《ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠰᠤᠭᠠᠢ》 ᠵᠢᠴᠢ 《ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠰᠤᠭᠠᠢ》 ᠬᠡᠮᠡᠬᠦ᠌ ᠭᠤᠤᠯ ᠰᠡᠳᠦᠪᠲᠦ ᠦᠵᠡᠰᠭᠦᠯᠡᠩ ᠡᠬᠢᠯᠡᠪᠡ
2020-08-10 09:12:59
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 9 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ ᠭᠤᠤᠯᠯᠠᠨ ᠡᠷᠭᠢᠯᠡᠵᠦ᠍᠂ ᠦᠪᠡᠷᠲᠡᠭᠡᠨ ᠵᠠᠰᠠᠬᠤ ᠤᠷᠤᠨ᠎ᠤ ᠤᠷᠠᠨ ᠵᠢᠷᠤᠭ᠍ᠴᠢᠳ᠎ᠤᠨ ᠨᠡᠢᠭᠡᠮᠯᠢᠭ᠂ ᠦᠪᠡᠷᠲᠡᠭᠡᠨ ᠵᠠᠰᠠᠬᠤ ᠤᠷᠤᠨ᠎ᠤ ᠤᠷᠠᠨ ᠪᠢᠴᠢᠯᠭᠡᠲᠡᠨ᠎ᠤ ᠨᠡᠢᠭᠡᠮᠯᠢᠭ᠂ ᠦᠪᠡᠷᠲᠡᠭᠡᠨ ᠵᠠᠰᠠᠬᠤ ᠤᠷᠤᠨ᠎ᠤ ᠭᠡᠷᠡᠯ ᠵᠢᠷᠤᠭ᠍ᠴᠢᠳ᠎ᠤᠨ ᠨᠡᠢᠭᠡᠮᠯᠢᠭ ᠪᠠ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ ᠬᠠᠮᠲᠤᠷᠠᠨ ᠳᠠᠭᠠᠭᠠᠴᠢᠯᠠᠨ ᠡᠷᠭᠢᠯᠡᠭ᠌ᠰᠡᠨ 《ᠥᠪᠥᠷ ᠮᠣᠩᠭᠤᠯ᠎ᠤᠨ 2020 ᠣᠨ᠎ᠤ 〈ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠰᠤᠭᠠᠢ〉 ᠵᠢᠴᠢ 〈ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠰᠤᠭᠠᠢ〉 ᠬᠡᠮᠡᠬᠦ᠌ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠪᠦᠲᠦᠭᠡᠯ᠎ᠤᠨ ᠦᠵᠡᠰᠭᠦᠯᠡᠩ》 ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠪᠡ᠃

ᠠᠷᠪᠠᠨ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ · ᠥᠪᠥᠷ ᠮᠣᠩᠭᠤᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠲᠤᠰ ᠦᠵᠡᠰᠭᠦᠯᠡᠩ᠎ᠨᠢ ᠲᠤᠰᠤᠨ ᠪᠤᠳᠤᠭ᠎ᠤᠨ ᠵᠢᠷᠤᠭ᠂ ᠱᠤᠭᠤᠮᠠᠯ᠂ ᠮᠤᠩᠭᠤᠯ ᠬᠢᠲᠠᠳ ᠤᠷᠠᠨ ᠪᠢᠴᠢᠯᠭᠡ᠂ ᠮᠤᠩᠭᠤᠯ ᠬᠢᠲᠠᠳ ᠭᠤᠷ ᠰᠡᠢᠯᠦᠮᠡᠯ᠂ ᠭᠡᠷᠡᠯ ᠵᠢᠷᠤᠭ ᠵᠡᠷᠭᠡ 8 ᠦᠵᠡᠰᠭᠦᠯᠡᠩ ᠬᠤᠪᠢᠶᠠᠵᠤ᠂ ᠨᠡᠢᠲᠡ 1176 ᠬᠤᠪᠢ ᠤᠷᠠᠯᠢᠭ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠵᠦ᠍᠂ ᠡᠨᠡ᠎ᠨᠢ ᠱᠢᠨ᠎ᠡ ᠴᠠᠭ ᠦᠶ᠎ᠡ᠎ᠶ᠋ᠢᠨ ᠤᠳᠭ᠎ᠠ ᠤᠷᠠᠯᠢᠭ᠍ᠴᠢᠳ ᠪᠣᠯᠤᠨ ᠤᠳᠭ᠎ᠠ ᠤᠷᠠᠯᠢᠭ᠎ᠤᠨ ᠠᠵᠢᠯᠲᠠᠳ᠎ᠤᠨ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠮᠢᠳᠤᠷᠠᠯ᠎ᠳᠤ ᠭᠦᠨᠵᠡᠭᠡᠢᠷᠡᠨ ᠠᠷᠠᠳ ᠲᠦᠮᠡᠨ᠎ᠤ ᠳᠤᠮᠳᠠ ᠦᠨᠳᠦᠰᠦᠯᠡᠵᠦ᠍᠂ ᠦᠨᠳᠦᠰᠦᠨ ᠱᠠᠲᠤᠨ᠎ᠳᠠᠬᠢ ᠦᠶᠯᠡᠳᠦᠯᠭᠡ᠎ᠶ᠋ᠢᠨ ᠳᠤᠮᠳᠠ ᠵᠤᠬᠢᠶᠠᠨ ᠪᠦᠲᠦᠭᠡᠭ᠌ᠰᠡᠨ ᠤᠷᠠᠯᠢᠭ᠎ᠤᠨ ᠪᠦᠲᠦᠭᠡᠯ᠎ᠤᠳ ᠪᠤᠯᠤᠨ᠎ᠠ᠃ ᠡᠳᠡᠭᠡᠷ ᠪᠦᠲᠦᠭᠡᠯ᠎ᠨᠢ ᠣᠯᠠᠨ ᠵᠦᠢᠯ᠎ᠤᠨ ᠤᠷᠠᠯᠢᠭ᠎ᠤᠨ ᠬᠡᠯᠪᠡᠷᠢ᠎ᠪᠠᠷ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ》 ᠎ᠳᠤ ᠠᠭᠤᠯᠤᠭ᠍ᠳᠠᠵᠤ ᠪᠠᠢᠭ᠎ᠠ 《ᠮᠣᠩᠭᠤᠯ ᠮᠣᠷᠢᠨ᠎ᠤ ᠵᠣᠷᠢᠭ ᠰᠠᠨᠠᠭ᠎ᠠ》 ᠎ᠶ᠋ᠢ ᠢᠯᠡᠷᠡᠭᠦᠯᠦᠭ᠌ᠰᠡᠨ᠎ᠢᠶᠠᠷ ᠪᠠᠷᠠᠬᠤ ᠦᠭᠡᠢ᠂ ᠨᠡᠩ ᠴᠤ᠌ ᠱᠢᠨ᠎ᠡ ᠴᠠᠭ ᠦᠶ᠎ᠡ᠎ᠶ᠋ᠢᠨ ᠥᠪᠡᠷᠲᠡᠭᠡᠨ ᠵᠠᠰᠠᠬᠤ ᠣᠷᠣᠨ᠎ᠤ ᠡᠯ᠎ᠡ ᠲᠦᠷᠦᠯ᠎ᠤᠨ ᠠᠵᠢᠯ ᠦᠢᠯᠡᠰ᠎ᠤᠨ ᠥᠷᠨᠢᠩᠭᠦᠢ ᠬᠥᠭ᠌ᠵᠢᠯᠲᠡ᠎ᠶ᠋ᠢᠨ ᠲᠤᠬᠠᠢ ᠤᠷᠠᠯᠢᠭ᠎ᠤᠨ ᠢᠯᠡᠷᠡᠭᠦᠯᠦᠯ ᠪᠣᠯᠤᠨ᠎ᠠ᠃

