ᠳᠠᠯ᠎ᠠ ᠨᠤᠲᠤᠭ᠎ᠤᠨ ᠰᠣᠶᠣᠯ᠎ᠤᠨ ᠨᠠᠢᠷ ᠡᠬᠢᠯᠡᠯ᠎ᠡ
2020-08-10 10:03:27
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 8 ᠎ᠤ ᠡᠳᠦᠷ᠎ᠤᠨ 10 ᠴᠠᠭ᠎ᠲᠤ᠌᠂ 《ᠠᠷᠪᠠᠨ ᠲᠤᠯᠤᠳᠤᠭᠠᠷ ᠬᠤᠭᠤᠴᠠᠭᠠᠨ᠎ᠤ ᠲᠤᠮᠳᠠᠳᠦ ᠤᠯᠤᠰ • ᠥᠪᠥᠷ ᠮᠤᠩᠭᠤᠯ᠎ᠤᠨ ᠳᠠᠯ᠎ᠠ ᠨᠤᠲᠤᠭ᠎ᠤᠨ ᠰᠣᠶᠣᠯ᠎ᠤᠨ ᠨᠠᠢᠷ》 ᠬᠦᠬᠡᠬᠤᠳᠠ᠎ᠳᠤ ᠦᠪᠡᠳᠡᠭ᠌ᠰᠢ ᠶᠡᠬᠡᠪᠡᠷ ᠡᠬᠢᠯᠡᠪᠡ᠃



