ᠮᠠᠨ᠎ᠤ ᠤᠷᠤᠨ᠎ᠤ 18 ᠬᠤᠱᠢᠭᠤ ᠱᠢᠶᠠᠨ ᠲᠤᠭᠤᠷᠢᠭ ᠬᠤᠶᠠᠳᠤᠭᠠᠷ ᠪᠦᠯᠦᠭ᠎ᠤᠨ ᠬᠤᠪᠢᠰᠭᠠᠯᠳᠦ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠳᠠ᠎ᠶ᠋ᠢᠨ ᠭᠠᠵᠠᠷ ᠤᠷᠤᠨ᠎ᠳᠤ ᠪᠦᠷᠢᠳᠭᠡᠭ᠌ᠳᠡᠪᠡ
2020-07-08 09:50:28
ᠵᠣᠬᠢᠶᠠᠭ᠍ᠴᠢ᠄
ᠱᠢᠶᠡᠩ ᠴᠦᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠨᠠᠮ᠎ᠤᠨ ᠲᠥᠪ ᠬᠤᠷᠢᠶᠠᠨ᠎ᠤ ᠤᠬᠠᠭᠤᠯᠬᠤ ᠬᠡᠯᠲᠡᠰ᠂ ᠡᠳ᠋᠎ᠤᠨ ᠵᠠᠰᠠᠭ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠤᠬᠡ᠎ᠶ᠋ᠢᠨ ᠳᠤᠷᠠᠰᠭᠠᠯᠲᠤ  ᠵᠦᠢᠯᠡᠰ᠎ᠤᠨ ᠲᠣᠪᠴᠢᠶ᠎ᠠ᠎ᠠᠴᠠ ᠬᠤᠶᠠᠳᠤᠭᠠᠷ ᠪᠦᠯᠦᠭ᠎ᠤᠨ ᠬᠤᠪᠢᠰᠭᠠᠯᠳᠦ ᠲᠡᠤᠬᠡ᠎ᠶ᠋ᠢᠨ ᠳᠤᠷᠠᠰᠭᠠᠯᠲᠤ  ᠵᠦᠢᠯᠡᠰ᠎ᠤᠨ ᠬᠠᠮᠠᠭᠠᠯᠠᠯᠳᠠ᠎ᠶ᠋ᠢᠨ ᠭᠠᠵᠠᠷ ᠤᠷᠤᠨ᠎ᠢ ᠨᠡᠢᠳᠡᠯᠡᠪᠡ᠃

ᠬᠤᠶᠠᠳᠤᠭᠠᠷ ᠪᠦᠯᠦᠭ᠎ᠤᠨ ᠬᠤᠪᠢᠰᠭᠠᠯᠳᠦ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠳᠠ᠎ᠶ᠋ᠢᠨ ᠭᠠᠵᠠᠷ ᠤᠷᠤᠨ᠎ᠳᠤ ᠤᠷᠲᠤ ᠵᠠᠮ᠎ᠤᠨ ᠠᠶᠠᠨ ᠳᠠᠢᠨ᠂ ᠤᠯᠠᠭᠠᠨ ᠴᠡᠷᠢᠭ᠎ᠤᠨ ᠪᠠᠷᠠᠭᠤᠨ ᠵᠠᠮ᠎ᠤᠨ ᠴᠡᠷᠢᠭ᠂ ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭᠠᠲᠤ ᠴᠡᠷᠢᠭ᠂ ᠱᠠᠨᠰᠢ ᠭᠠᠨᠰᠦ ᠨᠢᠩᠱᠢᠶᠠ᠂ ᠱᠠᠨ ᠰᠢ ᠰᠦᠢᠶᠤᠸᠠᠨ᠂ ᠱᠠᠨ ᠰᠢ ᠴᠠᠬᠠᠷ ᠾᠧᠪᠧᠢ᠂ ᠱᠠᠨ ᠰᠢ — ᠴᠠᠬᠠᠷ ᠾᠧᠪᠧᠢ᠂ ᠾᠧᠪᠧᠶ ᠿᠧ ᠾᠧ ᠯᠢᠶᠣᠤᠨᠢᠩ᠂ ᠾᠧᠪᠧᠶ — ᠱᠠᠨᠳᠦ᠋ᠩ᠂ ᠵᠢᠶᠠᠩᠰᠦ᠎ᠶ᠋ᠢᠨ ᠳᠤᠮᠳᠠ ᠬᠡᠰᠡᠭ᠂ ᠵᠢᠶᠠᠩᠰᠦ᠎ᠶ᠋ᠢᠨ ᠡᠮᠦᠨᠡᠲᠦ ᠬᠡᠰᠡᠭ᠂ ᠬᠤᠸᠠᠢᠨᠠᠨ᠎ᠤ ᠬᠤᠢᠲᠤ ᠬᠡᠰᠡᠭ᠂ ᠬᠤᠸᠠᠢᠾᠧ ᠭᠤᠣᠯ᠎ᠤᠨ ᠡᠮᠦᠨᠡᠲᠦ ᠬᠡᠰᠡᠭ᠂ ᠬᠤᠸᠠᠢᠨᠠᠨ᠎ᠤ ᠳᠤᠮᠳᠠ ᠬᠡᠰᠡᠭ᠂ ᠠᠨᠾᠦ᠋ᠢ᠎ᠶ᠋ᠢᠨ ᠵᠡᠭᠦᠨ ᠬᠡᠰᠡᠭ᠂ ᠵᠧᠵᠢᠶᠠᠩ᠎ᠤᠨ ᠵᠡᠭᠦᠨ ᠬᠡᠰᠡᠭ᠂ ᠭᠤᠸᠠᠩᠳᠦ᠋ᠩ᠂ ᠴᠢᠶᠦ᠋ᠩ ᠶᠠ᠂ ᠬᠤᠨᠠᠨ — ᠬᠤᠪᠸᠢ — ᠾᠧᠨᠠᠨ — ᠠᠨᠾᠦ᠋ᠢ᠂ ᠾᠧᠨᠠᠨ᠂ ᠲᠥᠪᠡᠳ᠂ ᠱᠢᠨᠵᠢᠶᠠᠩ᠎ᠤᠨ ᠬᠡᠰᠡᠭ ᠣᠷᠣᠨ ᠪᠠᠭ᠍ᠲᠠᠵᠦ᠍᠂ 31 ᠮᠤᠵᠢ᠎ᠶ᠋ᠢᠨ 228 ᠬᠤᠲᠠ᠎ᠶ᠋ᠢᠨ 988 ᠱᠢᠶᠠᠨ᠎ᠳᠤ ᠬᠤᠯᠪᠣᠭ᠍ᠳᠠᠵᠠᠶ᠃

ᠡᠬᠦᠨ᠎ᠳᠤ᠂ ᠮᠠᠨ᠎ᠤ ᠤᠷᠤᠨ᠎ᠤ ᠬᠦᠯᠦᠨ ᠪᠤᠢᠷ ᠬᠤᠳᠠ᠎ᠶ᠋ᠢᠨ ᠠᠷᠤᠨ ᠬᠤᠱᠢᠭᠤ᠂ ᠮᠤᠷᠢᠨᠳᠠᠪᠠᠭ᠎ᠠ᠎ᠶ᠋ᠢᠨ ᠲᠠᠭᠤᠷ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠱᠢᠭᠤ᠂ ᠤᠷᠴᠦᠨ᠎ᠤ ᠦᠪᠡᠷᠳᠡᠭᠡᠨ ᠵᠠᠰᠠᠬᠤ ᠬᠤᠱᠢᠭᠤ᠂ ᠡᠸᠡᠩᠬᠢ ᠦᠨᠳᠦᠰᠦᠳᠡᠨ᠎ᠤ ᠦᠪᠡᠷᠳᠡᠭᠡᠨ ᠵᠠᠰᠠᠬᠤ ᠬᠤᠱᠢᠭᠤ᠂ ᠵᠠᠯᠠᠨ ᠠᠢᠯ ᠬᠤᠳᠠ᠎ᠨᠢ ᠵᠡᠬᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭᠠᠲᠤ ᠴᠡᠷᠢᠭ᠎ᠤᠨ ᠬᠠᠷᠢᠶ᠎ᠠ ᠲᠤᠭᠤᠷᠢᠭ᠎ᠲᠤ ᠤᠷᠤᠵᠦ᠍᠂ ᠤᠷᠳᠤᠰ ᠬᠤᠳᠠ᠎ᠶ᠋ᠢᠨ ᠤᠳᠤᠭ᠎ᠤᠨ ᠡᠮᠦᠨᠡᠳᠦ ᠬᠤᠱᠢᠭᠤ᠂ ᠦᠦᠱᠢᠨ ᠬᠤᠱᠢᠭᠤ ᠱᠠᠨ ᠰᠢ ᠰᠦᠢᠶᠤᠸᠠᠨ᠎ᠤ  ᠬᠠᠷᠢᠶ᠎ᠠ ᠲᠤᠭᠤᠷᠢᠭ᠎ᠲᠤ ᠪᠠᠭ᠍ᠳᠠᠵᠦ᠍᠂ ᠬᠦᠬᠡᠬᠤᠳᠠ᠎ᠶ᠋ᠢᠨ ᠢᠦ᠋ᠢᠴᠢᠤᠸᠠᠨ ᠲᠤᠭᠤᠷᠢᠭ᠂ ᠲᠦᠮᠡᠳ ᠵᠡᠬᠦᠨ ᠬᠤᠱᠢᠭᠤ᠂ ᠲᠤᠭ᠍ᠳᠠᠬᠤ ᠱᠢᠶᠡᠨ᠂ ᠬᠤᠷᠢᠨᠬᠡᠷ ᠱᠢᠶᠠᠨ᠂ ᠴᠢᠩ ᠱᠦᠢ ᠾᠧ ᠱᠢᠶᠠᠨ᠂ ᠦᠴᠤᠸᠠᠨ ᠱᠢᠶᠡᠨ᠂ ᠪᠤᠭᠤᠳᠦ ᠬᠤᠳᠠ᠎ᠶ᠋ᠢᠨ ᠲᠦᠮᠡᠳ ᠪᠠᠷᠠᠭᠤᠨ ᠬᠤᠱᠢᠭᠤ᠂ ᠲᠠᠷᠬᠠᠨ ᠮᠤᠤᠮᠢᠩᠭᠠᠨ ᠬᠤᠯᠪᠤᠭᠠᠳᠦ ᠬᠤᠱᠢᠭᠤ᠂ ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠂ ᠯᠢᠶᠡᠩᠴᠸᠡᠭ ᠱᠢᠶᠡᠨ᠂ ᠴᠠᠬᠠᠷ ᠪᠠᠷᠠᠭᠤᠨ ᠭᠠᠷᠤᠨ ᠲᠤᠮᠳᠠᠳᠦ ᠬᠤᠱᠢᠭᠤ᠂ ᠲᠦᠷᠪᠡᠳ ᠬᠤᠱᠢᠭᠤ᠎ᠨᠢ ᠱᠠᠨ ᠰᠢ ᠰᠦᠢᠶᠤᠸᠠᠨ᠎ᠤ ᠬᠡᠰᠡᠭ᠎ᠲᠤ ᠪᠦᠷᠢᠳᠭᠡᠭ᠌ᠳᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号