶ᠋ᠢ ᠰᠤᠷᠪᠤᠯᠵᠢᠯᠠᠬᠤ ᠶᠠᠪᠤᠴᠠ᠎ᠳᠤ᠂ ᠲᠡᠭᠦᠨ᠎ᠤ ᠹᠠᠨ ᠷᠦᠩ ᠲᠣᠰᠭᠤᠨ᠎ᠤ ᠲᠤᠬᠠᠶ ᠭᠦᠨ ᠣᠢᠯᠠᠭᠠᠯᠲᠠ᠂ ᠶᠠᠳᠠᠭᠤ᠎ᠠᠴᠠ ᠠᠩᠭᠢᠵᠢᠷᠠᠭᠤᠯᠬᠤ ᠪᠠᠶᠠᠵᠢᠭᠤᠯᠤᠨ ᠴᠢᠨᠡᠭᠡᠯᠢᠭ᠌ᠵᠢᠬᠦᠯᠭᠦ᠌ ᠲᠤᠬᠠᠶ ᠭᠦᠨᠵᠡᠭᠡᠢ ᠤᠢ᠍ᠢᠯᠠᠭᠠᠯᠳᠠ ᠰᠡᠳᠭᠢᠴᠡ᠂ ᠡᠭᠡᠯ ᠠᠷᠠᠳ᠎ᠤᠨ ᠲᠤᠬᠠᠢ ᠳᠤᠳᠤᠨᠤᠰᠤᠭ ᠤᠪᠤᠷ᠎ᠢ ᠰᠡᠳᠭᠢᠯ᠎ᠢᠶᠠᠷ᠎ᠢᠶᠠᠨ ᠮᠡᠳᠡᠷᠡᠵᠠᠢ᠃ ᠡᠨᠡ ᠪᠦᠬᠦᠨ᠎ᠨᠢ ᠲᠡᠭᠦᠨ᠎ᠤ ᠱᠢᠭᠤᠳ ᠱᠢᠯᠤᠭᠤᠨ ᠵᠠᠩ ᠠᠭᠠᠰᠢ᠎ᠠᠴᠠ ᠪᠣᠯᠤᠭ᠍ᠰᠠᠨ    ᠶᠤᠮ᠃ ᠲᠡᠭᠦᠨ᠎ᠤ ᠨᠢᠭᠡ ᠰᠡᠳᠭᠢᠯ᠎ᠢᠶᠠᠷ ᠠᠷᠠᠳ᠎ᠢ ᠬᠠᠪᠰᠤᠷᠴᠤ᠌ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭ᠌ᠵᠢᠭᠦᠯᠬᠦ᠌ ᠰᠡᠳᠭᠢᠯᠭᠡ᠎ᠠᠴᠠ ᠢᠷᠡᠯᠲᠡ᠎ᠲᠠᠢ᠃ ᠨᠠᠩ ᠴᠤ᠌ ᠲᠡᠭᠦᠨ᠎ᠤ ᠨᠠᠮ᠎ᠤᠨ ᠭᠡᠱᠢᠭᠦᠨ᠎ᠤ ᠬᠠᠷᠢᠭᠤᠴᠠᠯᠭ᠎ᠠ ᠡᠭᠦᠷᠭᠡᠯᠡᠯ᠎ᠠᠴᠠ ᠢᠷᠡᠯᠲᠡ᠎ᠲᠠᠢ ᠶᠤᠮ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠠᠬᠢᠯᠡᠯᠲᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠲᠤᠭ᠎ᠢ ᠦᠨᠳᠦᠰᠦᠨ ᠱᠠᠲᠤᠨ᠎ᠳᠤ ᠥᠨᠳᠥᠷ ᠮᠠᠨᠳᠤᠭᠤᠯᠪᠠᠯ᠂ ᠬᠥᠳᠡᠭᠡ ᠲᠣᠰᠭᠤᠨ᠎ᠤ ᠠᠵᠤ ᠠᠬᠤᠶ ᠤᠯᠠᠮ ᠲᠦᠷᠭᠡᠨ ᠬᠦᠭ᠌ᠵᠢᠵᠤ᠂ ᠠᠷᠠᠳ᠎ᠤᠨ ᠠᠮᠢᠳᠤᠷᠠᠯ ᠤᠯᠠᠮ ᠰᠠᠢᠵᠢᠷᠠᠬᠤ᠎ᠨᠢ ᠯᠠᠪᠳᠠᠢ!

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号