ᠡᠬᠢᠯᠡᠯᠳᠡ᠎ᠶ᠋ᠢᠨ ᠶᠤᠰᠤᠯᠠᠯ᠎ᠳᠤ 1600 ᠬᠥᠮᠦᠨ ᠣᠷᠣᠯᠴᠠᠵᠤ᠂ ᠥᠪᠥᠷ ᠮᠣᠩᠭᠤᠯ᠎ᠤᠨ ᠦᠨᠳᠦᠰᠦᠳᠡᠨ᠎ᠤ ᠤᠷᠠᠯᠢᠭ᠎ᠤᠨ ᠵᠦᠴᠦᠭᠡ᠎ᠶ᠋ᠢᠨ ᠬᠦᠷᠢᠶᠡᠯᠡᠩ᠎ᠤᠨ ᠦᠨᠳᠦᠰᠦᠳᠡᠨ᠎ᠤ ᠬᠤᠪᠴᠠᠰᠤ ᠵᠠᠰᠠᠯ᠎ᠲᠠᠢ ᠬᠠᠳᠠᠭ᠎ᠤᠨ ᠡᠩᠨᠡᠭᠡ; ᠦᠨᠳᠦᠰᠦᠲᠡᠨ᠎ᠤ ᠪᠦᠯᠬᠦᠮᠳᠡᠯ᠎ᠤᠨ ᠲᠡᠷᠢᠭᠦᠨ᠎ᠤ ᠬᠤᠪᠢ ᠬᠥᠮᠦᠨ᠂ ᠶᠣᠰᠣ ᠮᠤᠷᠠᠯ᠎ᠤᠨ ᠵᠢᠱ᠌ᠢᠶᠡᠴᠢ᠂ ᠬᠥᠬᠡᠬᠤᠲᠠ᠎ᠶ᠋ᠢᠨ ᠰᠠᠢᠴᠤᠤᠯ᠂ ᠬᠥᠳᠡᠯᠮᠦᠷᠢ᠎ᠶ᠋ᠢᠨ ᠵᠢᠱ᠌ᠢᠶᠡᠴᠢ᠂ ᠵᠠᠯᠠᠭᠤ ᠰᠠᠢᠨ ᠲᠤᠷᠠᠴᠤᠤᠯ᠎ᠢᠶᠠᠷ ᠪᠦᠷᠢᠯᠳᠦᠭ᠌ᠰᠡᠨ ᠲᠠᠯ᠎ᠠ ᠨᠤᠲᠤᠭ᠎ᠤᠨ ᠵᠢᠱ᠌ᠢᠶᠡᠴᠢ᠎ᠶ᠋ᠢᠨ ᠡᠩᠨᠡᠭᠡ; ᠴᠥᠭᠡᠨ ᠲᠤᠭᠠᠳᠤ ᠦᠨᠳᠦᠰᠦᠳᠡᠨ᠎ᠤ ᠲᠥᠯᠥᠭᠡᠯᠡᠭ᠌ᠴᠢ᠎ᠪᠠᠷ ᠪᠦᠷᠢᠯᠳᠦᠭ᠌ᠰᠡᠨ ᠦᠨᠳᠦᠰᠦᠲᠡᠨ᠎ᠤ ᠪᠦᠯᠬᠦᠮᠳᠡᠯ᠎ᠤᠨ ᠡᠩᠨᠡᠭᠡ; ᠥᠪᠥᠷ ᠮᠣᠩᠭᠤᠯ᠎ᠤᠨ ᠦᠨᠳᠦᠰᠦᠲᠡᠨ᠎ᠤ ᠤᠷᠠᠯᠢᠭ᠎ᠤᠨ ᠵᠦᠴᠦᠭᠡ᠎ᠶ᠋ᠢᠨ ᠬᠦᠷᠢᠶᠡᠯᠡᠩ᠎ᠤᠨ ᠱᠢᠭᠤᠳ ᠬᠠᠷᠢᠶ᠎ᠠ ᠤᠯᠠᠭᠠᠨᠮᠥ᠋ᠴᠢᠷ᠂ ᠰᠠᠢᠬᠠᠨ ᠲᠣᠭᠤᠷᠢᠭ᠎ᠤᠨ ᠤᠯᠠᠭᠠᠨᠮᠥ᠋ᠴᠢᠷ᠂ ᠢᠦ᠋ᠢᠴᠢᠥᠧᠠᠨ ᠲᠣᠭᠤᠷᠢᠭ᠎ᠤᠨ ᠤᠯᠠᠭᠠᠨᠮᠥ᠋ᠴᠢᠷ᠎ᠢᠶᠠᠷ ᠪᠦᠷᠢᠯᠳᠦᠭ᠌ᠰᠡᠨ ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ᠎ᠤᠨ ᠡᠩᠨᠡᠭᠡ; ᠬᠦᠰᠡᠯᠡᠩ᠂ ᠤᠯᠠᠭᠠᠨᠲᠤᠶᠠᠭ᠎ᠠ᠂ ᠬᠠᠯᠢᠨ᠂ ᠯᠢ ᠲᠡᠭ᠌ᠵᠢᠨ᠂ ᠶᠦᠨ ᠹᠸᠢ᠂ ᠬᠦᠸᠧ᠎ᠶ᠋ᠢᠨ ᠲᠦᠩ ᠵᠡᠷᠭᠡ ᠬᠦᠮᠦᠰ᠎ᠢᠶᠠᠷ ᠪᠦᠷᠢᠯᠳᠦᠭ᠌ᠰᠡᠨ ᠤᠳᠤᠳ᠎ᠤᠨ ᠡᠩᠨᠡᠭᠡ ᠵᠡᠷᠭᠡ ᠶᠢᠰᠦᠨ ᠵᠢᠭ᠍ᠰᠠᠭᠠᠯ᠎ᠤᠨ ᠡᠩᠨᠡᠭᠡ ᠬᠤᠪᠢᠶᠠᠨ ᠶᠠᠪᠤᠭ᠍ᠳᠠᠵᠦ᠍᠂ ᠳᠠᠭᠤᠴᠢᠨ ᠬᠦᠰᠡᠯᠡᠩ᠎ᠤᠨ 《ᠬᠤᠨ ᠭᠠᠯᠠᠭᠤ》 ᠳᠠᠭᠤᠤ᠎ᠪᠠᠷ ᠬᠦᠱᠢᠭᠡ᠎ᠪᠠᠨ ᠢᠷᠡᠵᠦ᠍᠂ ᠤᠷᠠᠯᠢᠭ᠍ᠴᠢᠳ ᠦᠪᠡᠷ ᠦᠪᠡᠷ᠎ᠤᠨ ᠤᠷᠠᠨ ᠭᠤᠴᠤ᠌ ᠲᠤᠭ᠍ᠯᠠᠯᠳᠠ᠎ᠪᠠᠷ᠎ᠢᠶᠠᠨ ᠦᠵᠡᠭ᠌ᠴᠢ ᠲᠦᠮᠠᠨ᠎ᠢᠶᠠᠨ ᠪᠠᠶᠠᠰᠭᠠᠵᠠᠢ᠃