ᠲᠤᠰ ᠦᠵᠡᠰᠭᠦᠯᠡᠩ᠎ᠢᠶᠠᠷ ᠳᠠᠮᠵᠢᠨ ᠥᠷᠭᠡᠨ ᠣᠯᠠᠨ ᠤᠳᠭ᠎ᠠ ᠤᠷᠠᠯᠢᠭ᠍ᠴᠢᠳ ᠪᠣᠯᠤᠨ ᠤᠳᠭ᠎ᠠ ᠤᠷᠠᠯᠢᠭ᠎ᠤᠨ ᠠᠵᠢᠯᠲᠠᠳ᠎ᠢ ᠲᠠᠯ᠎ᠠ ᠨᠤᠲᠤᠭ᠎ᠤᠨ ᠰᠣᠶᠣᠯ᠎ᠳᠤ ᠠᠩᠬᠠᠷᠤᠯ᠎ᠢᠶᠠᠨ ᠨᠡᠩ ᠢᠯᠡᠭᠦᠦ ᠬᠠᠨᠳᠤᠭᠤᠯᠤᠨ᠂ ᠱᠢᠨ᠎ᠡ ᠴᠠᠭ ᠦᠶ᠎ᠡ᠎ᠶ᠋ᠢᠨ ᠦᠪᠡᠷᠲᠡᠭᠡᠨ ᠵᠠᠰᠠᠬᠤ ᠤᠷᠤᠨ᠎ᠤ ᠡᠯ᠎ᠡ ᠲᠦᠷᠦᠯ᠎ᠤᠨ ᠠᠵᠢᠯ ᠦᠶᠯᠡᠰ᠎ᠤᠨ ᠥᠷᠨᠢᠩᠭᠦᠶ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠷᠭᠡᠨ ᠳᠡᠯᠭᠡᠷ ᠨᠥᠯᠥᠭᠡᠯᠡᠬᠦ᠌ ᠬᠦᠴᠦᠨ ᠪᠠ ᠤᠯᠠᠮᠵᠢᠯᠠᠨ ᠳᠠᠮᠵᠢᠭᠤᠯᠬᠤ ᠬᠦᠴᠦᠨ ᠪᠥᠬᠦᠶ ᠨᠠᠩ ᠣᠯᠠᠨ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠰᠭᠦᠯᠡᠩᠲᠦ ᠰᠠᠢᠬᠠᠨ ᠲᠠᠯ᠎ᠠ ᠨᠤᠲᠤᠭ᠎ᠤᠨ ᠡᠳᠦᠷ᠎ᠠᠴᠠ ᠡᠳᠦᠷ ᠱᠢᠨᠡᠳᠴᠦ᠍ ᠪᠠᠢᠭ᠎ᠠ ᠬᠥᠭ᠌ᠵᠢᠯᠲᠡ ᠬᠤᠪᠢᠷᠠᠯᠲᠠ᠎ᠶ᠋ᠢᠨ ᠪᠠᠢᠳᠠᠯ᠎ᠢ ᠭᠦᠢᠴᠡᠳ ᠢᠯᠡᠷᠡᠭᠦᠯᠬᠦ᠌᠎ᠶ᠋ᠢ ᠰᠠᠨᠠᠭᠠᠴᠢᠯᠠᠭ᠍ᠰᠠᠨ ᠪᠠᠢᠨ᠎ᠠ᠃ ᠲᠤᠰ ᠦᠵᠡᠰᠭᠦᠯᠡᠩ᠎ᠨᠢ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ᠎ᠤ 3 — 12 ᠳ᠋ᠤᠭᠠᠷ ᠦᠵᠡᠭᠦᠯᠭᠡ᠎ᠶ᠋ᠢᠨ ᠲᠢᠩᠬᠢᠮ᠎ᠳᠤ 8 ᠰᠠᠷ᠎ᠠ᠎ᠶ᠋ᠢᠨ 31 ᠎ᠤ ᠡᠳᠦᠷ ᠪᠣᠯᠲᠠᠯ᠎ᠠ ᠦᠷᠭᠦᠯᠵᠢᠯᠡᠵᠦ᠍᠂ ᠮᠦᠨ ᠰᠦᠯᠵᠢᠶᠡᠨ ᠳᠡᠭᠡᠷ᠎ᠡ ᠵᠡᠷᠭᠡ᠎ᠪᠠᠷ ᠳᠡᠯᠭᠡᠨ ᠦᠵᠡᠭᠦᠯᠵᠦ᠍᠂ ᠦᠪᠦᠷ ᠮᠤᠩᠭᠤᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠤᠨ ᠬᠤᠭᠤᠴᠠᠭᠠᠨ᠎ᠳᠤ ᠭᠦᠨ ᠵᠤᠵᠠᠭᠠᠨ ᠰᠣᠶᠣᠯ ᠤᠷᠠᠯᠢᠭ᠎ᠤᠨ ᠠᠭᠤᠷ ᠠᠮᠢᠰᠭᠤᠯ ᠨᠡᠮᠡᠷᠢᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号