ᠤᠢ᠍ᠢᠯᠠᠭᠠᠭ᠍ᠰᠠᠨ᠎ᠢᠶᠠᠷ᠂ ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠨᠢ 8 ᠰᠠᠷ᠎ᠠ᠎ᠶ᠋ᠢᠨ 8 ᠎ᠤ ᠡᠳᠦᠷ᠎ᠠᠴᠠ 8 ᠰᠠᠷ᠎ᠠ᠎ᠶ᠋ᠢᠨ 20 ᠎ᠤ ᠡᠳᠦᠷ ᠪᠣᠯᠲᠠᠯ᠎ᠠ ᠶᠠᠪᠤᠭ᠍ᠳᠠᠵᠦ᠍᠂ ᠨᠠᠢᠷ᠎ᠲᠤ ᠭᠤᠣᠯ ᠬᠤᠷᠠᠯ᠎ᠤᠨ ᠲᠠᠯᠠᠪᠠᠢ ᠪᠣᠯᠤᠨ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠬᠤ ᠦᠭᠡᠢ᠂ 《ᠲᠥᠪᠯᠡᠷᠡᠭᠦᠯᠬᠦ᠂ ᠲᠠᠷᠠᠬᠠᠶ ᠪᠤᠲᠠᠷᠬᠠᠶ᠂ ᠦᠷᠭᠦᠯᠵᠢᠯᠡᠭᠦᠯᠬᠦ᠌》 ᠠᠷᠭ᠎ᠠ ᠮᠠᠶᠢᠭ᠎ᠢᠶᠠᠷ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠎ᠳᠤ ᠴᠤᠭ᠎ᠲᠤᠨᠢ ᠦᠷᠨᠢᠬᠦᠯᠦᠨ᠎ᠠ᠃



ᠨᠠᠢᠷ᠎ᠲᠤ 14 ᠲᠥᠷᠥᠯ ᠵᠦᠢᠯ ᠲᠣᠬᠢᠷᠠᠭᠤᠯᠵᠤ᠂ ᠰᠣᠳᠣᠨ ᠪᠦᠲᠦᠭᠡᠯ᠎ᠢ ᠳᠡᠯᠭᠡᠨ ᠦᠵᠡᠭᠦᠯᠬᠦ᠂ ᠤᠯᠠᠮᠵᠢᠯᠠᠨ ᠵᠠᠯᠭᠠᠮᠵᠢᠯᠠᠬᠤ᠂ ᠰᠣᠶᠣᠯ᠎ᠢ ᠬᠠᠮᠲᠤᠪᠠᠷ ᠰᠤᠨᠢᠷᠬᠠᠬᠤ ᠪᠠ ᠰᠣᠯᠢᠯᠴᠠᠭ᠎ᠠ ᠬᠢᠵᠦ᠍ ᠬᠠᠷᠢᠯᠴᠠᠨ ᠰᠤᠷᠤᠯᠴᠠᠬᠤ᠎ᠪᠠᠷ ᠭᠤᠣᠯ ᠠᠭᠤᠯᠭ᠎ᠠ ᠪᠣᠯᠭᠠᠵᠤ᠂ ᠣᠯᠠᠨ ᠲᠦᠮᠡᠨ ᠣᠷᠣᠯᠴᠠᠬᠤ᠂ ᠣᠯᠠᠨ ᠲᠠᠯ᠎ᠠ᠎ᠪᠠᠷ ᠬᠠᠷᠢᠯᠴᠠᠨ ᠬᠥᠳᠡᠯᠦᠯᠴᠡᠬᠦ᠌ ᠪᠠ ᠠᠢᠮᠠᠭ ᠬᠤᠲᠠ᠎ᠶ᠋ᠢᠨ ᠬᠠᠮᠲᠤᠷᠠᠨ ᠠᠵᠢᠯᠯᠠᠬᠤ᠎ᠶ᠋ᠢ ᠳᠣᠪᠤᠢᠯᠭᠠᠨ᠎ᠠ᠃


QQ截图20200808124620.png


QQ截图20200808124647.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号